ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-09-16 14:43:50

ᠵᠣᠬᠢᠶᠠᠭ᠍ᠴᠢ᠄ ᠭᠤᠤ ᠬᠤᠡᠭ ᠯᠢᠶᠠᠨ ᠣᠩᠱᠢᠭ᠍ᠰᠠᠨ ᠣᠳᠠᠭ᠎ᠠ᠄ 3

ᠣᠳᠣᠬᠠᠨ ᠪᠣᠯᠲᠠᠯ᠎ᠠ᠂ ᠷᠠᠰᠢᠶᠠᠨ ᠬᠢᠯᠢ᠎ᠶᠢᠨ ᠪᠣᠭᠣᠮᠲᠠ᠎ᠪᠡᠷ ᠦᠩᠭᠡᠷᠡᠭᠰᠡᠨ ᠬᠢᠯᠢ ᠠᠯᠤᠰᠯᠠᠭᠰᠠᠨ ᠵᠢᠭᠤᠯᠴᠢᠯᠠᠭᠰᠠᠳ᠎ᠤᠨ ᠲᠣᠭ᠎ᠠ 1.4 ᠲᠦᠮᠡᠨ ᠬᠥᠮᠦᠨ ᠤᠳᠠᠭ᠎ᠠ᠎ᠶᠢ ᠳᠠᠪᠠᠵᠤ᠂ ᠠᠳᠠᠯᠢ ᠬᠤᠭᠤᠴᠠᠭᠠᠨ᠎ᠤ᠎ᠬᠢ᠎ᠡᠴᠡ 40%᠎ᠪᠠᠷ ᠨᠡᠮᠡᠭᠳᠡᠵᠡᠢ᠃

ᠬᠢᠩᠭᠠᠨ ᠠᠶ᠋ᠢᠮᠠᠭ ᠨᠢ ᠮᠣᠩᠭᠣᠯ ᠤᠯᠤᠰ᠎ᠤᠨ ᠳᠣᠷᠣᠨᠠᠳᠦ ᠠᠶ᠋ᠢᠮᠠᠭ᠎ᠲᠠᠶ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠨ ᠵᠥᠪᠳᠡᠯᠴᠡᠬᠦ ᠠᠵᠢᠯ᠎ᠢ ᠪᠠᠶ᠋ᠢᠩᠭᠤᠵᠢᠭᠤᠯᠤᠨ ᠥᠷᠨᠢᠭᠦᠯᠵᠦ᠍᠂ ᠵᠢᠯ᠎ᠦᠨ ᠳᠣᠲᠣᠷ᠎ᠠ ᠣᠯᠠᠨ ᠤᠳᠠᠭ᠎ᠠ ᠬᠠᠷᠢᠯᠴᠠᠨ ᠠᠶ᠋ᠢᠯᠴᠢᠯᠠᠵᠤ ᠵᠣᠯᠭᠠᠯᠴᠠᠭᠤᠯᠵᠤ᠂ ᠬᠣᠶᠠᠷ ᠲᠠᠯ᠎ᠠ᠎ᠶᠢᠨ ᠵᠢᠭᠤᠯᠴᠢᠯᠠᠯ᠎ᠤᠨ ᠦᠢᠯᠡᠴᠢᠯᠡᠭᠡᠨ᠎ᠦ ᠭᠠᠵᠠᠷ᠎ᠤᠨ ᠵᠢᠭᠤᠯᠴᠢᠯᠠᠭᠰᠠᠳ᠎ᠢ ᠬᠠᠷᠢᠯᠴᠠᠨ ᠬᠦᠷᠭᠡᠬᠦ᠌ ᠵᠦᠪᠯᠡᠯᠴᠡᠭᠡᠷ ᠲᠣᠭᠲᠠᠬᠤ᠎ᠶᠢ ᠠᠬᠢᠭᠤᠯᠵᠤ᠂ ᠬᠢᠯᠢ ᠠᠯᠤᠰᠯᠠᠨ ᠬᠤᠪᠢ ᠵᠢᠨ ᠮᠠᠰᠢᠨ ᠵᠢᠡᠷ ᠵᠢᠭᠤᠯᠴᠢᠯᠠᠬᠤ ᠪᠠ ᠵᠢᠭᠤᠯᠴᠢᠯᠠᠯ᠎ᠤᠨ ᠪᠦᠯᠬᠦᠮ ᠳᠠᠭᠠᠵᠤ ᠵᠢᠭᠤᠯᠴᠢᠯᠠᠬᠤ ᠬᠤᠤᠰ ᠱᠤᠭᠤᠮ᠎ᠤᠨ ᠦᠢᠯᠡᠳᠬᠦᠨ᠎ᠢ ᠨᠡᠪᠲᠡᠷᠡᠭᠦᠯᠵᠦ᠍᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠤᠤᠰ ᠴᠢᠭᠯᠡᠯ᠎ᠢᠶᠡᠷ ᠬᠠᠮᠲᠤᠷᠠᠨ ᠬᠥᠳᠡᠯᠦᠯᠴᠡᠬᠦ᠌ ᠪᠠᠶ᠋ᠢᠷᠢᠰᠢᠯ᠎ᠢ ᠲᠦᠷᠭᠡᠨ ᠪᠣᠶ ᠪᠣᠯᠭᠠᠪᠠ᠃

ᠬᠢᠡᠭᠭᠠᠨ ᠠᠢᠮᠠᠭ ᠡᠴᠡ ᠬᠢᠯᠢ ᠠᠯᠤᠰᠯᠠᠭᠰᠠᠨ ᠵᠢᠭᠤᠯᠴᠢᠯᠠᠯ᠎ᠤᠨ ᠲᠤᠰᠬᠠᠶ ᠱᠠᠩᠨᠠᠯ ᠨᠥᠬᠥᠪᠥᠷᠢ᠎ᠶᠢᠨ ᠪᠠᠯᠠ ᠮᠥᠩᠭᠥ᠎ᠶᠢ 300 ᠲᠦᠮᠡᠨ ᠲᠥᠭᠥᠷᠢᠭ ᠳᠣᠭᠢᠷᠠᠭᠤᠯᠵᠤ᠂ ᠵᠢᠭᠤᠯᠴᠢᠯᠠᠯ᠎ᠤᠨ ᠦᠢᠯᠡᠴᠢᠯᠡᠭᠡᠨ᠎ᠦ ᠭᠠᠵᠠᠷ᠎ᠤᠨ ᠬᠢᠯᠢ ᠠᠯᠤᠰᠯᠠᠭᠰᠠᠨ ᠵᠢᠭᠤᠯᠴᠢᠯᠠᠯ᠎ᠢ ᠬᠥᠭᠵᠢᠭᠦᠯᠬᠦ᠌᠎ᠶᠢ ᠲᠡᠳᠬᠦᠬᠦ᠌ ᠲᠥᠰᠦᠯ᠎ᠢ ᠨᠡᠶ᠋ᠢᠲᠡᠯᠡᠵᠦ᠍᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢ ᠬᠥᠲᠥᠯᠥᠨ ᠵᠢᠯᠣᠭᠣᠳᠴᠤ᠌ ᠪᠠᠶ᠋ᠢᠭᠠᠳ ᠬᠢᠯᠢ ᠠᠯᠤᠰᠯᠠᠨ ᠲᠣᠭᠣᠷᠢᠨ ᠦᠵᠡᠬᠦ᠌᠂ ᠬᠢᠯᠢ ᠬᠢᠵᠠᠭᠠᠷ᠎ᠢ ᠪᠡᠶᠡᠴᠢᠯᠡᠨ ᠣᠶ᠋ᠢᠯᠠᠭᠠᠬᠤ᠂ ᠰᠤᠳᠤᠯᠤᠨ ᠰᠤᠷᠤᠯᠴᠠᠬᠤ᠂ ᠡᠷᠡᠭᠦᠯᠵᠢᠯ ᠰᠤᠪᠢᠯᠠᠯᠲᠠ ᠵᠡᠷᠭᠡ ᠣᠯᠠᠨ ᠡᠰᠢᠲᠦ᠍ ᠦᠢᠯᠡᠳᠬᠦᠨ᠎ᠢ ᠨᠡᠭᠡᠭᠡᠨ ᠬᠥᠭᠵᠢᠭᠦᠯᠵᠦ᠍᠂ ᠠᠵᠢᠯ ᠲᠥᠷᠥᠯ᠎ᠦᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠳᠡᠭᠡᠭᠰᠢᠯᠡᠭᠦᠯᠪᠡ᠃

ᠪᠣᠭᠣᠮᠲᠠ᠎ᠶᠢᠨ ᠬᠢᠯᠢ᠎ᠶᠢᠨ ᠪᠠᠶ᠋ᠢᠴᠠᠭᠠᠯᠲᠠ᠂ ᠪᠣᠭᠣᠮᠲᠠ ᠵᠡᠷᠭᠡ ᠰᠠᠯᠠᠭ᠎ᠠ ᠮᠥᠴᠢᠷ᠎ᠦᠳ ᠬᠠᠮᠵᠢᠯᠴᠠᠨ ᠪᠠᠲᠤᠯᠠᠬᠤ ᠲᠣᠭᠲᠠᠴᠠ᠎ᠶᠢ ᠪᠠᠶ᠋ᠢᠭᠤᠯᠵᠤ᠂ ᠲᠤᠰᠬᠠᠶ ᠪᠠᠶ᠋ᠢᠴᠠᠭᠠᠨ ᠰᠢᠯᠭᠠᠬᠤ ᠶᠠᠪᠤᠴᠠ ᠵᠢ ᠰᠢᠯᠢᠳᠡᠭᠵᠢᠭᠦᠯᠦᠨ᠂ 8 ᠰᠠᠭᠤᠳᠠᠯ ᠵᠢᠴᠢ ᠲᠡᠭᠦᠨ᠎ᠡᠴᠡ ᠳᠣᠷᠣᠭᠰᠢᠬᠢ ᠬᠤᠪᠢ ᠵᠢᠨ ᠮᠠᠰᠢᠨ ᠲᠡᠷᠭᠡ ᠵᠢᠨ ᠤᠷᠢᠳᠴᠢᠯᠠᠨ ᠪᠣᠯᠵᠣᠵᠤ ᠮᠡᠳᠡᠭᠦᠯᠬᠦ᠌ ᠵᠠᠭᠪᠤᠷ᠎ᠢ ᠬᠡᠷᠡᠭᠵᠢᠭᠦᠯᠵᠦ᠍᠂ ᠣᠨᠴᠠᠭᠠᠶ ᠬᠥᠮᠦᠰ᠎ᠲᠦ᠍ ᠰᠠᠭᠠᠳ ᠥᠬᠡᠶ ᠨᠡᠪᠲᠡᠷᠡᠬᠦ᠌ ᠵᠠᠮ ᠨᠡᠭᠡᠭᠡᠵᠦ᠍᠂ ᠪᠣᠭᠣᠮᠲᠠ ᠥᠩᠭᠡᠷᠡᠬᠦ᠌ ᠦᠷ᠎ᠡ ᠪᠦᠲᠦᠮᠵᠢ᠎ᠶᠢ ᠶᠡᠬᠡ᠎ᠪᠡᠷ ᠳᠡᠭᠡᠭᠰᠢᠯᠡᠭᠦᠯᠪᠡ᠃ ᠣᠳᠣᠬᠠᠨ᠎ᠳᠤ ᠷᠠᠰᠢᠶᠠᠨ ᠬᠢᠯᠢ ᠵᠢᠨ ᠪᠣᠭᠣᠮᠲᠠ᠎ᠶᠢᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠪᠣᠭᠣᠮᠲᠠ ᠥᠩᠭᠡᠷᠡᠬᠦ᠌ ᠪᠥᠬᠥ᠌ ᠶᠠᠪᠤᠴᠠ᠎ᠨᠢ ᠬᠠᠮᠤᠭ᠎ᠤᠨ ᠬᠤᠷᠳᠤᠨ᠎ᠳᠠᠭᠠᠨ ᠵᠥᠪᠬᠡᠨ 10 ᠮᠢᠨᠦᠢ᠍ᠲ ᠬᠡᠷᠡᠭᠰᠡᠵᠦ᠍᠂ ᠠᠶᠠᠨᠴᠢᠳ ᠲᠸ᠋ ᠮᠠᠰᠢ ᠶᠡᠭᠡ ᠲᠦᠬᠦᠮ ᠦᠵᠡᠬᠦᠯᠪᠡ᠃ ᠬᠢᠯᠢ ᠠᠯᠤᠰᠯᠠᠭᠰᠠᠨ ᠵᠢᠭᠤᠯᠴᠢᠯᠠᠯ ᠦᠷᠬᠦᠯᠵᠢᠯᠡᠨ ᠬᠦᠭᠵᠢᠶᠡᠨᠳᠠᠢ ᠪᠤᠯᠬᠤ ᠵᠢ ᠲᠠᠭᠠᠯᠳᠤᠵᠤ᠂ ᠬᠢᠯᠢ᠎ᠶᠢᠨ ᠠᠷᠠᠳ᠎ᠤᠨ ᠵᠠᠬ᠎ᠠ᠎ᠶᠢᠨ ᠠᠷᠠᠯᠵᠢᠶ᠎ᠠ ᠴᠸ᠋ ᠰᠠᠢᠵᠢᠷᠠᠵᠤ᠂ ᠷᠠᠰᠢᠶᠠᠨ ᠬᠢᠯᠢ ᠵᠢᠨ ᠪᠣᠭᠣᠮᠲᠠ᠎ᠶᠢᠨ ᠭᠠᠳᠠᠭᠠᠳᠤ᠎ᠠᠴᠠ ᠣᠷᠣᠭᠤᠯᠤᠭᠰᠠᠨ ᠡᠳ᠋ ᠪᠠᠷᠠᠭ᠎ᠠ᠎ᠶᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ ᠡᠳ᠋ᠰᠢᠭᠦᠯᠦᠨ ᠠᠷᠠᠯᠵᠢᠶᠠᠯᠠᠭᠰᠠᠨ ᠵᠤᠭᠤᠰ᠎ᠤᠨ ᠲᠣᠭ᠎ᠠ ᠨᠢᠭᠡᠨᠲᠡ 6000 ᠲᠦᠮᠡᠨ ᠲᠥᠭᠥᠷᠢᠭ᠎ᠢ ᠳᠠᠪᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面