ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2025-12-17 09:28:37

ᠵᠣᠬᠢᠶᠠᠭ᠍ᠴᠢ᠄ ᠪᠦᠦ ᠴᠢᠩ ᠱᠧᠩ ᠣᠩᠱᠢᠭ᠍ᠰᠠᠨ ᠣᠳᠠᠭ᠎ᠠ᠄ 3

12 ᠰᠠᠷ᠎ᠠ ᠎ᠶᠢᠨ 14 ᠎ᠤ ᠡᠳᠦᠷ᠂ ᠠᠷᠪᠠᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠣᠯᠠᠨ ᠲᠦᠮᠡᠨᠴᠢ ᠮᠥᠰᠥ ᠴᠠᠰᠤᠨ᠎ᠤ ᠤᠯᠠᠷᠢᠯ (ᠲᠦᠩᠯᠢᠶᠣᠣ ᠥᠷᠲᠡᠭᠡ) ᠵᠢᠴᠢ 《ᠲᠦᠩᠯᠢᠶᠣᠣ᠎ᠳᠤ ᠵᠢᠭᠤᠯᠴᠢᠯᠠᠶ᠎ᠠ·ᠮᠥᠰᠥ ᠴᠠᠰᠤᠨ᠎ᠤ ᠬᠠᠪᠤ ᠴᠡᠩᠬᠡᠯ᠎ᠢ ᠡᠳ᠋ᠯᠡᠶ᠎ᠡ》 ᠭᠡᠬᠥ ᠭᠤᠤᠯ ᠰᠡᠳᠥᠪᠳᠥ ᠲᠠᠪᠤᠳᠤᠭᠠᠷ ᠬᠤᠭᠤᠴᠠᠭᠠᠨ᠎ᠤ ᠮᠥᠰᠥ ᠴᠠᠰᠤᠨ᠎ᠦ ᠨᠠᠢᠷ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠧᠦ ᠰᠢᠶᠠᠩ ᠵᠢᠦ ᠵᠢᠦ ᠴᠠᠰᠤᠨ᠎ᠳᠤ ᠭᠤᠯᠭᠤᠬᠤ ᠲᠠᠯᠠᠪᠠᠶ᠎ᠳᠤ ᠵᠢᠩᠬᠢᠨᠢ᠎ᠪᠡᠷ ᠡᠬᠢᠯᠡᠪᠡ᠃ ᠡᠨᠡ ᠤᠳᠠᠭ᠎ᠠ᠎ᠶᠢᠨ ᠮᠥᠰᠥ ᠴᠠᠰᠤᠨ᠎ᠤ ᠦᠪᠡᠳᠡᠭᠰᠢ ᠴᠤᠭᠯᠠᠭᠠᠨ ᠨᠢ ᠮᠥᠰᠥ ᠴᠠᠰᠤᠨ᠎ᠤ ᠡᠬᠢ ᠪᠠᠶᠠᠯᠢᠭ᠋ ᠪᠣᠯᠣᠨ ᠠᠷᠠᠳ᠎ᠤᠨ ᠵᠠᠩ ᠦᠢᠯᠡ ᠰᠣᠶᠣᠯ᠎ᠢ ᠭᠦᠨᠵᠡᠭᠡᠢ ᠠᠭᠤᠰᠤᠯᠴᠠᠭᠤᠯᠵᠤ᠂ 《ᠬᠦᠢᠲᠡᠨ ᠡᠬᠢ ᠪᠠᠶᠠᠯᠢᠭ᠋》 ᠢ᠋ ᠦᠨᠡᠨ ᠬᠦ᠌ 《ᠬᠠᠯᠠᠭᠤᠨ ᠠᠵᠤ ᠠᠬᠤᠢ》 ᠪᠣᠯᠭᠠᠨ ᠬᠤᠪᠢᠷᠠᠭᠤᠯᠤᠬᠰᠠᠨ ᠪᠠᠢᠨ᠎ᠠ᠃

ᠠᠬᠤᠢ ᠲᠠᠯᠠᠪᠠᠢ ᠵᠢᠨ ᠤᠤᠬᠠᠢᠯᠠᠯᠳᠤᠬᠤ ᠳᠠᠭᠤᠨ᠎ᠤ ᠳᠤᠮᠳᠠ ᠥᠪᠡᠷᠮᠢᠴᠡ ᠣᠨᠴᠠᠯᠢᠭ᠋᠎ᠲᠠᠢ ᠴᠠᠰᠤᠨ ᠳᠡᠭᠡᠷᠡᠬᠢ ᠳᠡᠭᠡᠰᠥ ᠲᠠᠲᠠᠬᠤ ᠤᠷᠤᠯᠳᠤᠭᠠᠨ ᠨᠢ ᠡᠨᠡ ᠤᠳᠠᠭ᠎ᠠ ᠵᠢᠨ ᠮᠦᠰᠦ ᠴᠠᠰᠤᠨ᠎ᠤ ᠨᠠᠭᠠᠳᠤᠮ᠎ᠤᠨ ᠬᠥᠰᠢᠭᠡ᠎ᠶᠢ ᠰᠡᠬᠦᠪᠡ᠃ ᠪᠥᠬᠥ ᠬᠣᠲᠠ᠎ᠶᠢᠨ ᠺᠠᠳ᠋ᠷ ᠣᠯᠠᠨ ᠲᠦᠮᠡᠨ ᠵᠢᠨᠷ ᠪᠥᠷᠢᠯᠳᠥᠭᠰᠡᠨ 20 ᠲᠥᠯᠥᠭᠡᠯᠡᠭᠴᠢᠳ᠎ᠦᠨ ᠠᠩᠭᠢ ᠴᠠᠰᠤᠨ ᠳᠡᠭᠡᠷ᠎ᠡ ᠳᠡᠭᠡᠰᠥ ᠳᠠᠳᠠᠬᠤ 《ᠥᠵᠡᠯᠴᠡᠭᠡᠨ》 ᠳ᠋ᠤ ᠤᠷᠤᠯᠴᠠᠵᠤ᠂ ᠴᠥᠭᠡᠨ ᠪᠤᠰᠤ ᠵᠢᠭᠤᠯᠴᠢᠯᠠᠬᠰᠠᠳ ᠡᠨᠡ ᠬᠥ᠌ ᠰᠤᠨᠢᠷᠬᠠᠯᠳᠥ ᠲᠠᠮᠢᠷ᠎ᠤᠨ ᠤᠷᠤᠯᠳᠤᠭᠠᠨ᠎ᠳᠤ ᠲᠠᠲᠠᠭᠳᠠᠨ᠂ ᠡᠨᠡ ᠬᠦ᠌ ᠥᠪᠡᠷᠮᠢᠴᠡ ᠣᠨᠴᠠᠯᠢᠭ᠋᠎ᠲᠠᠢ ᠮᠥᠰᠥ ᠴᠠᠰᠤᠨ᠎ᠤ ᠨᠠᠭᠠᠳᠤᠮ᠎ᠤᠨ ᠬᠠᠪᠤ ᠴᠡᠩᠭᠡᠯ᠎ᠢ ᠬᠠᠮᠳᠥ ᠪᠡᠷ ᠡᠳ᠋ᠯᠡᠵᠡᠭᠡᠭᠰᠡᠨ ᠪᠠᠢᠨ᠎ᠠ᠃

ᠡᠬᠢᠯᠡᠯᠲᠡ᠎ᠶᠢᠨ ᠶᠣᠰᠣᠯᠠᠯ᠎ᠤᠨ ᠠᠬᠤᠢ ᠲᠠᠯᠠᠪᠠᠢ᠎ᠳᠤ᠂ ᠴᠠᠰᠤᠨ ᠳᠡᠭᠡᠷᠡᠬᠢ ᠳᠡᠭᠡᠰᠦ ᠲᠠᠲᠠᠬᠤ᠂ ᠴᠠᠰᠤᠨ ᠳᠡᠭᠡᠷᠡᠬᠢ ᠯᠤᠤᠲᠤ ᠣᠩᠭᠣᠴᠠ ᠵᠢᠨ ᠤᠷᠤᠯᠳᠤᠭᠠᠨ᠂ ᠴᠠᠰᠥᠨ ᠳᠡᠭᠡᠷᠡᠬᠢ ᠬᠥᠮᠥᠨ ᠴᠢᠷᠴᠤ ᠬᠥᠶᠥᠬᠥ ᠪᠤᠤᠬᠢᠶ᠎ᠠ ᠤᠷᠤᠯᠳᠤᠭᠠᠨ ᠵᠡᠷᠭᠡ ᠮᠥᠰᠥ ᠴᠠᠰᠤᠨ᠎ᠤ ᠤᠷᠤᠯᠳᠤᠭᠠᠨ᠎ᠤ ᠠᠵᠢᠯᠯᠠᠭ᠎ᠠ ᠲᠤᠬᠢᠷᠠᠭᠤᠯᠤᠬᠰᠠᠨ ᠵᠢᠨᠷ ᠪᠠᠷᠠᠬᠤ ᠦᠭᠡᠢ᠂ ᠪᠠᠰᠠ ᠤᠯᠠᠭᠠᠨᠮᠥ᠋ᠴᠢᠷ᠎ᠦᠨ ᠤᠷᠠᠨ ᠰᠠᠢᠬᠠᠨ᠎ᠤ ᠲᠣᠭᠯᠠᠯᠲᠠ ᠵᠢᠴᠢ ᠴᠠᠰᠤᠨ ᠳᠡᠭᠡᠷᠡᠬᠢ ᠪᠥᠬᠡ᠂ ᠴᠠᠰᠤᠨ ᠳᠡᠭᠡᠷᠡᠬᠢ ᠬᠥᠯ ᠪᠥᠮᠪᠥᠭᠡ᠂ ᠴᠠᠰᠤᠨ᠎ᠳᠤ ᠭᠤᠯᠭᠤᠬᠤ ᠵᠡᠷᠭᠡ ᠭᠣᠢᠳᠠ ᠰᠠᠢᠬᠠᠨ ᠥᠵᠡᠭᠥᠯᠭᠡ ᠲᠣᠭᠯᠠᠯᠲᠠ ᠵᠠᠯᠭ᠎ᠠ ᠵᠠᠯᠭᠠᠪᠡᠷ ᠶᠠᠪᠤᠬᠳᠠᠵᠤ᠂ ᠠᠬᠤᠢ ᠲᠠᠯᠠᠪᠠᠢ ᠵᠢᠨ ᠬᠥᠮᠥᠰ᠎ᠤᠨ ᠤᠷᠮ᠎ᠠ ᠪᠠᠬ᠎ᠠ ᠵᠢ ᠶᠠᠭᠠᠬᠢᠬᠤ ᠵᠢᠨ ᠠᠷᠭ᠎ᠠ ᠥᠭᠡᠢ ᠬᠥᠭᠵᠢᠭᠡᠪᠡ᠃ 《ᠠᠩᠬ᠎ᠠ ᠤᠳᠠᠭ᠎ᠠ ᠲᠦᠩᠯᠢᠶᠣᠣ᠎ᠳᠤ ᠢᠷᠡᠵᠦ ᠮᠥᠰᠥ ᠴᠠᠰᠤᠨ᠎ᠤ ᠨᠠᠢᠷ ᠲᠤ᠌ ᠤᠷᠤᠯᠴᠠᠯ᠎ᠠ᠂ ᠡᠢᠮᠦ ᠬᠦᠷ ᠨᠠᠷᠭᠢᠶᠠᠨ᠎ᠲᠠᠢ ᠭᠡᠳᠡᠭ᠎ᠢ ᠶᠠᠷᠥ ᠪᠣᠳᠣᠵᠤ ᠣᠯᠣᠭ᠎ᠠ ᠦᠭᠡᠢ᠂ ᠬᠤᠯᠪᠤᠭ᠎ᠠ᠎ᠶᠢᠨ ᠠᠶᠠᠯᠭᠤ᠎ᠶᠢ ᠪᠢ ᠣᠳᠣ᠌ ᠪᠠᠰᠠ ᠭᠢᠩᠰᠢᠵᠦ ᠴᠢᠳᠠᠨ᠎ᠠ᠂ ᠪᠠᠰᠠ ᠨᠢᠭᠡ ᠵᠢᠵᠢᠭ ᠥᠨᠳᠥᠰᠥ ᠵᠢᠨ ᠰᠡᠢᠯᠦᠮᠡᠯ ᠎ᠢ ᠬᠤᠳᠠᠯᠳᠤᠨ ᠠᠪᠤᠭᠰᠠᠨ᠂ ᠴᠤᠬᠤᠮ ᠭᠤᠶᠤ ᠡ》 ᠭᠡᠵᠦ ᠮᠦᠭᠳᠡᠨ᠎ᠡᠴᠡ ᠢᠷᠡᠭᠰᠡᠨ ᠯᠢ ᠤᠪᠤᠬᠳᠠᠢ ᠵᠢᠭᠤᠯᠴᠢᠯᠠᠬᠴᠢ ᠤᠷᠮᠠᠳᠠᠢ ᠬᠡᠯᠡᠵᠤ ᠪᠠᠢᠯ᠎ᠠ᠃

ᠲᠣᠰ ᠤᠳᠠᠭᠠᠨ᠎ᠤ ᠠᠵᠢᠯᠯᠠᠭ᠎ᠠ᠎ᠶᠢ ᠲᠦᠩᠯᠢᠶᠣᠣ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠂ ᠲᠦᠩᠯᠢᠶᠣᠣ ᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ ᠪᠣᠯᠣᠨ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠵᠠᠰᠠᠭ᠎ᠤᠨ ᠣᠷᠳᠣᠨ ᠬᠠᠮᠲᠤᠷᠠᠨ ᠡᠷᠭᠢᠯᠡᠵᠦ᠂ ᠬᠣᠷᠴᠢᠨ᠎ᠤ 500 ᠺᠢᠯᠣᠮᠧᠲᠷ᠎ᠦᠨ ᠦᠵᠡᠮᠵᠢ᠎ᠶᠢᠨ ᠶᠡᠬᠡ ᠵᠠᠮ᠎ᠤᠨ ᠵᠢᠭᠤᠯᠴᠢᠯᠠᠯ᠎ᠤᠨ ᠲᠡᠷᠭᠡ ᠬᠥᠳᠡᠯᠬᠦ ᠶᠣᠰᠣᠯᠠᠯ᠎ᠢ ᠵᠡᠷᠭᠡᠪᠡᠷ ᠡᠬᠢᠯᠡᠭᠦᠯᠪᠡ᠃ ᠣᠢᠯᠠᠭᠠᠭᠰᠠᠨ᠎ᠢᠶᠠᠷ᠂ ᠡᠨᠡ ᠵᠢᠯ ᠲᠦᠩᠯᠢᠶᠣᠣ ᠬᠣᠲᠠ᠎ᠶᠢᠨ ᠬᠢᠨ ᠲᠠᠪᠤᠳᠤᠭᠠᠷ ᠬᠤᠭᠤᠴᠠᠭᠠᠨ᠎ᠤ ᠮᠥᠰᠥ ᠴᠠᠰᠤᠨ᠎ᠤ ᠨᠠᠢᠷ᠎ᠢᠶᠡᠷ ᠭᠣᠣᠯ ᠪᠣᠯᠭᠠᠭᠰᠠᠨ 9 ᠭᠣᠣᠯ ᠰᠡᠳᠦᠪᠲᠦ ᠨᠡᠶ᠋ᠢᠲᠡ 100 ᠭᠠᠷᠤᠢ ᠵᠦᠢᠯ᠎ᠦᠨ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢ ᠥᠷᠨᠢᠭᠦᠯᠬᠦ᠎ᠪᠡᠷ ᠲᠥᠯᠥᠪᠯᠡᠵᠦ ᠪᠣᠶ᠃

ᠲᠦᠩᠯᠢᠶᠣᠣ ᠬᠣᠲᠠ᠎ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠎ᠶᠢᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠵᠠᠩ ᠶᠠᠨ᠄ 《ᠥᠩᠭᠡᠷᠡᠭᠰᠡᠨ ᠵᠢᠯ᠎ᠦᠳ᠎ᠲᠠᠢ ᠠᠳᠠᠯᠢ ᠦᠭᠡᠢ ᠨᠢ ᠡᠨᠡ ᠵᠢᠯ᠎ᠦᠨ ᠮᠥᠰᠥ ᠴᠠᠰᠤᠨ᠎ᠤ ᠠᠵᠢᠯᠯᠠᠭ᠎ᠠ᠎ᠳᠤ ᠪᠡᠶᠡᠴᠢᠯᠠᠨ ᠤᠷᠤᠯᠴᠠᠬᠤ ᠮᠠᠶᠢᠭ᠋᠎ᠤᠨ ᠴᠡᠩᠬᠡᠯᠳᠥᠨ ᠨᠠᠭᠠᠳᠬᠤ ᠲᠠᠯᠠᠪᠠᠶ᠎ᠶᠢ ᠥᠷᠭᠡᠳᠭᠡᠨ ᠪᠠᠢᠭᠤᠯᠵᠤ᠂ ᠣᠯᠠᠨ ᠡᠰᠢᠵᠢᠭᠰᠡᠨ ᠪᠠᠶᠡᠴᠢᠯᠠᠨ ᠣᠢᠯᠠᠭᠠᠬᠤ᠎ᠶᠢ ᠨᠠᠩ ᠢᠯᠡᠭᠦᠦ ᠴᠢᠬᠤᠯᠠᠴᠢᠯᠠᠪᠠ᠃ ᠪᠠᠷᠠᠭᠤᠨ ᠯᠢᠶᠣᠤᠾᠧ ᠭᠣᠣᠯ᠎ᠤᠨ ᠮᠦᠰᠦ ᠴᠠᠰᠤᠨ᠎ᠤ ᠶᠢᠷᠲᠢᠨᠴᠦ᠎ᠪᠡᠷ ᠠᠪᠴᠤ ᠬᠡᠯᠡᠪᠡᠯ᠂ 3 ᠲᠦᠮᠡ ᠭᠠᠷᠤᠢ ᠲᠡᠭᠰᠢ ᠳᠥᠷᠪᠡᠯᠵᠢᠨ ᠮᠧᠲᠷ᠎ᠤᠨ ᠵᠢᠭᠤᠯᠴᠢᠯᠠᠨ ᠨᠠᠭᠠᠳᠬᠤ ᠲᠠᠯᠠᠪᠠᠢ᠎ᠳᠤ ᠲᠣᠮᠣ᠌ ᠬᠡᠯᠪᠡᠷᠢ᠎ᠶᠢᠨ ᠴᠠᠰᠤᠨ ᠱᠤᠭᠤᠮᠠᠯ ᠪᠣᠰᠬᠠᠵᠤ᠂ ᠴᠠ ᠪᠤᠭᠤ᠎ᠶᠢ ᠳᠡᠵᠢᠭᠡᠨ ᠬᠥᠮᠥᠰ ᠲᠠᠢ ᠥᠢᠷᠠᠳᠥᠭᠤᠯᠬᠤ ᠵᠡᠷᠭᠡ ᠠᠵᠢᠯᠯᠠᠭ᠎ᠠ ᠵᠢ ᠥᠷᠨᠢᠭᠦᠯᠥᠨ᠂ ᠲᠠᠷᠢᠶᠠᠯᠠᠩ᠂ ᠰᠣᠶᠣᠯ᠂ ᠵᠢᠭᠤᠯᠴᠢᠯᠠᠯ᠂ ᠪᠡᠶ᠎ᠡ᠎ᠶᠢᠨ ᠲᠠᠮᠢᠷ᠂ ᠬᠤᠳᠠᠯᠳᠤᠭ᠎ᠠ᠎ᠶᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ᠎ᠶᠢ ᠴᠢᠬᠤᠯᠠᠴᠢᠯᠠᠵᠤ᠂ ᠮᠥᠰᠥ ᠴᠠᠰᠤᠨ᠎ᠤ ᠥᠢᠯᠡᠳᠥᠯᠭᠡ ᠬᠥᠮᠥᠵᠢᠯ᠎ᠤᠨ ᠠᠵᠢᠯᠯᠠᠭ᠎ᠠ᠂ ᠮᠥᠰᠥ ᠴᠠᠰᠤᠨ᠎ᠤ ᠤᠷᠤᠯᠳᠤᠭᠠᠨ ᠵᠡᠷᠭᠡ ᠬᠠᠮᠢᠶ᠎ᠠ ᠪᠦᠬᠦᠢ ᠠᠵᠢᠯᠯᠠᠭ᠎ᠠ᠎ᠶᠢ ᠥᠷᠨᠢᠭᠥᠯᠥᠨ᠂ 〈ᠬᠦᠢᠲᠡᠨ ᠡᠬᠢ ᠪᠠᠶᠠᠯᠢᠭ᠋〉 ᠵᠢᠡᠷ 〈ᠬᠠᠯᠠᠭᠤᠨ ᠠᠵᠤ ᠦᠢᠯᠡᠰ〉 ᠢ᠋ ᠳᠠᠢᠴᠢᠯᠠᠬᠤ᠎ᠶᠢ ᠦᠨᠡᠨ ᠬᠦ᠌ ᠪᠡᠶᠡᠯᠡᠭᠦᠯᠬᠦ ᠪᠤᠯᠤᠨ᠎ᠠ》 ᠭᠡᠵᠦ ᠬᠡᠯᠡᠵᠤ ᠪᠠᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面