2026-11-18 11:56:56
ᠰᠤᠷᠪᠤᠯᠵᠢᠯᠠᠭᠴᠢ ᠠᠮᠢ ᠠᠬᠤᠶ ᠣᠷᠴᠢᠨ ᠲᠤᠭᠤᠷᠢᠨ᠎ᠤ ᠶᠠᠮᠤᠨ᠎ᠡᠴᠡ ᠣᠶ᠋ᠢᠯᠠᠭᠠᠭᠰᠠᠨ᠎ᠢᠶᠠᠷ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠵᠥᠪᠰᠢᠶᠡᠷᠡᠯ᠎ᠢᠶᠡᠷ᠂ ᠭᠤᠷᠪᠠᠳᠤᠭᠠᠷ ᠡᠭᠡᠯᠵᠢ᠎ᠶᠢᠨ ᠳᠣᠯᠣᠳᠤᠭᠠᠷ ᠪᠦᠯᠦᠭ᠎ᠦᠨ ᠲᠥᠪ᠎ᠦᠨ ᠠᠮᠢ ᠠᠬᠤᠶ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠬᠢᠨᠠᠨ ᠪᠠᠶ᠋ᠢᠴᠠᠭᠠᠬᠤ 5 ᠳᠤᠭᠤᠶ᠋ᠢᠯᠠᠩ 2026 ᠣᠨ᠎ᠤ 10 ᠰᠠᠷ᠎ᠠ᠎ᠶᠢᠨ 13 ᠤ᠋ ᠡᠳᠦᠷ᠎ᠡᠴᠡ 10 ᠰᠠᠷ᠎ᠠ᠎ᠶᠢᠨ 15 ᠤ᠋ ᠡᠳᠦᠷ ᠪᠣᠯᠲᠠᠯ᠎ᠠ ᠵᠠᠯᠭᠠᠭ᠎ᠠ᠎ᠪᠠᠷ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠶᠠᠮᠤᠨ᠂ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ ᠵᠡᠷᠭᠡ 2 ᠰᠠᠯᠠᠭ᠎ᠠ ᠮᠥᠴᠢᠷ᠎ᠲᠦ᠍ ᠤᠷᠤᠵᠤ ᠰᠠᠭᠤᠵᠤ ᠵᠤᠷᠰᠢᠯᠲᠤ ᠬᠢᠨᠠᠨ ᠪᠠᠶ᠋ᠢᠴᠠᠭᠠᠯᠲᠠ ᠥᠷᠨᠢᠭᠦᠯᠵᠦ᠍᠂ ᠬᠤᠪᠸᠢ᠂ ᠬᠤᠨᠠᠨ᠂ ᠭᠤᠸᠠᠩᠰᠢ᠂ ᠴᠦᠩᠴᠢᠩ᠂ ᠰᠸᠴᠤᠸᠠᠨ᠂ ᠭᠦᠢᠵᠧᠣ᠂ ᠶᠦᠨᠨᠠᠨ ᠵᠡᠷᠭᠡ 7 ᠮᠤᠵᠢ (ᠣᠷᠣᠨ᠂ ᠬᠣᠲᠠ) ᠳ᠋ᠤ ᠠᠭᠤᠰᠤᠭᠳᠠᠮᠠᠯ ᠠᠭᠤᠢ ᠪᠠᠢᠭᠠᠯᠢᠯᠢᠭ ᠬᠤᠩᠬᠢᠯ ᠠᠭᠤᠯᠠᠨ ᠬᠥᠨᠳᠡᠶ᠎ᠶᠢᠨ ᠪᠣᠬᠢᠷᠲᠤᠯ᠎ᠤᠨ ᠠᠰᠠᠭᠤᠳᠠᠯ᠎ᠤᠨ ᠠᠮᠢ ᠠᠬᠤᠶ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠲᠤᠰᠬᠠᠶ ᠬᠢᠨᠠᠨ ᠪᠠᠶ᠋ᠢᠴᠠᠭᠠᠯᠲᠠ ᠥᠷᠨᠢᠭᠦᠯᠬᠦ ᠪᠡᠷ᠂ ᠣᠶ᠋ᠢᠷ᠎ᠠ᠎ᠳᠤ ᠨᠢᠭᠡᠨᠲᠡ ᠬᠢᠨᠠᠨ ᠪᠠᠶ᠋ᠢᠴᠠᠭᠠᠬᠤ᠎ᠪᠠᠷ ᠣᠷᠣᠵᠤ ᠰᠠᠭᠤᠬᠤ ᠱᠠᠲᠤᠨ᠎ᠤ ᠠᠵᠢᠯ᠎ᠢ ᠪᠥᠬᠥ᠌ ᠲᠠᠯ᠎ᠠ᠎ᠪᠠᠷ ᠪᠡᠶᠡᠯᠡᠭᠦᠯᠪᠡ᠃
ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ ᠡᠯ᠎ᠡ ᠬᠢᠨᠠᠨ ᠪᠠᠶ᠋ᠢᠴᠠᠭᠠᠬᠤ ᠳᠤᠭᠤᠶ᠋ᠢᠯᠠᠩ 《ᠠᠮᠢ ᠠᠬᠤᠶ ᠣᠷᠴᠢᠨ ᠲᠤᠭᠤᠷᠢᠨ᠎ᠤ ᠬᠠᠮᠠᠭᠠᠯᠠᠯᠲᠠ᠎ᠶᠢᠨ ᠬᠢᠨᠠᠨ ᠪᠠᠶ᠋ᠢᠴᠠᠭᠠᠬᠤ ᠠᠵᠢᠯ᠎ᠤᠨ ᠲᠦᠷᠢᠮ》 ᠢ᠋ ᠴᠢᠩᠭ᠎ᠠ ᠬᠡᠷᠡᠭᠵᠢᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠶ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠵᠦ᠍᠂ ᠠᠷᠠᠳ ᠲᠦᠮᠡᠨ᠎ᠢᠶᠡᠷ ᠭᠤᠤᠯ ᠪᠣᠯᠭᠠᠬᠤ᠎ᠶᠢ ᠪᠠᠷᠢᠮᠲᠠᠯᠠᠨ᠂ ᠶᠡᠬᠡ ᠲᠠᠯ᠎ᠠ᠎ᠳᠤ ᠦᠢᠯᠡᠴᠢᠯᠡᠬᠦ᠌᠎ᠶᠢ ᠪᠠᠷᠢᠮᠲᠠᠯᠠᠵᠤ᠂ ᠰᠢᠰᠲ᠋ᠧᠮ᠎ᠦᠨ ᠦᠵᠡᠯᠲᠡ᠎ᠶᠢ ᠪᠠᠷᠢᠮᠲᠠᠯᠠᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ ᠪᠠ ᠴᠢᠩᠭ᠎ᠠ ᠪᠠᠢᠬᠤ ᠬᠥᠭ ᠠᠶᠠᠰ᠎ᠢ ᠪᠠᠷᠢᠮᠲᠠᠯᠠᠵᠤ᠂ ᠤᠨᠢᠨ ᠲᠡᠭᠡᠷ᠎ᠡ ᠨᠢ ᠰᠢᠨᠵᠢᠯᠡᠬᠦ᠌ ᠤᠬᠠᠭᠠᠨᠴᠢ ᠬᠠᠤᠯᠢ ᠶᠣᠰᠣᠭᠠᠷ ᠠᠵᠢᠯᠯᠠᠬᠤ᠎ᠶᠢ ᠪᠠᠷᠢᠮᠲᠠᠯᠠᠨ᠂ ᠠᠰᠠᠭᠤᠳᠠᠯ᠎ᠢ ᠴᠢᠷᠮᠠᠶ᠋ᠢᠨ ᠢᠯᠡᠷᠡᠭᠦᠯᠵᠦ᠍᠂ ᠠᠰᠠᠭᠤᠳᠠᠯ᠎ᠢ ᠰᠢᠢᠳᠪᠦᠷᠢᠯᠡᠬᠦ᠌᠎ᠶᠢ ᠠᠬᠢᠭᠤᠯᠤᠨ᠎ᠠ᠃ ᠣᠯᠠᠨ ᠲᠦᠮᠡᠨ᠎ᠦ ᠲᠤᠰᠬᠠᠯ ᠲᠣᠪᠣᠶ᠋ᠢᠮ᠎ᠠ ᠪᠠᠢᠬᠤ ᠠᠮᠢ ᠠᠬᠤᠶ ᠣᠷᠴᠢᠨ ᠲᠣᠭᠣᠷᠢᠨ᠎ᠤ ᠠᠰᠠᠭᠤᠳᠠᠯ᠎ᠢ ᠰᠢᠢᠳᠪᠦᠷᠢᠯᠡᠬᠦ᠌᠎ᠶᠢ ᠬᠢᠨᠠᠨ ᠪᠠᠶ᠋ᠢᠴᠠᠭᠠᠬᠤ ᠠᠵᠢᠯ᠎ᠤᠨ ᠭᠤᠤᠯᠳᠠᠯᠭ᠎ᠠ ᠪᠣᠯᠭᠠᠵᠤ᠂ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠰᠤᠭᠤᠴᠢᠨ ᠪᠠᠶ᠋ᠢᠴᠠᠭᠠᠵᠤ᠂ ᠣᠯᠠᠨ ᠲᠦᠮᠡᠨ᠎ᠲᠡᠶ ᠨᠢᠭᠤᠷᠳᠠᠨ ᠶᠠᠷᠢᠯᠴᠠᠵᠤ᠂ ᠰᠠᠨᠠᠯ ᠰᠠᠨᠠᠭᠤᠯᠭ᠎ᠠ᠎ᠶᠢ᠎ᠨᠢ ᠰᠣᠨᠣᠰᠤᠨ᠎ᠠ᠃ ᠦᠨᠡᠨ ᠬᠦ᠌ ᠬᠠᠲᠠᠭᠤ᠎ᠲᠠᠶ᠎ᠨᠢ ᠬᠠᠯᠳᠠᠬᠤ ᠵᠢ ᠪᠠᠷᠢᠮᠳᠠᠯᠠᠵᠤ᠂ ᠡᠮᠦᠨ᠎ᠡ ᠹᠷᠣᠨᠲ᠎ᠲᠤ᠌ ᠭᠦᠨᠵᠡᠭᠡᠶ᠋ᠢᠷᠡᠨ᠂ ᠲᠤᠬᠠᠶ᠎ᠶᠢᠨ ᠲᠠᠯᠠᠪᠠᠶ᠎ᠳᠤ ᠭᠦᠨᠵᠡᠭᠡᠶ᠋ᠢᠷᠡᠵᠦ᠍᠂ ᠨᠢᠭᠡ ᠪᠦᠯᠦᠭ ᠠᠮᠢ ᠠᠬᠤᠶ ᠣᠷᠴᠢᠨ ᠲᠣᠭᠣᠷᠢᠨ᠎ᠤ ᠲᠣᠪᠣᠶ᠋ᠢᠮ᠎ᠠ ᠠᠰᠠᠭᠤᠳᠠᠯ᠎ᠢ ᠪᠠᠶ᠋ᠢᠴᠠᠭᠠᠨ ᠳᠣᠲᠣᠯᠠᠵᠤ᠂ ᠨᠢᠭᠡ ᠪᠦᠯᠦᠭ ᠠᠵᠢᠯ ᠬᠢᠬᠦ᠌ ᠥᠬᠡᠶ᠂ ᠤᠳᠠᠭᠠᠨ ᠬᠢᠬᠦ᠌᠂ ᠬᠠᠷᠢᠭᠤᠴᠠᠯᠭ᠎ᠠ ᠡᠭᠦᠷᠭᠡᠯᠡᠬᠦ᠌ ᠥᠬᠡᠶ᠂ ᠬᠠᠲᠠᠭᠤ᠎ᠲᠠᠶ᠎ᠨᠢ ᠬᠠᠯᠳᠠᠬᠤ ᠥᠬᠡᠶ᠂ ᠴᠢᠨᠠᠭᠰᠢᠯᠠᠪᠠᠯ ᠬᠠᠰᠢ ᠶᠠᠰᠢ᠎ᠪᠠᠷ ᠠᠷᠭᠠᠴᠠᠭᠠᠬᠤ᠂ ᠬᠤᠳᠠᠯ ᠬᠡᠯᠡᠵᠦ᠍ ᠬᠠᠭᠤᠷᠮᠠᠭ᠎ᠢᠶᠠᠷ ᠵᠣᠬᠢᠶᠠᠬᠤ ᠵᠡᠷᠭᠡ ᠠᠰᠠᠭᠤᠳᠠᠯ᠎ᠢ ᠬᠠᠷᠭᠤᠭᠤᠯᠤᠨ ᠳᠣᠲᠣᠯᠠᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶᠢᠨ ᠨᠡᠷ᠎ᠡ᠎ᠪᠡᠷ 《ᠡᠭᠡᠭᠡ ᠠᠳᠠᠯᠢ ᠪᠠᠶ᠋ᠢᠯᠭᠠᠬᠤ》 ᠪᠠ ᠬᠠᠷᠢᠭᠤᠴᠠᠯᠭ᠎ᠠ ᠲᠤᠯᠭᠠᠬᠤ᠎ᠶᠢ ᠳᠥᠭᠥᠮᠴᠢᠯᠡᠬᠦ᠌ ᠵᠢᠴᠢ ᠬᠠᠷᠢᠭᠤᠴᠠᠯᠭ᠎ᠠ ᠲᠤᠯᠭᠠᠬᠤ᠎ᠪᠠᠷ ᠴᠡᠭᠴᠡᠯᠡᠨ ᠰᠠᠶ᠋ᠢᠵᠢᠷᠠᠭᠤᠯᠬᠤ᠎ᠶᠢ ᠣᠷᠣᠯᠠᠭᠤᠯᠬᠤ᠎ᠶᠢ ᠡᠷᠡᠰ ᠡᠰᠡᠷᠭᠦᠴᠡᠨ᠎ᠡ᠃ ᠲᠥᠪ᠎ᠦᠨ ᠨᠠᠶ᠋ᠮᠠᠨ ᠲᠣᠭᠲᠠᠭᠠᠯ ᠵᠢᠴᠢ ᠲᠡᠭᠦᠨ᠎ᠤ ᠬᠡᠷᠡᠭᠵᠢᠭᠦᠯᠬᠦ᠌ ᠨᠠᠷᠢᠨ ᠲᠦᠷᠢᠮ᠎ᠦᠨ ᠵᠣᠷᠢᠭ ᠰᠠᠨᠠᠭ᠎ᠠ᠎ᠶᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠢᠨᠠᠨ ᠪᠠᠶ᠋ᠢᠴᠠᠭᠠᠬᠤ ᠲᠡᠰ ᠲᠠᠷᠠᠭᠠᠯᠠᠯ ᠪᠠ ᠠᠷᠭ᠎ᠠ ᠬᠡᠮᠵᠢᠶ᠎ᠡ᠎ᠶᠢ ᠲᠠᠰᠤᠷᠠᠯᠲᠠ ᠥᠬᠡᠶ ᠰᠠᠶ᠋ᠢᠵᠢᠷᠠᠭᠤᠯᠤᠨ ᠰᠢᠯᠢᠳᠡᠭᠵᠢᠭᠦᠯᠦᠨ᠎ᠡ᠃
ᠰᠤᠷᠪᠤᠯᠵᠢᠯᠠᠭᠴᠢ᠎ᠶᠢᠨ ᠣᠶ᠋ᠢᠯᠠᠭᠠᠭᠰᠠᠨ᠎ᠢᠶᠠᠷ᠂ 2026 ᠣᠨ᠎ᠤ 11 ᠰᠠᠷ᠎ᠠ᠎ᠶᠢᠨ 15 ᠤ᠋ ᠡᠳᠦᠷ ᠪᠣᠯᠲᠠᠯ᠎ᠠ᠂ 2 ᠵᠤᠷᠰᠢᠯᠲᠤ ᠬᠢᠨᠠᠨ ᠪᠠᠶ᠋ᠢᠴᠠᠭᠠᠬᠤ ᠳᠤᠭᠤᠶ᠋ᠢᠯᠠᠩ᠎ᠤᠨ ᠬᠢᠨ ᠣᠯᠠᠨ ᠲᠦᠮᠡᠨ᠎ᠦ ᠤᠲᠠᠰᠤ ᠪᠡᠷ ᠪᠠ ᠵᠠᠬᠢᠳᠠᠯ᠎ᠢᠶᠡᠷ ᠢᠷᠡᠭᠦᠯᠦᠭᠰᠡᠨ ᠬᠦᠴᠦᠨ᠎ᠲᠡᠶ ᠢᠯᠡᠴᠢᠯᠡᠨ ᠮᠡᠳᠡᠭᠦᠯᠦᠯᠲᠡ᠎ᠶᠢ ᠨᠡᠶ᠋ᠢᠲᠡ 607 ᠬᠤᠪᠢ ᠭᠥᠯᠢᠶᠡᠨ ᠠᠪᠴᠤ᠌ ᠰᠢᠢᠳᠪᠦᠷᠢᠯᠡᠨ᠂ ᠳᠠᠪᠬᠤᠷᠳᠠᠭᠰᠠᠨ ᠢᠯᠡᠴᠢᠯᠡᠨ ᠮᠡᠳᠡᠭᠦᠯᠦᠯᠲᠡ᠎ᠶᠢ ᠡᠮᠬᠢᠯᠡᠨ ᠨᠡᠶ᠋ᠢᠯᠡᠭᠦᠯᠬᠦ ᠪᠡᠷ ᠲᠠᠮᠵᠢᠨ᠂ ᠬᠢᠨᠠᠨ ᠪᠠᠶ᠋ᠢᠴᠠᠭᠠᠭᠳᠠᠬᠤ ᠡᠲᠡᠭᠡᠳᠲᠦ᠍ ᠨᠡᠶ᠋ᠢᠲᠡ 382 ᠬᠤᠪᠢ ᠵᠢ ᠰᠢᠯᠵᠢᠭᠦᠯᠦᠨ ᠦᠭᠴᠤ ᠰᠢᠢᠳᠪᠦᠷᠢᠯᠡᠭᠦᠯᠪᠡ᠃ ᠬᠢᠨᠠᠨ ᠪᠠᠶ᠋ᠢᠴᠠᠭᠠᠭᠳᠠᠬᠤ ᠡᠲᠡᠭᠡᠳ ᠨᠢᠭᠡᠨᠲᠡ 249 ᠬᠤᠪᠢ᠎ᠶᠢ ᠰᠢᠢᠳᠪᠦᠷᠢᠯᠡᠵᠦ᠍ ᠳᠠᠭᠤᠰᠬᠠᠭᠰᠠᠨ ᠪᠤᠶᠤ ᠱᠠᠲᠤ᠌ ᠬᠤᠪᠢᠶᠠᠨ ᠰᠢᠢᠳᠪᠦᠷᠢᠯᠡᠵᠦ᠍ ᠳᠠᠭᠤᠰᠬᠠᠪᠠ᠃ ᠡᠭᠦᠨ᠎ᠦ ᠬᠠᠮᠲᠤ᠌᠂ ᠬᠢᠨᠠᠨ ᠪᠠᠶ᠋ᠢᠴᠠᠭᠠᠭᠳᠠᠬᠤ ᠰᠠᠯᠠᠭ᠎ᠠ ᠮᠥᠴᠢᠷ᠎ᠦᠨ ᠬᠦᠷᠢᠶᠡᠨ᠎ᠳᠦ ᠬᠠᠷᠢᠶᠠᠯᠠᠭᠳᠠᠬᠤ ᠦᠭᠡᠢ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠤᠨ ᠵᠠᠬᠢᠳᠠᠯ ᠰᠤᠷᠪᠤᠯᠵᠢᠯᠠᠯ᠎ᠤᠨ ᠢᠯᠡᠴᠢᠯᠡᠨ ᠮᠡᠳᠡᠭᠦᠯᠦᠯᠲᠡ᠎ᠶᠢ ᠲᠡᠰ ᠳᠠᠷᠠᠭᠠᠯᠠᠯ ᠶᠣᠰᠣᠭᠠᠷ ᠬᠣᠯᠪᠣᠭᠳᠠᠯ ᠪᠦᠬᠦᠢ ᠲᠠᠯ᠎ᠠ᠎ᠳᠤ ᠰᠢᠯᠵᠢᠭᠦᠯᠦᠨ ᠲᠤᠰᠢᠶᠠᠵᠤ ᠰᠢ᠌ᠳᠪᠦᠷᠢᠯᠡᠭᠦᠯᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 11 ᠰᠠᠷ᠎ᠠ᠎ᠶᠢᠨ 16 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃