2026-10-16 11:28:10
ᠳᠦᠷᠦᠬᠦᠭᠡᠨ ᠦᠦᠰᠢᠨ ᠬᠣᠰᠢᠭᠤᠨ ᠤ᠋ ᠵᠢᠷᠣᠭ᠎ᠠ ᠮᠣᠷᠢᠨ ᠤ᠋ ᠰᠣᠶᠣᠯ ᠵᠢᠭᠤᠯᠴᠢᠯᠠᠯ ᠤ᠋ᠨ ᠠᠮᠠᠷᠠᠯᠲᠠ ᠶ᠋ᠢᠨ ᠣᠷᠣᠨ 《2026 ᠳᠤᠮᠳᠠᠳᠤ ᠤᠯᠤᠰ ᠤ᠋ᠨ ᠪᠡᠶ᠎ᠡ ᠶ᠋ᠢᠨ ᠲᠠᠮᠢᠷ ᠤ᠋ᠨ ᠵᠢᠭᠤᠯᠴᠢᠯᠠᠯ ᠤ᠋ᠨ ᠰᠣᠳᠣᠨ ᠲᠦᠷᠦᠯ ᠵᠦᠢᠯ》 ᠳ᠋ᠤ ᠠᠮᠵᠢᠯᠲᠠ ᠲᠠᠢ ᠰᠣᠩᠭᠣᠭᠳᠠᠪᠠ᠃
ᠦᠦᠰᠢᠨ ᠬᠣᠰᠢᠭᠤ ᠪᠣᠯ ᠤᠯᠤᠰ ᠤ᠋ᠨ ᠳᠡᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ 《ᠦᠦᠰᠢᠨ ᠵᠢᠷᠤᠭ᠎ᠠ ᠮᠣᠷᠢᠨ ᠤ᠋ ᠤᠷᠤᠯᠳᠤᠭᠠᠨ》 ᠤ᠋ ᠡᠭᠦᠰᠦᠯᠲᠡ ᠶ᠋ᠢᠨ ᠭᠠᠵᠠᠷ ᠪᠣᠯᠬᠤ ᠶᠤᠮ᠂ ᠦᠦᠰᠢᠨ ᠵᠢᠷᠤᠭ᠎ᠠ ᠮᠣᠷᠢ ᠤᠷᠤᠰᠤᠮ᠎ᠠ᠂ ᠵᠥᠭᠡᠯᠡᠨ᠂ ᠭᠤᠸ᠎ᠠ ᠰᠠᠢᠬᠠᠨ ᠶ᠋ᠢᠡᠷ ᠶ᠋ᠢᠡᠨ ᠬᠡᠳᠦᠨ ᠵᠠᠭᠤᠨ ᠵᠢᠯ ᠤ᠋ᠨ ᠲᠠᠯ᠎ᠠ ᠨᠤᠲᠤᠭ ᠤ᠋ᠨ ᠨᠠᠬᠥᠳᠡᠯ ᠮᠠᠯᠵᠢᠯᠤᠨ ᠤᠶᠤᠨ ᠤᠬᠠᠭᠠᠨ ᠪᠣᠯᠣᠨ ᠪᠣᠯᠪᠠᠰᠤᠨ ᠢ᠋ ᠠᠴᠢᠶᠠᠯᠠᠵᠤ ᠪᠠᠢᠳᠠᠭ᠃ ᠡᠨᠡ ᠬᠦ᠌ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠡᠬᠢ ᠪᠠᠶᠠᠯᠢᠭ᠋ ᠲᠤ᠌ ᠲᠦᠰᠢᠭᠯᠡᠨ᠂ ᠳᠤᠰ ᠬᠤᠰᠢᠭᠤ ᠦᠦᠰᠢᠨ ᠵᠢᠷᠣᠭ᠎ᠠ ᠮᠤᠷᠢᠨ ᠤ᠋ ᠰᠣᠶᠣᠯ ᠵᠢᠭᠤᠯᠴᠢᠯᠠᠯ ᠤ᠋ᠨ ᠠᠮᠠᠷᠠᠯᠲᠠ ᠶ᠋ᠢᠨ ᠣᠷᠣᠨ ᠢ᠋ ᠤᠯᠤᠰ ᠤ᠋ᠨ AAAA ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠪᠣᠯᠭᠠᠨ ᠪᠠᠢᠭᠤᠯᠵᠤ᠂ ᠵᠢᠷᠣᠭ᠎ᠠ ᠮᠣᠷᠢᠨ ᠤ᠋ ᠤᠷᠤᠯᠳᠤᠭᠠᠨ ᠢ᠋ ᠪᠠᠢᠩᠭᠤᠵᠢᠭᠤᠯᠤᠨ ᠥᠷᠨᠢᠭᠦᠯᠵᠤ᠂ ᠮᠣᠷᠢᠨ ᠮᠡᠷᠭᠡᠵᠢᠯ ᠤ᠋ᠨ ᠵᠢᠭᠠᠨ ᠰᠤᠷᠭᠠᠯᠲᠠ᠂ ᠠᠳᠤᠭᠤᠨ ᠰᠣᠶᠣᠯ ᠤ᠋ᠨ ᠦᠵᠡᠭᠦᠯᠭᠡ ᠵᠡᠷᠭᠡ ᠳᠦᠷᠦᠯ ᠵᠦᠢᠯ ᠢ᠋ ᠭᠠᠷᠭᠠᠵᠤ᠂ ᠡᠷᠬᠢᠨ ᠲᠣᠭᠣᠷᠢᠨ ᠤ᠋ ᠮᠣᠷᠢᠨ ᠮᠡᠷᠭᠡᠵᠢᠯ ᠳ᠋ᠤ ᠪᠠᠬᠠᠲᠠᠢ ᠬᠥᠮᠥᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠰᠣᠶᠣᠯ ᠢ᠋ ᠤᠢᠯᠠᠭᠠᠨ ᠰᠣᠯᠢᠯᠴᠠᠬᠤ ᠵᠢᠭ᠍ᠰᠠᠭᠠᠯ ᠤ᠋ᠨ ᠭᠠᠵᠠᠷ ᠪᠣᠯᠭᠠᠭᠰᠠᠨ ᠪᠠᠢᠨ᠎ᠠ᠃
ᠲᠣᠰ ᠤᠳᠠᠭ᠎ᠠ ᠠᠮᠵᠢᠯᠲᠠ ᠲᠠᠢ ᠰᠣᠩᠭᠣᠭᠳᠠᠭᠰᠠᠨ ᠶᠠᠪᠤᠳᠠᠯ ᠪᠣᠯ ᠤᠯᠤᠰ ᠡᠴᠠ ᠲᠣᠰ ᠠᠮᠠᠷᠠᠯᠲᠠ ᠶ᠋ᠢᠨ ᠣᠷᠣᠨ ᠤ᠋ 《ᠪᠡᠶ᠎ᠡ ᠶ᠋ᠢᠨ ᠲᠠᠮᠢᠷ + ᠰᠣᠶᠣᠯ + ᠵᠢᠭᠤᠯᠴᠢᠯᠠᠯ》 ᠢ᠋ ᠠᠭᠤᠰᠤᠯᠴᠠᠭᠤᠯᠤᠨ ᠬᠥᠭᠵᠢᠭᠦᠯᠬᠦ ᠠᠷᠭ᠎ᠠ ᠵᠠᠮ ᠢ᠋ ᠨᠤᠲᠠᠯᠠᠭᠰᠠᠨ ᠶᠠᠪᠤᠳᠠᠯ ᠪᠣᠯᠬᠤ ᠶᠤᠮ᠃ ᠳᠤᠰ ᠠᠮᠠᠷᠠᠯᠲᠠ ᠶ᠋ᠢᠨ ᠣᠷᠣᠨ ᠨᠢ ᠤᠷᠤᠯᠳᠤᠭᠠᠨ ᠤ᠋ ᠶᠠᠪᠤᠳᠠᠯ ᠶ᠋ᠢᠡᠷ ᠬᠥᠲᠥᠯᠥᠮᠵᠢ ᠪᠣᠯᠭᠠᠵᠤ᠂ ᠰᠣᠶᠣᠯ ᠶ᠋ᠢᠡᠷ ᠴᠥᠮ᠎ᠡ ᠪᠣᠯᠭᠠᠨ᠂ ᠵᠢᠭᠤᠯᠴᠢᠯᠠᠯ ᠶ᠋ᠢᠡᠷ ᠠᠴᠢᠶᠠᠯᠠᠪᠤᠷᠢ ᠪᠣᠯᠭᠠᠵᠤ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠠᠮᠢᠳᠤᠯᠢᠭ᠋ ᠶ᠋ᠢᠡᠷ ᠵᠠᠯᠭᠠᠮᠵᠢᠯᠠᠨ᠂ ᠦᠪᠦᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠪᠡᠶ᠎ᠡ ᠶ᠋ᠢᠨ ᠲᠠᠮᠢᠷ ᠤ᠋ᠨ ᠵᠢᠭᠤᠯᠴᠢᠯᠠᠯ ᠤ᠋ᠨ ᠴᠢᠨᠠᠷ ᠰᠠᠢᠲᠠᠢ ᠬᠥᠭᠵᠢᠯᠲᠡ ᠳ᠋ᠤ ᠦᠢᠯᠡᠳᠦᠯᠭᠡ ᠶ᠋ᠢᠨ ᠥᠯᠢᠭᠡᠷ ᠳᠠᠭᠤᠷᠢᠶᠠᠯ ᠬᠠᠩᠭᠠᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃