ᠲᠡᠷᠢᠭᠦᠨ ᠨᠢᠭᠤᠷ>ᠰᠢᠨ᠎ᠡ ᠬᠦᠳᠡᠭᠡ>ᠠᠮᠢ ᠠᠬᠤᠢ

2026-11-25 11:30:17

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠥᠪᠦᠷ ᠮᠣᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠮᠡᠳᠡᠭᠡᠯᠡᠯ ᠎ᠢ ᠦᠨᠳᠦᠰᠦᠯᠡᠪᠡᠯ᠂ ᠳᠡᠭᠡᠷ᠎ᠡ ᠰᠠᠷ᠎ᠠ᠎ᠵᠢᠨ ᠰᠡᠭᠦᠯᠴᠢ ᠪᠣᠯᠲᠠᠯ᠎ᠠ᠂ ᠥᠪᠦᠷ ᠮᠣᠩᠭᠤᠯ ᠤ᠋ᠨ ᠪᠠᠷᠠᠭᠤᠨ ᠬᠡᠰᠡᠭ ᠤ᠋ᠨ ᠴᠠᠬᠢᠯᠭᠠᠨ ᠲᠣᠣᠷ ᠤ᠋ᠨ ᠰᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶ᠋ᠢᠨ ᠬᠡᠪᠴᠢᠶ᠎ᠡ ᠨᠡᠶ᠋ᠢᠲᠡ 2023 ᠲᠦᠮᠡᠨ ᠺᠢᠯᠤᠸᠠᠲ/ 7047 ᠲᠦᠮᠡᠨ ᠺᠢᠯᠤᠸᠠᠲ ᠴᠠᠭ ᠲᠦ᠍ ᠬᠦᠷᠴᠦ᠂ ᠰᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶ᠋ᠢᠨ ᠬᠡᠪᠴᠢᠶ᠎ᠡ 2000 ᠲᠦᠮᠡᠨ ᠺᠢᠯᠤᠸᠠᠲ ᠤ᠋ᠨ ᠪᠣᠭᠤᠮᠲᠠ ᠵᠢ ᠳᠠᠪᠠᠨ᠂ ᠪᠥᠬᠦ᠌ ᠲᠣᠣᠷ ᠤ᠋ᠨ ᠮᠠᠰᠢᠨ ᠴᠣᠭᠴᠠᠯᠠᠪᠤᠷᠢ ᠵᠢᠨ 11.5% ᠵᠢ ᠡᠵᠡᠯᠡᠵᠦ᠍᠂ ᠮᠠᠰᠢᠨ ᠴᠣᠭᠴᠠᠯᠠᠪᠤᠷᠢ ᠶ᠋ᠢᠨ ᠬᠡᠪᠴᠢᠶ᠎ᠡ ᠨᠢ ᠪᠥᠬᠦ᠌ ᠤᠯᠤᠰ ᠤ᠋ᠨ ᠮᠤᠵᠢ ᠶ᠋ᠢᠨ ᠲᠠᠰ ᠤ᠋ᠨ ᠴᠠᠬᠢᠯᠭᠠᠨ ᠲᠣᠣᠷ ᠤ᠋ᠨ ᠡᠮᠦᠨ᠎ᠡ ᠡᠩᠨᠡᠭᠡᠨ ᠳ᠋ᠤ ᠵᠢᠬᠰᠠᠪᠠ᠃ ᠡᠭᠦᠨ ᠳ᠋ᠤ ᠴᠠᠬᠢᠯᠭᠠᠨ ᠴᠡᠨᠡᠭᠯᠡᠬᠦ ᠬᠡᠮᠵᠢᠶ᠎ᠡ ᠨᠢ 157.8 ᠳ᠋ᠦᠩᠰᠢᠭᠤᠷ ᠺᠢᠯᠤᠸᠠᠲ ᠴᠠᠭ᠂ ᠴᠠᠬᠢᠯᠭᠠᠨ ᠨᠢᠷᠬᠡᠯᠭᠡ ᠶ᠋ᠢᠨ ᠬᠡᠮᠵᠢᠶ᠎ᠡ ᠨᠢ 140.4 ᠳ᠋ᠦᠩᠰᠢᠭᠤᠷ ᠺᠢᠯᠤᠸᠠᠲ ᠴᠠᠭ ᠲᠦ᠍ ᠬᠦᠷᠴᠦ᠍᠂ ᠴᠦᠮ ᠨᠢᠳᠦᠨᠦᠨ ᠤ᠋ ᠠᠳᠠᠯᠢ ᠬᠤᠭᠤᠴᠠᠭᠠᠨ ᠤ᠋᠎ᠬᠢ ᠡᠴᠡ 400% ᠡᠴᠡ ᠳᠡᠭᠡᠭᠰᠢ ᠨᠡᠮᠡᠭᠳᠡᠵᠡᠢ᠃

ᠡᠨᠡ ᠵᠢᠯ ᠤ᠋ᠨ 1 — 10 ᠰᠠᠷ᠎ᠠ ᠳ᠋ᠤ᠂ ᠥᠪᠦᠷ ᠮᠣᠩᠭᠤᠯ ᠤ᠋ᠨ ᠪᠠᠷᠠᠭᠤᠨ ᠬᠡᠰᠡᠭ ᠤ᠋ᠨ ᠴᠠᠬᠢᠯᠭᠠᠨ ᠲᠣᠤᠷ ᠤ᠋ᠨ ᠰᠢᠨ᠎ᠡ ᠪᠡᠷ ᠨᠡᠮᠡᠭᠳᠡᠭᠰᠡᠨ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠵᠢᠨ ᠬᠡᠪᠴᠢᠶ᠎ᠠ 655.5 ᠲᠦᠮᠡᠨ ᠺᠢᠯᠤᠸᠠᠲ ᠪᠠᠢᠵᠤ᠂ ᠨᠢᠳᠦᠨᠦᠨ ᠤ᠋ ᠠᠳᠠᠯᠢ ᠬᠤᠭᠤᠴᠠᠭᠠᠨ ᠤ᠋᠎ᠬᠢ ᠡᠴᠡ 47.9% ᠪᠡᠷ ᠨᠡᠮᠡᠭᠳᠡᠪᠡ᠃ ᠡᠨᠡ ᠵᠢᠯ ᠡᠴᠡ ᠨᠠᠭᠠᠰᠢ᠂ ᠥᠪᠦᠷ ᠮᠣᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠬᠢᠨ ᠥᠪᠡᠷᠲᠡᠭᠡᠨ ᠵᠠᠰᠠᠬᠤ ᠣᠷᠤᠨ ᠤ᠋ ᠰᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠬᠤ ᠮᠠᠰᠢᠨ ᠴᠤᠬᠴᠠᠯᠠᠪᠤᠷᠢ ᠶ᠋ᠢᠨ ᠬᠡᠪᠴᠢᠶ᠎ᠠ ᠵᠢ ᠥᠷᠭᠡᠳᠬᠡᠬᠦ᠌ ᠪᠠᠶ᠋ᠢᠷᠢᠰᠢᠭᠤᠯᠤᠯᠲᠠ ᠳ᠋ᠤ ᠢᠳᠡᠪᠬᠢᠲᠡᠢ ᠦᠢᠯᠡᠴᠢᠯᠡᠵᠦ᠍᠂ ᠵᠣᠯᠭᠠᠭᠤᠯᠤᠨ ᠵᠣᠬᠢᠴᠠᠭᠤᠯᠬᠤ᠂ ᠮᠡᠷᠭᠡᠵᠢᠯ ᠢ᠋ᠶ᠋ᠡᠷ ᠲᠤᠯᠭᠠᠭᠤᠷᠢᠯᠠᠬᠤ᠂ ᠶᠠᠪᠤᠴᠠ ᠵᠢ ᠰᠢᠯᠢᠳᠡᠭᠵᠢᠭᠦᠯᠬᠦ ᠪᠥᠬᠦ᠌ ᠬᠡᠯᠬᠢᠶ᠎ᠡ ᠶ᠋ᠢᠨ ᠦᠢᠯᠡᠴᠢᠯᠡᠭᠡᠨ ᠤ᠋ ᠰᠢᠰᠲᠧᠮ ᠢ᠋ ᠪᠠᠶ᠋ᠢᠭᠤᠯᠵᠤ᠂ ᠨᠢᠭᠡ ᠪᠦᠯᠦᠭ ᠰᠢᠨ᠎ᠡ ᠬᠡᠯᠪᠡᠷᠢ ᠶ᠋ᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ᠋ ᠲᠥᠷᠦᠯ ᠵᠦᠢᠯ ᠢ᠋ ᠥᠨᠳᠦᠷ ᠪᠦᠲᠦᠮᠵᠢᠲᠡᠢ ᠪᠡᠷ ᠲᠣᠣᠷ ᠲᠦ᠍ ᠵᠠᠯᠭᠠᠨ ᠠᠰᠢᠭᠯᠠᠯᠲᠠ ᠳ᠋ᠤ ᠣᠷᠤᠭᠤᠯᠬᠤ ᠵᠢ ᠪᠥᠬᠦ᠌ ᠬᠦᠴᠦᠨ ᠢ᠋ᠶ᠋ᠡᠷ ᠢ᠋ᠶ᠋ᠡᠨ ᠪᠠᠲᠤᠯᠠᠵᠠᠢ᠃

ᠥᠪᠦᠷ ᠮᠣᠩᠭᠤᠯ ᠤ᠋ᠨ ᠴᠠᠬᠢᠯᠭᠠᠨ ᠬᠦᠴᠦᠨ ᠤ᠋ ᠪᠦᠯᠦᠭᠯᠡᠯ ᠤ᠋ᠨ ᠬᠢᠨ ᠪᠥᠬᠦ᠌ ᠴᠠᠬᠢᠯᠭᠠᠨ ᠲᠤᠤᠷ ᠤ᠋ᠨ 126 ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠢ ᠵᠣᠬᠢᠶᠠᠨ ᠪᠠᠶ᠋ᠢᠭᠤᠯᠵᠤ ᠨᠢᠭᠡᠳᠦᠯᠲᠡᠢ ᠨᠦᠬᠡᠴᠡ ᠡᠨᠧᠷᠭᠢ ᠶ᠋ᠢᠨ ᠣᠶᠤᠨᠴᠢ ᠬᠢᠨᠠᠨ ᠡᠵᠡᠮᠳᠡᠬᠦ᠌ ᠲᠠᠪᠴᠠᠩ ᠳ᠋ᠤ ᠵᠠᠯᠭᠠᠨ ᠣᠷᠤᠭᠤᠯᠵᠤ᠂ ᠪᠥᠬᠦ ᠴᠠᠬᠢᠯᠭᠠᠨ ᠲᠤᠤᠷ ᠤ᠋ᠨ ᠬᠠᠩᠭᠠᠯᠭ᠎ᠠ ᠬᠡᠷᠡᠭᠴᠡᠭᠡ ᠶ᠋ᠢᠨ ᠬᠥᠳᠡᠯᠦᠩᠭᠦᠢ ᠲᠡᠩᠴᠡᠭᠦᠷᠢ ᠵᠢ ᠲᠤᠯᠭᠠᠭᠤᠷᠢᠯᠠᠵᠤ᠂ ᠴᠠᠬᠢᠯᠭᠠᠨ ᠲᠣᠣᠷ ᠤ᠋ᠨ ᠠᠮᠤᠷ ᠲᠦᠪᠰᠢᠨ ᠪᠠ ᠠᠷᠠᠳ ᠤ᠋ᠨ ᠠᠮᠢᠳᠤᠷᠠᠯ ᠳ᠋ᠤ ᠬᠡᠷᠡᠭᠯᠡᠬᠦ᠌ ᠴᠠᠬᠢᠯᠭᠠᠨ ᠤ᠋ ᠪᠠᠲᠤᠯᠠᠭ᠎ᠠ ᠶ᠋ᠢᠨ ᠬᠤᠷᠢᠭ᠎ᠠ ᠱᠤᠭᠤᠮ ᠢ᠋ ᠪᠠᠲᠤ᠌ ᠰᠠᠬᠢᠪᠠ ᠃ ᠡᠨᠡ ᠵᠢᠯ ᠤ᠋ᠨ 1 — 10 ᠰᠠᠷ᠎ᠠ ᠳ᠋ᠤ᠂ ᠪᠥᠬᠦ᠌ ᠲᠤᠤᠷ ᠤ᠋ᠨ ᠨᠦᠬᠡᠴᠡ ᠡᠨᠧᠷᠭᠢ ᠵᠢ ᠴᠠᠬᠢᠯᠭᠠᠨ ᠴᠡᠨᠡᠭᠯᠡᠬᠦ ᠪᠠ ᠴᠠᠬᠢᠯᠭᠠᠨ ᠨᠢᠷᠭᠡᠯᠭᠡ ᠶ᠋ᠢᠨ ᠪᠠᠴᠢᠮ ᠪᠠᠶ᠋ᠢᠳᠠᠯ ᠢ᠋ ᠠᠷᠭᠠᠴᠠᠭᠠᠬᠤ ᠳ᠋ᠤ ᠲᠤᠬᠢᠷᠠᠭᠤᠯᠤᠨ ᠬᠡᠷᠡᠭᠯᠡᠬᠦ ᠵᠢ 95 ᠤᠳᠠᠭ᠎ᠠ ᠥᠷᠨᠢᠭᠦᠯᠵᠦ᠍᠂ ᠬᠠᠮᠤᠭ ᠤ᠋ᠨ ᠶᠡᠭᠡ ᠴᠠᠬᠢᠯᠭᠠᠨ ᠬᠡᠷᠡᠭᠯᠡᠭᠡᠨ ᠤ᠋ ᠣᠷᠭᠢᠯ ᠬᠤᠭᠤᠴᠠᠭᠠᠨ ᠤ᠋ ᠬᠠᠩᠭᠠᠯᠭ᠎ᠠ ᠵᠢ ᠪᠠᠲᠤᠯᠠᠬᠤ ᠨᠦᠬᠡᠴᠡ ᠴᠠᠬᠢᠯᠭᠠᠨ ᠬᠦᠴᠦᠨ ᠤ᠋ ᠬᠡᠮᠵᠢᠶ᠎ᠡ 1225 ᠲᠦᠮᠡᠨ ᠺᠢᠯᠤᠸᠠᠲ ᠲᠦ᠍ ᠬᠦᠷᠴᠦ᠍᠂ ᠲᠤᠬᠠᠢ ᠶ᠋ᠢᠨ ᠦᠶ᠎ᠡ ᠶ᠋ᠢᠨ ᠪᠥᠬᠦ᠌ ᠴᠠᠬᠢᠯᠭᠠᠨ ᠲᠣᠣᠷ ᠤ᠋ᠨ ᠴᠠᠬᠢᠯᠭᠠᠨ ᠬᠠᠩᠭᠠᠬᠤ ᠳᠠᠭᠠᠭᠠᠴᠠ ᠶ᠋ᠢᠨ 33% ᠲᠠᠢ ᠲᠡᠩᠴᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面