ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-09-15 09:45:35

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠬᠢᠩᠭᠠᠨ ᠠᠢᠮᠠᠭ ᠤ᠋ᠨ ᠨᠠᠮᠤᠷ ᠤ᠋ᠨ ᠦᠵᠡᠮᠵᠢ ᠵᠢᠯ ᠪᠦᠷᠢ ᠵᠢᠨ 9 ᠰᠠᠷ᠎ᠠ ᠶ᠋ᠢᠨ ᠡᠬᠢ ᠪᠡᠷ ᠬᠤᠢᠳᠦ ᠬᠡᠰᠡᠭ ᠡᠴᠡ ᠪᠠᠨ ᠡᠮᠦᠨᠡᠰᠢ ᠭᠤᠷᠪᠠ ᠱᠠᠲᠤᠯᠠᠨ ᠦᠳᠬᠡᠷᠡᠵᠦ᠂ ᠥᠪᠡᠷᠮᠢᠴᠡ ᠣᠨᠴᠠᠯᠢᠭ᠋ ᠪᠦᠬᠦᠢ 《ᠭᠤᠷᠪᠠᠨ ᠡᠮᠵᠢᠶᠡᠷᠢᠳᠤ ᠤᠷᠲᠦ ᠨᠠᠮᠤᠷ》 ᠤ᠋ᠨ ᠭᠣᠴᠣ᠌ ᠰᠠᠢᠬᠠᠨ ᠪᠠᠢᠷᠢᠰᠢᠯ ᠢ᠋ ᠪᠦᠷᠢᠯᠳᠦᠭᠦᠯᠳᠡᠭ᠃ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠰᠣᠨᠢᠨ ᠮᠡᠳᠡᠭᠡᠨ ᠤ᠋ ᠠᠯᠪᠠᠨ ᠭᠡᠷ ᠤ᠋ᠨ ᠲᠦᠷᠦᠬᠦᠬᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠭᠰᠠᠨ ᠵᠢᠡᠷ᠂ 2026 ᠤᠨ ᠤ᠋ ᠬᠢᠩᠭᠠᠨ ᠠᠢᠮᠠᠭ ᠤ᠋ᠨ ᠨᠠᠮᠤᠷ ᠤ᠋ᠨ ᠵᠢᠭᠤᠯᠴᠢᠯᠠᠯ ᠨᠢᠬᠡᠨᠳᠡ ᠡᠬᠢᠯᠡᠵᠤ ᠂ ᠲᠤᠰ ᠠᠢᠮᠠᠭ ᠤ᠋ᠨ ᠬᠢᠨ 《ᠲᠠᠪᠠᠭᠠᠨ ᠲᠡᠬᠡᠷᠡᠬᠢ》 ᠨᠠᠮᠤᠷ ᠤ᠋ᠨ ᠵᠢᠭᠤᠯᠴᠢᠯᠠᠯ ᠤ᠋ᠨ 7 ᠵᠤᠢᠯ ᠤ᠋ᠨ ᠪᠦᠲᠦᠭᠡᠭᠳᠡᠬᠦᠨ ᠭᠠᠷᠭᠠᠨ ᠲᠦᠷᠪᠡᠨ ᠵᠦᠭ ᠨᠠᠢ᠍ᠮᠠᠨ ᠵᠤᠪᠬᠢᠰ ᠤ᠋ᠨ ᠵᠢᠭᠤᠯᠴᠢᠯᠠᠭᠰᠠᠳ ᠢ᠋ᠶ᠋ᠡᠨ ᠤᠭᠳᠤᠵᠦ ᠪᠠᠢᠨ᠎ᠠ᠃

ᠬᠢᠩᠭᠠᠨ ᠠᠢᠮᠠᠭ ᠪᠦᠬᠦ ᠤᠷᠤᠨ ᠪᠦᠰᠡ ᠶ᠋ᠢᠨ ᠳᠠᠪᠠᠭᠤᠯᠢᠭᠳᠤ ᠡᠬᠢ ᠪᠠᠶᠠᠯᠢᠭ ᠢ᠋ᠶ᠋ᠡᠨ ᠨᠡᠢᠳᠬᠡᠨ᠂ ᠡᠨᠡ ᠵᠢᠯ 《ᠳᠠᠪᠠᠭᠠᠨ ᠳᠡᠭᠡᠷᠡᠬᠢ ᠴᠠᠭ ᠤ᠋ᠨ ᠤᠷᠤᠰᠬᠠᠯ》 ᠬᠡᠷᠡᠯ ᠵᠢᠷᠤᠭ ᠰᠡᠬᠦᠳᠡᠷᠯᠡᠬᠦ ᠵᠢᠭᠤᠯᠴᠢᠯᠠᠯ᠂ 《ᠳᠠᠪᠠᠭᠠᠨ ᠳᠡᠭᠡᠷᠡᠬᠢ ᠰᠤᠪᠢᠯᠠᠯᠲᠠ》 ᠡᠷᠡᠭᠦᠯᠵᠢᠯ ᠰᠤᠪᠢᠯᠠᠯᠳᠠ ᠵᠢᠨ ᠵᠢᠭᠤᠯᠴᠢᠯᠠᠯ᠂ 《ᠳᠠᠪᠠᠭᠠᠨ ᠳᠡᠭᠡᠷᠡᠬᠢ ᠪᠠᠭᠤᠳᠠᠯ》 ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ 《ᠳᠠᠪᠠᠭᠠᠨ ᠳᠡᠭᠡᠷᠡᠬᠢ ᠳᠠᠪᠬᠢᠯᠳᠠ》 ᠳᠤᠭᠤᠢ ᠤᠨᠤᠬᠤ ᠵᠢᠭᠤᠯᠴᠢᠯᠠᠯ᠂ 《ᠳᠠᠪᠠᠭᠠᠨ ᠳᠡᠭᠡᠷᠡᠬᠢ ᠦᠵᠡᠮᠵᠢ》 ᠤᠷᠠᠨ ᠰᠠᠢᠬᠠᠨ ᠤ᠋ ᠲᠣᠭᠯᠠᠯᠲᠠ ᠶ᠋ᠢᠨ ᠵᠢᠭᠤᠯᠴᠢᠯᠠᠯ᠂ 《ᠳᠠᠪᠠᠭᠠᠨ ᠳᠡᠭᠡᠷᠡᠬᠢ ᠤᠬᠢᠶᠠᠯᠭ᠎ᠠ》 ᠷᠠᠰᠢᠶᠠᠯᠠᠬᠤ ᠵᠢᠭᠤᠯᠴᠢᠯᠠᠯ᠂ 《ᠳᠠᠪᠠᠭᠠᠨ ᠳᠡᠭᠡᠷᠡᠬᠢ ᠠᠮᠳᠠᠳᠠᠨ》 ᠠᠮᠲᠠᠲᠤ ᠢᠳᠡᠭᠡᠨ ᠤ᠋ ᠵᠢᠭᠤᠯᠴᠢᠯᠠᠯ ᠵᠡᠷᠭᠡ 7 ᠵᠤᠢᠯ ᠤ᠋ᠨ ᠪᠦᠳᠦᠭᠡᠭᠳᠡᠬᠦᠨ ᠭᠠᠷᠭᠠᠵᠠᠢ᠃ ᠪᠠᠰᠠ ᠵᠢᠭᠤᠯᠴᠢᠯᠠᠯ ᠤ᠋ᠨ ᠰᠣᠳᠣᠨ ᠵᠠᠮ ᠱᠤᠭᠤᠮ ᠭᠠᠷᠭᠠᠵᠦ᠂ ᠪᠦᠬᠦ ᠣᠷᠣᠨ ᠪᠦᠰᠡ ᠶ᠋ᠢᠨ ᠨᠠᠮᠤᠷ ᠤ᠋ᠨ ᠦᠵᠡᠮᠵᠢ ᠵᠢ ᠬᠣᠯᠪᠣᠯ᠎ᠠ᠃ ᠡᠬᠦᠨ ᠳ᠋ᠤ 《ᠬᠣᠣᠰ ᠤᠯᠠᠭᠠᠨ ᠦᠵᠡᠮᠵᠢ ᠵᠢ ᠬᠠᠢᠵᠦ·ᠪᠠᠲᠤᠴᠠᠭᠠᠨ ᠤ᠋ ᠣᠶ ᠵᠢ ᠰᠤᠨᠢᠷᠬᠠᠬᠤ》 3 ᠡᠳᠦᠷ ᠤ᠋ᠨ ᠵᠢᠭᠤᠯᠴᠢᠯᠠᠯ ᠪᠡ 《ᠳᠠᠪᠠᠭᠠᠨ ᠳᠡᠭᠡᠷ᠎ᠡ ᠦᠵᠡᠮᠵᠢ ᠬᠠᠢᠵᠤ· ᠬᠢᠩᠭᠠᠨ ᠳᠠᠪᠠᠭᠠᠨ ᠤ᠋ ᠣᠶ ᠰᠢᠭᠤᠢ ᠵᠢ ᠰᠤᠨᠢᠷᠬᠠᠬᠤ》 5 ᠡᠳᠦᠷ ᠤ᠋ᠨ ᠦᠪᠡᠷ ᠵᠢᠡᠨ ᠮᠠᠰᠢᠨ ᠪᠠᠷᠢᠵᠦ ᠵᠢᠭᠤᠯᠴᠢᠯᠠᠬᠤ ᠵᠠᠮ ᠱᠤᠭᠤᠮ ᠨᠢ ᠲᠢᠶᠠᠨ ᠤ᠋ᠤᠢ ᠨᠠᠭᠤᠷ᠂ ᠲᠦᠮᠡᠨ ᠮᠦ᠍ ᠵᠢᠨ ᠣᠶ ᠰᠢᠭᠤᠢ᠂ ᠬᠠᠯᠠᠭᠤᠨ ᠷᠠᠰᠢᠶᠠᠨ ᠤ᠋ ᠰᠤᠪᠢᠯᠠᠯᠲᠠ᠂ ᠬᠢᠯᠢ ᠬᠢᠵᠠᠭᠠᠷ ᠤ᠋ᠨ ᠥᠩᠭᠡ ᠦᠵᠡᠮᠵᠢ ᠵᠢ ᠰᠤᠨᠢᠷᠬᠠᠭᠤᠯᠤᠨ᠎ᠠ᠃

ᠬᠢᠩᠭᠠᠨ ᠠᠢᠮᠠᠭ ᠪᠠᠰᠠ ᠬᠡᠷᠡᠯ ᠵᠢᠷᠤᠭ ᠤ᠋ᠨ ᠴᠤᠭᠯᠠᠭᠠᠨ᠂ ᠶᠠᠪᠠᠭᠠᠨ ᠠᠯᠬᠤᠬᠤ ᠤᠷᠤᠯᠳᠤᠭᠠᠨ᠂ ᠡᠯᠪᠡᠭ ᠬᠤᠷᠢᠶᠠᠯᠲᠠ ᠶ᠋ᠢᠨ ᠪᠠᠶᠠᠷ᠂ ᠳᠠᠭᠤᠤ ᠬᠥᠭᠵᠢᠮ ᠤ᠋ᠨ ᠴᠤᠭᠯᠠᠭᠠᠨ ᠵᠡᠷᠭᠡ ᠨᠠᠮᠤᠷ ᠤ᠋ᠨ ᠵᠢᠭᠤᠯᠴᠢᠯᠠᠯ ᠤ᠋ᠨ 87 ᠵᠦᠢᠯ ᠤ᠋ᠨ ᠰᠣᠶᠣᠯ ᠲᠠᠮᠢᠷ ᠤ᠋ᠨ ᠠᠵᠢᠯᠯᠠᠭ᠎ᠠ ᠵᠢ ᠦᠷᠨᠢᠬᠦᠯᠵᠦ ᠡᠬᠢᠯᠡᠪᠠ᠃ ᠡᠭᠦᠨ ᠳ᠋ᠤ᠂ 9 ᠰᠠᠷ᠎ᠠ ᠡᠴᠡ 10 ᠰᠠᠷ᠎ᠠ ᠪᠣᠯᠲᠠᠯ᠎ᠠ᠂ 5000 ᠬᠥᠮᠥᠨ ᠤ᠋ ᠬᠡᠭᠡᠷ᠎ᠡ ᠪᠠᠭᠤᠳᠠᠯᠯᠠᠬᠤ ᠠᠵᠢᠯᠯᠠᠭ᠎ᠠ᠂ ᠬᠡᠷᠡᠯ ᠵᠢᠷᠤᠭ ᠤ᠋ᠨ ᠤᠷᠤᠯᠳᠤᠭᠠᠨ᠂ Columbia ᠨᠠᠭᠠᠳᠤᠮ ᠤ᠋ᠨ ᠴᠤᠭᠯᠠᠭᠠᠨ·ᠤᠰᠤ ᠬᠠᠭᠤᠷᠠᠢ ᠵᠢ ᠲᠦᠷᠭᠡᠨ ᠲᠤᠭᠤᠯᠬᠤ ᠤᠷᠤᠯᠳᠤᠭᠠᠨ ᠵᠡᠷᠬᠡ ᠵᠢ ᠪᠠᠭᠳᠠᠭᠠᠭᠰᠠᠨ ᠷᠠᠰᠢᠶᠠᠨ ᠤ᠋ ᠪᠥᠬᠥ ᠣᠷᠣᠨ ᠪᠦᠰᠡ ᠶ᠋ᠢᠨ ᠨᠠᠮᠤᠷ ᠤ᠋ᠨ ᠤᠯᠠᠷᠢᠯ ᠤ᠋ᠨ ᠰᠢᠷᠢᠰ ᠠᠵᠢᠯᠯᠠᠭ᠎ᠠ ᠶᠠᠪᠤᠭᠳᠠᠭᠤᠯᠵᠤ᠂ ᠬᠠᠯᠠᠭᠤᠨ ᠷᠠᠰᠢᠶᠠᠨ᠂ ᠬᠡᠭᠡᠷ᠎ᠡ ᠪᠠᠭᠤᠳᠠᠯᠯᠠᠬᠤ᠂ ᠰᠤᠳᠤᠯᠤᠨ ᠰᠤᠷᠤᠯᠴᠠᠬᠤ ᠵᠡᠷᠭᠡ ᠣᠯᠠᠨ ᠡᠰᠢᠵᠢᠭᠰᠡᠨ ᠡᠵᠡᠩᠨᠡᠯᠲᠡ ᠶ᠋ᠢᠨ ᠬᠡᠯᠪᠡᠷᠢ ᠪᠠᠢᠳᠠᠯ ᠳ᠋ᠤ ᠪᠥᠬᠥ ᠲᠠᠯ᠎ᠠ ᠵᠢᠨ ᠨᠡᠭᠡᠭᠡᠯᠲᠡ ᠬᠢᠨ᠎ᠠ; 9 ᠰᠠᠷ᠎ᠠ ᠶ᠋ᠢᠨ 25 ᠡᠴᠡ 10 ᠰᠠᠷ᠎ᠠ ᠶ᠋ᠢᠨ 25 ᠤ᠋ ᠡᠳᠦᠷ ᠪᠣᠯᠲᠠᠯ᠎ᠠ᠂ ᠤᠷᠠᠯᠢᠭ ᠵᠠᠩ ᠦᠢᠯᠡ ᠶ᠋ᠢᠨ ᠲᠤᠭᠯᠠᠯᠳᠠ᠂ ᠪᠡᠶ᠎ᠠ ᠵᠢᠨ ᠳᠠᠮᠢᠷ᠂ ᠪᠤᠳᠠᠰ ᠤ᠋ᠨ ᠪᠤᠰᠤ ᠰᠤᠶᠤᠯ ᠤ᠋ᠨ ᠦᠪ᠂ ᠨᠠᠮᠤᠷ ᠤ᠋ᠨ ᠦᠵᠡᠮᠵᠢ ᠵᠢ ᠰᠤᠨᠢᠷᠬᠠᠬᠤ ᠵᠡᠷᠭᠡ ᠡᠯᠪᠡᠭ ᠠᠭᠤᠯᠭ᠎ᠠ ᠵᠢ ᠪᠠᠭᠳᠠᠭᠠᠭᠰᠠᠨ 《ᠲᠠᠯ᠎ᠠ ᠶ᠋ᠢᠨ ᠰᠠᠯᠬᠢ》 ᠪᠠᠳᠤᠴᠠᠭᠠᠨ ᠤ᠋ ᠰᠤᠶᠤᠯ ᠵᠢᠭᠤᠯᠴᠢᠯᠠᠯ ᠤ᠋ᠨ ᠤᠯᠠᠷᠢᠯ ᠤ᠋ᠨ ᠠᠵᠢᠯᠯᠠᠭ᠎ᠠ ᠵᠢ ᠶᠠᠪᠤᠭᠳᠠᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面