ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-10-21 11:47:57

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠡᠷᠳᠡᠬᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠨᠡᠢᠭᠡᠮᠯᠢᠭ ᠤᠢᠷ᠎ᠠ ᠳ᠋ᠤ ᠪᠠᠢᠭᠤᠯᠤᠭᠳᠠᠵᠤ᠂ ᠨᠡᠢᠭᠡᠮᠯᠢᠭ ᠤ᠋ᠨ ᠲᠦᠷᠦᠭᠦᠦ ᠪᠦᠯᠦᠭ ᠤ᠋ᠨ ᠭᠡᠰᠢᠭᠦᠨ ᠨᠢᠭᠡᠴᠢ ᠨᠢ ᠪᠥᠬᠥ ᠣᠷᠣᠨ ᠤ᠋ 12 ᠠᠢᠮᠠᠭ ᠬᠣᠲᠠ ᠵᠢᠨ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠰᠠᠭᠤᠷᠢᠨ(ᠬᠤᠸᠠᠷᠠᠨ)᠂ ᠵᠢᠭᠤᠯᠴᠢᠯᠠᠯ ᠤ᠋ᠨ ᠭᠠᠵᠠᠷ᠂ ᠰᠤᠷᠭᠠᠭᠤᠯᠢ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠪᠠᠢᠭᠤᠯᠤᠮᠵᠢ ᠵᠡᠷᠭᠡ 77 ᠨᠢᠭᠡᠴᠢ ᠵᠢ ᠬᠠᠮᠤᠷᠴᠤ᠂ ᠠᠵᠢᠯ ᠲᠥᠷᠥᠯ ᠤ᠋ᠨ ᠡᠬᠢ ᠪᠠᠶᠠᠯᠢᠭ ᠢ᠋ ᠥᠷᠭᠡᠨ ᠲᠠᠯᠬᠡᠷ ᠴᠤᠭᠯᠠᠷᠠᠭᠤᠯᠤᠨ᠂ ᠡᠵᠡᠩᠨᠡᠯᠲᠡ ᠶ᠋ᠢᠨ ᠭᠣᠣᠯ ᠴᠣᠭᠴᠠ ᠵᠢ ᠪᠦᠲᠦᠮᠵᠢᠲᠡᠶ ᠬᠠᠮᠤᠷᠴᠠᠢ᠃

ᠲᠤᠰ ᠨᠡᠢᠭᠡᠮᠯᠢᠭ ᠨᠢ《ᠠᠵᠢᠯ ᠲᠥᠷᠥᠯ ᠳ᠋ᠡᠭᠡᠨ ᠦᠢᠯᠡᠴᠢᠯᠡᠵᠦ᠂ ᠵᠠᠰᠠᠭ ᠤ᠋ᠨ ᠤᠷᠳᠤᠨ ᠪᠠ ᠠᠵᠤ ᠠᠬᠤᠢᠯᠠᠯ ᠢ᠋ ᠬᠣᠯᠪᠣᠵᠤ᠂ ᠭᠡᠰᠢᠭᠦᠨ ᠨᠢᠬᠡᠴᠢ ᠳ᠋ᠦ ᠬᠦᠴᠦᠨ ᠣᠯᠭᠣᠬᠤ》ᠡᠭᠦᠷᠭᠡ ᠵᠢ ᠡᠬᠦᠷᠬᠡᠯᠡᠨ᠂ ᠬᠥᠭᠥᠷᠭᠡ ᠬᠣᠯᠪᠣᠭᠠᠰᠤ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠪᠥᠬᠥ ᠣᠷᠣᠨ ᠤ᠋ ᠴᠢᠨᠠᠷ ᠰᠠᠢᠲᠠᠢ ᠡᠬᠢ ᠪᠠᠶᠠᠯᠢᠭ ᠢ᠋ ᠨᠡᠢᠳᠬᠡᠨ᠂ ᠠᠵᠢᠯ ᠲᠥᠷᠥᠯ ᠤ᠋ᠨ ᠦᠢᠯᠡᠴᠢᠯᠡᠭᠡᠨ ᠤ᠋ ᠪᠠᠷᠢᠮᠵᠢᠶ᠎ᠠ ᠵᠢ ᠵᠢᠷᠤᠮᠵᠢᠭᠤᠯᠵᠤ᠂ ᠰᠤᠳᠤᠯᠤᠨ ᠰᠤᠷᠤᠯᠴᠠᠬᠤ ᠰᠣᠳᠣᠨ ᠪᠦᠲᠦᠭᠡᠭᠳᠡᠬᠦᠨ ᠢ᠋ ᠪᠣᠢᠵᠢᠭᠤᠯᠵᠤ᠂ ᠥᠪᠥᠷ ᠮᠣᠩᠭᠣᠯ ᠤ᠋ᠨ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠲᠤᠰᠬᠠᠢᠵᠢᠭ᠍ᠰᠠᠨ᠂ ᠲᠥᠷᠥᠯ ᠲᠡᠮᠳᠡᠭᠵᠢᠭᠰᠡᠨ᠂ ᠰᠢᠰᠲᠧᠮᠵᠢᠭᠰᠡᠨ ᠴᠢᠭᠯᠡᠯ ᠵᠢᠡᠷ ᠤᠷᠤᠭᠰᠢᠯᠠᠬᠤ ᠵᠢ ᠠᠬᠢᠭᠤᠯᠬᠤ ᠪᠤᠯᠤᠨ᠎ᠠ᠃ ᠨᠡᠢᠬᠡᠮᠯᠢᠭ ᠪᠠᠢᠭᠤᠯᠤᠭᠳᠠᠬᠤ ᠬᠤᠷᠠᠯ ᠲᠡᠬᠡᠷ᠎ᠠ 18 ᠵᠦᠢᠯ ᠤ᠋ᠨ ᠰᠤᠳᠤᠯᠤᠨ ᠰᠤᠷᠤᠯᠴᠠᠬᠤ ᠰᠢᠯᠢᠳᠡᠭ ᠬᠢᠴᠢᠶᠡᠯ᠂ 19 ᠵᠤᠷᠪᠤᠰ ᠰᠤᠳᠤᠯᠤᠨ ᠰᠤᠷᠤᠯᠴᠠᠬᠤ ᠰᠣᠳᠣᠨ ᠵᠠᠮ ᠱᠤᠭᠤᠮ ᠢ᠋ ᠨᠡᠢᠲᠡᠯᠡᠭᠰᠡᠨ ᠪᠥᠭᠡᠳ ᠰᠤᠩᠭᠤᠨ ᠰᠢᠯᠭᠠᠷᠠᠭᠤᠯᠤᠭᠰᠠᠨ ᠰᠢᠯᠢᠳᠡᠭ ᠲᠥᠯᠥᠭᠡᠯᠡᠭᠴᠢ ᠨᠢᠭᠡᠴᠢ ᠳ᠋ᠦ ᠦᠨᠡᠮᠯᠡᠯ ᠣᠯᠭᠣᠵᠠᠢ᠃ ᠡᠯ᠎ᠡ ᠭᠡᠰᠢᠭᠦᠨ ᠨᠢᠭᠡᠴᠢ ᠵᠢᠨ ᠬᠢᠨ ᠰᠤᠳᠤᠯᠤᠨ ᠨᠡᠭᠡᠭᠡᠬᠦ᠂ ᠡᠵᠡᠩᠨᠡᠨ ᠳᠡᠯᠭᠡᠷᠡᠭᠦᠯᠬᠦ ᠵᠡᠷᠭᠡ ᠭᠣᠣᠯ ᠬᠦᠷᠢᠶᠡᠨ ᠤ᠋ ᠲᠣᠭᠣᠷᠢᠨ ᠳ᠋ᠦ ᠦᠢᠯᠡᠳᠦᠯᠭᠡ ᠶ᠋ᠢᠨ ᠲᠤᠷᠰᠢᠯᠭ᠎ᠠ ᠪᠠᠨ ᠬᠤᠪᠢᠶᠠᠯᠴᠠᠵᠤ᠂ ᠰᠢᠨ᠎ᠡ ᠵᠢ ᠡᠭᠦᠳᠬᠦ ᠰᠡᠳᠬᠢᠴᠠ ᠪᠠᠨ ᠰᠣᠯᠢᠯᠴᠠᠪᠠ᠃ ᠡᠭᠦᠨ ᠤ᠋ ᠬᠠᠮᠲᠤ᠂ ᠣᠯᠠᠨ ᠶᠡᠬᠡ ᠳᠡᠭᠡᠳᠦ ᠰᠤᠷᠭᠠᠭᠤᠯᠢ᠂ ᠳᠤᠮᠳᠠᠳᠤ ᠪᠠᠭ᠎ᠠ ᠰᠤᠷᠭᠠᠭᠤᠯᠢ᠂ ᠠᠵᠢᠯ ᠲᠥᠷᠥᠯ ᠤ᠋ᠨ ᠬᠤᠳᠠᠯᠳᠤᠭᠠᠨ ᠤ᠋  ᠨᠡᠢᠭᠡᠮᠯᠢᠭ   ᠵᠢᠴᠢ ᠬᠠᠮᠢᠶ᠎ᠠ  ᠪᠦᠬᠦᠢ  ᠠᠵᠤ ᠠᠬᠤᠢᠯᠠᠯ ᠎ᠦᠨ ᠬᠢᠨ ᠲᠤᠬᠠᠢ ᠶ᠋ᠢᠨ ᠲᠠᠯᠠᠪᠠᠶ ᠳ᠋ᠦ ᠰᠠᠨᠠᠮᠵᠢ ᠶ᠋ᠢᠨ ᠬᠠᠮᠲᠤᠷᠠᠯᠴᠠᠭ᠎ᠠ ᠲᠣᠭᠲᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶ᠋ᠢᠨ ᠭᠦᠨᠵᠡᠭᠡᠢ ᠠᠭᠤᠰᠤᠯᠴᠠᠯ ᠬᠢᠭᠡᠳ ᠰᠤᠳᠤᠯᠤᠨ ᠰᠤᠷᠤᠯᠴᠠᠬᠤ ᠡᠬᠢ ᠪᠠᠶᠠᠯᠢᠭ᠋ ᠎ᠢ ᠪᠣᠳᠠᠲᠠᠢ ᠳ᠋ᠦ ᠨᠠᠢᠳᠠᠪᠤᠷᠢᠵᠢᠭᠤᠯᠬᠤ ᠵᠢ ᠲᠦᠷᠭᠡᠳᠬᠡᠭᠰᠡᠨ ᠪᠠᠢᠨ᠎ᠠ᠃

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠨᠡᠢᠭᠡᠮᠯᠢᠭ ᠨᠢ ᠥᠪᠡᠷᠲᠡᠭᠡᠨ ᠵᠠᠰᠠᠬᠤ ᠣᠷᠣᠨ ᠤ᠋ 《ᠠᠷᠪᠠᠨ ᠳᠠᠪᠤᠳᠤᠭᠠᠷ ᠳᠠᠪᠤᠨ ᠵᠢᠯ》ᠤ᠋ᠨ ᠵᠢᠭᠤᠯᠴᠢᠯᠠᠯ ᠤ᠋ᠨ ᠦᠢᠯᠡᠰ ᠤ᠋ᠨ ᠬᠥᠭᠵᠢᠯᠲᠡ ᠶ᠋ᠢᠨ ᠲᠥᠯᠦᠪᠵᠢᠭᠦᠯᠭᠡ ᠲᠠᠢ ᠨᠢᠭ᠍ᠲᠠ ᠤᠶᠠᠯᠳᠤᠭᠤᠯᠤᠨ᠂ ᠠᠵᠢᠯ ᠲᠥᠷᠥᠯ ᠤ᠋ᠨ ᠰᠣᠯᠢᠯᠴᠠᠭ᠎ᠠ ᠬᠠᠮᠲᠤᠷᠠᠯᠴᠠᠭ᠎ᠠ ᠶ᠋ᠢᠨ ᠲᠠᠪᠴᠠᠩ ᠢ᠋ ᠪᠠᠢᠭᠤᠯᠵᠤ᠂ ᠰᠤᠳᠤᠯᠤᠨ ᠰᠤᠷᠤᠯᠴᠠᠬᠤ ᠪᠠᠷᠢᠮᠵᠢᠶ᠎ᠠ ᠶ᠋ᠢᠨ ᠰᠢᠰᠲᠧᠮ ᠢ᠋ ᠲᠡᠭᠦᠯᠳᠡᠷᠵᠢᠭᠦᠯᠦᠨ᠂ ᠰᠤᠳᠤᠯᠤᠨ ᠰᠤᠷᠤᠯᠴᠠᠬᠤ ᠡᠬᠢ ᠪᠠᠶᠠᠯᠢᠭ ᠢ᠋ ᠬᠣᠯᠪᠣᠵᠤ᠂ ᠥᠪᠥᠷ ᠮᠣᠩᠭᠣᠯ ᠢ᠋ ᠪᠥᠬᠥ ᠤᠯᠤᠰ ᠤ᠋ᠨ ᠨᠠᠷᠠᠲᠤ ᠰᠤᠳᠤᠯᠤᠨ ᠰᠤᠷᠤᠯᠴᠠᠬᠤ ᠵᠢᠭᠤᠯᠴᠢᠯᠠᠯ ᠤ᠋ᠨ ᠵᠣᠷᠢᠯᠳᠠᠳᠦ ᠭᠠᠵᠠᠷ ᠪᠣᠯᠭᠠᠨ ᠪᠦᠲᠦᠭᠡᠨ ᠪᠠᠶ᠋ᠢᠭᠤᠯᠬᠤ ᠳ᠋ᠦ ᠬᠦᠴᠦᠨ ᠨᠡᠮᠡᠷᠢᠯᠡᠵᠦ᠂ ᠪᠥᠬᠥ ᠣᠷᠣᠨ ᠤ᠋ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳ᠋ᠦ ᠪᠠᠲᠤ ᠲᠤᠯᠭᠠᠭᠤᠷᠢᠯᠠᠯ ᠬᠠᠩᠭᠠᠬᠤ ᠪᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面