ᠲᠡᠷᠢᠭᠦᠨ ᠨᠢᠭᠤᠷ>ᠰᠢᠨ᠎ᠡ ᠬᠦᠳᠡᠭᠡ>ᠵᠢᠷᠤᠭᠲᠤ ᠮᠡᠳᠡᠭᠡ

2026-11-16 17:09:47

ᠵᠣᠬᠢᠶᠠᠭ᠍ᠴᠢ᠄ ​ᠭᠤᠸ᠎ᠠ ᠣᠩᠱᠢᠭ᠍ᠰᠠᠨ ᠣᠳᠠᠭ᠎ᠠ᠄ 3

ᠶᠢᠨ ᠢᠦᠢ ᠵᠧᠨ ᠤ᠋ ᠡᠯᠡᠰᠤ ᠵᠢ ᠵᠠᠰᠠᠭᠰᠠᠨ ᠴᠢᠷᠮᠠᠢᠯᠭ᠎ᠠ ᠨᠢ ᠦᠪᠤᠷ ᠮᠤᠡᠭᠭᠤᠯ᠎ᠤᠨ ᠦᠶ᠎ᠠ᠎ᠦᠶ᠎ᠠ᠎ᠵᠢᠨ ᠡᠯᠡᠰᠤ ᠵᠠᠰᠠᠭᠴᠢᠳ᠎ᠤᠨ ᠵᠤᠷᠢᠭ ᠰᠠᠨᠠᠭ᠎ᠠ ᠵᠢᠨ ᠲᠤᠰᠬᠠᠯ ᠮᠦᠨ᠃

ᠶᠢᠨ ᠢᠤᠢ ᠵᠧᠨ 40 ᠭᠠᠷᠤᠢ ᠵᠢᠯ᠎ᠤᠨ  ᠴᠢᠷᠮᠠᠢᠯᠭ᠎ᠠ ᠪᠡᠷ ᠵᠢᠡᠨ 7 ᠲᠦᠮᠡ ᠭᠠᠷᠤᠢ ᠮᠦ᠍ ᠡᠯᠡᠰᠦᠨ ᠴᠦᠯ ᠢ᠋ ᠨᠣᠭᠣᠭᠠᠷᠠᠭᠤᠯᠵᠠᠢ᠃ ᠲᠡᠷᠡ ᠡᠯᠡᠰᠦᠷᠭᠡᠭ ᠭᠠᠵᠠᠷ ᠤ᠋ᠨ ᠠᠮᠢ ᠠᠬᠤᠢ ᠵᠢᠨ ᠠᠵᠤ ᠦᠢᠯᠡᠰ ᠢ᠋ ᠰᠦᠪᠡᠭᠴᠢᠯᠡᠨ ᠬᠦᠭᠵᠢᠭᠦᠯᠵᠤ᠂ ᠡᠯᠡᠰᠦᠷᠭᠡᠭ ᠭᠠᠵᠠᠷ ᠤ᠋ᠨ ᠡᠬᠢ ᠪᠠᠶᠠᠯᠢᠭ ᠢ᠋ ᠠᠷᠠᠳ ᠵᠢᠠᠨ ᠪᠠᠶᠠᠵᠢᠭᠤᠯᠬᠤ ᠬᠥᠷᠥᠩᠭᠡ ᠪᠣᠯᠭᠠᠨ ᠬᠤᠪᠢᠷᠠᠭᠤᠯᠵᠤ᠂ ᠮᠤᠤᠠᠤᠰᠤ ᠵᠢᠨ ᠡᠯᠡᠰᠦᠷᠭᠡᠭ ᠭᠠᠵᠠᠷ ᠤ᠋ᠨ ᠠᠮᠢ ᠠᠬᠤᠢ ᠪᠣᠯᠤᠨ ᠠᠵᠤ ᠠᠬᠤᠢ ᠵᠢᠨ ᠬᠤᠤᠰ ᠦᠷ᠎ᠠ ᠠᠰᠢᠭ ᠬᠦᠷᠲᠡᠬᠦ ᠵᠢ ᠪᠡᠶᠡᠯᠡᠭᠦᠯᠵᠤ᠂ 《ᠨᠤᠮᠢᠨ ᠨᠣᠭᠣᠭᠠᠨ》 ᠡᠷᠡᠮᠡᠯᠵᠡᠯ ᠬᠣᠢᠴᠢ ᠦᠶ᠎ᠡ ᠵᠢᠨ ᠬᠢᠨ ᠳ᠋ᠡᠭᠡᠨ ᠤᠯᠠᠮᠵᠢᠯᠠᠭᠰᠠᠨ ᠨᠢ ᠮᠠᠬᠳᠠᠭᠤᠰᠢᠳᠠᠢ᠃

ᠮᠤᠤᠠᠤᠰᠤ ᠵᠢᠨ ᠡᠯᠡᠰᠤᠷᠭᠡᠭ ᠭᠠᠵᠠᠷ ᠡᠴᠡ ᠬᠤᠷᠴᠢᠨ ᠤ᠋ ᠡᠯᠡᠰᠦᠷᠭᠡᠭ ᠭᠠᠵᠠᠷ ᠬᠦᠷᠳᠡᠯ᠎ᠡ᠂ ᠪᠠᠳᠠᠢ ᠵᠢᠨ ᠵᠢᠷᠠᠨ ᠡᠴᠡ ᠬᠥᠪᠴᠢ ᠵᠢᠨ ᠡᠯᠡᠰᠤ ᠬᠦᠷᠲᠡᠯ᠎ᠡ᠂ ᠦᠶ᠎ᠠ ᠣᠯᠠᠨ ᠮᠠᠯᠴᠢᠨ ᠲᠠᠷᠢᠶᠠᠴᠢᠨ᠂ ᠦᠨᠳᠦᠰᠦᠨ ᠱᠠᠲᠤᠨ ᠤ᠋ ᠪᠦᠲᠦᠭᠡᠨ ᠪᠠᠢᠭᠤᠯᠤᠭᠴᠢ ᠭᠡᠬᠦ ᠮᠠᠳᠤ ᠪᠠᠷ ᠡᠯᠡᠰᠦᠨ ᠴᠦᠯ᠎ᠳᠤ ᠨᠤᠳᠤᠭᠰᠢᠵᠤ᠂ ᠡᠯᠡᠰᠤᠷᠭᠡᠭᠵᠢᠯ ᠢ᠋ ᠰᠠᠷᠭᠡᠢᠯᠡᠨ ᠡᠯᠡᠰᠤ ᠵᠢ ᠵᠠᠰᠠᠬᠤ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠳ᠋ᠤ᠌ ᠣᠷᠣᠯᠴᠠᠭᠰᠠᠨ ᠪᠠᠢᠨ᠎ᠠ᠃ ᠲᠡᠳᠡ ᠬᠠᠯᠠᠭᠤᠨ ᠬᠦᠯᠦᠰᠤ ᠪᠡᠨ ᠤᠷᠤᠰᠬᠠᠨ ᠨᠡᠭᠦᠳᠡᠯ ᠡᠯᠡᠰᠦ ᠲᠠᠢ ᠳᠡᠮᠡᠴᠡᠵᠤ᠂ ᠭᠤᠢᠪᠢᠰᠢ ᠦᠭᠡᠢ ᠪᠠᠷᠢᠮᠳᠠᠯᠠᠯ ᠵᠢᠡᠷ ᠵᠢᠡᠨ ᠡᠵᠡᠭᠦᠢ ᠭᠤᠪᠢ ᠨᠤᠳᠤᠭ ᠢ᠋ ᠨᠤᠭᠤᠭᠠᠷᠠᠭᠤᠯᠵᠤ᠂ ᠨᠡᠯᠤᠭᠡᠷ ᠡᠯᠡᠰᠤ ᠵᠢᠨ ᠲᠦᠷᠢ ᠳᠦᠷᠬᠦ ᠵᠢ ᠬᠤᠪᠢᠷᠠᠭᠤᠯᠵᠠᠢ᠃

ᠡᠯᠡᠰᠤᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠤ ᠪᠣᠯ ᠨᠢᠭᠡᠨ ᠤᠳᠠᠭᠠᠨ ᠳᠠᠭᠠᠭᠠᠮᠠᠭᠠᠢ ᠲᠡᠢᠯᠠᠯᠳᠤᠭᠠᠨ ᠪᠤᠯᠤᠨ᠎ᠠ᠃ ᠶᠢᠨ ᠢᠤᠢ ᠵᠸᠨ ᠵᠡᠷᠭᠡ ᠦᠪᠦᠷ ᠮᠤᠩᠭᠤᠯ ᠤ᠋ᠨ ᠡᠯᠡᠰᠤ ᠵᠠᠰᠠᠭᠴᠢᠳ ᠤᠷᠳᠤ ᠤᠳᠠᠭᠠᠨ ᠬᠤᠭᠤᠴᠠᠭ᠎ᠠ ᠪᠠᠷ ᠵᠢᠳᠭᠦᠯ ᠴᠢᠷᠮᠠᠢᠯᠭ᠎ᠠ ᠭᠠᠷᠭᠠᠵᠤ᠂ ᠰᠡᠳᠬᠢᠯ ᠨᠢᠭᠡᠳᠤᠨ ᠬᠦᠴᠤ ᠪᠠᠨ ᠬᠠᠮᠳᠤᠳᠬᠠᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠲᠤ ᠴᠤᠭᠴᠠᠯᠠᠵᠤ᠂ ᠬᠦᠮᠤᠨ ᠬᠢᠭᠡᠳ ᠡᠯᠡᠰᠤ᠎ᠵᠢᠨ ᠡᠶ᠎ᠠ ᠵᠤᠬᠢᠴᠠᠡᠭᠭᠤᠢ᠂ ᠨᠤᠮᠢᠨ ᠨᠤᠭᠤᠭᠠᠨ ᠪᠠ ᠪᠠᠶᠠᠵᠢᠯ᠎ᠢ ᠬᠠᠮᠳᠤ ᠪᠠᠷ ᠠᠬᠢᠭᠤᠯᠬᠤ ᠴᠠᠭ ᠦᠶ᠎ᠠ᠎ᠵᠢᠨ ᠬᠦᠴᠤᠷᠭᠡᠭ ᠲᠠᠭᠤᠨ᠎ᠢ ᠴᠤᠤᠷᠢᠶᠠᠳᠤᠭᠤᠯᠤᠨ᠂ ᠡᠯᠡᠰᠤᠷᠭᠡᠭᠵᠢᠯ ᠢ᠋ ᠰᠠᠷᠭᠡᠢᠯᠡᠨ ᠡᠯᠡᠰᠤ ᠵᠢ ᠵᠠᠰᠠᠭᠰᠠᠨ ᠦᠢᠯᠡᠳᠦᠯᠭᠡ᠎ᠵᠢ ᠳᠠᠯᠡᠭᠡᠢ ᠳ᠋ᠠᠬᠢᠨ ᠳ᠋ᠤ ᠭᠠᠢᠬᠠᠭᠤᠯᠬᠤ ᠠᠵᠢ᠃

ᠶᠢᠨ ᠢᠤᠢ ᠵᠸᠡ ᠵᠡᠷᠭᠡ ᠡᠭᠡᠯ ᠵᠢᠷ᠎ᠤᠨ ᠡᠯᠡᠰᠤ ᠵᠠᠰᠠᠭᠴᠢᠳ 《ᠡᠯᠡᠰᠤ》᠎ᠵᠢ 《ᠡᠷᠳᠠᠨᠢ》 ᠪᠤᠯᠭᠠᠨ ᠬᠤᠪᠢᠷᠠᠭᠤᠯᠵᠤ᠂ ᠨᠠᠡᠭ ᠰᠠᠢᠨ ᠠᠮᠢ ᠠᠬᠤᠢ ᠪᠠ ᠠᠵᠤ ᠠᠬᠤᠢ᠎ᠵᠢᠨ ᠬᠤᠤᠰ ᠦᠷ᠎ᠠ ᠠᠰᠢᠭ᠎ᠢ ᠬᠦᠷᠳᠠᠬᠦ ᠨᠢ ᠯᠠᠪᠳᠠᠢ᠃



ᠮᠤᠤᠡᠤᠰᠤ ᠵᠢᠨ ᠨᠤᠮᠢᠨ ᠲᠤᠯᠭᠢᠶ᠎ᠠ

(ᠭᠡᠷᠡᠯ ᠵᠢᠷᠤᠭ ᠎ᠢ ᠰᠢᠨᠬᠤᠸᠠ ᠬᠤᠷᠢᠶ᠎ᠠ ᠡᠴᠡ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面