2026-01-20 11:36:16
ᠬᠥᠬᠡᠬᠣᠲᠠ ᠶ᠋ᠢᠨ ᠱᠤᠭᠤᠮᠠᠯ ᠤᠷᠠᠯᠢᠭ ᠤ᠋ᠨ ᠣᠷᠳᠣᠨ ᠲᠦᠷᠦᠬᠦᠬᠡᠨ ᠤᠯᠤᠰ ᠤ᠋ᠨ 4A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠢ᠋ᠶ᠋ᠠᠷ ᠦᠨᠡᠯᠡᠭ᠌ᠳᠡᠵᠦ᠂ ᠲᠠᠯᠠᠪᠠᠶ ᠣᠷᠳᠣᠨ ᠤ᠋ ᠪᠥᠲᠥᠭᠡᠨ ᠪᠠᠢᠭᠤᠯᠤᠯᠲᠠ᠂ ᠡᠵᠡᠩᠨᠡᠯᠲᠡ ᠪᠠ ᠦᠶ᠋ᠯᠡᠴᠢᠯᠡᠭᠡ ᠨᠢ ᠲᠠᠶᠠᠭᠠᠷ ᠲᠦ᠍ ᠮᠡᠳᠡᠷᠡᠭᠳᠡᠵᠦ᠂ ᠦᠪᠦᠷ ᠮᠤᠨᠭᠭᠤᠯ ᠤ᠋ᠨ ᠰᠤᠶᠤᠯ ᠵᠢᠭᠤᠯᠴᠢᠯᠠᠯ ᠤ᠋ᠨ ᠰᠢᠨ᠎ᠠ ᠨᠡᠷ᠎ᠠ ᠶ᠋ᠢᠨ ᠬᠠᠭᠤᠳᠠᠰᠤ ᠪᠤᠯᠵᠠᠢ᠃
ᠬᠥᠬᠡᠬᠣᠲᠠ ᠶ᠋ᠢᠨ ᠱᠤᠭᠤᠮᠠᠯ ᠤᠷᠠᠯᠢᠭ ᠤ᠋ᠨ ᠣᠷᠳᠣᠨ ᠤ᠋ ᠶᠡᠷᠦᠩᠬᠡᠶ ᠪᠠᠷᠢᠯᠭ᠎ᠠ ᠶ᠋ᠢᠨ ᠲᠠᠯᠠᠪᠠᠶ 2.5 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠤ᠂ ᠬᠡᠪᠴᠢᠶ᠎ᠡ ᠪᠡᠷ ᠪᠥᠬᠥ᠌ ᠤᠯᠤᠰ ᠤ᠋ᠨ ᠭᠤᠷᠪᠠᠳᠤᠭᠠᠷ ᠲᠦ᠍ ᠣᠷᠣᠵᠤ ᠪᠤᠢ᠃ ᠲᠣᠰ ᠤᠷᠳᠤᠨ ᠤ᠋ ᠪᠠᠷᠢᠯᠭ᠎ᠠ 2023 ᠣᠨ ᠤ᠋ 5 ᠰᠠᠷ᠎ᠠ ᠶ᠋ᠢᠨ 31 ᠤ᠋ ᠡᠳᠦᠷ ᠡᠬᠢᠯᠡᠵᠦ᠍᠂ 7 ᠵᠢᠯ ᠱᠢᠬᠠᠮ ᠰᠤᠯᠠ ᠳᠠᠯᠪᠢᠭᠳᠠᠭᠰᠠᠨ ᠭᠠᠵᠠᠷ ᠱᠢᠷᠣᠶ ᠶ᠋ᠢᠨ ᠡᠬᠢ ᠪᠠᠶᠠᠯᠢᠭ ᠢ᠋ ᠠᠮᠢᠯᠠᠭᠤᠯᠤᠭᠰᠠᠨ ᠪᠠᠢᠨ᠎ᠠ᠃ ᠬᠥᠬᠡᠬᠣᠲᠠ ᠶ᠋ᠢᠨ ᠱᠤᠭᠤᠮᠠᠯ ᠤᠷᠠᠯᠢᠭ ᠤ᠋ᠨ ᠣᠷᠳᠣᠨ ᠨᠢ ᠤᠤᠯ ᠤ᠋ᠨ ᠭᠠᠵᠠᠷ ᠤ᠋ᠨ ᠭᠠᠳᠠᠷᠭᠤ ᠵᠢ ᠬᠦᠢᠴᠡᠳ ᠠᠰᠢᠭᠯᠠᠨ᠂ ᠭᠡᠷ ᠤ᠋ᠨ ᠣᠷᠣᠶ ᠪᠣᠯᠤᠨ ᠡᠷᠭᠢᠨ ᠲᠣᠭᠣᠷᠢᠨ ᠳ᠋ᠤᠨᠢ ᠪᠦᠷ ᠵᠦᠯᠬᠡ ᠲᠠᠷᠢᠵᠤ ᠬᠤᠴᠢᠭᠠᠳ᠂ ᠪᠠᠷᠢᠯᠭ᠎ᠠ ᠶ᠋ᠢᠨ ᠭᠣᠣᠯ ᠴᠣᠭ᠍ᠴᠠ ᠨᠢ ᠶᠠᠭ ᠯᠡ ᠪᠦᠷᠭᠦᠳ ᠵᠢᠭᠦᠷ ᠢ᠋ᠶ᠋ᠡᠨ ᠳᠡᠯᠭᠡᠨ ᠨᠢᠰᠴᠤ ᠪᠠᠢᠭ᠎ᠠ ᠮᠡᠲᠦ ᠬᠠᠷᠠᠭᠳᠠᠳᠠᠭ ᠶᠤᠮ᠃
ᠬᠥᠬᠡᠬᠣᠲᠠ ᠶ᠋ᠢᠨ ᠱᠤᠭᠤᠮᠠᠯ ᠤᠷᠠᠯᠢᠭ ᠤ᠋ᠨ ᠣᠷᠳᠣᠨ ᠨᠢᠬᠡᠨᠳᠡ ᠣᠯᠠᠨ ᠵᠦᠢᠯ ᠢ᠋ ᠠᠭᠤᠰᠤᠯᠴᠠᠭᠤᠯᠤᠭᠰᠠᠨ ᠤᠷᠠᠯᠢᠭ ᠤ᠋ᠨ ᠦᠶ᠋ᠯᠡᠳᠦᠯᠭᠡ ᠶ᠋ᠢᠨ ᠲᠠᠪᠴᠠᠩ ᠪᠤᠯᠵᠠᠢ᠃ ᠲᠤᠰ ᠣᠷᠳᠣᠨ ᠤ᠋ ᠭᠤᠤᠯ ᠣᠨᠴᠠᠯᠢᠭ ᠨᠢ ᠤᠷᠠᠯᠢᠭ ᠤ᠋ᠨ ᠢᠯᠡᠷᠡᠭᠦᠯᠦᠯ ᠪᠠ ᠰᠣᠶᠣᠯ ᠤ᠋ᠨ ᠳᠠᠮᠵᠢᠭᠤᠯᠭ᠎ᠠ ᠬᠣᠶᠠᠷ ᠶᠡᠬᠡ ᠲᠠᠯ᠎ᠠ ᠳ᠋ᠦ ᠲᠥᠪᠯᠡᠷᠡᠩᠭᠦᠶ ᠢᠯᠡᠷᠡᠵᠦ᠍ ᠪᠤᠢ᠃ ᠱᠤᠭᠤᠮᠠᠯ ᠤ᠋ᠨ ᠣᠷᠳᠣᠨ ᠳ᠋ᠦ《ᠤᠷᠲᠦ ᠵᠠᠮ ᠤ᠋ᠨ ᠠᠶᠠᠨ ᠳᠠᠢᠨ ᠤ᠋ ᠰᠢᠷᠢᠰ ᠱᠤᠭᠤᠮᠠᠯ》ᠵᠡᠷᠭᠡ ᠦᠵᠡᠯ ᠰᠠᠨᠠᠭᠠᠴᠢ ᠴᠢᠨᠠᠷ ᠪᠣᠯᠤᠨ ᠤᠷᠠᠯᠢᠭ᠍ᠴᠢ ᠴᠢᠨᠠᠷ ᠵᠢᠡᠷ ᠴᠢᠩᠭ᠎ᠠ ᠰᠤᠳᠤᠨ ᠪᠦᠲᠦᠭᠡᠯ ᠤᠯᠠᠨ ᠪᠠᠢᠵᠦ᠂ ᠰᠣᠶᠣᠯ ᠤ᠋ᠨ ᠤᠯᠠᠮᠵᠢᠯᠠᠯ ᠳ᠋ᠦ ᠴᠢᠬᠤᠯᠠ ᠠᠴᠢᠶᠠᠯᠠᠪᠤᠷᠢ ᠬᠠᠩᠭᠠᠪᠠ᠃ ᠤᠷᠠᠯᠢᠭ ᠤ᠋ᠨ ᠦᠵᠡᠰᠭᠦᠯᠡᠩ ᠤ᠋ᠨ ᠲᠠᠯ᠎ᠠ ᠪᠠᠷ᠂ ᠨᠢᠭᠡᠨᠲᠡ ᠨᠢᠭᠡᠳᠦᠭᠡᠷ᠂ ᠬᠣᠶᠠᠳᠤᠭᠠᠷ ᠬᠤᠭᠤᠴᠠᠭᠠᠨ ᠤ᠋ ᠣᠯᠠᠨ ᠤᠯᠤᠰ ᠤ᠋ᠨ ᠱᠤᠭᠤᠮᠠᠯ ᠤ᠋ᠨ ᠤᠷᠠᠯᠢᠭ ᠤ᠋ᠨ ᠦᠵᠡᠰᠭᠦᠯᠡᠩ᠂ ᠪᠥᠬᠥ᠌ ᠤᠯᠤᠰ ᠤ᠋ᠨ ᠤᠶᠤᠲᠠᠳ ᠤ᠋ᠨ ᠰᠤᠷᠤᠯᠭ᠎ᠠ ᠲᠡᠭᠦᠰᠭᠦ ᠪᠦᠲᠦᠭᠡᠯ ᠤ᠋ᠨ ᠦᠵᠡᠰᠭᠦᠯᠡᠩ᠂ ᠤᠯᠠᠭᠠᠨ ᠸᠠᠭᠠᠷ ᠤ᠋ᠨ ᠭᠠᠷ ᠤᠷᠠᠯᠠᠯ ᠤ᠋ᠨ ᠦᠵᠡᠰᠭᠦᠯᠡᠩ ᠵᠡᠷᠭᠡ ᠱᠢᠷᠢᠰ ᠣᠨᠴᠠᠯᠢᠭ᠍ᠲᠤ ᠦᠵᠡᠰᠭᠦᠯᠡᠩ ᠢ᠋ ᠡᠷᠭᠢᠯᠡᠵᠦ᠍᠂ ᠣᠯᠠᠨ ᠡᠱᠢᠲᠦ ᠭᠤᠤᠯ ᠰᠡᠳᠦᠪ ᠢ᠋ᠶ᠋ᠡᠷ ᠬᠣᠲᠠ ᠶ᠋ᠢᠨ ᠠᠷᠠᠳ ᠲᠦ᠍ ᠦᠷᠭᠦᠯᠵᠢᠯᠡᠭ᠌ᠰᠡᠨ ᠤᠷᠠᠯᠢᠭ ᠤ᠋ᠨ ᠬᠦᠷᠳᠡᠭᠡᠯ ᠡᠳ᠋ᠯᠡᠬᠦᠯᠪᠡ᠃ ᠭᠤᠤ᠎ᠠ ᠰᠠᠢᠬᠠᠨ ᠤ᠋ ᠬᠥᠮᠦᠵᠢᠯ ᠤ᠋ᠨ ᠬᠦᠷᠢᠶᠡᠨ ᠳ᠋ᠦ᠂ ᠱᠤᠭᠤᠮᠠᠯ ᠢ᠋ ᠰᠤᠳᠤᠯᠤᠨ ᠰᠤᠷᠤᠯᠴᠠᠬᠤ ᠠᠵᠢᠯᠯᠠᠭ᠎ᠠ ᠵᠢ ᠪᠠᠢᠩᠭᠤ ᠵᠢᠨ ᠴᠢᠨᠠᠷᠳᠠᠢ ᠥᠷᠨᠢᠭᠦᠯᠵᠦ᠍᠂ ᠲᠤᠰᠭᠠᠢ ᠮᠡᠷᠭᠡᠵᠢᠯ ᠤ᠋ᠨ ᠤᠬᠠᠭᠤᠯᠤᠨ ᠲᠠᠢᠯᠪᠤᠷᠢᠯᠠᠬᠤ ᠭᠠᠵᠠᠷ ᠪᠤᠯᠤᠨ ᠱᠢᠪᠠᠷ ᠱᠤᠭᠤᠮᠠᠯ ᠵᠣᠬᠢᠶᠠᠨ ᠪᠦᠲᠦᠭᠡᠬᠦ᠌ ᠭᠠᠵᠠᠷ ᠵᠢᠡᠷ ᠲᠠᠮᠵᠢᠨ ᠵᠠᠯᠠᠭᠤᠴᠤᠳ ᠪᠠᠭᠠᠴᠤᠳ ᠲᠦ᠍ ᠪᠣᠳᠠᠲᠤ ᠦᠢᠯᠡᠳᠦᠯᠭᠡ ᠳᠤᠮᠳᠠ ᠱᠤᠭᠤᠮᠠᠯ ᠤᠷᠠᠯᠢᠭ ᠤ᠋ᠨ ᠷᠢᠳᠢ ᠱᠢᠳᠢ ᠵᠢ ᠮᠡᠳᠡᠷᠡᠭᠦᠯᠵᠤ ᠪᠠᠢᠨ᠎ᠠ᠃ ᠲᠠᠯᠠᠪᠠᠢ ᠣᠷᠳᠣᠨ ᠳ᠋ᠦ ᠺᠢᠨᠣ᠋ ᠭᠠᠷᠭᠠᠬᠤ᠂ ᠳᠠᠭᠤᠤ ᠬᠥᠭ᠌ᠵᠢᠮ ᠤ᠋ᠨ ᠦᠳᠡᠱᠢᠯᠡᠭᠡ ᠡᠷᠬᠢᠯᠡᠬᠦ ᠵᠡᠷᠭᠡ ᠰᠣᠳᠣᠨ ᠠᠵᠢᠯᠯᠠᠭ᠎ᠠ ᠵᠢ ᠪᠠᠢᠩᠭᠤᠵᠢᠭᠤᠯᠤᠨ᠂ ᠤᠷᠠᠯᠢᠭ ᠤ᠋ᠨ ᠪᠡᠶᠡᠴᠢ ᠣᠢᠯᠠᠭᠠᠯᠲᠠ ᠵᠢ ᠤᠯᠠᠨ ᠡᠰᠢᠵᠢᠬᠦᠯᠬᠦ ᠵᠢᠨ ᠬᠠᠮᠳᠤ ᠲᠠᠯᠠᠪᠤᠷ ᠣᠷᠳᠣᠨ ᠤ᠋ ᠰᠣᠶᠣᠯ ᠤ᠋ᠨ ᠡᠭᠦᠳᠦᠯᠲᠡ ᠶ᠋ᠢᠨ ᠲᠣᠭᠣᠷᠢᠭ ᠪᠠ ᠤᠷᠠᠯᠢᠭ ᠤ᠋ᠨ ᠡᠭᠦᠳᠦᠯᠳᠡ ᠳ᠋ᠦ ᠠᠩᠬᠠᠷᠤᠯ ᠢ᠋ᠶ᠋ᠠᠨ ᠲᠥᠪᠯᠡᠷᠡᠭᠦᠯᠵᠦ᠍᠂ ᠠᠯᠢ ᠣᠯᠠᠨ ᠰᠣᠨᠢᠷᠬᠠᠯᠳᠦ ᠴᠢᠨᠠᠷᠲᠠᠶ ᠮᠦᠷᠳᠡᠬᠡᠨ ᠬᠡᠷᠡᠭ᠌ᠴᠡᠭᠡᠳᠦ ᠴᠢᠨᠠᠷᠲᠠᠶ ᠰᠣᠶᠣᠯ ᠤ᠋ᠨ ᠡᠭᠦᠳᠦᠯᠲᠡ ᠶ᠋ᠢᠨ ᠪᠦᠲᠦᠭᠡᠭ᠌ᠳᠡᠬᠦᠨ ᠢ᠋ ᠵᠤᠬᠢᠶᠠᠨ ᠦᠢᠯᠡᠳᠴᠦ᠂ ᠤᠷᠠᠯᠢᠭ ᠢ᠋ ᠡᠳᠦᠷ ᠲᠤᠲᠤᠮ ᠤ᠋ᠨ ᠠᠮᠢᠳᠤᠷᠠᠯ ᠳ᠋ᠦ ᠠᠭᠤᠰᠭᠠᠪᠠ᠃ ᠪᠠᠰᠠ ᠡᠷᠬᠢᠨ ᠲᠤᠭᠤᠷᠢᠨᠤ ᠪᠠᠨ ᠥᠪᠥᠷ ᠮᠣᠩᠭᠣᠯ ᠤ᠋ᠨ ᠤᠷᠠᠨ ᠵᠢᠷᠤᠭ ᠤ᠋ᠨ ᠣᠷᠳᠣᠨ᠂ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠣᠷᠳᠣᠨ᠂ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠵᠡᠷᠭᠡ ᠰᠣᠶᠣᠯ ᠤ᠋ᠨ ᠲᠠᠯᠠᠪᠠᠢ ᠣᠷᠳᠣᠨ ᠯᠤᠭ᠎ᠠ ᠠᠢᠵᠠᠮ ᠴᠤᠬᠢᠯᠭ᠎ᠠ ᠨᠡᠢᠯᠡᠬᠦᠯᠵᠤ᠂ ᠰᠣᠶᠣᠯ ᠵᠢᠭᠤᠯᠴᠢᠯᠠᠯ ᠤ᠋ᠨ ᠨᠥᠯᠥᠭᠡᠯᠡᠬᠦ᠌ ᠦᠢᠯᠡᠳᠦᠯ ᠵᠢᠡᠨ ᠤᠯᠠᠮ ᠥᠷᠭᠡᠳᠬᠡᠪᠡ᠃
ᠬᠥᠬᠡᠬᠣᠲᠠ ᠶ᠋ᠢᠨ ᠱᠤᠭᠤᠮᠠᠯ ᠤᠷᠠᠯᠢᠭ ᠤ᠋ᠨ ᠣᠷᠳᠣᠨ ᠨᠢ ᠦᠵᠡᠰᠭᠦᠯᠡᠩ ᠤ᠋ᠨ ᠪᠠᠢᠷᠢᠱᠢᠭᠤᠯᠤᠯᠲᠠ ᠪᠠ ᠦᠶ᠋ᠯᠡᠴᠢᠯᠡᠭᠡᠨ ᠤ᠋ ᠲᠥᠬᠥᠭᠡᠷᠦᠮᠵᠢ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ ᠦᠵᠡᠰᠭᠦᠯᠡᠩ ᠤ᠋ᠨ ᠲᠢᠩᠬᠢᠮ ᠢ᠋ ᠲᠠᠰ ᠳᠡᠪᠱᠢᠭᠦᠯᠦᠨ᠂ ᠰᠠᠭᠠᠳ ᠥᠬᠡᠶ ᠦᠶ᠋ᠯᠡᠴᠢᠯᠡᠭᠡᠨ ᠤ᠋ ᠣᠷᠣᠨ ᠪᠠᠢᠷᠢ ᠵᠢ ᠨᠠᠮᠠᠨ ᠳᠣᠭᠢᠷᠠᠭᠤᠯᠵᠤ᠂ ᠦᠵᠡᠰᠭᠦᠯᠡᠩ ᠤ᠋ᠨ ᠲᠣᠬᠢᠷᠠᠮᠵᠢᠲᠠᠶ ᠪᠥᠭᠡᠳ ᠳᠥᠭᠥᠮ ᠳᠥᠲᠡ ᠴᠢᠨᠠᠷ ᠢ᠋ ᠳᠡᠭᠡᠭ᠌ᠰᠢᠯᠡᠭᠦᠯᠬᠦ ᠵᠢᠨ ᠬᠠᠮᠳᠤ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠣᠷᠣᠢᠯᠠᠭ᠍ᠰᠠᠨ ᠤᠷᠠᠯᠢᠭ ᠤ᠋ᠨ ᠪᠠᠢᠭᠤᠯᠤᠮᠵᠢ᠂ ᠰᠤᠷᠭᠠᠨ ᠬᠥᠮᠦᠵᠢᠯ ᠤ᠋ᠨ ᠨᠢᠭᠡᠴᠢᠯᠦᠭᠡ ᠶ᠋ᠢᠨ ᠬᠠᠮᠲᠤᠷᠠᠯᠴᠠᠭ᠎ᠠ ᠪᠠᠨ ᠭᠦᠨᠵᠡᠭᠡᠢᠷᠡᠭᠦᠯᠵᠦ᠍᠂ ᠨᠠᠩ ᠣᠯᠠᠨ ᠳᠡᠭᠡᠳᠦ ᠲᠠᠰ ᠤ᠋ᠨ ᠴᠢᠨᠠᠷ ᠰᠠᠢᠲᠠᠶ ᠱᠤᠭᠤᠮᠠᠯ ᠤ᠋ᠨ ᠤᠷᠠᠯᠢᠭ ᠤ᠋ᠨ ᠣᠨᠴᠠ ᠦᠵᠡᠭᠦᠯᠭᠡ ᠵᠢ ᠣᠷᠣᠭᠤᠯᠤᠨ ᠠᠪᠴᠢᠷᠠᠵᠤ᠂ ᠦᠵᠡᠭᠦᠯᠭᠡ ᠶ᠋ᠢᠨ ᠲᠠᠰ ᠳᠠᠪᠬᠤᠷᠭ᠎ᠠ ᠪᠠ ᠰᠣᠶᠣᠯ ᠤ᠋ᠨ ᠠᠭᠤᠯᠤᠭ᠍ᠳᠠᠬᠤᠨ ᠢ᠋ ᠪᠠᠶᠠᠯᠢᠭ᠍ᠵᠢᠭᠤᠯᠬᠤ ᠪᠡᠷ ᠬᠦᠴᠦᠯᠡᠵᠤ ᠪᠠᠢᠨ᠎ᠠ᠃ ᠡᠬᠦᠨ ᠡᠴᠡ ᠭᠠᠳᠠᠨ᠎ᠠ᠂ ᠨᠠᠩ ᠬᠠᠨᠳᠤᠯᠭᠠᠲᠤ ᠴᠢᠨᠠᠷᠲᠠᠶ ᠪᠠ ᠰᠣᠨᠢᠷᠬᠠᠯᠲᠤ ᠴᠢᠨᠠᠷᠲᠠᠶ ᠭᠤᠤ᠎ᠠ ᠰᠠᠢᠬᠠᠨ ᠤ᠋ ᠬᠥᠮᠦᠵᠢᠯ ᠤ᠋ᠨ ᠬᠢᠴᠢᠶᠡᠯ ᠨᠡᠭᠡᠭᠡᠨ᠂ ᠭᠤᠤ᠎ᠠ ᠰᠠᠢᠬᠠᠨ ᠤ᠋ ᠬᠥᠮᠦᠵᠢᠯ ᠬᠢᠭᠡᠳ ᠦᠶ᠋ᠯᠡᠳᠦᠯᠭᠡ ᠶ᠋ᠢᠨ ᠪᠡᠶᠡᠴᠢᠯᠡᠨ ᠣᠢᠯᠠᠭᠠᠬᠤ ᠵᠢ ᠭᠦᠨᠵᠡᠭᠡᠶ ᠠᠭᠤᠰᠤᠯᠴᠠᠭᠤᠯᠬᠤ ᠵᠢ ᠠᠬᠢᠭᠤᠯᠵᠤ᠂ ᠭᠤᠤ᠎ᠠ ᠰᠠᠢᠬᠠᠨ ᠤ᠋ ᠬᠥᠮᠦᠵᠢᠯ ᠤ᠋ᠨ ᠣᠢᠯᠠᠭᠠᠭ᠍ᠳᠠᠬᠤᠨ ᠢ᠋ ᠨᠠᠩ ᠣᠯᠠᠨ ᠬᠥᠮᠦᠰ ᠲᠦ᠍ ᠬᠦᠷᠲᠡᠭᠡᠨ᠂ ᠲᠠᠯᠠᠪᠤᠷ ᠣᠷᠳᠣᠨ ᠤ᠋ ᠤᠷᠠᠯᠢᠭ ᠤ᠋ᠨ ᠦᠵᠡᠰᠭᠦᠯᠡᠩ᠂ ᠰᠣᠶᠣᠯ ᠤ᠋ᠨ ᠳᠠᠮᠵᠢᠭᠤᠯᠭ᠎ᠠ᠂ ᠣᠯᠠᠨ ᠨᠡᠢᠲᠡ ᠶ᠋ᠢᠨ ᠦᠶ᠋ᠯᠡᠴᠢᠯᠡᠭᠡ ᠵᠡᠷᠭᠡ ᠣᠯᠠᠨ ᠬᠦᠷᠢᠶᠡᠨ ᠳ᠋ᠡᠬᠢ ᠴᠢᠨᠠᠷ ᠰᠠᠢᠲᠠᠶ ᠬᠥᠭ᠌ᠵᠢᠯᠲᠡ ᠵᠢ ᠪᠥᠬᠥ᠌ ᠲᠠᠯ᠎ᠠ ᠪᠠᠷ ᠠᠬᠢᠭᠤᠯᠵᠤ᠂ ᠬᠥᠬᠡᠬᠣᠲᠠ ᠶ᠋ᠢᠨ ᠰᠣᠶᠣᠯ ᠤ᠋ᠨ ᠬᠦᠴᠦᠨ ᠢ᠋ ᠳᠡᠭᠡᠭ᠌ᠰᠢᠯᠡᠭᠦᠯᠬᠦ᠌᠂ ᠬᠣᠲᠠ ᠶ᠋ᠢᠨ ᠠᠷᠠᠳ ᠤ᠋ᠨ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠣᠶᠤᠨ ᠤ᠋ ᠰᠣᠶᠣᠯ ᠤ᠋ᠨ ᠬᠡᠷᠡᠭ᠌ᠴᠡᠭᠡ ᠵᠢ ᠬᠠᠩᠭᠠᠬᠤ ᠳ᠋ᠦ ᠨᠠᠩ ᠶᠡᠬᠡ ᠬᠦᠴᠦᠨ ᠨᠡᠮᠡᠷᠢᠯᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃