2026-11-24 10:46:36
ᠰᠤᠷᠪᠤᠯᠵᠢᠯᠠᠭᠴᠢ ᠡᠮᠤᠨᠡᠬᠡᠨ ᠬᠤᠷᠠᠯᠳᠤᠭᠰᠠᠨ 2026 ᠤᠨᠦ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢᠨ ᠶᠡᠬᠡ ᠬᠤᠷᠠᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭᠠᠷ ᠬᠤᠭᠤᠴᠠᠭᠠᠨ ᠤ ᠤᠰᠤᠲᠥ᠋ᠷᠥᠭᠴᠢ ᠡᠨᠧᠷᠭᠢ᠎ᠶᠢᠨ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠬᠤ ᠬᠤᠷᠠᠯ ᠠᠴᠠ ᠣᠶ᠋ᠢᠯᠠᠭᠠᠭᠰᠠᠨ᠎ᠢᠶᠠᠷ᠂ ᠪᠥᠬᠥ᠌ ᠤᠯᠤᠰ᠎ᠤᠨ ᠠᠩᠬᠠᠳᠠᠭᠴᠢ ᠤᠰᠤᠲᠥ᠋ᠷᠥᠭᠴᠢ ᠬᠡᠶᠳᠠᠮᠵᠢᠭᠤᠯᠬᠤ ᠬᠠᠮᠤᠭ ᠤᠨ ᠤᠷᠳᠤ ᠬᠣᠭᠣᠯᠠᠶ ᠪᠤᠯᠬᠤ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤᠨ᠎ᠠᠴᠠ ᠪᠤᠭᠤᠲᠤ᠌ ᠬᠣᠲᠠ ᠵᠢᠨ ᠬᠤᠲᠠ ᠵᠢᠨ ᠲᠣᠭᠣᠷᠢᠭ ᠲᠦ᠍ ᠬᠥᠷᠬᠥ᠌ 195 ᠺᠢᠯᠣᠮᠧᠲ᠋ᠷ᠎ᠦᠨ ᠤᠰᠤᠲᠥ᠋ᠷᠥᠭᠴᠢ ᠬᠡᠶ ᠳᠠᠮᠵᠢᠭᠤᠯᠬᠤ ᠬᠣᠭᠣᠯᠠᠶᠵᠢᠩᠬᠢᠨᠢᠪᠡᠷ ᠠᠰᠢᠭᠯᠠᠯᠲᠠ᠎ᠳᠤ ᠣᠷᠣᠪᠠ᠃
ᠲᠤᠰ ᠲᠦᠷᠦᠯ ᠵᠦᠢᠯ ᠨᠢ ᠤᠯᠤᠰ᠎ᠤᠨ ᠡᠨᠧᠷᠭᠢ᠎ᠶᠢᠨ ᠲᠣᠪᠴᠢᠢ᠎ᠠ᠎ᠶᠢᠨ ᠲᠦᠷᠦᠬᠦᠦ ᠪᠦᠯᠦᠭ᠎ᠤᠨ ᠡᠨᠧᠷᠭᠢ᠎ᠶᠢᠨ ᠬᠦᠷᠢᠶᠡᠨ᠎ᠳᠡᠬᠢ ᠤᠰᠤᠲᠥ᠋ᠷᠥᠭᠴᠢ ᠡᠨᠧᠷᠭᠢ᠎ᠶᠢᠨ ᠲᠤᠷᠰᠢᠯᠲᠠ᠎ᠶᠢᠨ ᠴᠡᠭ᠎ᠤᠨ ᠲᠦᠷᠦᠯ ᠵᠦᠢᠯ᠎ᠳᠦ ᠰᠣᠩᠭᠣᠭᠳᠠᠵᠤ᠂ ᠤᠯᠤᠰ᠎ᠤᠨ ᠳᠣᠲᠣᠭᠠᠳᠤ᠎ᠶᠢᠨ ᠬᠡᠪᠴᠢᠶᠡᠵᠢᠭᠰᠡᠨ᠂ ᠬᠤᠯᠠ ᠵᠠᠢᠲᠠᠢ ᠴᠡᠪᠡᠷ ᠤᠰᠤᠲᠥ᠋ᠷᠥᠭᠴᠢ ᠳᠠᠮᠵᠢᠭᠤᠯᠬᠤ ᠬᠣᠭᠣᠯᠠᠢ᠎ᠶᠢᠨ ᠬᠦᠷᠢᠶᠡᠨ᠎ᠳᠡᠬᠢ ᠬᠣᠭᠣᠰᠣᠨ᠎ᠢ ᠨᠥᠬᠥᠪᠥᠷᠢᠯᠡᠵᠦ᠍᠂ ᠳᠤᠮᠳᠠᠳᠤ ᠤᠯᠤᠰ᠎ᠤᠨ ᠬᠤᠸᠠ ᠳ᠋ᠢᠶᠠᠨ᠎ᠤ ᠪᠣᠬᠢᠷᠲᠤᠯ ᠦᠭᠡᠢ ᠤᠰᠤᠲᠥ᠋ᠷᠥᠭᠴᠢ᠎ᠶᠢ ᠬᠤᠯᠠ ᠳᠠᠮᠵᠢᠭᠤᠯᠬᠤ ᠬᠦᠷᠢᠶᠡᠨ᠎ᠳᠦ ᠵᠠᠩᠭᠢᠯᠠᠭ᠎ᠠ᠎ᠶᠢᠨ ᠰᠢᠪᠲᠤᠯᠤᠯᠲᠠ᠎ᠲᠠᠶ ᠪᠣᠯᠤᠭᠰᠠᠨ᠎ᠢ ᠬᠠᠷᠠᠭᠤᠯᠵᠤ᠂ ᠪᠤᠬᠢᠷᠳᠤᠯ ᠦᠭᠡᠢ ᠤᠰᠤᠲᠥ᠋ᠷᠥᠭᠴᠢ᠎ᠶᠢᠨ《ᠦᠢᠯᠡᠳᠬᠦ᠌ — ᠬᠠᠳᠠᠭᠠᠯᠠᠬᠤ — ᠲᠠᠮᠵᠢᠭᠤᠯᠬᠤ — ᠬᠡᠷᠡᠭᠯᠡᠬᠦ᠌》 ᠪᠦᠬᠦ᠌ ᠠᠵᠤ ᠦᠢᠯᠡᠰ᠎ᠦᠨ ᠬᠡᠯᠬᠢᠶ᠎ᠡ᠎ᠶᠢᠨ ᠬᠠᠮᠵᠢᠯᠴᠠᠨ ᠬᠥᠭᠵᠢᠬᠦ᠌᠎ᠶᠢ ᠠᠬᠢᠭᠤᠯᠤᠬᠰᠠᠨ ᠪᠠᠢᠨ᠎ᠠ᠃
ᠲᠠᠨᠢᠯᠴᠠᠭᠤᠯᠤᠭᠰᠠᠨ᠎ᠢᠶᠠᠷ᠂ ᠲᠣᠰ ᠬᠣᠭᠣᠯᠠᠶ ᠨᠢ ᠪᠤᠭᠤᠲᠤ᠌ ᠬᠣᠲᠠ᠎ᠶᠢᠨ ᠪᠠᠷᠠᠭᠤᠨ ᠠᠵᠤ ᠦᠢᠯᠡᠳᠪᠦᠷᠢ᠎ᠶᠢᠨ ᠬᠦᠷᠢᠶᠡᠯᠡᠩ ᠵᠢᠡᠷ ᠡᠬᠢᠯᠡᠯᠳᠡ ᠵᠢᠨ ᠦᠷᠳᠡᠭᠡ ᠪᠤᠯᠭᠠᠵᠤ᠂ ᠵᠠᠮ ᠲᠠᠭᠠᠤ ᠪᠠᠶᠠᠠᠠᠤᠪᠤᠭ᠎ᠠ ᠠᠭᠤᠷᠬᠠᠶ᠎ᠶᠢᠨ ᠲᠤᠭᠤᠷᠢᠭ᠂ ᠳᠠᠷᠬᠠᠨ ᠮᠤᠤᠮᠢᠩᠭᠠᠨ ᠬᠣᠯᠪᠣᠭᠠᠲᠤ᠌ ᠬᠣᠰᠢᠭᠤ᠂ ᠭᠦᠶᠡᠩ ᠰᠢᠶᠠᠨ᠂ ᠤᠷᠠᠳ᠎ᠤᠨ ᠡᠮᠦᠨᠡᠲᠦ᠍ ᠬᠣᠰᠢᠭᠤ᠎ᠪᠠᠷ ᠥᠩᠭᠡᠷᠡᠨ᠂ ᠡᠴᠦᠰ ᠳᠡᠭᠡᠨ ᠬᠥᠨᠳᠡᠯᠡᠨ ᠲᠣᠭᠣᠷᠢᠭ ᠳᠡᠬᠢ ᠡᠴᠦᠰ᠎ᠦᠨ ᠥᠷᠲᠡᠭᠡ ᠳ᠋ᠤ ᠬᠦᠷᠦᠨ᠎ᠡ᠃ ᠪᠥᠬᠥ᠌ ᠣᠷᠳᠣᠨ᠎ᠢ ᠪᠠᠷᠤᠭ 195 ᠺᠢᠯᠣᠮᠧᠲ᠋ᠷ ᠲᠦ᠍ ᠬᠦᠷᠴᠦ᠂ ᠬᠣᠭᠣᠯᠠᠶ᠎ᠶᠢᠨ ᠳ᠋ᠢᠶᠠᠮᠸᠲ᠋ᠷ ᠨᠢ DN450 ᠪᠠᠢᠵᠤ᠂ ᠬᠢᠨᠠᠨ ᠵᠥᠪᠰᠢᠶᠡᠷᠡᠭᠰᠡᠨ ᠵᠢᠯ᠎ᠦᠨ ᠤᠰᠤᠲᠥ᠋ᠷᠥᠭᠴᠢ ᠳᠠᠮᠵᠢᠭᠤᠯᠬᠤ ᠬᠡᠮᠵᠢᠶ᠎ᠡ᠎ᠨᠢ 10 ᠲᠦᠮᠡᠨ ᠲᠣᠨ ᠪᠠᠶ᠋ᠢᠵᠤ᠂ 4 ᠥᠷᠲᠡᠭᠡ ᠲᠠᠯᠠᠪᠠᠢ᠂ 6 ᠨᠡᠭᠡᠯᠡᠬᠡᠶ᠎ᠶᠢᠨ ᠲᠠᠰᠤᠭ ᠳᠤᠬᠢᠷᠠᠭᠤᠯᠤᠨ᠂ ᠪᠤᠭᠤᠲᠤ᠌ ᠬᠣᠲᠠ᠎ᠶᠢᠨ ᠬᠣᠶ᠋ᠢᠲᠤ᠌ ᠬᠡᠰᠡᠭ᠎ᠦᠨ ᠰᠢᠨ᠎ᠡ ᠡᠨᠧᠷᠭᠢ᠎ᠶᠢᠨ ᠤᠰᠤᠲᠥ᠋ᠷᠥᠭᠴᠢ ᠦᠢᠯᠡᠳᠬᠦ᠌ ᠰᠠᠭᠤᠷᠢᠨ ᠬᠢᠭᠡᠳ ᠪᠤᠭᠤᠲᠤ᠌ ᠬᠣᠲᠠ ᠵᠢᠨ ᠬᠤᠲᠠ ᠵᠢᠨ ᠲᠣᠭᠣᠷᠢᠭ᠎ᠤᠨ ᠬᠢᠮᠢ᠎ᠶᠢᠨ ᠠᠵᠤ ᠦᠢᠯᠡᠳᠪᠦᠷᠢ ᠂ ᠲᠡᠮᠦᠷᠯᠢᠭ ᠬᠠᠶ᠋ᠢᠯᠤᠭᠤᠯᠬᠤ᠂ ᠪᠠᠢᠭᠠᠯᠢ ᠵᠢᠨ ᠰᠢᠳᠠᠮᠠᠬᠠᠢ ᠬᠡᠢ᠂ ᠵᠠᠮ ᠬᠠᠷᠢᠯᠴᠠᠭ᠎ᠠ ᠵᠡᠷᠭᠡ ᠴᠢᠬᠤᠯᠠ ᠤᠰᠤᠲᠥ᠋ᠷᠥᠭᠴᠢ ᠬᠡᠷᠡᠭᠯᠡᠬᠦ ᠭᠠᠵᠠᠷ᠎ᠢ ᠬᠤᠯᠪᠤᠬᠰᠨᠨ ᠪᠠᠢᠨ᠎ᠠ᠃
ᠲᠤᠰ ᠲᠥᠷᠥᠯ ᠵᠦᠢᠯ ᠨᠢ 2 ᠬᠣᠲᠠ᠂ 5 ᠬᠣᠰᠢᠭᠤ ᠰᠢᠶᠠᠨ ᠲᠣᠭᠣᠷᠢᠭ᠎ᠢ ᠰᠤᠨᠳᠠᠯᠠᠨ᠂ ᠬᠣᠶ᠋ᠢᠨ᠎ᠠ᠎ᠠᠴᠠ ᠡᠮᠦᠨᠡᠰᠢ ᠳᠠᠯᠠᠨ ᠬᠠᠷ᠎ᠠ ᠠᠭᠤᠯᠠ᠎ᠶᠢ ᠳᠤᠭᠤᠯᠵᠤ᠂ ᠵᠠᠮ ᠳᠠᠭᠠᠤ 6 ᠳᠤᠮᠳᠠ ᠵᠡᠷᠭᠡ᠎ᠶᠢᠨ ᠭᠤᠤᠯ᠂ 3 ᠲᠦᠷᠭᠡᠨ᠎ᠤ ᠵᠠᠰᠠᠮᠠᠯ ᠵᠠᠮ᠂ 3 ᠤᠯᠤᠰ᠎ᠤᠨ ᠵᠠᠮ᠂ 4 ᠮᠤᠵᠢ᠎ᠶᠢᠨ ᠵᠠᠮ᠂ 2 ᠲᠡᠮᠦᠷ ᠵᠠᠮ᠂ 3 ᠣᠷᠳᠣ ᠴᠠᠭᠠᠨ ᠬᠡᠷᠡᠮ᠂ 2 ᠪᠠᠶ᠋ᠢᠭᠠᠯᠢ᠎ᠶᠢᠨ ᠬᠠᠮᠠᠭᠠᠯᠠᠯᠲᠠ᠎ᠶᠢᠨ ᠤᠷᠤᠨ ᠵᠢᠠᠷ ᠦᠩᠭᠡᠷᠡᠵᠡᠢ᠃
ᠵᠠᠮ ᠳᠠᠭᠠᠤᠤᠰᠤᠲᠥ᠋ᠷᠥᠭᠴᠢ ᠬᠡᠷᠡᠭᠯᠡᠬᠦ᠌ ᠬᠡᠷᠡᠭᠴᠡᠭᠡ ᠦᠷᠭᠦᠯᠵᠢᠯᠡᠨ ᠨᠡᠮᠡᠭᠳᠡᠬᠦ᠌ᠶᠢ ᠳᠠᠭᠠᠯᠳᠤᠨ᠂ ᠲᠤᠰ ᠲᠥᠷᠥᠯ ᠵᠦᠢᠯ᠎ᠨᠢ ᠬᠢᠮᠢ᠎ᠶᠢᠨ ᠠᠵᠤ ᠦᠢᠯᠡᠳᠪᠦᠷᠢ᠂ ᠲᠡᠮᠦᠷᠯᠢᠭ ᠬᠠᠶ᠋ᠢᠯᠤᠭᠤᠯᠬᠤ᠂ ᠪᠠᠶ᠋ᠢᠭᠠᠯᠢ᠎ᠶᠢᠨ ᠰᠢᠲᠠᠮᠠᠬᠠᠶ ᠬᠡᠶ᠎ᠳᠦ ᠤᠰᠤᠳᠦ᠋ᠷᠥᠭᠴᠢ ᠬᠣᠯᠢᠬᠤ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ᠎ᠳᠡᠬᠢ ᠬᠡᠪᠴᠢᠶᠡᠵᠢᠭᠰᠡᠨ ᠬᠡᠷᠡᠭᠯᠡᠭᠡ᠎ᠶᠢ ᠪᠦᠲᠦᠮᠵᠢᠲᠡᠶ ᠠᠬᠢᠭᠤᠯᠵᠤ᠂ ᠮᠠᠨ᠎ᠤ ᠤᠯᠤᠰ᠎ᠤᠨ ᠴᠡᠪᠡᠷ ᠤᠰᠤᠲᠥ᠋ᠷᠥᠭᠴᠢ ᠳᠠᠮᠵᠢᠭᠤᠯᠬᠤ ᠬᠣᠭᠣᠯᠠᠶ᠎ᠶᠢ ᠬᠡᠪᠴᠢᠶᠡᠵᠢᠭᠦᠯᠦᠨ ᠪᠥᠲᠥᠭᠡᠨ ᠪᠠᠶ᠋ᠢᠭᠤᠯᠵᠤ ᠡᠵᠡᠩᠨᠡᠬᠦ᠌᠎ᠳᠦ ᠲᠤᠷᠰᠢᠯᠭ᠎ᠠ ᠬᠤᠷᠠᠮᠳᠤᠭᠤᠯᠵᠤ᠂ ᠡᠨᠧᠷᠭᠢ᠎ᠶᠢᠨ ᠪᠣᠬᠢᠷᠲᠤᠯ ᠥᠬᠡᠶ ᠨᠡᠭᠦᠷᠡᠰᠦᠲᠥᠢ᠍ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢᠲᠡᠢᠰᠢ ᠬᠤᠪᠢᠷᠠᠬᠤ᠎ᠶᠢ ᠲᠦᠷᠭᠡᠳᠬᠡᠬᠦ᠌᠂ ᠠᠷᠢᠭᠤᠨ ᠴᠡᠪᠡᠷ᠂ ᠨᠡᠭᠦᠷᠡᠰᠦᠲᠥᠢ᠍ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ᠂ ᠥᠨᠳᠥᠷ ᠪᠦᠲᠦᠮᠵᠢᠲᠡᠶ ᠣᠲᠣ ᠦᠶ᠎ᠡ᠎ᠶᠢᠨ ᠡᠨᠧᠷᠭᠢ᠎ᠶᠢᠨ ᠰᠢᠰᠲ᠋ᠧᠮ᠎ᠢ ᠪᠠᠶ᠋ᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃