ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-11-13 16:34:38

ᠵᠣᠬᠢᠶᠠᠭ᠍ᠴᠢ᠄ ᠡᠷᠲᠡᠨᠢᠬᠡᠷᠡᠯ ᠰᠡᠴᠡᠨᠬᠤᠸᠠᠷ ᠪᠦᠭᠡ ᠤᠳᠤᠨᠴᠢᠮᠡᠭ ᠣᠩᠱᠢᠭ᠍ᠰᠠᠨ ᠣᠳᠠᠭ᠎ᠠ᠄ 3

ᠤᠷᠠᠳ᠎ᠤᠨ ᠲᠤᠮᠲᠠᠲᠦ ᠬᠤᠰᠢᠭᠤ᠂ ᠲᠠᠯ᠎ᠠ ᠨᠤᠲᠤᠭ ᠡᠴᠡ ᠡᠯᠡᠰᠦ ᠮᠠᠨᠭᠬ᠎ᠠ ᠲᠡᠢᠰᠢ ᠰᠢᠯᠵᠢᠬᠦ ᠰᠢᠯᠵᠢᠯᠳᠡ᠎ᠶᠢᠨ ᠪᠦᠰᠡ᠎ᠳᠦ ᠪᠠᠢᠷᠢᠰᠢᠲᠠᠭ᠃ ᠡᠨᠳᠡᠬᠢ ᠠᠭᠤᠷ ᠠᠮᠢᠰᠬᠤᠯ ᠬᠠᠭᠤᠷᠠᠢ᠂ ᠬᠤᠷ᠎ᠠ ᠲᠤᠨᠲᠠᠰᠦ ᠪᠠᠭ᠎ᠠ᠂ ᠲᠠᠯ᠎ᠠ ᠨᠤᠲᠤᠭ᠎ᠤᠨ ᠠᠮᠢ ᠠᠬᠤᠢ ᠬᠡᠪᠡᠷᠡᠭ᠂ ᠡᠯᠡᠰᠦᠷᠭᠡᠭᠵᠢᠭᠰᠡᠨ ᠲᠠᠯᠠᠪᠠᠢ ᠶᠡᠬᠡ ᠵᠡᠷᠭᠡ ᠪᠤᠰᠤᠳᠴᠢ ᠪᠠᠢᠲᠠᠯ ᠨᠢ ᠠᠮᠢ ᠠᠬᠤᠢ᠎ᠶᠢᠨ ᠵᠠᠰᠠᠯᠲᠠ ᠪᠠ ᠬᠠᠮᠢᠶᠠᠷᠤᠯᠲᠠ᠎ᠳᠤ ᠪᠦᠷ ᠪᠠᠭ᠎ᠠ ᠪᠤᠰᠤ ᠬᠦᠴᠢᠷᠳᠡᠯ ᠠᠪᠴᠢᠷᠠᠬᠰᠠᠨ ᠪᠠᠢᠲᠠᠭ᠃

ᠬᠡᠪᠡᠴᠦ ᠣᠶ᠋ᠢᠷ᠎ᠠ᠎ᠶᠢᠨ ᠵᠢᠯ᠎ᠦᠨ ᠲᠤᠷᠰᠢ ᠲᠤᠰ ᠬᠤᠰᠢᠭᠤ ᠨᠢ ᠠᠮᠢ ᠠᠬᠤᠢ᠎ᠶᠢᠨ ᠵᠠᠰᠠᠯᠲᠠ ᠪᠠ ᠬᠠᠮᠠᠭᠠᠯᠠᠯᠲᠠ ᠪᠠᠨ ᠴᠢᠨᠭᠭᠠᠳᠬᠠᠨ᠂ ᠲᠠᠯ᠎ᠠ ᠨᠤᠲᠤᠭ᠎ᠤᠨ ᠠᠮᠢ ᠠᠬᠤᠢ᠎ᠶᠢᠨ ᠶᠠᠰᠦ ᠴᠢᠨᠠᠷ᠎ᠢ ᠲᠤᠭᠲᠠᠭᠤᠨ᠎ᠶ᠋ᠢᠡᠷ ᠰᠠᠢᠵᠢᠷᠠᠭᠤᠯᠤᠬᠰᠠᠨ ᠡᠴᠡ ᠤᠷᠭᠤᠮᠠᠯ᠎ᠤᠨ ᠪᠦᠷᠬᠦᠴᠡ ᠨᠢ ᠵᠢᠯ ᠲᠤᠰᠤᠮ ᠰᠠᠢᠵᠢᠷᠠᠵᠦ᠂ ᠠᠮᠢ ᠠᠬᠤᠢ ᠤᠷᠴᠢᠨ ᠲᠤᠭᠤᠷᠢᠨ ᠶᠠᠪᠤᠬᠤ ᠲᠤᠰᠤᠮ ᠨᠤᠮᠢᠨ ᠨᠤᠭᠤᠭᠠᠨ  ᠦᠩᠭᠡ ᠪᠡᠷ ᠬᠤᠴᠢᠬᠳᠠᠵᠤ  ᠡᠬᠢᠯᠡᠭᠰᠡᠨ ᠪᠢᠯᠡ᠃ ᠡᠢᠨᠬᠦ ᠲᠤᠰ ᠬᠤᠰᠢᠭᠤ ᠨᠢ ᠡᠯᠡᠰᠦᠷᠭᠡᠭᠵᠢᠭᠰᠡᠨ ᠨᠤᠲᠤᠭ ᠪᠡᠯᠴᠢᠭᠡᠷ᠎ᠢ ᠰᠠᠶ᠋ᠢᠵᠢᠷᠠᠭᠤᠯᠤᠭᠰᠠᠠ ᠦᠷ᠎ᠡ ᠪᠦᠲᠦᠭᠡᠯ᠎ᠳᠡᠭᠡᠨ ᠲᠦᠰᠢᠭᠯᠡᠨ᠂ ᠠᠮᠢ ᠠᠬᠤᠢ᠎ᠶᠢᠨ ᠵᠠᠰᠠᠯᠲᠠ᠎ᠶᠢᠨ ᠦᠷ᠎ᠡ ᠪᠦᠲᠦᠭᠡᠯ᠎ᠢ ᠦᠵᠡᠬᠦᠯᠬᠦ᠂ ᠰᠤᠳᠤᠯᠤᠨ ᠰᠤᠷᠤᠯᠴᠠᠬᠤ᠂ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠬᠦ᠌᠂ ᠠᠮᠢ ᠠᠬᠤᠢ ᠪᠠᠨ ᠬᠠᠮᠠᠭᠠᠯᠠᠬᠤ ᠣᠶ᠋ᠢᠯᠠᠭᠠᠭᠳᠠᠬᠤᠨ᠎ᠢ ᠤᠯᠠᠮᠵᠢᠯᠠᠬᠤ᠎ᠶᠢ ᠨᠢᠭᠡ ᠴᠣᠭᠴᠠᠵᠢᠭᠤᠯᠤᠭᠰᠠᠨ ᠡᠯᠡᠰᠦᠷᠭᠡᠭᠵᠢᠭᠰᠡᠨ ᠨᠤᠲᠤᠭ ᠪᠡᠯᠴᠢᠭᠡᠷ᠎ᠦᠨ ᠰᠤᠳᠤᠯᠭᠠᠨ᠎ᠢ ᠪᠠᠢᠩᠭᠤ ᠦᠷᠨᠢᠭᠦᠯᠵᠤ᠂ ᠠᠮᠢ ᠠᠬᠤᠢ᠎ᠶᠢᠨ ᠤᠬᠠᠭᠤᠯᠭ᠎ᠠ ᠬᠥᠮᠦᠵᠢᠯ᠎ᠦᠨ ᠰᠢᠨ᠎ᠡ ᠬᠥᠳᠡᠯᠭᠡᠬᠦ᠌ ᠬᠦᠴᠦᠨ᠎ᠢ ᠠᠮᠢᠯᠠᠭᠤᠯᠪᠠ᠃



ᠹᠦ ᠭᠠᠩ ᠪᠤᠯ ᠤᠷᠠᠳ᠎ᠤᠨ ᠲᠤᠮᠲᠠᠲᠦ ᠬᠤᠰᠢᠭᠤᠨ᠎ᠤ ᠲᠠᠷᠢᠶᠠᠯᠠᠩ ᠮᠠᠯ ᠠᠵᠦ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠤᠪᠴᠢᠶ᠎ᠠ᠎ᠶᠢᠨ ᠠᠵᠢᠯᠲᠠᠨ ᠶᠤᠮ᠃ 2000 ᠤᠨ᠎ᠳᠤ᠂ ᠪᠠᠢᠭᠤᠯᠭ᠎ᠠ ᠡᠴᠡ ᠨᠢ ᠲᠡᠬᠦᠨ᠎ᠢ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢ ᠬᠦᠳᠡᠭᠡ ᠲᠤᠰᠬᠤᠨ᠎ᠳᠤ ᠲᠦᠭᠡᠮᠡᠯᠵᠢᠬᠦᠯᠵᠦ᠂ ᠨᠤᠲᠤᠭ ᠪᠡᠯᠴᠢᠬᠡᠷ᠎ᠢ ᠪᠦᠲᠦᠮᠵᠢᠳᠡᠢ ᠠᠰᠢᠬᠯᠠᠭᠤᠯᠬᠤ ᠪᠡᠷ ᠲᠠᠷᠢᠶᠠᠯᠠᠩ ᠮᠠᠯ ᠠᠵᠦ ᠠᠬᠤᠢ᠎ᠶᠢᠨ ᠲᠤᠪᠴᠢᠶ᠎ᠠ᠎ᠳᠤ ᠬᠠᠷᠢᠶᠠᠯᠠᠬᠲᠠᠬᠤ ᠰᠢᠯᠢ᠎ᠶᠢᠨ ᠬᠤᠭᠤᠯᠠᠢ᠎ᠳᠤ ᠲᠤᠮᠢᠯᠠᠬᠰᠠᠨ ᠶᠤᠮ᠃2001 ᠤᠨ᠎ᠳᠤ ᠲᠡᠷᠡ ᠪᠠᠢᠭᠤᠯᠭ᠎ᠠ ᠲᠠᠢ ᠪᠠᠨ 27 ᠵᠢᠯ᠎ᠤᠨ ᠲᠠᠭᠠᠭᠠᠴᠢᠯᠠᠯᠳᠠ᠎ᠶᠢᠨ ᠭᠡᠷ᠎ᠡ ᠲᠤᠭᠲᠠᠵᠦ᠂ 2027 ᠤᠨ᠎ᠤ 12 ᠰᠠᠷ᠎ᠠ᠎ᠶᠢᠨ 31 ᠪᠤᠯᠲᠠᠯ᠎ᠠ ᠰᠢᠯᠢ᠎ᠶᠢᠨ ᠬᠤᠭᠤᠯᠠᠢ᠎ᠶᠢᠨ ᠨᠤᠲᠤᠭ ᠪᠡᠯᠴᠢᠭᠡᠷ᠎ᠢ 《ᠲᠠᠯ᠎ᠠ ᠨᠤᠲᠤᠭ᠎ᠤᠨ ᠠᠮᠢ ᠠᠬᠤᠢ᠎ᠶᠢᠨ ᠲᠡᠨᠭᠴᠡᠬᠦᠷᠢ᠎ᠶᠢ ᠰᠡᠷᠬᠦᠬᠡᠬᠦ ᠵᠢᠱ᠌ᠢᠶ᠎ᠡ ᠦᠵᠡᠬᠦᠯᠬᠦ ᠰᠠᠭᠤᠷᠢᠨ ᠭᠠᠵᠠᠷ》 ᠪᠤᠯᠭᠠᠬᠤ ᠪᠡᠷ ᠡᠬᠢᠯᠡᠨ ᠠᠵᠢᠯᠯᠠᠬᠰᠠᠨ ᠪᠠᠢᠨ᠎ᠠ᠃

ᠲᠤᠬᠠᠢ᠎ᠶᠢᠨ ᠦᠶ᠎ᠡ᠎ᠳᠤ ᠰᠢᠯᠢ᠎ᠶᠢᠨ ᠬᠤᠭᠤᠯᠠᠢ᠎ᠳᠤ ᠬᠠᠮᠠᠷ ᠬᠠᠳᠬᠤᠬᠤ ᠡᠪᠡᠰᠦ ᠴᠦ᠍ ᠦᠬᠡᠢ᠂ ᠡᠯᠡᠰᠦᠨ ᠲᠤᠪᠤ ᠦᠷᠬᠦᠯᠵᠢᠯᠡᠨ ᠰᠢᠷᠤᠢ ᠲᠤᠭᠤᠰᠦ ᠲᠡᠭᠳᠡᠵᠦ᠂ ᠠᠮᠢ ᠠᠬᠤᠢ ᠤᠷᠴᠢᠨ ᠲᠤᠭᠤᠷᠢᠨ ᠲᠤᠢᠯ᠎ᠤᠨ ᠠᠨᠠᠢ ᠪᠠᠢᠪᠠ᠃ ᠬᠡᠪᠡᠴᠦ ᠹᠦ ᠭᠠᠩ ᠵᠤᠷᠢᠭ ᠰᠢᠨᠲᠠᠷᠠᠬᠰᠠᠨ ᠦᠬᠡᠢ᠂ ᠲᠡᠷᠡ ᠭᠡᠷᠭᠡᠢ ᠲᠠᠢ ᠪᠠᠨ ᠬᠠᠮᠲᠦ ᠰᠢᠪᠠᠷ ᠪᠠᠢᠰᠢᠩ ᠪᠠᠷᠢᠵᠦ᠂ ᠬᠤᠳᠲᠤᠭ ᠮᠠᠯᠲᠠᠵᠦ ᠤᠰᠤ ᠲᠠᠲᠠᠨ᠂ ᠡᠭᠡᠷᠡᠮ᠎ᠡ ᠲᠠᠯ᠎ᠠ᠎ᠳᠤ ᠰᠢᠨ᠎ᠡ ᠠᠮᠢᠲᠤᠷᠠᠯ᠎ᠶ᠋ᠢᠡᠨ ᠡᠬᠢᠯᠡᠬᠦᠯᠦᠭᠰᠡᠨ ᠪᠢᠯᠡ᠃ᠬᠡᠲᠦᠨ ᠵᠢᠯ᠎ᠤᠨ ᠴᠢᠷᠮᠠᠢᠯᠭ᠎ᠠ ᠪᠡᠷ ᠲᠠᠮᠵᠢᠭᠠᠳ᠂ ᠲᠡᠬᠦᠨ᠎ᠤ ᠲᠠᠭᠠᠭᠠᠴᠢᠯᠠᠬᠰᠠᠨ ᠪᠡᠯᠴᠢᠬᠡᠷ ᠲᠦ᠍ ᠮᠡᠳᠡᠭᠳᠡᠮ᠎ᠡ ᠬᠤᠪᠢᠷᠠᠯᠲᠠ ᠭᠠᠷᠴᠦ᠂ ᠪᠡᠯᠴᠢᠭᠡᠷ ᠨᠢ ᠵᠢᠯ ᠡᠴᠡ ᠵᠢᠯ ᠰᠠᠬᠤᠯᠢᠬᠵᠢᠨ᠂ ᠡᠪᠡᠰᠦᠨ᠎ᠤ ᠲᠦᠷᠦᠯ ᠵᠦᠢᠯ ᠨᠢ ᠴᠦ᠍ ᠵᠢᠯ ᠢᠷᠡᠬᠦᠶ᠎ᠡ ᠤᠯᠠᠰᠢᠷᠠᠬᠰᠠᠨ ᠪᠠᠢᠨ᠎ᠠ᠃ 2006 ᠤᠨ ᠪᠤᠯᠬᠤ᠎ᠳᠤ᠂ ᠰᠢᠯᠢ᠎ᠶᠢᠨ ᠬᠤᠭᠤᠯᠠᠢ᠎ᠶᠢᠨ ᠬᠤᠪᠠᠬᠠᠢ ᠡᠯᠡᠰᠦ ᠨᠤᠭᠤᠭᠠᠨ ᠲᠠᠯ᠎ᠠ ᠪᠤᠯᠵᠦ᠂ 《ᠠᠶᠠᠰ᠎ᠤᠨ ᠰᠠᠯᠬᠢᠨ᠎ᠳᠤ ᠠᠲᠤᠭᠤ ᠬᠤᠨᠢ ᠢᠷᠠᠢᠨ ᠦᠵᠡᠭᠳᠡᠬᠦ》 ᠰᠠᠢᠬᠠᠨ ᠦᠵᠡᠮᠵᠢ᠎ᠶᠢ ᠪᠦᠷᠢᠲᠦᠬᠦᠯᠵᠡᠢ᠃ ᠰᠢᠯᠢ᠎ᠶᠢᠨ ᠬᠤᠭᠤᠯᠠᠢ᠎ᠶᠢᠨ ᠪᠡᠯᠴᠢᠬᠡᠷ ᠠᠭᠠᠵᠢᠮ᠎ᠶ᠋ᠢᠡᠷ ᠬᠤᠯᠠ ᠤᠢᠷ᠎ᠠ᠎ᠳᠠᠭᠠᠨ ᠨᠡᠷ᠎ᠡ ᠠᠯᠲᠠᠷᠰᠢᠵᠦ᠂ ᠤᠷᠠᠳ᠎ᠤᠨ ᠲᠤᠮᠲᠠᠲᠦ ᠬᠤᠰᠢᠭᠤ᠂ ᠪᠠᠶᠠᠨᠨᠠᠭᠤᠷ ᠬᠤᠲᠠ᠂ ᠴᠠᠭᠠᠰᠢᠯᠠᠪᠡᠯ ᠦᠪᠡᠷᠳᠡᠭᠡᠨ ᠵᠠᠰᠠᠬᠤ ᠤᠷᠤᠨ᠎ᠤ ᠬᠠᠮᠢᠶ᠎ᠠ ᠪᠦᠬᠦᠢ ᠪᠠᠢᠭᠤᠯᠭ᠎ᠠ ᠨᠢᠬᠡᠴᠢ᠎ᠶᠢᠨ ᠠᠩᠬᠠᠷᠤᠯ᠎ᠢ ᠲᠠᠲᠠᠵᠦ᠂ ᠤᠷᠢᠳ ᠬᠤᠵᠢᠳ 《ᠰᠢᠯᠢᠳᠡᠭ ᠡᠬᠦᠯᠳᠡᠷ᠎ᠤᠨ ᠦᠷ᠎ᠡ᠎ᠶᠢᠨ ᠬᠤᠨᠢ ᠦᠷᠡᠵᠢᠬᠦᠯᠬᠦ ᠰᠠᠭᠤᠷᠢᠨ ᠭᠠᠵᠠᠷ》᠂ 《ᠪᠤᠭᠤ ᠮᠠᠯᠵᠢᠬᠤ ᠲᠤᠷᠰᠢᠯᠲᠠ᠎ᠶᠢᠨ ᠰᠠᠭᠤᠷᠢᠨ ᠭᠠᠵᠠᠷ》᠂ 《ᠪᠡᠯᠴᠢᠬᠡᠷ ᠪᠠ ᠮᠠᠯ᠎ᠤᠨ ᠲᠤᠭ᠎ᠠ ᠲᠤᠯᠤᠭᠠᠢ᠎ᠶᠢ ᠲᠡᠩᠴᠡᠬᠦᠷᠢᠰᠢᠬᠦᠯᠬᠦ ᠵᠢᠱ᠌ᠢᠶ᠎ᠡ ᠦᠵᠡᠬᠦᠯᠬᠦ ᠰᠠᠭᠤᠷᠢᠨ ᠭᠠᠵᠠᠷ》 ᠪᠠ ᠤᠷᠠᠳ᠎ᠤᠨ ᠲᠤᠮᠲᠠᠲᠦ ᠬᠤᠰᠢᠭᠤᠨ᠎ᠤ 《ᠤᠮᠠᠷᠠᠲᠦ ᠤᠷᠤᠨ᠎ᠳᠤ ᠦᠷᠡᠵᠢᠬᠦᠯᠦᠨ ᠡᠮᠦᠨᠡᠲᠦ ᠤᠷᠤᠨ᠎ᠳᠤ ᠲᠡᠵᠢᠭᠡᠬᠦ ᠵᠢᠱ᠌ᠢᠶ᠎ᠡ ᠦᠵᠡᠬᠦᠯᠬᠦ ᠰᠠᠭᠤᠷᠢᠨ ᠭᠠᠵᠠᠷ》 ᠪᠤᠯᠤᠬᠰᠠᠨ ᠪᠠᠢᠨ᠎ᠠ᠃ ᠹᠦ ᠭᠠᠩ ᠪᠠᠰᠠ ᠠᠮᠢ ᠠᠬᠤᠢ᠎ᠶᠢ ᠰᠡᠷᠬᠦᠭᠡᠨ ᠬᠠᠮᠠᠭᠠᠯᠠᠬᠰᠠᠨ ᠵᠢᠱ᠌ᠢᠶᠡᠴᠢ᠎ᠶᠢᠨ ᠬᠤᠪᠢ ᠪᠡᠷ᠂ ᠬᠤᠰᠢᠭᠤ᠂ ᠬᠤᠲᠠ ᠵᠢᠴᠢ ᠦᠪᠡᠷᠳᠡᠭᠡᠨ ᠵᠠᠰᠠᠬᠤ ᠤᠷᠤᠨ᠎ᠤ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠰᠢᠨᠵᠢᠯᠡᠬᠦ ᠤᠬᠠᠭᠠᠨ ᠰᠤᠲᠤᠯᠭᠠᠨ᠎ᠤ ᠨᠢᠬᠡᠴᠢ᠎ᠶᠢᠨ ᠰᠠᠢᠰᠢᠶᠠᠯ ᠬᠦᠬᠢᠬᠦᠯᠦᠯ᠎ᠢ ᠤᠯᠠᠨᠲᠠ ᠬᠦᠷᠳᠡᠭᠰᠡᠨ ᠪᠠᠢᠨ᠎ᠠ᠃

ᠲᠠᠯ᠎ᠠ ᠨᠤᠲᠤᠭ᠎ᠤᠨ ᠠᠮᠢ ᠠᠬᠤᠢ᠎ᠶᠢ ᠬᠠᠮᠠᠭᠠᠯᠠᠨ ᠵᠠᠰᠠᠭᠰᠠᠨ ᠲᠤᠷᠰᠢᠯᠭ᠎ᠠ ᠪᠠᠨ ᠨᠡᠩ ᠤᠯᠠᠨ ᠬᠦᠮᠦᠰ ᠲᠦ᠍ ᠤᠯᠠᠮᠵᠢᠯᠠᠵᠦ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠴᠢᠬᠤᠯᠠ ᠴᠢᠨᠠᠷ᠎ᠢ ᠲᠠᠨᠢᠭᠤᠯᠬᠤ᠎ᠶᠢᠨ ᠲᠤᠰᠠᠲᠠ ᠹᠦ ᠭᠠᠩ 20 ᠭᠠᠷᠤᠢ ᠵᠢᠯ᠎ᠤᠨ ᠲᠤᠷᠰᠢ ᠨᠡᠢ᠌ᠳᠡ 350 ᠭᠠᠷᠤᠢ ᠵᠦᠢᠯ᠎ᠦᠨ ᠡᠪᠡᠰᠦᠨ᠎ᠤ ᠦᠯᠢᠬᠡᠷ ᠬᠡᠪ᠎ᠢ ᠴᠤᠭᠯᠠᠭᠤᠯᠤᠭᠰᠠᠨ ᠪᠦᠬᠡᠳ ᠥᠪᠡᠷ᠎ᠢᠶᠡᠨ ᠪᠡᠯᠡ ᠮᠥᠩᠭᠥ᠌ ᠴᠤᠭᠯᠠᠭᠤᠯᠵᠦ᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠰᠠᠭᠤᠷᠢᠨ — ᠰᠢᠷᠡᠭᠡ ᠤᠷᠭᠤᠮᠠᠯ᠎ᠤᠨ ᠦᠵᠡᠭᠦᠯᠭᠡ᠎ᠶᠢᠨ ᠣᠷᠳᠣᠨ᠎ᠶ᠋ᠢᠡᠨ ᠪᠠᠶ᠋ᠢᠭᠤᠯᠪᠠ᠃ 800 ᠮᠦ᠍ ᠰᠢᠬᠠᠮ ᠪᠡᠯᠴᠢᠭᠡᠷ᠎ᠲᠦ᠍ ᠪᠠᠢᠷᠢᠯᠠᠵᠦ ᠪᠦᠭᠦᠢ ᠲᠤᠰ ᠦᠵᠡᠬᠦᠯᠬᠡ᠎ᠶᠢᠨ ᠤᠷᠲᠤᠨ ᠨᠢ ᠡᠯ᠎ᠡ ᠲᠦᠷᠦᠯ᠎ᠦᠨ ᠤᠷᠭᠤᠮᠠᠯ᠎ᠤᠨ ᠦᠯᠢᠬᠡᠷ ᠬᠡᠪ ᠵᠢᠴᠢ ᠨᠢᠯᠬ᠎ᠠ ᠡᠪᠡᠰᠤ ᠵᠢ ᠵᠠᠭᠤ ᠭᠠᠷᠤᠢ ᠵᠦᠢᠯ᠎ᠢ ᠬᠣᠷᠢᠶᠠᠨ ᠬᠠᠳᠠᠭᠠᠯᠠᠵᠤ ᠪᠣᠶ᠋ᠢᠵᠢᠭᠤᠯᠵᠠᠢ᠃ ᠡᠨᠳᠡ ᠰᠤᠳᠤᠯᠤᠨ ᠰᠤᠷᠤᠯᠴᠠᠬᠤ᠂ ᠰᠢᠨᠵᠢᠯᠡᠬᠦ᠌ ᠤᠬᠠᠭᠠᠨ᠎ᠤ ᠪᠠᠶ᠋ᠢᠴᠠᠭᠠᠯᠲᠠ ᠪᠠ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠬᠦ᠌ ᠠᠵᠢᠯᠯᠠᠭ᠎ᠠ᠎ᠶᠢ ᠪᠠᠶ᠋ᠢᠩᠭᠤᠵᠢᠭᠤᠯᠤᠨ  ᠥᠷᠨᠢᠭᠦᠯᠵᠦ᠍᠂ ᠲᠤᠬᠠᠢ᠎ᠶᠢᠨ ᠭᠠᠵᠠᠷ᠎ᠤᠨ ᠠᠮᠢ ᠠᠬᠤᠢ᠎ᠶᠢ ᠣᠶ᠋ᠢᠯᠠᠭᠠᠬᠤ ᠪᠣᠳᠠᠲᠤ᠌ ᠬᠢᠴᠢᠶᠡᠯ᠎ᠦᠨ ᠲᠠᠩᠬᠢᠮ ᠪᠤᠯᠪᠠ᠃

《ᠰᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠦᠵᠡᠭᠦᠯᠭᠡ ᠶ᠋ᠢᠨ ᠣᠷᠳᠣᠨ ᠢ᠋ ᠪᠠᠶ᠋ᠢᠭᠤᠯᠤᠬᠰᠠᠨ ᠨᠢ ᠭᠤᠤᠯᠲᠠᠭᠤ ᠲᠠᠯ᠎ᠠ ᠨᠤᠲᠤᠭ᠎ᠤᠨ ᠤᠷᠭᠤᠮᠠᠯ᠎ᠤᠨ ᠬᠤᠴᠢᠯᠭ᠎ᠠ᠎ᠶᠢᠨ ᠲᠤᠬᠠᠢ ᠮᠡᠳᠡᠯᠭᠡ ᠶ᠋ᠢ ᠲᠦᠭᠡᠮᠡᠯᠵᠢᠭᠦᠯᠦᠨ᠂ ᠪᠠᠶ᠋ᠢᠭᠠᠯᠢ ᠶ᠋ᠢ ᠬᠦᠨᠲᠦᠳᠭᠡᠬᠦ ᠶ᠋ᠢ ᠰᠠᠨᠠᠭᠠᠴᠢᠯᠠᠬᠤ᠎ᠶᠢᠨ ᠲᠦᠯᠦᠬᠡ ᠶᠤᠮ᠃ ᠲᠠᠯ᠎ᠠ ᠨᠤᠲᠤᠭ᠎ᠤᠨ ᠠᠮᠢ ᠠᠬᠤᠢ ᠶ᠋ᠢ ᠬᠠᠮᠠᠭᠠᠯᠠᠬᠤ᠎ᠳᠤ ᠪᠢᠳᠡ ᠵᠠᠪᠠᠯ ᠤᠷᠲᠤ᠌ ᠬᠤᠭᠤᠴᠠᠭ᠎ᠠ᠎ᠪᠠᠷ ᠴᠢᠷᠮᠠᠶ᠋ᠢᠵᠤ᠂ ᠰᠠᠶ᠋ᠢᠨ ᠰᠠᠶ᠋ᠢᠬᠠᠨ ᠭᠡᠷ ᠣᠷᠣᠨ᠎ᠢᠶᠠᠨ ᠬᠠᠮᠲᠤ᠎ᠪᠠᠷ ᠰᠠᠬᠢᠨ ᠬᠠᠮᠠᠭᠠᠯᠠᠬᠤ ᠪᠡᠷ ᠬᠦᠴᠦ ᠨᠢᠬᠡᠲᠦᠨ ᠠᠵᠢᠯᠯᠠᠪᠠᠯ ᠵᠤᠬᠢᠨ᠎ᠠ》 ᠭᠡᠵᠦ᠍ ᠹᠦ᠋ ᠭᠠᠩ ᠬᠡᠯᠡᠨ᠎ᠡ᠃ 2024 ᠤᠨ᠎ᠳᠤ᠂ ᠹᠦ ᠭᠠᠩ ᠪᠠᠰᠠ ᠤᠷᠠᠳ᠎ᠤᠨ ᠳᠤᠮᠳᠠᠳᠤ ᠬᠣᠰᠢᠭᠤᠨ᠎ᠤ ᠲᠠᠯ᠎ᠠ ᠨᠤᠲᠤᠭ᠎ᠤᠨ ᠠᠮᠢ ᠠᠬᠤᠢ᠎ᠶᠢᠨ ᠰᠤᠳᠤᠯᠭᠠᠨ᠎ᠤ ᠨᠡᠶ᠋ᠢᠭᠡᠮᠯᠢᠭ᠎ᠢ ᠪᠠᠢᠭᠤᠯᠵᠦ᠂ ᠲᠤᠮᠲᠠᠲᠦ ᠤᠯᠤᠰ᠎ᠤᠨ ᠤᠢ ᠰᠢᠭᠤᠢ᠎ᠶᠢᠨ ᠰᠢᠨᠵᠢᠯᠡᠬᠦ ᠤᠬᠠᠭᠠᠨ᠎ᠤ ᠬᠦᠷᠢᠶᠡᠯᠡᠩ ᠵᠡᠷᠭᠡ᠎ᠪᠠᠢᠭᠤᠯᠭ᠎ᠠ ᠨᠢᠬᠡᠴᠢ ᠶ᠋ᠢᠨ ᠲᠤᠰᠬᠠᠢ ᠮᠡᠷᠭᠡᠵᠢᠯᠳᠡᠨ᠎ᠢ ᠤᠷᠢᠵᠦ᠂ ᠭᠠᠴᠠᠭ᠎ᠠ ᠲᠤᠰᠬᠤᠨ᠎ᠶ᠋ᠢᠡᠷ ᠬᠦᠨᠵᠡᠬᠡᠢᠷᠡᠵᠦ ᠰᠤᠲᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠦᠭᠰᠡᠨ ᠪᠠᠢᠨ᠎ᠠ᠃



ᠤᠷᠠᠳ᠎ᠤᠨ ᠳᠤᠮᠳᠠᠳᠤ ᠬᠣᠰᠢᠭᠤᠨ᠎ᠤ ᠴᠤᠩᠵᠢ ᠰᠤᠮᠤᠨ᠎ᠤ ᠮᠠᠯᠴᠢᠨ ᠭᠸ ᠵᠠᠶᠠᠭ᠎ᠠ ᠴᠤ᠌ ᠮᠠᠯ ᠤᠨᠤᠭ᠎ᠠ ᠪᠠᠨ ᠲᠤᠳᠤᠮᠳᠠᠬᠤ ᠶ᠋ᠢᠨ ᠲᠠᠭᠠᠤ ᠴᠢᠯᠥᠭᠡ ᠵᠠᠪ᠎ᠢᠶᠠᠷ᠎ᠢᠶᠠᠨ ᠲᠥᠷᠥᠭᠰᠡᠨ ᠨᠤᠲᠤᠭ᠎ᠤᠨ᠎ᠶ᠋ᠢᠡᠨ ᠡᠪᠡᠰᠦ ᠤᠷᠭᠤᠮᠠᠯ᠎ᠢ ᠴᠤᠭᠯᠠᠭᠤᠯᠵᠤ᠂ ᠲᠠᠯ᠎ᠠ ᠨᠤᠲᠤᠭ᠎ᠤᠨ ᠪᠣᠬᠢᠷᠲᠤᠯ ᠦᠭᠡᠢ ᠠᠮᠢ ᠠᠬᠤᠢ ᠶ᠋ᠢ ᠦᠯᠢᠭᠡᠷ ᠬᠡᠪ ᠪᠣᠯᠭᠠᠨ ᠤᠷᠠᠯᠠᠵᠤ᠂ ᠨᠢᠬᠡᠨ 《ᠠᠮᠢ ᠠᠬᠤᠢ᠎ᠶᠢᠨ ᠳᠠᠩᠰᠠ ᠡᠪᠬᠡᠮᠡᠯ》 ᠪᠤᠢ ᠪᠤᠯᠭᠠᠭᠰᠠᠨ ᠪᠠᠶ᠋ᠢᠨ᠎ᠠ᠃

ᠲᠡᠬᠦᠨ᠎ᠤ ᠭᠡᠷ᠎ᠲᠦ᠍ ᠣᠷᠣᠬᠤ᠎ᠳᠤ᠂ ᠭᠡᠷᠡᠮ ᠬᠠᠨ᠎ᠠ ᠲᠡᠭᠡᠷ᠎ᠡ ᠪᠠᠨ ᠤᠷᠭᠤᠮᠠᠯ᠎ᠤᠨ ᠵᠢᠷᠤᠭ᠎ᠢ ᠡᠯᠬᠦᠭᠰᠡᠨ ᠨᠢ ᠶᠠᠭ ᠯᠡ ᠲᠠᠯ᠎ᠠ ᠨᠤᠲᠤᠭ᠎ᠤᠨ ᠤᠨᠴᠠᠯᠢᠭ ᠲᠠᠢ ᠵᠠᠰᠠᠯ ᠴᠢᠮᠡᠭᠯᠡᠯ ᠭᠡᠮᠡᠷ ᠦᠷᠦᠬᠡ ᠭᠡᠷ᠎ᠢ ᠨᠢ ᠡᠪ ᠲᠤᠬᠢ ᠲᠠᠢ ᠴᠢᠮᠡᠭᠯᠡᠵᠡᠢ᠃ ᠬᠠᠷᠭᠠᠨ᠎ᠠ᠂ ᠴᠠᠭᠠᠨ ᠥᠷᠭᠡᠰᠦ᠂ ᠰᠢᠬᠢᠷ ᠡᠪᠡᠰᠦ᠂ ᠬᠥᠵᠢ ᠡᠪᠡᠰᠥ᠍᠂ ᠬᠤᠩᠭᠤᠷᠵᠤᠯᠠ᠂ ᠨᠤᠬᠠᠢ ᠶ᠋ᠢᠨ ᠰᠡᠭᠥᠯ᠂  ᠪᠤᠯᠠᠭᠠᠨ ᠰᠡᠭᠥᠯ ᠁ ᠡᠲᠡᠭᠡᠷ ᠤᠷᠠᠳ ᠨᠤᠲᠤᠭ᠎ᠤᠨ ᠰᠢᠮᠡᠯᠢᠭ ᠬᠦᠷᠦᠰᠦᠨ᠎ᠳᠤ ᠭᠦᠨ ᠦᠨᠳᠦᠰᠦᠯᠡᠭᠰᠡᠨ ᠨᠤᠲᠤᠭ᠎ᠤᠨ ᠡᠪᠡᠰᠦ ᠤᠷᠭᠤᠮᠠᠯ ᠨᠢ ᠭᠸ ᠵᠠᠶᠠᠭ᠎ᠠ᠎ᠶᠢᠨ ᠲᠡᠭᠦᠬᠦ᠂ ᠡᠮᠬᠢᠯᠡᠬᠦ᠂ ᠲᠠᠷᠤᠵᠤ ᠬᠠᠳᠠᠭᠠᠬᠤ᠂ ᠣᠶᠣᠬᠤ᠂ ᠨᠠᠭᠠᠬᠤ ᠵᠡᠷᠭᠡ ᠨᠠᠷᠢᠯᠢᠭ ᠶᠠᠪᠤᠴᠠ ᠪᠡᠷ ᠲᠠᠮᠵᠢᠨ ᠰᠠᠯᠬᠢᠨ᠎ᠤ ᠠᠶ᠎ᠠ ᠪᠡᠷ ᠨᠠᠢᠭᠤᠵᠦ ᠪᠠᠢᠭ᠎ᠠ ᠬᠡᠮᠡᠷ ᠠᠮᠢᠲᠤᠯᠢᠭ ᠰᠠᠢᠬᠠᠨ ᠪᠤᠯᠵᠠᠢ᠃ ᠦᠯᠢᠭᠡᠷ ᠬᠡᠪ ᠪᠦᠷᠢ᠎ᠶᠢᠨ ᠱᠣᠰᠢᠭ᠎ᠠ ᠳᠡᠭᠡᠷ᠎ᠡ ᠡᠪᠡᠰᠦᠨ᠎ᠤ ᠨᠡᠷᠡᠶ᠋ᠢᠳᠦᠯ᠂ ᠲᠡᠭᠦᠵᠦ᠍ ᠴᠤᠭᠯᠠᠭᠤᠯᠤᠬᠰᠠᠨ ᠴᠠᠭ ᠪᠠ ᠤᠷᠭᠤᠬᠰᠠᠨ ᠭᠠᠵᠠᠷ᠎ᠢ ᠲᠣᠳᠣᠷᠬᠠᠢ ᠲᠡᠮᠳᠡᠭᠯᠡᠭᠰᠡᠨ ᠪᠤᠯᠬᠤᠷ ᠡᠲᠡᠭᠡᠷ ᠨᠢ ᠲᠠᠯ᠎ᠠ ᠨᠤᠲᠤᠭ᠎ᠤᠨ ᠤᠷᠭᠤᠮᠠᠯ᠎ᠤᠨ 《ᠠᠮᠢ ᠠᠬᠤᠢ᠎ᠶᠢᠨ ᠲᠠᠩᠰᠠ ᠡᠪᠬᠡᠮᠡᠯ》 ᠪᠤᠯᠤᠭᠰᠠᠨ᠎ᠶ᠋ᠢᠡᠷ ᠪᠠᠷᠠᠬᠤ ᠦᠭᠡᠢ᠂ ᠨᠠᠩ ᠴᠤ᠌ ᠭᠸ ᠵᠠᠶᠠᠭ᠎ᠠ᠎ᠶᠢᠨ ᠬᠡᠳᠦᠨ ᠵᠢᠯ᠎ᠦᠨ ᠴᠠᠭ ᠬᠤᠭᠤᠴᠠᠭ᠎ᠠ᠎ᠶᠢ ᠵᠠᠷᠤᠴᠠᠭᠤᠯᠵᠦ ᠨᠤᠲᠤᠭ ᠤᠰᠤᠨ᠎ᠳᠠᠭᠠᠨ ᠦᠯᠡᠳᠡᠭᠡᠭᠰᠡᠨ 《ᠨᠤᠲᠤᠭ᠎ᠤᠨ ᠨᠣᠭᠣᠭᠠᠨ ᠳᠤᠷᠠᠰᠤᠮᠵᠢ》 ᠪᠣᠯᠤᠭᠰᠠᠨ ᠪᠠᠶ᠋ᠢᠨ᠎ᠠ᠃

《ᠪᠡᠯᠴᠢᠭᠡᠷ᠎ᠲᠦ᠍ ᠡᠪᠡᠰᠦᠨ᠎ᠦ ᠲᠥᠷᠥᠯ ᠵᠦᠢᠯ ᠣᠯᠠᠨ ᠪᠠᠶ᠋ᠢᠳᠠᠭ ᠪᠣᠯᠪᠠᠴᠤ᠌ ᠨᠡᠷ᠎ᠡ ᠵᠢᠭᠠᠵᠤ᠂ ᠥᠪᠡᠷᠮᠢᠴᠡ ᠣᠨᠴᠠᠯᠢᠭ ᠢ᠋ ᠨᠢ ᠲᠣᠳᠣᠷᠬᠠᠢ ᠬᠡᠯᠡᠵᠦ᠍ ᠴᠢᠳᠠᠬᠤ ᠮᠠᠯᠴᠢᠳ ᠲᠡᠶ᠋ᠢᠮᠦ᠍ ᠣᠯᠠᠨ ᠪᠢᠰᠢ᠂ ᠡᠪᠡᠰᠥ᠍ ᠤᠷᠭᠤᠮᠠᠯ᠎ᠤᠨ ᠦᠯᠢᠭᠡᠷ ᠬᠡᠪ ᠬᠢᠭᠰᠡᠨ᠎ᠤ ᠵᠤᠷᠢᠯᠭ᠎ᠠ ᠪᠤᠯ ᠳᠠᠷᠤᠢ ᠨᠤᠲᠤᠭ᠎ᠤᠨ ᠠᠬ᠎ᠠ ᠳᠡᠭᠦᠦ ᠨᠠᠷ᠎ᠲᠠᠭᠠᠨ ᠥᠪᠡᠷ᠎ᠦᠨ ᠢᠳᠡᠭᠡᠰᠢᠨ ᠠᠮᠢᠲᠤᠷᠠᠵᠦ ᠪᠠᠶ᠋ᠢᠭ᠎ᠠ ᠤᠷᠤᠨ ᠨᠤᠲᠤᠭ᠎ᠤᠨ᠎ᠶ᠋ᠢᠡᠨ ᠡᠪᠡᠰᠦ ᠤᠷᠭᠤᠮᠠᠯ᠎ᠶ᠋ᠢᠡᠨ ᠦᠨᠡᠨᠬᠦ᠌ ᠲᠠᠨᠢᠭᠤᠯᠵᠤ ᠣᠶ᠋ᠢᠯᠠᠭᠠᠭᠤᠯᠬᠤ᠎ᠶᠢᠨ ᠲᠥᠯᠥᠭᠡ ᠶᠤᠮ》 ᠭᠡᠵᠤ ᠭᠸ ᠵᠠᠶᠠᠭ᠎ᠠ ᠰᠤᠷᠪᠤᠯᠵᠢᠯᠠᠭᠴᠢ᠎ᠳᠤ ᠶᠠᠷᠢᠯ᠎ᠠ᠃《ᠮᠠᠯ ᠮᠠᠯᠵᠢᠬᠤ᠎ᠳᠦ ᠡᠷᠬᠡᠪᠰᠢ ᠪᠡᠯᠴᠢᠭᠡᠷ᠎ᠶ᠋ᠢᠡᠨ ᠰᠢᠨᠵᠢᠯᠡᠬᠥ᠌ ᠤᠬᠠᠭᠠᠨᠴᠢ ᠪᠠᠷ ᠡᠵᠡᠩᠨᠡᠬᠥ᠌ ᠭᠡᠷᠡᠭᠳᠡᠢ》 ᠭᠡᠰᠡᠨ ᠪᠣᠷᠣᠭᠵᠢᠭᠤᠨ ᠪᠤᠲᠤᠯ᠎ᠢ ᠪᠠᠷᠢᠮᠲᠠᠯᠠᠵᠦ᠂ ᠭᠸ ᠵᠠᠶᠠᠭ᠎ᠠ 2018 ᠣᠨ᠎ᠠᠴᠠ ᠡᠬᠢᠯᠡᠨ ᠪᠡᠯᠴᠢᠭᠡᠷ ᠲᠡᠭᠡᠷᠡᠬᠢ ᠡᠯ᠎ᠡ ᠲᠦᠷᠦᠯ᠎ᠦᠨ ᠡᠪᠡᠰᠤ ᠤᠷᠭᠤᠮᠠᠯ᠎ᠶ᠋ᠢᠡᠨ ᠨᠠᠷᠢᠨ ᠨᠢᠮᠪᠠᠢ ᠴᠤᠭᠯᠠᠭᠤᠯᠵᠦ ᠦᠯᠢᠬᠡᠷ ᠬᠡᠪ ᠵᠤᠬᠢᠶᠠᠪᠠ᠃ᠲᠡᠷᠡ ᠨᠢᠭᠡ ᠲᠠᠯ᠎ᠠ᠎ᠪᠠᠷ ᠦᠯᠢᠭᠡᠷ ᠬᠡᠪ ᠵᠣᠬᠢᠶᠠᠬᠤ ᠤᠷ᠎ᠠ ᠮᠡᠷᠭᠡᠵᠢᠯ᠎ᠢ ᠰᠤᠳᠤᠯᠵᠤ᠂ ᠳᠠᠷᠤᠬᠤ᠂ ᠬᠠᠲᠠᠭᠠᠬᠤ ᠬᠠᠮᠤᠭ᠎ᠤᠨ ᠰᠠᠶ᠋ᠢᠨ ᠠᠷᠭ᠎ᠠ᠎ᠶᠢ ᠲᠠᠬᠢᠨ ᠳᠠᠪᠲᠠᠨ ᠰᠦᠪᠡᠭᠴᠢᠯᠡᠵᠦ᠍᠂ ᠨᠦᠬᠦᠭᠡ ᠲᠠᠯ᠎ᠠ᠎ᠪᠠᠷ ᠡᠪᠡᠰᠥ᠍ ᠤᠷᠭᠤᠮᠠᠯ᠎ᠤᠨ ᠤᠷᠭᠤᠯᠲᠠ᠎ᠶᠢᠨ ᠣᠨᠴᠠᠯᠢᠭ᠎ᠢ ᠨᠠᠷᠢᠨ ᠬᠢᠨᠠᠮᠠᠭᠠᠢ ᠰᠤᠷᠤᠯᠴᠠᠵᠤ᠂ ᠲᠠᠨᠢᠬᠤ ᠦᠭᠡᠢ ᠡᠪᠡᠰᠥ᠍ ᠤᠷᠭᠤᠮᠠᠯ᠎ᠲᠡᠶ ᠲᠠᠭᠠᠷᠠᠯᠳᠤᠪᠠᠯ᠂ ᠰᠠᠨᠠᠭᠠᠴᠢᠯᠠᠭ᠎ᠠ᠎ᠠᠴᠠ᠎ᠪᠠᠨ ᠵᠣᠭᠣᠰ ᠵᠠᠷᠤᠴᠠᠭᠤᠯᠤᠨ ᠲᠤᠰᠬᠠᠢ ᠮᠡᠷᠭᠡᠵᠢᠯᠳᠡᠨ᠎ᠢᠶᠡᠷ ᠬᠢᠨᠠᠨ ᠲᠣᠭᠲᠠᠭᠠᠯᠭᠠᠵᠤ᠂ ᠲᠠᠬᠢᠨ ᠨᠠᠷᠢᠨ ᠲᠡᠮᠳᠡᠭᠯᠡᠯ ᠬᠢᠵᠦ᠍᠂ ᠲᠦᠷᠦᠯ ᠬᠤᠪᠢᠶᠠᠨ ᠲᠠᠨᠭ᠌ᠰᠠ ᠡᠪᠬᠡᠮᠡᠯ᠎ᠳᠡᠭᠡᠨ ᠤᠷᠤᠭᠤᠯᠲᠠᠭ ᠪᠠᠶ᠋ᠢᠨ᠎ᠠ᠃ ᠬᠡᠳᠦᠨ ᠵᠢᠯ᠎ᠦᠨ ᠴᠥᠬᠥᠷᠡᠰᠢ ᠦᠭᠡᠢ ᠴᠢᠷᠮᠠᠶ᠋ᠢᠯᠭ᠎ᠠ᠎ᠪᠠᠷ᠂ ᠭᠸ ᠵᠠᠶᠠᠭ᠎ᠠ 64 ᠬᠤᠪᠢ ᠤᠷᠭᠤᠮᠠᠯ᠎ᠤᠨ ᠦᠯᠢᠭᠡᠷ ᠬᠡᠪ᠎ᠢ ᠠᠮᠵᠢᠯᠲᠠ᠎ᠲᠠᠶ ᠵᠣᠬᠢᠶᠠᠵᠦ᠂ ᠪᠠᠰᠠ ᠨᠢᠭᠡ ᠪᠦᠯᠦᠭ ᠬᠣᠷᠢᠶᠠᠨ ᠴᠤᠭᠯᠠᠭᠤᠯᠤᠭᠰᠠᠨ ᠡᠪᠡᠰᠥ᠍ ᠤᠷᠭᠤᠮᠠᠯ᠎ᠶ᠋ᠢᠡᠨ ᠦᠯᠢᠭᠡᠷ ᠬᠡᠪ ᠬᠢᠬᠦ᠌ ᠪᠠᠷ ᠨᠢᠭᠡᠨᠳᠡ  ᠪᠡᠯᠡᠳᠭᠡᠭᠡᠳ ᠪᠠᠶ᠋ᠢᠨ᠎ᠠ᠃



ᠡᠳᠡᠭᠡᠷ ᠦᠯᠢᠭᠡᠷ ᠬᠡᠪ ᠨᠢ ᠨᠠᠩ ᠣᠯᠠᠨ ᠮᠠᠯᠴᠢᠳ᠎ᠲᠤ᠌ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢᠨ ᠲᠥᠷᠥᠯ ᠵᠦᠢᠯ ᠪᠠ ᠦᠨ᠎ᠡ ᠥᠷᠲᠡᠭ᠎ᠢ ᠰᠢᠭᠤᠳ ᠣᠶ᠋ᠢᠯᠠᠭᠠᠭᠤᠯᠵᠤ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢᠨ ᠪᠠᠶ᠋ᠢᠳᠠᠯ᠎ᠢ ᠣᠨᠣᠪᠴᠢᠲᠠᠶ ᠡᠵᠡᠮᠰᠢᠭᠦᠯᠵᠦ᠍᠂ ᠰᠢᠨᠵᠢᠯᠡᠬᠦ᠌ ᠤᠬᠠᠭᠠᠨᠴᠢ᠎ᠪᠠᠷ ᠮᠠᠯ ᠬᠠᠷᠢᠭᠤᠯᠬᠤ᠂ ᠪᠡᠯᠴᠢᠭᠡᠷ᠎ᠢ ᠰᠡᠷᠭᠥᠭᠡᠬᠥ᠌᠂ ᠬᠥᠮᠥᠨ᠎ᠦ ᠬᠦᠴᠦ᠎ᠪᠡᠷ ᠨᠥᠬᠥᠵᠦ᠍ ᠳᠠᠷᠢᠬᠤ ᠵᠡᠷᠭᠡ ᠠᠵᠢᠯ᠎ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠥᠭᠡᠳ 《ᠡᠪᠡᠰᠦ ᠪᠡᠯᠴᠢᠭᠡᠷ᠎ᠢ ᠬᠠᠮᠠᠭᠠᠯᠠᠬᠤ ᠪᠣᠯ ᠨᠤᠳᠤᠭ ᠣᠷᠣᠨ᠎ᠢᠶᠠᠨ ᠬᠠᠮᠠᠭᠠᠯᠠᠵᠤ ᠪᠠᠶ᠋ᠢᠭ᠎ᠠ ᠶᠠᠪᠤᠳᠠᠯ ᠮᠥᠨ》 ᠬᠡᠬᠦ᠌ ᠣᠶ᠋ᠢᠯᠠᠭᠠᠭᠳᠠᠬᠤᠨ᠎ᠢ ᠮᠠᠯᠴᠢᠳ᠎ᠤᠨ ᠰᠡᠳᠬᠢᠯ᠎ᠳᠦ ᠭᠦᠨ ᠦᠨᠳᠦᠰᠦᠯᠡᠭᠦᠯᠵᠡᠢ᠃《ᠮᠢᠨᠤ ᠥᠪᠡᠷ᠎ᠦᠨ ᠪᠡᠯᠴᠢᠭᠡᠷ᠎ᠲᠡᠬᠢ ᠡᠪᠡᠰᠦ ᠤᠷᠭᠤᠮᠠᠯ᠎ᠤᠨ ᠦᠯᠢᠭᠡᠷ ᠬᠡᠪ ᠪᠠᠷᠤᠭ 64 ᠵᠦᠢᠯ ᠪᠠᠶ᠋ᠢᠨ᠎ᠠ᠃ ᠤᠷᠢᠳᠠᠪᠠᠷ ᠪᠡᠯᠴᠢᠭᠡᠷ᠎ᠦᠨ᠎ᠢᠶᠡᠨ ᠡᠪᠡᠰᠦ ᠤᠷᠭᠤᠮᠠᠯ ᠢ᠋ ᠨᠠᠷᠢᠨ ᠨᠢᠮᠪᠠᠢ ᠦᠢᠯᠠᠭᠠᠵᠤ ᠦᠯᠢᠭᠡᠷ ᠬᠡᠪ ᠪᠣᠯᠭᠠᠭᠰᠠᠨ ᠰᠠᠭᠤᠷᠢᠨ ᠲᠡᠭᠡᠷ᠎ᠡ᠂ ᠳᠠᠷᠠᠭ᠎ᠠ ᠠᠯᠬᠤᠮ᠎ᠳᠤ ᠲᠡᠭᠦᠵᠦ᠍ ᠴᠤᠭᠯᠠᠭᠤᠯᠬᠤ ᠬᠡᠪᠴᠢᠶ᠎ᠡ ᠪᠠᠨ ᠥᠷᠭᠡᠳᠬᠡᠵᠦ᠍᠂ ᠪᠤᠰᠤᠳ ᠰᠤᠮᠤ᠂ ᠲᠡᠷᠡᠴᠢᠯᠡᠨ ᠪᠦᠬᠦ᠌ ᠬᠣᠰᠢᠭᠤᠨ᠎ᠤ ᠬᠡᠪᠴᠢᠶᠡᠨ ᠳ᠋ᠠᠬᠢ ᠡᠪᠡᠰᠦ ᠤᠷᠭᠤᠮᠠᠯ᠎ᠢ ᠲᠡᠭᠦᠵᠦ᠍ ᠠᠪᠴᠢᠷᠠᠭᠠᠳ ᠦᠯᠢᠭᠡᠷ ᠬᠡᠪ ᠪᠣᠯᠭᠠᠬᠤ ᠪᠡᠷ ᠲᠦᠰᠦᠪᠯᠡᠵᠤ ᠪᠠᠢᠨ᠎ᠠ》 ᠭᠡᠯ᠎ᠠ᠃

ᠠᠮᠢ ᠠᠬᠤᠢ ᠪᠤᠯ ᠤᠷᠤᠨ ᠨᠤᠲᠤᠭ᠎ᠤᠨ ᠬᠦᠭᠵᠢᠯᠳᠡ᠎ᠶᠢᠨ ᠰᠠᠭᠤᠷᠢ ᠭᠡᠵᠦ ᠬᠦᠨᠵᠡᠬᠡᠢ ᠲᠠᠨᠢᠬᠰᠠᠨ ᠤᠷᠠᠳᠴᠤᠳ᠂ ᠠᠮᠢ ᠠᠬᠤᠢ᠎ᠶᠢ ᠬᠠᠮᠠᠭᠠᠯᠠᠬᠤ ᠤᠢᠯᠠᠭᠠᠭᠲᠠᠬᠤᠨ᠂ ᠠᠮᠢ ᠠᠬᠤᠢ᠎ᠶᠢ ᠰᠡᠷᠬᠦᠭᠡᠭᠰᠡᠨ ᠲᠤᠷᠰᠢᠯᠭ᠎ᠠ᠂ ᠡᠪᠡᠰᠦ ᠪᠡᠯᠴᠢᠭᠡᠷ᠎ᠤᠨ ᠲᠤᠬᠠᠢ ᠮᠡᠳᠡᠯᠭᠡ᠎ᠶᠢ ᠤᠯᠠᠮᠵᠢᠯᠠᠬᠤ᠎ᠶᠢᠨ ᠴᠢᠬᠤᠯᠠ ᠴᠢᠨᠠᠷ᠎ᠢ ᠤᠯᠠᠮ᠎ᠶ᠋ᠢᠡᠷ ᠲᠠᠨᠢᠵᠦ᠂ ᠪᠡᠯᠡ ᠤᠷᠤᠭᠤᠯᠤᠯᠲᠠ ᠪᠠᠨ ᠨᠡᠮᠡᠭᠳᠡᠬᠦᠯᠦᠨ᠂ ᠲᠤᠰᠬᠠᠢ ᠮᠡᠷᠭᠡᠵᠢᠯᠳᠡᠨ᠎ᠢ ᠤᠷᠢᠵᠦ᠂ ᠲᠡᠷᠢᠬᠦᠨ᠎ᠤ ᠮᠡᠷᠭᠡᠵᠢᠯ᠎ᠢ ᠠᠰᠢᠬᠯᠠᠨ᠂ ᠠᠮᠢ ᠠᠬᠤᠢ ᠪᠠᠨ ᠬᠠᠮᠠᠭᠠᠯᠠᠬᠤ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠬᠦᠯᠬᠦ ᠬᠡᠲᠦᠨ ᠰᠠᠭᠤᠷᠢᠨ᠎ᠢ ᠪᠠᠢᠭᠤᠯᠤᠬᠰᠠᠨ ᠪᠢᠯᠡ᠃

ᠭᠠᠭᠴᠠᠮᠤᠲᠤ᠌ ᠪᠠᠯᠭᠠᠰᠤ᠎ᠶᠢᠨ ᠡᠯᠡᠰᠦᠷᠭᠡᠭᠵᠢᠭᠰᠡᠨ ᠲᠠᠯ᠎ᠠ ᠨᠤᠲᠤᠭ᠎ᠤᠨ ᠠᠮᠢ ᠠᠬᠤᠢ᠎ᠶᠢ ᠰᠡᠷᠭᠦᠭᠡᠬᠦ᠌ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠣᠷᠳᠣᠨ ᠪᠤᠯ ᠤᠷᠠᠳ᠎ᠤᠨ ᠳᠤᠮᠳᠠᠳᠤ ᠬᠣᠰᠢᠭᠤᠨ᠎ᠤ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠬᠦ᠌ ᠭᠣᠣᠯ ᠰᠠᠭᠤᠷᠢᠨ ᠭᠠᠵᠠᠷ ᠪᠤᠯᠬᠤ ᠶᠤᠮ᠃ ᠲᠤᠰ ᠤᠷᠲᠤᠨ᠎ᠢ ᠪᠠᠢᠭᠤᠯᠬᠤ᠎ᠳᠤ ᠨᠡᠢᠳᠡ 380 ᠲᠦᠮᠡᠨ ᠲᠥᠭᠥᠷᠢᠭ ᠪᠡᠯᠡ ᠤᠷᠤᠭᠤᠯᠵᠦ᠂ 400 ᠲᠡᠭᠰᠢ ᠲᠦᠷᠪᠡᠯᠵᠢᠨ ᠮᠸᠲᠷ ᠲᠠᠯᠠᠪᠠᠢ ᠪᠦᠬᠦᠢ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠬᠦ᠌ ᠦᠵᠡᠭᠦᠯᠭᠡ᠎ᠶᠢᠨ ᠲᠢᠩᠬᠢᠮ᠂ 200 ᠲᠡᠭᠰᠢ ᠲᠦᠷᠪᠡᠯᠵᠢᠨ ᠮᠸᠲᠷ ᠲᠠᠯᠠᠪᠠᠢ ᠪᠦᠬᠦᠢ ᠪᠣᠳᠠᠲᠤ᠌ ᠦᠢᠯᠡᠲᠦᠯᠭᠡ ᠵᠢᠨ ᠰᠠᠭᠤᠷᠢᠨ ᠭᠠᠵᠠᠷ᠂ LED ᠲᠣᠮᠣ ᠳᠡᠯᠭᠡᠴᠡ ᠵᠢᠴᠢ 100 ᠭᠠᠷᠤᠢ ᠦᠷ᠎ᠡ᠎ᠶᠢᠨ ᠬᠥᠮᠥᠷᠭᠡ᠎ᠶᠢ ᠡᠮᠬᠢ ᠲᠠᠷᠠᠭ᠎ᠠ ᠲᠠᠢ ᠲᠦᠰᠦᠪᠯᠡᠨ ᠪᠠᠢᠷᠢᠯᠠᠭᠤᠯᠵᠦ᠂ ᠨᠡᠢᠳᠡ 650 ᠬᠤᠪᠢ ᠦᠵᠡᠬᠦᠯᠬᠡ᠎ᠶᠢᠨ ᠵᠦᠢᠯᠡᠰ᠎ᠢ ᠲᠡᠯᠭᠡᠨ ᠦᠵᠡᠬᠦᠯᠵᠦ ᠪᠤᠢ᠃ 

ᠡᠬᠦᠨ᠎ᠤ ᠬᠠᠮᠲᠦ ᠲᠤᠰ ᠤᠷᠲᠤᠨ ᠨᠢ ᠪᠠᠰᠠ ᠪᠡᠭᠡᠵᠢᠩ᠎ᠦᠨ ᠪᠠᠭᠰᠢ᠎ᠶᠢᠨ ᠶᠡᠬᠡ ᠰᠤᠷᠭᠠᠭᠤᠯᠢ᠂ ᠳᠤᠮᠳᠠᠳᠤ ᠤᠯᠤᠰ᠎ᠤᠨ ᠣᠶ ᠰᠢᠭᠤᠢ᠎ᠶᠢᠨ ᠰᠢᠨᠵᠢᠯᠡᠬᠦ᠌ ᠤᠬᠠᠭᠠᠨ᠎ᠤ ᠬᠦᠷᠢᠶᠡᠯᠡᠩ ᠲᠡᠢ ᠬᠠᠮᠲᠤᠷᠠᠨ 13 ᠲᠤᠰᠬᠠᠢ ᠮᠡᠷᠭᠡᠵᠢᠯᠲᠡᠨ᠎ᠤ ᠲᠡᠮᠵᠢᠯᠭᠡ ᠪᠡᠷ ᠦᠵᠡᠭᠦᠯᠭᠡ᠎ᠶᠢᠨ ᠰᠠᠮᠪᠠᠷ᠎ᠠ᠂ ᠬᠡᠷᠡᠯ ᠵᠢᠷᠤᠭ᠂ ᠲᠠᠶ᠋ᠢᠯᠤᠮᠵᠢ᠂ ᠪᠠᠷᠢᠮᠲᠠᠲᠤ᠌ ᠺᠢᠨᠤ᠋ ᠵᠡᠷᠭᠡ ᠬᠡᠯᠪᠡᠷᠢ᠎ᠪᠡᠷ ᠲᠠᠯ᠎ᠠ ᠨᠤᠲᠤᠭ᠎ᠤᠨ ᠠᠮᠢ ᠠᠬᠤᠢ᠎ᠶᠢᠨ ᠮᠡᠳᠡᠯᠭᠡ᠎ᠶᠢ ᠲᠦᠭᠡᠮᠡᠯᠵᠢᠬᠦᠯᠬᠦ᠎ᠶᠢᠨ ᠵᠡᠷᠭᠡ ᠪᠡᠷ ᠡᠯᠡᠰᠦᠷᠭᠡᠭᠵᠢᠭᠰᠡᠨ ᠲᠠᠯ᠎ᠠ ᠨᠤᠲᠤᠭ᠎ᠦᠨ ᠣᠳᠣᠬᠢ ᠪᠠᠶ᠋ᠢᠳᠠᠯ ᠪᠣᠯᠣᠨ ᠠᠮᠢ ᠠᠬᠤᠢ᠎ᠶᠢ ᠰᠠᠶ᠋ᠢᠵᠢᠷᠠᠭᠤᠯᠤᠨ ᠰᠡᠷᠭᠦᠭᠡᠬᠦ᠌ ᠠᠵᠢᠯ᠎ᠢ ᠨᠠᠷᠢᠨ ᠲᠠᠶ᠋ᠢᠯᠪᠤᠷᠢᠯᠠᠵᠦ ᠪᠠᠢᠲᠠᠭ᠃ ᠤᠲᠤ᠂ ᠡᠨᠳᠡᠬᠢ ᠨᠢ ᠨᠢᠭᠡᠨᠲᠡ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠬᠦ᠌ ᠬᠣᠶᠠᠷ ᠶᠡᠬᠡ ᠰᠤᠷᠭᠠᠨ ᠬᠥᠮᠦᠵᠢᠯ᠎ᠦᠨ ᠰᠠᠭᠤᠷᠢᠨ ᠭᠠᠵᠠᠷ᠎ᠢᠶᠠᠷ ᠦᠨᠡᠯᠡᠭᠳᠡᠭᠰᠡᠨ ᠪᠦᠬᠡᠳ ᠤᠲᠤ ᠪᠤᠯᠲᠠᠯ᠎ᠠ ᠨᠡᠶ᠋ᠢᠲᠡ 1.5 ᠲᠦᠮᠡᠨ ᠬᠥᠮᠥᠨ ᠤᠳᠠᠭ᠎ᠠ᠎ᠶᠢᠨ ᠵᠢᠭᠤᠯᠴᠢᠯᠠᠬᠰᠠᠳ᠎ᠢ ᠭᠥᠯᠢᠶᠡᠨ ᠠᠪᠤᠬᠰᠠᠨ ᠪᠠᠢᠨ᠎ᠠ᠃



ᠭᠠᠭᠴᠠᠮᠦᠲᠤ᠎ᠶᠢᠨ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠬᠦ᠌ ᠦᠵᠡᠭᠦᠯᠭᠡ᠎ᠶᠢᠨ ᠣᠷᠳᠣᠨ᠎ᠲᠠᠶ ᠬᠠᠷᠢᠴᠠᠭᠤᠯᠪᠠᠯ᠂ ᠴᠤᠩᠵᠢ ᠰᠤᠮᠤᠨ᠎ᠤ ᠡᠯᠡᠰᠦᠷᠭᠡᠭᠵᠢᠭᠰᠡᠨ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶᠢᠨ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠬᠦ᠌ ᠣᠷᠳᠣᠨ ᠨᠢ ᠲᠣᠭᠠᠴᠢᠯᠠᠭᠰᠠᠨ ᠮᠡᠷᠭᠡᠵᠢᠯ᠎ᠳᠤ ᠢᠯᠡᠬᠦᠦ ᠲᠦᠰᠢᠭᠯᠡᠭᠰᠡᠨ᠎ᠶ᠋ᠢᠡᠷ᠎ᠶ᠋ᠢᠡᠨ ᠤᠨᠴᠠᠯᠢᠬᠲᠠᠨ᠎ᠠ᠃ ᠲᠤᠰ ᠤᠷᠲᠤᠨ ᠨᠢ 30 ᠲᠦᠮᠡᠨ ᠲᠥᠭᠥᠷᠢᠭ᠎ᠦᠨ ᠲᠠᠰ ᠲᠡᠪᠰᠢᠬᠦᠯᠦᠭᠰᠡᠨ ᠲᠥᠬᠦᠭᠡᠷᠦᠮᠵᠢ ᠵᠢ ᠣᠷᠣᠭᠤᠯᠤᠨ᠂ ᠦᠵᠡᠭᠦᠯᠭᠡ᠎ᠶᠢᠨ ᠲᠠᠪᠴᠠᠩ᠂ LED ᠲᠣᠮᠣ ᠳᠡᠯᠭᠡᠴᠡ ᠵᠢᠴᠢ ᠪᠦᠬᠦ ᠮᠡᠳᠡᠭᠡ ᠵᠠᠩᠭᠢ᠎ᠶᠢᠨ ᠬᠠᠷᠢᠯᠴᠠᠨ ᠬᠥᠳᠡᠯᠦᠯᠴᠡᠬᠦ᠌ ᠰᠢᠰᠲ᠋ᠧᠮ᠎ᠢ ᠲᠣᠬᠢᠷᠠᠭᠤᠯᠪᠠ᠃ ᠣᠶᠤᠨᠴᠢ ᠳᠡᠯᠭᠡᠨ ᠦᠵᠡᠬᠦᠯᠭᠡ ᠪᠠ ᠲᠤᠭᠠᠴᠢᠯᠠᠬᠰᠠᠨ ᠮᠡᠷᠭᠡᠵᠢᠯ ᠨᠢ ᠵᠢᠭᠤᠯᠴᠢᠯᠠᠬᠰᠠᠳ ᠲᠤ᠌ ᠲᠠᠯ᠎ᠠ ᠨᠤᠲᠤᠭ᠎ᠤᠨ ᠥᠩᠭᠡ ᠦᠵᠡᠮᠵᠢ᠎ᠶᠢ ᠰᠢᠭᠤᠳ ᠦᠵᠡᠭᠦᠯᠬᠦ᠎ᠶᠢᠨ ᠵᠡᠷᠭᠡ ᠪᠡᠷ ᠤᠷᠭᠤᠮᠠᠯ᠎ᠤᠨ ᠬᠤᠴᠢᠯᠭ᠎ᠠ᠎ᠶᠢᠨ ᠦᠨ᠎ᠡ ᠦᠷᠳᠡᠭ᠎ᠢ ᠲᠠᠨᠢᠭᠤᠯᠵᠦ᠂ ᠦᠪᠡᠷ᠎ᠤᠨ ᠪᠡᠶ᠎ᠡ ᠪᠡᠷ᠎ᠶ᠋ᠢᠡᠨ ᠲᠠᠯ᠎ᠠ ᠨᠤᠲᠤᠭ ᠲᠦ᠍ ᠬᠦᠷᠦᠭᠡᠳ ᠤᠴᠢᠬᠰᠠᠨ ᠶᠤᠮ ᠰᠢᠬ ᠲᠦᠷᠦᠭᠳᠡᠯ ᠦᠭᠳᠡᠭ ᠪᠠᠢᠨ᠎ᠠ᠃

ᠦᠵᠡᠭᠦᠯᠭᠡ᠎ᠶᠢᠨ ᠣᠷᠳᠣᠨ ᠨᠢ ᠲᠤᠬᠠᠢ᠎ᠶᠢᠨ ᠭᠠᠵᠠᠷ᠎ᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠰᠤᠷᠭᠠᠨ ᠬᠥᠮᠦᠵᠢᠯ᠎ᠦᠨ ᠰᠠᠭᠤᠷᠢᠨ ᠭᠠᠵᠠᠷ᠎ᠲᠠᠶ ᠬᠣᠯᠪᠤᠭᠠᠯᠠᠨ ᠬᠥᠳᠡᠯᠦᠯᠴᠡᠵᠦ᠍᠂ ᠬᠠᠮᠲᠤ᠎ᠪᠠᠷ ᠪᠠᠶ᠋ᠢᠭᠤᠯᠤᠨ ᠬᠠᠮᠲᠤ᠎ᠪᠠᠷ ᠡᠳ᠋ᠯᠡᠵᠦ᠍᠂ ᠠᠮᠢ ᠠᠬᠤᠢ᠎ᠶᠢ ᠬᠠᠮᠠᠭᠠᠯᠠᠬᠤ ᠤᠢᠯᠠᠭᠠᠭᠲᠠᠬᠤᠨ᠎ᠢ ᠤᠯᠠᠮᠵᠢᠯᠠᠵᠦ᠂ ᠣᠯᠠᠨ ᠲᠦᠮᠡᠨ᠎ᠢ ᠬᠥᠲᠥᠯᠥᠨ ᠵᠢᠯᠤᠭᠣᠳᠴᠤ᠌᠂ ᠨᠤᠲᠤᠭ ᠪᠡᠯᠴᠢᠭᠡᠷ᠎ᠦᠨ ᠬᠠᠮᠠᠭᠠᠯᠠᠯᠲᠠ᠎ᠶᠢ ᠤᠢᠯᠠᠭᠠᠬᠤ ᠪᠠ ᠠᠮᠢ ᠠᠬᠤᠢ᠎ᠶᠢᠨ ᠬᠠᠮᠠᠭᠠᠯᠠᠯᠲᠠ᠎ᠳᠤ ᠪᠡᠶᠡᠳᠡᠨ ᠣᠷᠣᠯᠴᠠᠬᠤ  ᠴᠢᠬᠤᠯᠠ ᠲᠠᠪᠴᠠᠩ ᠪᠤᠯᠤᠭᠰᠠᠨ ᠪᠠᠶ᠋ᠢᠨ᠎ᠠ᠃

ᠠᠮᠢ ᠠᠬᠤᠢ ᠪᠠᠨ ᠨᠢᠲᠦᠨ ᠴᠡᠴᠡᠭᠡᠢ ᠪᠠᠨ ᠰᠢᠭ ᠬᠠᠢᠷᠠᠯᠠᠬᠤ ᠭᠡᠷᠡᠭᠳᠡᠢ ᠭᠡᠰᠡᠨ ᠤᠢᠯᠠᠭᠠᠭᠲᠠᠬᠤᠨ ᠨᠢᠬᠡᠨᠳᠡ ᠤᠷᠠᠳᠴᠤᠳ᠎ᠤᠨ ᠴᠡᠭᠡᠵᠢᠨ᠎ᠳᠤ ᠬᠦᠨ ᠬᠠᠲᠠᠨᠭᠰᠢᠬᠰᠠᠨ ᠪᠠᠢᠨ᠎ᠠ᠃ ᠲᠠᠷᠠᠭᠠᠴᠢ᠎ᠶᠢᠨ ᠠᠯᠬᠤᠮ᠎ᠳᠤ᠂ ᠤᠷᠠᠳ᠎ᠤᠨ ᠳᠤᠮᠳᠠᠳᠤ ᠬᠤᠰᠢᠭᠤ ᠰᠤᠳᠤᠯᠤᠨ ᠰᠤᠷᠤᠯᠴᠠᠬᠤ ᠪᠠ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠠᠭᠤᠯᠭ᠎ᠠ᠎ᠪᠠᠨ ᠦᠷᠭᠦᠯᠵᠢᠯᠡᠨ ᠪᠠᠶᠠᠯᠢᠭᠵᠢᠭᠤᠯᠵᠤ᠂ ᠤᠬᠠᠭᠤᠯᠤᠨ ᠬᠥᠮᠥᠵᠢᠭᠦᠯᠬᠦ᠌ ᠵᠠᠭᠪᠤᠷ᠎ᠤᠨ ᠲᠠᠯ᠎ᠠ ᠪᠡᠷ ᠰᠢᠨ᠎ᠡ᠎ᠶᠢ ᠡᠭᠦᠳᠴᠦ᠍᠂ ᠰᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢ ᠲᠦᠭᠡᠮᠡᠯᠵᠢᠭᠦᠯᠦᠨ᠂ ᠤᠮᠠᠷᠠᠲᠤ᠎ᠶᠢᠨ ᠲᠠᠯ᠎ᠠ ᠨᠤᠲᠤᠭ᠎ᠤᠨ ᠠᠮᠢ ᠠᠬᠤᠢ᠎ᠶᠢᠨ ᠪᠣᠯᠪᠠᠰᠤᠨ᠎ᠤ ᠪᠠᠶ᠋ᠢᠭᠤᠯᠤᠯᠲᠠ ᠵᠢ ᠦᠷᠬᠦᠯᠵᠢᠯᠡᠨ ᠠᠬᠢᠭᠤᠯᠬᠤ ᠪᠡᠷ ᠴᠢᠷᠮᠠᠢᠵᠦ ᠪᠠᠢᠨ᠎ᠠ᠃

 ᠢᠷᠡᠯᠲᠡ᠄ ᠤᠷᠠᠳ᠎ᠤᠨ ᠲᠤᠮᠲᠠᠲᠦ ᠬᠤᠰᠢᠭᠤᠨ᠎ᠤ ᠬᠠᠮ ᠵᠠᠭᠤᠴᠢᠯᠠᠭᠤᠷ᠎ᠤᠨ ᠲᠥᠪ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面