2026-09-14 11:40:30
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠣᠨᠢᠨ ᠮᠡᠳᠡᠭᠡᠨ ᠤ᠋ ᠠᠯᠪᠠᠨ ᠭᠡᠷ ᠤ᠋ᠨ ᠲᠦᠷᠦᠬᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠵᠢᠡᠷ᠂ ᠡᠨᠡ ᠨᠠᠮᠤᠷ ᠤᠯᠠᠭᠠᠨᠬᠠᠳᠠ ᠬᠤᠳᠠ 《ᠠᠯᠳᠠᠨ ᠨᠠᠮᠤᠷ ᠤ᠋ᠨ ᠶᠡᠬᠡ ᠬᠢᠩᠭᠠᠨ ᠳᠠᠪᠠᠭ᠎ᠠ》 ᠭᠡᠬᠦ ᠭᠣᠣᠯ ᠰᠡᠳᠦᠪ ᠲᠠᠢ ᠤᠶᠠᠯᠳᠤᠭᠤᠯᠤᠨ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠪᠡᠶᠡᠴᠢᠯᠡᠨ ᠣᠢᠯᠠᠭᠠᠬᠤ᠂ ᠨᠠᠮᠤᠷ ᠤ᠋ᠨ ᠦᠵᠡᠮᠵᠢ ᠵᠢ ᠵᠢᠷᠤᠭᠯᠠᠬᠤ᠂ ᠡᠯᠪᠡᠭ ᠬᠤᠷᠢᠶᠠᠯᠲᠠ ᠶ᠋ᠢᠨ ᠪᠠᠶᠠᠷ᠂ ᠰᠤᠳᠤᠯᠤᠨ ᠰᠤᠷᠤᠯᠴᠠᠬᠤ ᠦᠢᠯᠡᠳᠦᠯᠭᠡ ᠵᠡᠷᠭᠡ 4 ᠶᠡᠬᠡ ᠲᠥᠷᠥᠯ ᠤ᠋ᠨ 55 ᠵᠦᠢᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠵᠢ ᠲᠦᠰᠦᠪᠯᠡᠨ᠂ ᠬᠡᠰᠢᠭᠲᠡᠨ ᠬᠣᠰᠢᠭᠤᠨ ᠤ᠋ ᠬᠤᠪᠢᠶᠠᠷᠢ ᠲᠠᠯᠠᠪᠠᠢ ᠶ᠋ᠢᠨ ᠰᠢᠷᠢᠰ ᠠᠵᠢᠯᠯᠠᠭ᠎ᠠ ᠵᠢ 9 ᠰᠠᠷ᠎ᠠ ᠶ᠋ᠢᠨ ᠳᠤᠮᠳᠠᠴᠢ ᠪᠠᠷ ᠬᠤᠩᠭᠤ ᠶ᠋ᠢᠨ ᠳᠠᠪᠠᠭ᠎ᠠ ᠤᠯᠤᠰ ᠤ᠋ᠨ ᠤᠢ ᠰᠢᠭᠤᠢ ᠶ᠋ᠢᠨ ᠴᠡᠴᠡᠷᠯᠢᠭ ᠲᠦ᠍ ᠡᠬᠢᠯᠡᠬᠦᠯᠵᠦ᠂ ᠪᠠᠰᠠ 《ᠠᠯᠳᠠᠨ ᠨᠠᠮᠤᠷ ᠤ᠋ᠨ ᠬᠡᠷᠡᠯ ᠵᠢᠷᠤᠭ ᠠᠪᠬᠤ ᠠᠵᠢᠯᠯᠠᠭ᠎ᠠ》 ᠶ᠋ᠢ ᠵᠡᠷᠭᠡ ᠪᠡᠷ ᠡᠬᠢᠯᠡᠭᠦᠯᠬᠦ ᠪᠤᠯᠤᠨ᠎ᠠ᠃
ᠲᠤᠬᠠᠢ ᠶ᠋ᠢᠨ ᠦᠶ᠎ᠡ ᠳ᠋ᠦ ᠪᠠᠰᠠ ᠨᠠᠮᠤᠷ ᠤ᠋ᠨ ᠡᠳᠦᠷ ᠤ᠋ᠨ ᠬᠡᠷᠡᠯ ᠵᠢᠷᠤᠭ ᠠᠪᠴᠤ ᠮᠠᠲᠧᠷᠢᠶᠠᠯ ᠴᠤᠭᠯᠠᠭᠤᠯᠬᠤ᠂ ᠭᠠᠵᠠᠷ ᠰᠢᠨᠵᠢᠯᠡᠭᠡᠨ ᠤ᠋ ᠭᠠᠢᠬᠠᠮᠰᠢᠭ᠍ᠲᠤ ᠦᠵᠡᠮᠵᠢ ᠶ᠋ᠢᠨ ᠬᠡᠷ ᠪᠦᠯᠢ ᠵᠢᠨ ᠰᠤᠳᠤᠯᠤᠨ ᠰᠤᠷᠤᠯᠴᠠᠬᠤ ᠠᠵᠢᠯᠯᠠᠭ᠎ᠠ ᠲᠤᠬᠢᠷᠠᠭᠤᠯᠤᠨ ᠪᠠᠢᠭᠠᠯᠢ ᠶ᠋ᠢᠨ ᠰᠢᠨᠵᠢᠯᠡᠬᠦ ᠤᠬᠠᠭᠠᠨ ᠢ᠋ ᠲᠦᠭᠡᠮᠡᠯᠵᠢᠭᠦᠯᠬᠦ ᠪᠠ ᠬᠤᠪᠢᠰᠬᠠᠯᠲᠤ ᠬᠥᠮᠦᠵᠢᠯ ᠢ᠋ ᠣᠷᠭᠠᠨᠢᠭ᠋ ᠵᠢᠡᠷ ᠠᠭᠤᠰᠤᠯᠴᠠᠭᠤᠯᠵᠤ᠂ ᠬᠡᠩᠬᠦᠢ ᠲᠣᠰᠬᠣᠨ ᠤ᠋ ᠲᠦᠳᠡᠭ ᠭᠠᠯ ᠤ᠋ᠨ ᠨᠠᠢᠷ᠂ ᠭᠠᠯᠳᠠᠰᠤᠳᠠᠢ ᠷᠠᠰᠢᠶᠠᠨ ᠤ᠋ ᠡᠷᠡᠬᠦᠯᠵᠢᠯ ᠰᠤᠪᠢᠯᠠᠯᠳᠠ ᠶ᠋ᠢᠨ ᠵᠢᠭᠤᠯᠴᠢᠯᠠᠯ ᠢ᠋ ᠦᠷᠭᠦᠯᠵᠢᠯᠡᠨ ᠬᠦᠭᠵᠢᠭᠡᠵᠦ᠂ ᠦᠵᠡᠮᠵᠢ ᠰᠣᠨᠢᠷᠬᠠᠬᠤ᠂ ᠵᠢᠭᠤᠯᠴᠢᠯᠠᠨ ᠨᠠᠭᠠᠳᠬᠤ᠂ ᠡᠷᠡᠭᠦᠯᠵᠢᠯ ᠰᠤᠪᠢᠯᠠᠯᠳᠠ ᠠᠮᠠᠷᠠᠯᠳᠠ ᠬᠢᠬᠦ ᠨᠢᠭᠡ ᠴᠣᠭᠴᠠᠵᠢᠭ᠍ᠰᠠᠨ ᠪᠡᠶᠡᠴᠢ ᠤᠢᠯᠠᠭᠠᠯᠳᠠ ᠵᠢ ᠪᠦᠷᠢᠯᠳᠦᠬᠦᠯᠤᠨ᠎ᠠ᠃ ᠡᠨᠡ ᠬᠦ᠌ ᠰᠠᠭᠤᠷᠢᠨ ᠳᠡᠭᠡᠷ᠎ᠡ 5 ᠵᠤᠷᠪᠤᠰ ᠨᠠᠮᠤᠷ ᠤ᠋ᠨ ᠤᠯᠠᠷᠢᠯ ᠤ᠋ᠨ ᠰᠣᠳᠣᠨ ᠵᠢᠭᠤᠯᠴᠢᠯᠠᠯ ᠤ᠋ᠨ ᠵᠠᠮ ᠱᠤᠭᠤᠮ ᠭᠠᠷᠭᠠᠨ᠎ᠠ᠃ ᠡᠬᠦᠨ ᠳ᠋ᠤ᠂ ᠠᠯᠲᠠᠨ ᠨᠠᠮᠤᠷ ᠤ᠋ᠨ ᠬᠡᠷᠡᠯ ᠵᠢᠷᠤᠭ ᠠᠪᠬᠤ ᠵᠠᠮ ᠱᠤᠭᠤᠮ ᠨᠢ ᠤᠯᠠᠭᠠᠨᠪᠤᠳᠤᠩ᠂ ᠭᠦᠩᠵᠦ ᠨᠠᠭᠤᠷ᠂ ᠬᠤᠩᠭᠤ ᠶ᠋ᠢᠨ ᠳᠠᠪᠠᠭ᠎ᠠ᠂ ᠠᠰᠬᠠᠳᠦ ᠶ᠋ᠢᠨ ᠴᠢᠯᠠᠭᠤᠨ ᠣᠶ᠂ ᠲᠡᠯᠡᠢᠨᠠᠭᠤᠷ ᠢ᠋ ᠬᠣᠯᠪᠣᠵᠤ᠂ ᠬᠡᠷᠡᠯ ᠵᠢᠷᠤᠭ ᠠᠪᠬᠤ ᠳ᠋ᠤ ᠬᠠᠮᠤᠭ ᠤ᠋ᠨ ᠰᠠᠢᠨ ᠰᠣᠩᠭᠣᠯᠲᠠ ᠬᠠᠩᠭᠠᠨ᠎ᠠ; 《ᠶᠠᠨ ᠱᠠᠨ ᠠᠭᠤᠯᠠ ᠶ᠋ᠢᠨ ᠠᠷᠤ ᠪᠠᠯ ᠵᠠᠭᠤᠨ ᠭᠠᠵᠠᠷ ᠤ᠋ᠨ ᠵᠢᠷᠤᠭᠲᠤ ᠬᠣᠩᠭᠢᠯ》 ᠵᠠᠮ ᠱᠤᠭᠤᠮ ᠨᠢ ᠭᠡᠷ ᠪᠦᠯᠢ ᠶ᠋ᠢᠨ ᠵᠢᠭᠤᠯᠴᠢᠯᠠᠯ ᠳ᠋ᠤ ᠲᠣᠬᠢᠷᠠᠭᠤᠯᠤᠨ ᠳ᠋ᠣᠣ ᠰᠢᠦᠢ ᠭᠧᠦ᠂ ᠽᠢ ᠮᠧᠩ ᠬᠣ᠌᠂ ᠮᠠ ᠠᠨ ᠱᠠᠨ ᠣᠢ ᠰᠢᠭᠤᠢ ᠶ᠋ᠢᠨ ᠲᠠᠯᠠᠪᠠᠢ᠂ ᠬᠠᠷᠠᠴᠢᠨ ᠴᠢᠨ ᠸᠠᠩ ᠤ᠋ᠨ ᠣᠷᠳᠣᠨ ᠢ᠋ ᠬᠤᠯᠪᠤᠪᠠ; ᠦᠪᠡᠷ ᠵᠢᠡᠨ ᠮᠠᠰᠢᠨ ᠪᠠᠷᠢᠵᠤ ᠵᠢᠭᠤᠯᠴᠢᠯᠠᠬᠤ ᠵᠠᠮ ᠱᠤᠭᠤᠮ ᠨᠢ ᠳᠠᠯᠠᠢᠨᠠᠭᠤᠷ ᠡᠴᠡ ᠠᠰᠬᠠᠳᠦ ᠬᠦᠷᠬᠦ ᠵᠠᠰᠠᠮᠠᠯ ᠵᠠᠮ᠂ ᠪᠤᠷᠤᠬᠤᠳᠠ ᠡᠴᠡ ᠪᠠᠶᠠᠨᠲᠤᠬᠤᠢ ᠬᠦᠷᠬᠦ ᠵᠠᠰᠠᠮᠠᠯ ᠵᠠᠮ᠂ ᠰᠢᠷᠠᠮᠥ᠋ᠷᠡᠨ ᠬᠥᠭᠥᠷᠭᠡ᠂ ᠬᠤᠩᠭᠤ ᠶ᠋ᠢᠨ ᠳᠠᠪᠠᠭ᠎ᠠ ᠵᠢ ᠲᠠᠭᠠᠷᠢᠵᠤ᠂ ᠵᠢᠭᠤᠯᠴᠢᠯᠠᠭᠰᠠᠳ ᠲᠦ᠍ ᠲᠠᠯ᠎ᠠ ᠨᠤᠲᠤᠭ ᠵᠢᠡᠷ ᠦᠪᠡᠷ ᠵᠢᠡᠨ ᠮᠠᠰᠢᠨ ᠪᠠᠷᠢᠵᠤ ᠵᠢᠭᠤᠯᠴᠢᠯᠠᠬᠤ ᠬᠠᠪᠤ ᠴᠡᠩᠭᠡᠯ ᠢ᠋ ᠡᠳ᠋ᠯᠡᠬᠦᠯᠦᠨ᠎ᠡ; ᠪᠡᠶ᠎ᠡ ᠰᠡᠳᠬᠢᠯ ᠤ᠋ᠨ ᠡᠷᠡᠬᠦᠯᠵᠢᠯ ᠰᠤᠪᠢᠯᠠᠯᠳᠠ ᠶ᠋ᠢᠨ ᠵᠢᠭᠤᠯᠴᠢᠯᠠᠯ ᠤ᠋ᠨ ᠵᠠᠮ ᠱᠤᠭᠤᠮ ᠨᠢ ᠬᠡᠰᠢᠭᠲᠡᠨ᠂ ᠠᠤᠬᠠᠨ ᠪᠤᠯᠤᠨ ᠨᠢᠩᠴᠧᠩ ᠳ᠋ᠡᠬᠢ 3 ᠶᠡᠬᠡ ᠬᠠᠯᠠᠭᠤᠨ ᠷᠠᠰᠢᠶᠠᠨ ᠢ᠋ ᠬᠠᠮᠤᠷᠴᠤ᠂ ᠬᠦᠮᠦᠰ ᠲᠦ᠍ ᠨᠠᠮᠤᠷ ᠤ᠋ᠨ ᠦᠵᠡᠮᠵᠢ ᠵᠢ ᠰᠤᠨᠢᠷᠬᠠᠨ᠂ ᠷᠠᠰᠢᠶᠠᠨ ᠳ᠋ᠦ ᠤᠬᠢᠶᠠᠯᠭ᠎ᠠ ᠬᠢᠵᠦ᠂ ᠪᠡᠶ᠎ᠡ ᠰᠡᠳᠬᠢᠯ ᠵᠢᠡᠨ ᠠᠮᠠᠷᠠᠭᠤᠯᠬᠤ ᠠᠶᠠᠯᠠᠯ ᠢ᠋ ᠲᠤᠬᠢᠷᠠᠭᠤᠯᠵᠤ ᠦᠭᠴᠠᠢ; ᠰᠣᠶᠣᠯ ᠤ᠋ᠨ ᠰᠤᠳᠠᠰᠤ ᠵᠢ ᠬᠠᠢᠬᠤ ᠵᠠᠮ ᠱᠤᠭᠤᠮ ᠨᠢ ᠤᠯᠠᠭᠠᠨᠬᠠᠳᠠ ᠶ᠋ᠢᠨ ᠮᠦᠽᠧᠢ᠂ ᠯᠢᠶᠣᠤ ᠤᠯᠤᠰ ᠤ᠋ᠨ ᠲᠡᠦᠬᠡ ᠰᠣᠶᠣᠯ ᠤ᠋ᠨ ᠮᠦᠽᠧᠢ᠂ ᠬᠠᠰ ᠯᠣᠣ ᠡᠯᠡᠰᠦᠨ ᠨᠠᠭᠤᠷ᠂ ᠠᠤᠬᠠᠨ ᠤ᠋ ᠰᠢᠩ ᠯᠦᠩ ᠸᠠ ᠶ᠋ᠢᠨ ᠪᠠᠭᠤᠷᠢ ᠵᠢ ᠬᠤᠯᠪᠤᠵᠤ᠂ ᠬᠦᠮᠦᠰ ᠤ᠋ᠨ ᠬᠤᠩᠱᠠᠨ ᠰᠣᠶᠣᠯ᠂ ᠯᠢᠶᠣᠤ ᠤᠯᠤᠰᠤᠨ ᠰᠣᠶᠣᠯ ᠪᠣᠯᠣᠨ ᠲᠠᠷᠢᠶᠠᠯᠠᠬᠤ ᠪᠣᠯᠪᠠᠰᠤᠨ ᠢ᠋ ᠲᠣᠭᠣᠷᠢᠨ ᠦᠵᠡᠵᠦ᠂ ᠲᠠᠯ᠎ᠠ ᠨᠤᠲᠤᠭ ᠤ᠋ᠨ ᠪᠣᠯᠪᠠᠰᠤᠨ ᠢ᠋ ᠣᠢᠯᠠᠭᠠᠬᠤ ᠳ᠋ᠤ ᠲᠦᠬᠦᠮ ᠨᠦᠬᠦᠴᠡᠯ ᠬᠠᠩᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃