2026-09-16 16:06:31
ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ 《ᠬᠣᠶᠠᠷ ᠬᠠᠯᠬᠠᠪᠴᠢ᠂ ᠬᠣᠶᠠᠷ ᠰᠠᠭᠤᠷᠢᠨ᠂ ᠨᠢᠭᠡ ᠪᠡᠬᠢᠯᠡᠯᠲᠡ》 ᠶ᠋ᠢᠨ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢ ᠲᠣᠭᠲᠠᠭᠠᠯᠲᠠ᠎ᠳᠤ ᠰᠠᠭᠤᠷᠢᠯᠠᠨ᠂ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠵᠢᠭᠤᠯᠴᠢᠯᠠᠯ᠎ᠤᠨ ᠶᠠᠮᠤᠨ᠎ᠤ ᠰᠠᠶ᠋ᠢᠳ ᠨᠡᠷ᠎ᠤᠨ ᠬᠤᠷᠠᠯ᠎ᠤᠨ ᠲᠣᠭᠲᠠᠴᠠ᠎ᠪᠠᠷ ᠬᠥᠲᠥᠯᠦᠮᠵᠢ ᠪᠣᠯᠭᠠᠵᠤ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠠᠪᠴᠠᠩ᠎ᠤᠨ ᠳᠠᠪᠠᠭᠤᠯᠢᠭ᠎ᠲᠤ᠌ ᠲᠦᠰᠢᠭᠯᠡᠨ᠂ ᠬᠢᠯᠢ ᠠᠯᠤᠰᠯᠠᠭᠰᠠᠨ ᠵᠢᠭᠤᠯᠴᠢᠯᠠᠯ᠎ᠤᠨ ᠵᠠᠮ ᠱᠤᠭᠤᠮ᠎ᠢ ᠦᠷᠭᠦᠯᠵᠢᠯᠡᠨ ᠰᠢᠯᠤᠭᠤᠳᠬᠠᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠨ᠂ ᠳᠤᠮᠳᠠᠳᠤ ᠣᠷᠣᠰ ᠮᠣᠩᠭᠣᠯ᠎ᠤᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠲᠤᠭᠠᠨ᠎ᠤ ᠨᠡᠮᠡᠭᠳᠡᠯ ᠡᠴᠡ ᠶᠠᠰᠤ ᠴᠢᠨᠠᠷ᠎ᠤᠨ ᠳᠠᠪᠰᠢᠯᠳᠠ ᠳᠠᠢᠰᠢ ᠲᠣᠭᠲᠠᠭᠤᠨ᠎ᠢᠶᠠᠷ ᠤᠷᠤᠭᠰᠢᠯᠠᠬᠤ᠎ᠶᠢ ᠠᠬᠢᠭᠤᠯᠵᠤ᠂ ᠦᠪᠤᠷ ᠮᠤᠡᠭᠭᠤᠯ᠎ᠤᠨ ᠬᠢᠯᠢ ᠠᠯᠤᠰᠯᠠᠬᠰᠠᠨ ᠵᠢᠭᠤᠯᠴᠢᠯᠠᠯ᠎ᠢ ᠨᠡᠡᠭ ᠠᠮᠢᠵᠢᠷᠠᠯ᠎ᠤᠨ ᠬᠦᠴᠦᠨ ᠵᠢᠡᠷ ᠪᠢᠯᠬᠠᠭᠤᠯᠪᠠ᠃
ᠦᠷᠭᠡᠨ ᠠᠭᠤᠳᠠᠮ᠂ ᠦᠨᠢᠷ ᠪᠠᠶᠠᠯᠢᠭᠢᠶᠡᠷᠢᠶᠡᠨ ᠠᠯᠳᠠᠷᠰᠢᠭᠰᠠᠨ ᠥᠪᠥᠷ ᠮᠣᠩᠭᠣᠯ᠎ᠤᠨ ᠰᠤᠶᠤᠯ ᠵᠢᠭᠤᠯᠴᠢᠯᠠᠯ᠎ᠤᠨ ᠠᠭᠤᠰᠤᠯᠴᠠᠯ ᠬᠦᠭᠵᠢᠯᠳᠡ ᠡᠳᠦᠷ ᠢᠷᠡᠬᠦᠶ᠎ᠠ ᠳᠡᠰ ᠳᠡᠪᠰᠢᠨ ᠴᠢᠨᠠᠷᠵᠢᠵᠦ᠂ ᠤᠯᠠᠮ ᠡᠴᠡ ᠠᠭᠤᠯᠭ᠎ᠠ ᠡᠯᠪᠡᠭ ᠪᠠᠶᠠᠯᠢᠭ ᠪᠤᠯᠵᠦ᠂ ᠬᠡᠯᠪᠡᠷᠢ ᠰᠢᠨᠡᠳᠦᠨ᠂ ᠰᠢᠨ᠎ᠠ ᠡᠵᠡᠩᠨᠡᠯᠳᠡ᠂ ᠰᠢᠨ᠎ᠠ ᠦᠢᠯᠡᠴᠢᠯᠡᠬᠡ ᠬᠦᠮᠦᠰ᠎ᠤᠨ ᠰᠤᠨᠢᠷᠬᠠᠯ᠎ᠢ ᠳᠠᠳᠠᠵᠦ᠂ ᠲᠦᠷᠪᠡᠨ ᠵᠦᠭ ᠨᠢ᠋ᠮᠠᠨ ᠵᠤᠪᠬᠢᠰ᠎ᠤᠨ ᠵᠢᠭᠤᠯᠴᠢᠯᠠᠬᠰᠠᠳ᠎ᠤᠨ ᠬᠠᠷᠠᠯᠳᠠᠳᠤ ᠤᠷᠤᠨ ᠪᠤᠯᠵᠠᠢ᠃ ᠢᠯᠠᠩᠭᠤᠶ᠎ᠠ ᠦᠪᠦᠷ ᠮᠤᠨᠭᠭᠤᠯ ᠦᠪᠡᠷᠮᠢᠴᠡ ᠭᠠᠵᠠᠷ ᠵᠦᠢ᠎ᠶᠢᠨ ᠪᠠᠢᠷᠢᠰᠢᠯ᠂ ᠰᠤᠶᠤᠯ ᠢᠷᠭᠡᠨᠰᠢᠯ᠎ᠤᠨ ᠤᠨᠴᠠᠯᠢᠭ ᠡᠴᠡ ᠪᠤᠯᠵᠦ᠂ ᠬᠢᠯᠢ ᠠᠯᠤᠰᠯᠠᠭᠰᠠᠨ ᠵᠢᠭᠤᠯᠴᠢᠯᠠᠯ ᠦᠷᠨᠢᠨ ᠬᠦᠭᠵᠢᠵᠦ᠂ ᠦᠪᠦᠷ ᠮᠤᠨᠭᠭᠤᠯ᠎ᠤᠨ ᠰᠤᠶᠤᠯ ᠵᠢᠭᠤᠯᠴᠢᠯᠠᠯ᠎ᠤᠨ ᠪᠠᠰᠠ ᠨᠢᠭᠡᠨ ᠭᠤᠤᠯᠳᠠᠯᠭᠠᠳᠦ ᠳᠠᠪᠠᠭᠤᠯᠢᠭ ᠤᠨᠴᠠᠯᠢᠭ ᠪᠤᠯᠵᠠᠢ᠃
ᠮᠠᠨᠵᠤᠤᠷ᠎ᠤᠨ ᠤᠯᠤᠰ᠎ᠤᠨ ᠡᠭᠦᠳᠡ᠎ᠡᠴᠡ ᠡᠷᠢᠶᠡᠨ ᠬᠤᠳᠠ᠎ᠶᠢᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠬᠦᠷᠲᠡᠯ᠎ᠡ᠂ ᠬᠦᠯᠤᠨ ᠪᠤᠢᠷ᠎ᠤᠨ ᠡᠪᠤᠳᠦᠭ ᠬᠢᠯᠢ ᠵᠢᠨ ᠪᠤᠭᠤᠮᠳᠠ ᠡᠴᠡ ᠠᠯᠠᠱᠠ ᠵᠢᠨ ᠴᠡᠭᠡ ᠬᠢᠯᠢ ᠵᠢᠨ ᠪᠤᠭᠤᠮᠳᠠ ᠬᠦᠷᠳᠠᠯ᠎ᠠ᠂ ᠤᠷᠤᠰ᠂ ᠮᠣᠩᠭᠣᠯ᠎ᠠᠴᠠ ᠬᠦᠷᠤᠯᠴᠡᠨ ᠢᠷᠡᠭᠰᠡᠨ ᠵᠢᠭᠤᠯᠴᠢᠯᠠᠬᠰᠠᠳ ᠲᠠᠯ᠎ᠠ ᠨᠤᠲᠤᠭ᠎ᠤᠨ ᠦᠩᠬᠡ ᠦᠵᠡᠮᠵᠢ ᠪᠣᠯᠤᠨ ᠲᠣᠷᠭᠠᠨ ᠵᠠᠮ᠎ᠤᠨ ᠤᠯᠪᠠᠭ᠎ᠠ᠎ᠵᠢ ᠮᠡᠳᠡᠷᠡᠨ᠂ ᠡᠨᠡ ᠬᠦ᠌ ᠭᠤᠷᠪᠠᠨ ᠤᠯᠤᠰ᠎ᠢ ᠰᠤᠨᠳᠠᠯᠠᠭᠰᠠᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠱᠤᠭᠤᠮ ᠨᠢ ᠤᠯᠠᠮ ᠡᠴᠡ ᠤᠯᠠᠨ ᠬᠦᠮᠤᠰ᠎ᠤᠨ ᠠᠡᠭᠬᠠᠷᠤᠯ᠎ᠢ ᠲᠠᠳᠠᠬᠰᠠᠨ ᠰᠤᠳᠤᠨ ᠵᠢᠭᠤᠯᠴᠢᠯᠠᠯ᠎ᠤᠨ ᠵᠠᠮ ᠱᠤᠭᠤᠮ ᠪᠤᠯᠵᠠᠢ᠃

ᠷᠠᠰᠢᠶᠠᠨ ᠬᠢᠯᠢ ᠵᠢᠨ ᠪᠤᠭᠤᠮᠲᠠ
ᠶᠠᠩ ᠶᠠ ᠳ᠋ᠦᠩ ᠰᠡᠬᠦᠳᠡᠷᠯᠡᠪᠡ
ᠲᠦᠮᠡᠨ ᠭᠠᠵᠠᠷ᠎ᠤᠨ ᠴᠠᠢ᠎ᠶᠢᠨ ᠵᠠᠮ
ᠡᠨᠡ ᠵᠢᠯ᠎ᠤᠨ 7 ᠰᠠᠷ᠎ᠠ᠎ᠳᠤ᠂ ᠠᠷᠪᠠᠳᠤᠭᠠᠷ ᠬᠤᠭᠤᠴᠠᠭᠠᠨ᠎ᠤ ᠳᠤᠮᠳᠠᠳᠤ ᠣᠷᠣᠰ ᠮᠣᠩᠭᠣᠯ᠎ᠤ᠋ᠨ 《ᠲᠦᠮᠡᠨ ᠭᠠᠵᠠᠷ᠎ᠤᠨ ᠴᠠᠶ᠎ᠶᠢᠨ ᠵᠠᠮ》 ᠤᠯᠠᠨ ᠤᠯᠤᠰ᠎ᠤ᠋ᠨ ᠵᠢᠭᠤᠯᠴᠢᠯᠠᠯ᠎ᠤᠨ ᠤᠬᠠᠭᠤᠯᠤᠨ ᠲᠡᠯᠭᠡᠷᠡᠬᠦᠯᠬᠦ ᠠᠵᠢᠯᠯᠠᠭ᠎ᠠ ᠬᠦᠬᠡᠬᠤᠳᠠ᠎ᠳᠤ ᠠᠮᠵᠢᠯᠳᠠ ᠲᠠᠢ ᠶᠠᠪᠤᠬᠳᠠᠵᠤ᠂ ᠲᠤᠮᠳᠠᠳᠤ ᠤᠷᠤᠰ ᠮᠤᠡᠭᠭᠤᠯ ᠭᠤᠷᠪᠡᠨ ᠤᠯᠤᠰ᠎ᠤᠨ 31 ᠬᠡᠬᠡᠷᠡᠯᠡᠬᠦ ᠮᠠᠰᠢᠨ ᠲᠡᠷᠭᠡ ᠪᠤᠯᠤᠨ 20 ᠮᠤᠲ᠋ᠤᠷ ᠲᠡᠷᠭᠡ ᠬᠦᠬᠡᠬᠤᠳᠠ — ᠡᠷᠢᠶᠡᠨ ᠬᠤᠳᠠ — ᠵᠠᠮ᠎ᠤᠨ ᠡᠬᠦᠳᠡ᠎ᠵᠢ ᠳᠠᠮᠵᠢᠨ᠂ ᠲᠤᠮᠳᠠᠳᠦ ᠤᠷᠤᠰ ᠮᠤᠨᠭᠭᠤᠯ᠎ᠤᠨ 20 ᠭᠠᠷᠤᠢ ᠬᠤᠳᠠ᠎ᠵᠢ ᠴᠢᠭᠯᠡᠨ ᠮᠤᠷᠳᠠᠪᠠ ᠃
ᠦᠪᠤᠷ ᠮᠤᠡᠭᠭᠤᠯ᠂ ᠤᠷᠤᠰ ᠮᠤᠡᠭᠭᠤᠯ ᠯᠤᠭ᠎ᠠ ᠬᠦᠷᠰᠢᠯᠡᠭᠰᠡᠨ ᠭᠠᠵᠠᠷ ᠵᠦᠢ ᠵᠢᠨ ᠲᠠᠪᠠᠭᠤᠯᠢᠬ ᠲᠠᠭᠠᠨ ᠲᠦᠰᠢᠭᠯᠡᠨ᠂ ᠭᠤᠷᠪᠡᠨ ᠤᠯᠤᠰ᠎ᠤᠨ ᠮᠠᠰᠢᠨ ᠲᠡᠷᠭᠡᠨ᠎ᠤ ᠪᠠᠬᠠᠳᠠᠳ 《ᠲᠦᠮᠡᠨ ᠭᠠᠵᠠᠷ᠎ᠤᠨ ᠴᠠᠶ᠎ᠶᠢᠨ ᠵᠠᠮ》 ᠵᠢᠡᠷ ᠲᠠᠬᠢᠨᠳᠠ ᠠᠶᠠᠯᠠᠨ᠂ ᠲᠠᠯ᠎ᠠ ᠨᠤᠳᠤᠭ᠎ᠢ ᠲᠤᠭᠤᠯᠵᠤ᠂ ᠵᠠᠮ ᠲᠤᠵᠢ ᠲᠤᠮᠳᠠᠳᠤ ᠤᠷᠤᠰ ᠮᠤᠡᠭᠭᠤᠯ᠎ᠤᠨ ᠦᠡᠭᠭᠡ ᠦᠵᠡᠮᠵᠢ ᠵᠢ ᠰᠤᠨᠢᠷᠬᠠᠵᠦ᠂ ᠲᠡᠥᠬᠡ ᠰᠤᠶᠤᠯ᠎ᠤᠨ ᠭᠠᠢᠬᠠᠮᠰᠢᠭ᠎ᠢ ᠮᠡᠳᠡᠷᠡᠵᠡᠢ᠃ ᠲᠡᠷᠭᠡᠨ ᠠᠡᠭᠭᠢ ᠡᠨᠡ ᠵᠢᠯ᠎ᠤᠨ 6 ᠰᠠᠷ᠎ᠠ ᠡᠴᠡ ᠡᠬᠢᠯᠡᠨ ᠭᠤᠷᠪᠡᠨ ᠤᠯᠤᠰ᠎ᠤᠨ ᠡᠯ᠎ᠠ ᠭᠠᠵᠠᠷ ᠡᠴᠡ ᠵᠠᠯᠭᠠᠭ᠎ᠠ ᠪᠡᠷ ᠮᠤᠷᠳᠠᠵᠤ᠂ ᠤᠷᠤᠰ ᠪᠤᠯᠤᠨ ᠮᠤᠡᠭᠭᠤᠯ ᠤᠯᠤᠰ ᠵᠢᠡᠷ ᠦᠡᠭᠭᠡᠷᠡᠵᠤ᠂ ᠦᠪᠤᠷ ᠮᠤᠡᠭᠭᠤᠯ᠎ᠳᠤ ᠴᠤᠭᠯᠠᠷᠠᠵᠠᠢ᠃ ᠲᠤᠮᠳᠠᠳᠤ ᠤᠷᠤᠰ ᠮᠤᠡᠭᠭᠤᠯ᠎ᠤᠨ 《ᠲᠦᠮᠡᠨ ᠭᠠᠵᠠᠷ᠎ᠤᠨ ᠴᠠᠶ᠎ᠶᠢᠨ ᠵᠠᠮ》 ᠤᠯᠠᠨ ᠤᠯᠤᠰ᠎ᠤᠨ ᠵᠢᠭᠤᠯᠴᠢᠯᠠᠯ᠎ᠤᠨ ᠬᠤᠯᠪᠤᠭ᠎ᠠ ᠡᠴᠡ ᠭᠠᠢᠬᠠᠮᠰᠢᠬᠳᠤ ᠴᠠᠢ ᠵᠢᠨ ᠵᠠᠮ᠎ᠤ᠋ᠨ ᠠᠶᠠᠯᠠᠯ᠂ ᠲᠡᠯᠡᠬᠡᠢ ᠵᠢᠨ ᠪᠠᠢᠭᠠᠯᠢ ᠵᠢᠨ ᠦᠪ᠎ᠤᠨ ᠠᠶᠠᠯᠠᠯ᠂ 《ᠭᠤᠷᠪᠡᠨ ᠨᠠᠭᠤᠷ᠎ᠤᠨ ᠪᠤᠯᠵᠤᠭ᠎ᠠ》 ᠡᠸᠦ᠋ᠷᠤᠫᠠ ᠠᠽᠢᠶ᠎ᠠ ᠵᠢᠨ ᠬᠢᠯᠢ ᠠᠯᠤᠰᠯᠠᠬᠰᠠᠨ ᠬᠤᠪᠢ ᠵᠢᠨ ᠮᠠᠰᠢᠨ ᠪᠠᠷᠢᠵᠤ ᠵᠢᠭᠤᠯᠴᠢᠯᠠᠬᠤ ᠠᠶᠠᠯᠠᠯ ᠵᠡᠷᠭᠡ ᠤᠯᠠᠨ ᠤᠯᠤᠰ᠎ᠤᠨ ᠵᠢᠭᠤᠯᠴᠢᠯᠠᠯ᠎ᠤᠨ ᠠᠷᠪᠠᠨ ᠰᠤᠳᠤᠨ ᠵᠠᠮ ᠱᠤᠭᠤᠮ᠎ᠢ ᠨᠡᠢᠳᠡᠯᠡᠵᠤ᠂ ᠵᠢᠭᠤᠯᠴᠢᠯᠠᠬᠰᠠᠳ ᠲᠸ᠋ ᠴᠠᠢ ᠵᠢᠨ ᠵᠠᠮ᠎ᠤᠨ ᠲᠡᠤᠭᠡ ᠰᠤᠶᠤᠯ ᠪᠡ ᠲᠤᠮᠳᠠᠳᠤ ᠤᠷᠤᠰ ᠮᠤᠡᠭᠭᠤᠯ ᠭᠤᠷᠪᠡᠨ ᠤᠯᠤᠰ᠎ᠤᠨ ᠪᠠᠢᠭᠠᠯᠢ ᠵᠢᠨ ᠦᠡᠭᠭᠡ ᠦᠵᠡᠮᠵᠢ ᠵᠢ ᠮᠡᠳᠡᠷᠡᠬᠦᠯᠬᠦ ᠵᠢ ᠵᠤᠷᠢᠪᠠ ᠃
《ᠲᠦᠮᠡᠨ ᠭᠠᠵᠠᠷ᠎ᠤᠨ ᠴᠠᠶ᠎ᠶᠢᠨ ᠵᠠᠮ》 ᠨᠢ 1.4 ᠲᠦᠮᠡᠨ ᠺᠢᠯᠤᠮᠸᠲᠷ ᠦᠷᠬᠦᠯᠵᠢᠯᠡᠵᠤ᠂ ᠡᠮᠤᠨ᠎ᠠ ᠤᠮᠠᠷ᠎ᠠ ᠵᠢ ᠬᠤᠯᠪᠤᠬᠰᠠᠨ᠂ ᠡᠸᠦ᠋ᠷᠤᠫᠠ ᠠᠽᠢᠶ᠎ᠠ ᠵᠢ ᠨᠡᠪᠳᠡᠷᠡᠬᠦᠯᠦᠭᠰᠡᠨ ᠠᠷᠠᠯᠵᠢᠶ᠎ᠠ ᠬᠤᠳᠠᠯᠳᠤᠭᠠᠨ᠎ᠤ ᠵᠠᠮ ᠮᠦᠨ᠂ ᠮᠦᠨᠴᠤ ᠭᠤᠷᠪᠡᠨ ᠤᠯᠤᠰ᠎ᠢ ᠰᠤᠨᠳᠠᠯᠠᠬᠰᠠᠨ᠂ ᠲᠤᠷᠤᠨᠠᠳᠠᠬᠢᠨ ᠦᠷᠤᠨᠡᠳᠡᠬᠢᠨᠢ ᠠᠭᠤᠰᠤᠯᠴᠠᠭᠤᠯᠤᠬᠰᠠᠨ ᠪᠤᠯᠪᠠᠰᠤᠨ᠎ᠤ ᠰᠤᠯᠢᠯᠴᠠᠭᠠᠨ᠎ᠤ ᠬᠤᠡᠭᠬᠢᠯ ᠪᠠᠢᠵᠤ᠂ 《ᠡᠷᠢᠨ ᠵᠠᠭᠤᠨ᠎ᠤ ᠯᠤᠬᠰᠢᠭᠤᠨ ᠰᠤᠳᠠᠯ》 ᠬᠡᠮᠡᠭᠳᠡᠭᠰᠡᠨ ᠰᠠᠢᠬᠠᠨ ᠠᠯᠳᠠᠷ ᠲᠠᠢ᠃ 2016 ᠤᠨ᠎ᠳᠤ᠂ ᠲᠤᠮᠳᠠᠳᠤ ᠤᠷᠤᠰ ᠮᠤᠡᠭᠭᠤᠯ᠎ᠤᠨ ᠵᠢᠭᠤᠯᠴᠢᠯᠠᠯ᠎ᠤᠨ ᠰᠠᠯᠠᠭ᠎ᠠ ᠮᠦᠴᠢᠷ᠎ᠤᠨ ᠬᠠᠮᠳᠤ ᠵᠢᠨ ᠰᠠᠨᠠᠭᠠᠴᠢᠯᠠᠭ᠎ᠠ᠂ ᠬᠠᠮᠳᠤ ᠵᠢᠨ ᠠᠬᠢᠭᠤᠯᠤᠯ ᠲᠤᠤᠷ᠎ᠠ᠂ ᠲᠤᠮᠳᠠᠳᠤ ᠤᠷᠤᠰ ᠮᠤᠡᠭᠭᠤᠯ᠎ᠤ᠋ᠨ 《ᠲᠦᠮᠡᠨ ᠭᠠᠵᠠᠷ᠎ᠤᠨ ᠴᠠᠶ᠎ᠶᠢᠨ ᠵᠠᠮ》 ᠤᠯᠠᠨ ᠤᠯᠤᠰ᠎ᠤᠨ ᠵᠢᠭᠤᠯᠴᠢᠯᠠᠯ᠎ᠤᠨ ᠬᠤᠯᠪᠤᠭ᠎ᠠ ᠪᠠᠢᠭᠤᠯᠤᠬᠳᠠᠵᠤ᠂ ᠬᠤᠯᠪᠤᠭᠠᠨ᠎ᠤ ᠨᠠᠷᠢᠨ ᠪᠢᠴᠢᠭ᠎ᠤᠨ ᠭᠠᠵᠠᠷ ᠨᠢ ᠦᠪᠤᠷ ᠮᠤᠡᠭᠭᠤᠯ᠎ᠳ᠋ᠤ ᠰᠠᠭᠤᠷᠢᠰᠢᠵᠤ᠂ ᠨᠢᠭᠡᠳᠤᠯᠳᠠᠢ ᠲᠦᠯᠤᠪᠵᠢᠬᠦᠯᠤᠨ ᠵᠤᠬᠢᠴᠠᠭᠤᠯᠬᠤ᠂ ᠲᠦᠷᠤᠯ ᠲᠡᠮᠳᠡᠭ᠎ᠢ ᠬᠠᠮᠳᠤ ᠪᠡᠷ ᠴᠤᠬᠴᠠᠯᠠᠬᠤ᠂ ᠵᠠᠬ᠎ᠠ ᠲᠡᠯᠬᠡᠬᠦᠷ᠎ᠢ ᠬᠤᠯᠪᠤᠯᠳᠤᠭᠤᠯᠬᠤ᠂ ᠡᠬᠢ ᠪᠠᠶᠠᠯᠢᠬ᠎ᠢ ᠬᠠᠷᠢᠯᠴᠠᠨ ᠨᠡᠪᠳᠡᠷᠡᠯᠴᠡᠬᠦᠯᠬᠦ ᠡᠬᠦᠷᠭᠡ ᠴᠢᠳᠠᠪᠬᠢ ᠵᠢ ᠡᠬᠦᠷᠬᠡᠯᠡᠪᠡ᠃
10 ᠵᠢᠯ᠎ᠤᠨ ᠬᠦᠭᠵᠢᠯᠳᠡ ᠪᠡᠷ ᠲᠡᠮᠵᠢᠨ᠂ ᠳᠤᠮᠳᠠᠳᠤ ᠣᠷᠣᠰ ᠮᠣᠩᠭᠣᠯ᠎ᠤᠨ 《ᠲᠦᠮᠡᠨ ᠭᠠᠵᠠᠷ᠎ᠤᠨ ᠴᠠᠶ᠎ᠶᠢᠨ ᠵᠠᠮ》 ᠣᠯᠠᠨ ᠤᠯᠤᠰ᠎ᠤᠨ ᠵᠢᠭᠤᠯᠴᠢᠯᠠᠯ᠎ᠤᠨ ᠬᠣᠯᠪᠣᠭ᠎ᠠ᠎ᠶᠢᠨ ᠪᠦᠷᠢᠯᠳᠦᠬᠦᠨ ᠨᠢᠭᠡᠴᠢ ᠨᠢᠭᠡᠨᠲᠡ 28 ᠪᠤᠯᠤᠨ ᠦᠷᠭᠡᠵᠢᠵᠤ᠂ ᠡᠬᠦᠨ᠎ᠳ᠋ᠤ ᠲᠤᠮᠳᠠᠳᠤ ᠤᠯᠤᠰ᠎ᠤᠨ 9 ᠮᠤᠵᠢ ᠤᠷᠤᠨ᠂ ᠮᠤᠡᠭᠭᠤᠯ ᠤᠯᠤᠰ᠎ᠤᠨ 9 ᠠᠢᠮᠠᠭ ᠪᠡ ᠤᠷᠤᠰ᠎ᠤᠨ 10 ᠭᠠᠵᠠᠷ ᠤᠷᠤᠨ᠎ᠤ ᠰᠤᠶᠤᠯ ᠵᠢᠭᠤᠯᠴᠢᠯᠠᠯ᠎ᠤᠨ ᠰᠠᠯᠠᠭ᠎ᠠ ᠮᠦᠴᠢᠷ᠎ᠢ ᠬᠠᠮᠤᠷᠴᠤ᠂ 10 ᠵᠢᠯ᠎ᠤᠨ ᠬᠤᠭᠤᠴᠠᠭᠠᠨ᠎ᠳᠤ ᠭᠤᠷᠪᠠᠨ ᠤᠯᠤᠰ᠎ᠤᠨ ᠬᠢᠯᠢ ᠠᠯᠤᠰᠯᠠᠨ ᠵᠢᠭᠤᠯᠴᠢᠯᠠᠬᠰᠠᠨ ᠬᠦᠮᠤᠨ᠎ᠤ ᠲᠤᠭ᠎ᠠ 500 ᠲᠦᠮᠡᠨ ᠬᠥᠮᠦᠨ ᠤᠳᠠᠭ᠎ᠠ᠎ᠵᠢ ᠲᠠᠪᠠᠬᠰᠠᠨ ᠠᠮᠵᠢᠯᠳᠠ᠎ᠳᠤ ᠬᠦᠷᠴᠠᠢ᠃
10 ᠵᠢᠯ᠎ᠦᠨ ᠬᠤᠭᠤᠴᠠᠭᠠᠨ᠎ᠳᠤ᠂ ᠬᠠᠮᠤᠭ ᠠᠩᠬᠠᠨ᠎ᠤ ᠵᠠᠮ ᠳᠠᠭᠠᠤ᠎ᠶᠢᠨ ᠬᠡᠳᠦᠨ ᠬᠣᠲᠠ᠎ᠠᠴᠠ ᠡᠬᠢᠯᠡᠨ᠂ ᠭᠤᠷᠪᠠᠨ ᠤᠯᠤᠰ᠎ᠤᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠦᠨ ᠪᠠᠶ᠋ᠢᠩᠭᠤᠵᠢᠭᠰᠠᠨ ᠵᠣᠯᠭᠠᠯᠴᠠᠭ᠎ᠠ᠎ᠶᠢᠨ ᠲᠣᠭᠲᠠᠴᠠ᠎ᠶᠢ ᠠᠯᠬᠤᠮ ᠠᠯᠬᠤᠮ᠎ᠢᠶᠠᠷ ᠪᠠᠶ᠋ᠢᠭᠤᠯᠵᠤ᠂ ᠤᠷᠢᠳ ᠬᠣᠵᠢᠳ 《ᠭᠠᠶ᠋ᠢᠬᠠᠮᠰᠢᠭᠲᠤ᠌ ᠴᠠᠶ᠎ᠶᠢᠨ ᠵᠠᠮ᠎ᠤᠨ ᠠᠶᠠᠯᠠᠯ》 ᠵᠡᠷᠭᠡ ᠠᠷᠪᠠᠨ ᠶᠡᠬᠡ ᠣᠯᠠᠨ ᠤᠯᠤᠰ᠎ᠤᠨ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠬᠠᠮᠲᠤᠷᠠᠨ ᠨᠡᠶ᠋ᠢᠲᠡᠯᠡᠵᠦ᠍᠂ ᠬᠥᠬᠡᠬᠣᠲᠠ᠂ ᠤᠯᠠᠭᠠᠨᠪᠠᠭᠠᠲᠤᠷ᠂ ᠤᠯᠠᠭᠠᠠᠦ᠋ᠳᠡ᠂ ᠢᠷᠺᠦ᠋ᠼᠺ ᠵᠡᠷᠭᠡ ᠵᠠᠩᠭᠢᠯᠠᠭ᠎ᠠ᠎ᠶᠢᠨ ᠬᠣᠲᠠ᠎ᠶᠢ ᠠᠮᠵᠢᠯᠳᠠ ᠲᠠᠢ ᠬᠡᠯᠬᠢᠭᠰᠡᠨ ᠪᠠᠢᠨ᠎ᠠ᠃ 2026 ᠣᠨ᠎ᠳᠤ ᠰᠢᠨ᠎ᠡ᠎ᠪᠡᠷ ᠭᠠᠷᠭᠠᠭᠰᠠᠨ 《ᠲᠦᠮᠡᠨ ᠭᠠᠵᠠᠷ᠎ᠤᠨ ᠴᠠᠶ᠎ᠶᠢᠨ ᠵᠠᠮ᠎ᠢᠶᠠᠷ ᠳᠠᠬᠢᠨ ᠠᠶᠠᠯᠠᠵᠦ ᠭᠤᠷᠪᠠᠨ ᠤᠯᠤᠰ᠎ᠤᠨ ᠪᠣᠯᠪᠠᠰᠤᠨ᠎ᠤ ᠠᠭᠤᠰᠤᠯᠴᠠᠯ᠎ᠢ ᠮᠡᠳᠡᠷᠡᠬᠦ ᠠᠶᠠᠯᠠᠯ》 ᠤ᠋ᠨ 8 ᠡᠳᠦᠷ 7 ᠰᠦᠨᠢ᠎ᠶᠢᠨ ᠵᠢᠭᠤᠯᠴᠢᠯᠠᠯ᠎ᠤ᠋ᠨ ᠵᠠᠮ ᠱᠤᠭᠤᠮ᠎ᠨᠢ ᠨᠠᠩ ᠴᠤ᠌ ᠳᠤᠮᠳᠠᠳᠤ ᠣᠷᠣᠰ ᠮᠣᠩᠭᠣᠯ ᠭᠤᠷᠪᠠᠨ ᠤᠯᠤᠰ᠎ᠤᠨ ᠭᠤᠤᠯ ᠪᠣᠯᠬᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠵᠠᠪᠰᠠᠷ ᠥᠬᠡᠶ ᠵᠣᠯᠭᠠᠭᠤᠯᠬᠤ᠎ᠶᠢ ᠠᠩᠬ᠎ᠠ ᠤᠳᠠᠭ᠎ᠠ ᠪᠡᠶᠡᠯᠡᠭᠦᠯᠵᠦ᠍᠂ ᠡᠨᠡ ᠵᠢᠯ᠎ᠦᠨ ᠬᠢᠯᠢ ᠠᠯᠤᠰᠯᠠᠬᠰᠠᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠨᠢᠭᠡᠨ ᠬᠠᠯᠠᠮᠰᠢᠯ ᠪᠣᠯᠵᠠᠢ᠃
ᠦᠪᠤᠷ ᠮᠤᠡᠭᠭᠤᠯ᠎ᠤᠨ ᠰᠤᠶᠤᠯ ᠪᠠ ᠵᠢᠭᠤᠯᠴᠢᠯᠠᠯ᠎ᠤᠨ ᠲᠢᠡᠭᠭᠢᠮ᠎ᠤᠨ ᠬᠠᠮᠢᠶ᠎ᠠ ᠪᠦᠬᠦᠢ ᠬᠠᠷᠢᠭᠤᠴᠠᠯᠭᠠᠳᠠᠨ᠎ᠤ ᠲᠠᠨᠢᠯᠴᠠᠭᠤᠯᠤᠬᠰᠠᠨ ᠵᠢᠡᠷ᠂ ᠡᠨᠡ ᠬᠦ᠌ ᠬᠢᠯᠢ ᠠᠯᠤᠰᠯᠠᠭᠰᠠᠨ ᠰᠢᠵᠢᠷ ᠠᠯᠲᠠᠨ ᠵᠢᠭᠤᠯᠴᠢᠯᠠᠯ᠎ᠤᠨ ᠵᠠᠮ ᠱᠤᠭᠤᠮ᠎ᠢ ᠨᠡᠢᠳᠡᠯᠡᠭᠰᠡᠨ 1 ᠰᠠᠷ᠎ᠠ ᠵᠢᠨ ᠬᠤᠭᠤᠷᠤᠨᠳᠤ ᠣᠷᠣᠰ᠂ ᠮᠣᠩᠭᠣᠯ ᠤᠯᠤᠰ᠎ᠠᠴᠠ ᠢᠷᠡᠬᠦᠯᠦᠭᠰᠡᠨ 20 ᠭᠠᠷᠤᠶ ᠵᠢᠭᠤᠯᠴᠢᠯᠠᠯ᠎ᠤᠨ ᠪᠦᠯᠬᠦᠮ᠎ᠦᠨ ᠵᠠᠬᠢᠶᠠᠯᠠᠭ᠎ᠠ᠎ᠶᠢ ᠲᠤᠰᠴᠤ᠂ ᠭᠠᠭᠴᠠ ᠪᠦᠯᠬᠦᠮ᠎ᠦᠨ ᠬᠥᠮᠦᠨ᠎ᠦ ᠲᠣᠭ᠎ᠠ᠎ᠨᠢ ᠬᠠᠮᠤᠭ᠎ᠤᠨ ᠣᠯᠠᠨ᠎ᠳᠠᠭᠠᠨ 45 ᠬᠥᠮᠦᠨ᠎ᠳᠦ ᠬᠦᠷᠴᠡᠶ᠃
《ᠲᠦᠮᠡᠨ ᠭᠠᠵᠠᠷ᠎ᠤᠨ ᠴᠠᠶ᠎ᠶᠢᠨ ᠵᠠᠮ》 ᠤ᠋ᠨ ᠲᠦᠷᠦᠯ ᠲᠡᠮᠳᠡᠭ᠎ᠦᠨ ᠨᠥᠯᠥᠭᠡᠯᠡᠬᠦ᠌ ᠬᠦᠴᠦᠨ ᠦᠷᠭᠦᠯᠵᠢᠯᠡᠨ ᠳᠡᠭᠡᠭᠰᠢᠯᠡᠬᠦ᠌᠎ᠶᠢ ᠳᠠᠭᠠᠯᠳᠤᠨ᠂ ᠥᠪᠥᠷ ᠮᠣᠩᠭᠣᠯ᠎ᠤᠨ ᠬᠢᠯᠢ ᠠᠯᠤᠰᠯᠠᠬᠰᠠᠨ ᠵᠢᠭᠤᠯᠴᠢᠯᠠᠯ᠎ᠤᠨ ᠵᠠᠬ᠎ᠠ ᠳᠡᠯᠭᠡᠭᠦᠷ ᠨᠡᠡᠭ ᠲᠦᠷᠭᠡᠨ ᠬᠥᠭᠵᠢᠵᠦ᠍ ᠪᠠᠶ᠋ᠢᠨ᠎ᠠ᠃ ᠰᠢᠶᠸ ᠴᠸᠡᠭ ᠰᠦᠯᠵᠢᠶ᠎ᠠ ᠵᠢᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2026 ᠣᠨ᠎ᠤ 5 ᠰᠠᠷ᠎ᠠ᠎ᠠᠴᠠ 6 ᠰᠠᠷ᠎ᠠ ᠪᠣᠯᠲᠠᠯ᠎ᠠ᠂ ᠬᠥᠬᠡᠬᠣᠲᠠ᠎ᠳᠦ ᠬᠢᠯᠢ᠎ᠪᠡᠷ ᠣᠷᠣᠵᠤ ᠢᠷᠡᠭᠰᠡᠨ ᠵᠢᠭᠤᠯᠴᠢᠯᠠᠬᠰᠠᠳ ᠠᠳᠠᠯᠢ ᠬᠤᠭᠤᠴᠠᠭᠠᠨ᠎ᠤ᠎ᠬᠢ᠎ᠡᠴᠡ 30.2%᠎ᠢᠶᠠᠷ ᠨᠡᠮᠡᠭᠳᠡᠵᠦ᠍᠂ ᠬᠢᠯᠢ᠎ᠪᠡᠷ ᠣᠷᠣᠵᠤ ᠢᠷᠡᠭᠰᠡᠨ ᠵᠢᠭᠤᠯᠴᠢᠯᠠᠬᠰᠠᠳ᠎ᠤᠨ ᠬᠡᠷᠡᠭᠯᠡᠭᠡᠨᠤ᠋ ᠬᠡᠮᠵᠢᠶ᠎ᠠ ᠠᠳᠠᠯᠢ ᠬᠤᠭᠤᠴᠠᠭᠠᠨ᠎ᠤ᠎ᠬᠢ᠎ᠡᠴᠡ 49.3%᠎ᠪᠠᠷ ᠨᠡᠮᠡᠭᠳᠡᠪᠡ᠃
ᠡᠷᠲᠡ ᠦᠶ᠎ᠡ᠎ᠶᠢᠨ ᠳ᠋ᠠᠩ ᠴᠤᠯᠭᠤᠢ ᠬᠢᠯᠢ᠎ᠶᠢᠨ ᠱᠤᠭᠤᠮ᠎ᠤᠨ ᠤᠢ᠌ᠷ᠎ᠠ ᠵᠠᠮ᠎ᠤᠨ ᠵᠢᠭᠤᠯᠴᠢᠯᠠᠯ᠎ᠠᠴᠠ ᠤᠳᠤ ᠵᠢᠨ ᠭᠤᠷᠪᠠᠨ ᠤᠯᠤᠰ᠎ᠢ ᠪᠦᠷᠬᠦᠭᠰᠡᠨ ᠬᠦᠭᠵᠢᠶᠡᠨᠳᠤ ᠬᠢᠯᠢ ᠠᠯᠤᠰᠯᠠᠭᠰᠠᠨ ᠵᠢᠭᠤᠯᠴᠢᠯᠠᠯ ᠬᠦᠷᠲᠡᠯ᠎ᠡ᠂ 《ᠲᠦᠮᠡᠨ ᠭᠠᠵᠠᠷ᠎ᠤᠨ ᠴᠠᠢ᠎ᠶᠢᠨ ᠵᠠᠮ》 ᠨᠢ ᠠᠯᠢ ᠡᠷᠲᠡ ᠬᠤᠳᠠᠯᠳᠤᠭᠠᠨ᠎ᠤ ᠵᠠᠮ ᠲᠡᠳᠤᠢ ᠪᠢᠰᠢ ᠪᠤᠯᠵᠤ᠂ ᠬᠠᠷᠢᠨ ᠳᠤᠮᠳᠠᠳᠤ ᠤᠷᠤᠰ ᠮᠣᠩᠭᠣᠯ᠎ᠤᠨ ᠰᠣᠶᠣᠯ ᠢᠷᠭᠡᠨᠰᠢᠯ᠎ᠦᠨ ᠰᠣᠯᠢᠯᠴᠠᠭ᠎ᠠ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢᠨ ᠴᠢᠬᠤᠯᠠ ᠬᠣᠯᠪᠣᠭᠠᠰᠤ ᠪᠣᠯᠵᠠᠢ᠃

ᠮᠠᠨᠵᠤᠤᠷ ᠬᠤᠳᠠ᠎ᠳ᠋ᠤ ᠵᠢᠭᠤᠯᠴᠢᠯᠠᠵᠤ ᠪᠠᠢᠭ᠎ᠠ ᠭᠠᠳᠠᠭᠠᠳᠤ ᠵᠢᠨ ᠵᠢᠭᠤᠯᠴᠢᠯᠠᠬᠰᠠᠳ
ᠸᠠᠡᠭ ᠬᠤᠸᠠ ᠶᠦᠡᠭ ᠰᠡᠬᠦᠳᠡᠷᠯᠡᠪᠡ
ᠬᠢᠯᠢ ᠵᠢᠨ ᠪᠤᠭᠤᠮᠳᠠ
ᠥᠪᠥᠷ ᠮᠣᠩᠭᠣᠯ᠎ᠤᠨ 4200 ᠭᠠᠷᠤᠢ ᠺᠢᠯᠤᠮᠸᠲᠷ ᠦᠷᠭᠦᠯᠵᠢᠯᠡᠭᠰᠡᠨ ᠬᠢᠯᠢ᠎ᠶᠢᠨ ᠱᠤᠭᠤᠮ ᠳᠡᠭᠡᠷ᠎ᠡ᠂ ᠭᠠᠳᠠᠭᠠᠳᠤ᠎ᠳᠦ ᠨᠡᠭᠡᠭᠡᠯᠳᠡ ᠬᠢᠭᠰᠡᠨ 20 ᠬᠢᠯᠢ ᠵᠢᠨ ᠪᠤᠭᠤᠮᠳᠠ ᠨᠢ ᠬᠡᠷᠡᠯᠳᠤ ᠰᠤᠪᠤᠳ ᠰᠢᠬ ᠰᠢᠬᠢᠳᠤᠨ ᠪᠠᠢᠷᠢᠯᠠᠵᠤ ᠪᠠᠢᠳᠠᠭ᠃ ᠡᠬᠦᠨ᠎ᠤ ᠲᠤᠳᠤᠷ᠎ᠠ ᠮᠠᠨᠵᠤᠤᠷ᠂ ᠡᠷᠢᠶᠡᠨ᠂ ᠷᠠᠰᠢᠶᠠᠨ ᠵᠡᠷᠭᠡ ᠬᠢᠯᠢ᠎ᠶᠢᠨ ᠪᠣᠭᠣᠮᠲᠠ᠎ᠶᠢᠨ ᠬᠤᠳᠠ ᠨᠢ ᠬᠢᠯᠢ ᠠᠯᠤᠰᠯᠠᠭᠰᠠᠨ ᠵᠢᠭᠤᠯᠴᠢᠯᠠᠯ᠎ᠤᠨ ᠭᠣᠣᠯ ᠲᠤᠯᠭᠠᠭᠤᠷᠢ ᠪᠤᠯᠵᠤ᠂ ᠳᠤᠮᠳᠠᠳᠤ ᠤᠷᠤᠰ᠎ᠤᠨ ᠬᠠᠷᠢᠯᠴᠠᠨ 《ᠸᠢᠰᠠ ᠡᠴᠡ ᠬᠡᠯᠳᠤᠷᠢᠬᠦᠯᠬᠦ》 ᠲᠦᠷᠤ ᠵᠢᠨ ᠪᠤᠳᠤᠯᠭ᠎ᠠ᠂ ᠳᠤᠮᠳᠠᠳᠤ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠭᠠᠷ ᠬᠦᠢᠴᠡᠳᠬᠡᠯ᠎ᠤᠨ ᠳᠥᠭᠥᠮᠴᠢᠯᠡᠯᠲᠡ᠎ᠶᠢᠨ ᠲᠦᠷᠦ᠎ᠶᠢᠨ ᠪᠤᠳᠤᠯᠭ᠎ᠠ᠎ᠶᠢᠨ ᠳᠡᠮᠵᠢᠯᠭᠡ ᠳᠣᠣᠷ᠎ᠠ᠂ ᠮᠠᠨ᠎ᠤ ᠤᠷᠤᠨ᠎ᠤ ᠬᠢᠯᠢ ᠠᠯᠤᠰᠯᠠᠭᠰᠠᠨ ᠵᠢᠭᠤᠯᠴᠢᠯᠠᠯ᠎ᠤ᠋ᠨ ᠦᠢᠯᠡᠰ ᠤᠯᠠᠮ ᠦᠷᠨᠢᠬᠦᠨ ᠬᠦᠭᠵᠢᠵᠤ ᠪᠤᠢ᠃
《ᠸᠢᠰᠠ ᠡᠴᠡ ᠬᠡᠯᠳᠤᠷᠢᠬᠦᠯᠬᠦ》 ᠲᠦᠷᠤ ᠵᠢᠨ ᠪᠤᠳᠤᠯᠭ᠎ᠠ ᠵᠢ ᠬᠡᠷᠡᠭᠵᠢᠬᠦᠯᠦᠭᠰᠡᠨ ᠡᠴᠡ ᠰᠡᠬᠦᠯᠡᠷ ᠮᠠᠨᠵᠤᠤᠷ ᠬᠤᠳᠠ ᠵᠢᠨ ᠵᠡᠬᠡᠯᠢ ᠭᠤᠳᠤᠮᠵᠢ᠂ ᠬᠤᠳᠠᠯᠳᠤᠭ᠎ᠠ ᠲᠡᠯᠭᠡᠬᠦᠷ ᠵᠢᠡᠷ ᠤᠷᠤᠰ᠎ᠤᠨ ᠵᠢᠭᠤᠯᠴᠢᠯᠠᠬᠴᠢ ᠤᠯᠠᠮ ᠤᠯᠠᠰᠢᠷᠠᠵᠦ᠂ ᠲᠤᠬᠠᠢ᠎ᠶᠢᠨ ᠭᠠᠵᠠᠷ᠎ᠤᠨ ᠬᠡᠷᠡᠭᠯᠡᠭᠡ᠎ᠵᠢ ᠬᠦᠭᠵᠢᠬᠡᠵᠠᠢ᠃ 《〈ᠸᠢᠰᠠ ᠡᠴᠡ ᠬᠡᠯᠳᠤᠷᠢᠬᠦᠯᠬᠦ〉 ᠲᠦᠷᠤ ᠵᠢᠨ ᠪᠤᠳᠤᠯᠭ᠎ᠠ ᠨᠢ ᠪᠤᠭᠤᠮᠳᠠ ᠪᠡᠷ ᠦᠡᠭᠭᠡᠷᠡᠬᠦ᠎ᠳ᠋ᠤ ᠮᠠᠰᠢ ᠲᠦᠬᠦᠮ ᠮᠦᠷᠳᠡᠭᠡᠨ ᠬᠤᠷᠳᠤᠨ ᠪᠤᠯᠵᠤ᠂ ᠪᠢᠳᠡ ᠶᠠᠭ ᠵᠡᠬᠦᠨ ᠪᠠᠷᠠᠭᠤᠨ ᠬᠡᠷ ᠲᠡᠭᠡᠨ ᠶᠠᠪᠤᠵᠤ ᠪᠠᠢᠭ᠎ᠠ ᠮᠡᠳᠤ ᠲᠦᠬᠦᠮ ᠪᠤᠯᠵᠦ᠂ ᠲᠤᠮᠳᠠᠳᠤ ᠤᠯᠤᠰ ᠲᠸ᠋ ᠢᠷᠡᠵᠦ ᠬᠤᠪᠴᠠᠰᠤ ᠱᠠᠬᠠᠢ ᠵᠡᠷᠭᠡ ᠡᠳᠦᠷ ᠲᠤᠳᠤᠮ᠎ᠤᠨ ᠭᠡᠷᠡᠭᠯᠡᠭᠡᠨ᠎ᠤ ᠪᠠᠷᠠᠭ᠎ᠠ ᠠᠪᠴᠤ ᠪᠤᠯᠬᠤ ᠪᠤᠯᠵᠠᠢ᠃ ᠦᠴᠤᠭᠡᠳᠤᠷ ᠪᠢ ᠪᠠᠰᠠ ᠬᠠᠷᠪᠢᠨ᠎ᠳᠤ ᠬᠦᠷᠴᠤ᠂ ᠲᠤᠬᠠᠢ ᠵᠢᠨ ᠭᠠᠵᠠᠷ᠎ᠤᠨ ᠠᠮᠳᠠᠳᠤ ᠢᠳᠡᠭᠡᠨ᠎ᠢ ᠠᠮᠳᠠᠯᠠᠵᠤ᠂ ᠲᠤᠬᠠᠢ ᠵᠢᠨ ᠭᠠᠵᠠᠷ᠎ᠤᠨ ᠠᠮᠢᠳᠤᠷᠠᠯ᠎ᠢ ᠪᠠᠶᠠᠴᠢᠯᠠᠨ ᠦᠢᠯᠠᠭᠠᠵᠠᠢ》 ᠬᠡᠵᠤ ᠤᠷᠤᠰ᠎ᠤᠨ ᠵᠢᠭᠤᠯᠴᠢᠯᠠᠬᠴᠢ ᠪᠠᠶᠠᠷᠳᠠᠢᠬᠠᠨ ᠶᠠᠷᠢᠨ᠎ᠠ᠃
ᠮᠠᠨ᠎ᠤ ᠤᠯᠤᠰ᠎ᠤᠨ ᠬᠠᠮᠤᠭ᠎ᠤᠨ ᠶᠡᠬᠡ ᠡᠭᠡ ᠬᠠᠭᠤᠷᠠᠶ᠎ᠶᠢᠨ ᠬᠢᠯᠢ ᠵᠢᠨ ᠪᠣᠭᠣᠮᠲᠠ ᠪᠣᠯᠤᠭᠰᠠᠨ᠎ᠤ ᠬᠤᠪᠢ᠎ᠳᠤ᠂ ᠮᠠᠨᠵᠤᠤᠷ ᠬᠢᠯᠢ ᠵᠢᠨ ᠪᠤᠭᠤᠮᠳᠠ ᠬᠢᠯᠢ᠎ᠶᠢᠨ ᠰᠣᠶᠣᠯ ᠵᠢᠭᠤᠯᠴᠢᠯᠠᠯ᠎ᠤᠨ ᠪᠣᠯᠪᠠᠰᠤᠷᠠᠩᠭᠤᠶ ᠡᠵᠡᠩᠨᠡᠯᠲᠡ᠎ᠶᠢᠨ ᠬᠡᠯᠪᠡᠷᠢ ᠪᠠᠶ᠋ᠢᠳᠠᠯ ᠪᠠ ᠳᠤᠮᠳᠠᠳᠤ ᠣᠷᠣᠰ᠎ᠤᠨ ᠬᠠᠷᠢᠯᠴᠠᠨ ᠸᠢᠰᠠ ᠡᠴᠡ ᠭᠡᠯᠳᠦᠷᠢᠭᠦᠯᠬᠦ᠌ ᠲᠥᠷᠥ᠎ᠶᠢᠨ ᠪᠣᠳᠣᠯᠭ᠎ᠠ᠎ᠶᠢᠨ ᠠᠰᠢᠬᠳᠠᠢ ᠨᠦᠬᠦᠴᠡᠯ᠎ᠳᠤ ᠲᠦᠰᠢᠭᠯᠡᠨ᠂ ᠬᠢᠯᠢ ᠠᠯᠤᠰᠯᠠᠭᠰᠠᠨ ᠵᠢᠭᠤᠯᠴᠢᠯᠠᠯ᠎ᠢ ᠨᠡᠡᠭ ᠪᠠᠶᠠᠯᠢᠭ ᠳᠠᠢᠰᠢ ᠬᠤᠪᠢᠷᠠᠭᠤᠯᠬᠤ᠎ᠶᠢ ᠦᠷᠭᠦᠯᠵᠢᠯᠡᠨ ᠠᠬᠢᠭᠤᠯᠪᠠ᠃ 2025 ᠤᠨ᠎ᠤ 9 ᠰᠠᠷ᠎ᠠ ᠵᠢᠨ 15᠎ᠤ᠋ ᠡᠳᠤᠷ᠂ ᠮᠠᠨ᠎ᠤ ᠤᠯᠤᠰ ᠤᠷᠤᠰ᠎ᠤᠨ ᠡᠡᠭ᠎ᠤᠨ ᠫᠠᠰᠫᠤᠷᠲ ᠲᠠᠢ ᠬᠦᠮᠤᠰ ᠲᠸ᠋ 《ᠸᠢᠰᠠ ᠡᠴᠡ ᠬᠡᠯᠳᠤᠷᠢᠬᠦᠯᠬᠦ》 ᠲᠦᠷᠤ ᠵᠢᠨ ᠪᠤᠳᠤᠯᠭ᠎ᠠ ᠵᠢ ᠬᠡᠷᠡᠭᠵᠢᠬᠦᠯᠦᠭᠰᠡᠨ ᠡᠴᠡ ᠨᠠᠭᠠᠰᠢ ᠡᠨᠡ ᠵᠢᠯ᠎ᠤᠨ 6 ᠰᠠᠷ᠎ᠠ ᠵᠢᠨ 30᠎ᠤ᠋ ᠡᠳᠤᠷ ᠪᠤᠯᠳᠠᠯ᠎ᠠ᠂ ᠮᠠᠨᠵᠤᠤᠷ᠎ᠤᠨ ᠠᠷᠪᠠᠨ ᠨᠠᠢ᠍ᠮᠠᠨ ᠭᠠᠵᠠᠷ᠎ᠤᠨ ᠪᠤᠭᠤᠮᠳᠠ ᠨᠢ ᠬᠢᠯᠢ ᠪᠡᠷ ᠤᠷᠤᠵᠤ ᠭᠠᠷᠬᠤ ᠭᠠᠳᠠᠭᠠᠳᠤ ᠵᠢᠨ ᠠᠶᠠᠨᠴᠢᠳ᠎ᠢ ᠨᠡᠢᠳᠡ 36 ᠲᠦᠮᠡᠨ ᠬᠦᠮᠤᠨ ᠤᠳᠠᠭ᠎ᠠ ᠰᠢᠯᠭᠠᠨ ᠪᠠᠢᠴᠠᠭᠠᠵᠤ᠂ ᠠᠳᠠᠯᠢ ᠬᠤᠭᠤᠴᠠᠭᠠᠨ᠎ᠤ ᠬᠢ ᠡᠴᠡ 65% ᠪᠡᠷ ᠨᠡᠮᠡᠭᠳᠡᠪᠡ᠃ 2026 ᠣᠨ᠎ᠤ ᠨᠢᠭᠡᠳᠦᠭᠡᠷ ᠤᠯᠠᠷᠢᠯ᠎ᠳᠤ᠂ ᠮᠠᠨᠵᠤᠤᠷᠪᠤᠭᠤᠮᠳᠠᠶᠢᠨ ᠬᠢᠯᠢ᠎ᠪᠡᠷ ᠤᠷᠤᠵᠦ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠶ᠋ᠢᠴᠠᠭᠠᠬᠤ ᠥᠷᠲᠡᠭᠡ 22.2 ᠲᠦᠮᠡᠨ ᠬᠥᠮᠦᠨ ᠤᠳᠠᠭ᠎ᠠ ᠪᠠᠶ᠋ᠢᠴᠠᠭᠠᠨ ᠰᠢᠯᠭᠠᠵᠤ᠂ ᠠᠳᠠᠯᠢ ᠬᠤᠭᠤᠴᠠᠭᠠᠨ᠎ᠤ᠎ᠬᠢ᠎ᠡᠴᠡ 46.2%᠎ᠢᠶᠠᠷ ᠥᠰᠴᠦ᠍᠂ ᠳ᠋ᠠᠩ ᠡᠳᠦᠷ᠎ᠦᠨ ᠬᠠᠮᠤᠭ᠎ᠤᠨ ᠤᠯᠠᠨ ᠪᠠᠶ᠋ᠢᠴᠠᠭᠠᠨ ᠰᠢᠯᠭᠠᠭᠰᠠᠨ ᠬᠡᠮᠵᠢᠶ᠎ᠡ᠎ᠨᠢ 6400 ᠬᠥᠮᠦᠨ ᠤᠳᠠᠭ᠎ᠠ᠎ᠶᠢ ᠳᠠᠪᠠᠵᠤ᠂ ᠣᠶ᠋ᠢᠷ᠎ᠠ᠎ᠶᠢᠨ 5 ᠵᠢᠯ᠎ᠦᠨ ᠨᠢᠭᠡᠳᠦᠭᠡᠷ ᠤᠯᠠᠷᠢᠯ᠎ᠤᠨ ᠠᠶᠠᠨᠴᠢᠳ᠎ᠤᠨ ᠲᠤᠭ᠎ᠠ ᠬᠠᠮᠤᠭ ᠤᠯᠠᠨ ᠪᠤᠯᠤᠭᠰᠠᠨ ᠲᠡᠮᠳᠡᠭᠯᠡᠯ᠎ᠢ ᠰᠢᠨᠡᠳᠬᠡᠵᠡᠢ᠃
ᠵᠢᠭᠤᠯᠴᠢᠯᠠᠭᠰᠠᠳ᠎ᠤᠨ ᠪᠠᠶᠠᠴᠢᠯᠠᠨ ᠣᠶ᠋ᠢᠯᠠᠭᠠᠯᠲᠠ᠎ᠶᠢ ᠳᠡᠭᠡᠭᠰᠢᠯᠡᠭᠦᠯᠬᠦ᠌᠎ᠶᠢᠨ ᠲᠥᠯᠥᠭᠡ᠂ ᠮᠠᠨᠵᠤᠤᠷ ᠬᠤᠳᠠ ᠬᠢᠯᠢ ᠵᠢᠨ ᠪᠣᠭᠣᠮᠲᠠ᠂ ᠪᠣᠭᠣᠮᠲᠠ᠂ ᠰᠣᠶᠣᠯ ᠵᠢᠭᠤᠯᠴᠢᠯᠠᠯ ᠭᠤᠷᠪᠠᠨ ᠲᠠᠯ᠎ᠠ᠎ᠪᠠᠷ᠎ᠢᠶᠡᠨ ᠰᠠᠷᠠᠪᠤᠯᠭᠠᠨ ᠬᠠᠮᠵᠢᠯᠴᠠᠨ ᠵᠥᠪᠳᠡᠯᠴᠡᠬᠦ᠌ ᠲᠣᠭᠲᠠᠴᠠ᠎ᠶᠢ ᠪᠠᠶ᠋ᠢᠭᠤᠯᠬᠤ᠎ᠶᠢ ᠠᠬᠢᠭᠤᠯᠵᠤ᠂ ᠵᠢᠭᠤᠯᠴᠢᠯᠠᠯ᠎ᠤᠨ ᠬᠦᠭᠵᠢᠶᠡᠨᠳᠤ ᠤᠯᠠᠷᠢᠯ᠎ᠳᠤ ᠣᠯᠠᠨ ᠬᠡᠯᠡᠨ᠎ᠦ ᠠᠵᠢᠯᠲᠠᠨ᠎ᠢ ᠲᠣᠬᠢᠷᠠᠭᠤᠯᠬᠤ᠂ ᠦᠵᠡᠮᠵᠢ᠎ᠶᠢᠨ ᠣᠷᠣᠨ᠂ ᠵᠡᠭᠡᠯᠢ ᠲᠣᠭᠣᠷᠢᠭ᠎ᠲᠤ᠌ ᠭᠠᠳᠠᠭᠠᠳᠤ ᠬᠡᠯᠡᠨ᠎ᠦ ᠫᠠᠢᠰᠠ ᠲᠡᠮᠳᠡᠭ ᠪᠠ ᠬᠤᠤᠰ ᠬᠡᠯᠡ᠎ᠪᠡᠷ ᠲᠠᠶ᠋ᠢᠯᠪᠤᠷᠢᠯᠠᠬᠤ ᠦᠢᠯᠡᠴᠢᠯᠡᠭᠡ ᠵᠢ ᠪᠦᠷᠬᠦᠬᠦᠯᠪᠡ᠃ 《ᠲᠡᠷᠭᠡᠨ᠎ᠡᠴᠡ ᠪᠠᠭᠤᠵᠦ ᠬᠢᠯᠢ᠎ᠳᠦ ᠣᠷᠣᠬᠤ ᠭᠠᠷ ᠭᠦᠶ᠋ᠴᠡᠳᠬᠡᠯᠢ ᠪᠡᠶᠡᠯᠡᠭᠦᠯᠬᠦ᠌ ᠪᠣᠯᠲᠠᠯ᠎ᠠ 10 ᠮᠢᠨᠦᠢ᠍ᠲ ᠴᠦ᠍ ᠬᠡᠷᠡᠭᠰᠡᠭᠰᠡᠨ ᠥᠬᠡᠶ᠂ ᠬᠢᠯᠢ᠎ᠶᠢᠨ ᠪᠠᠶ᠋ᠢᠴᠠᠭᠠᠯᠳᠠ᠎ᠶᠢᠨ ᠴᠠᠭᠳᠠᠭ᠎ᠠ ᠣᠷᠣᠰ ᠬᠡᠯᠡ᠎ᠪᠡᠷ ᠬᠦᠯᠢᠴᠡᠩᠭᠦᠶ ᠬᠥᠲᠥᠯᠥᠨ ᠵᠢᠯᠣᠭᠣᠳᠴᠤ᠌᠂ ᠬᠡᠦᠬᠡᠳᠦᠳᠲᠦ᠍ ᠳᠤᠮᠳᠠᠳᠤ ᠤᠯᠤᠰ᠎ᠤᠨ ᠬᠦᠮᠤᠰ᠎ᠤᠨ ᠬᠠᠯᠠᠭᠤᠮᠰᠤᠭ ᠦᠢᠯᠡᠴᠢᠯᠡᠭᠡ ᠵᠢ ᠮᠡᠳᠡᠷᠡᠭᠦᠯᠪᠡ》 ᠭᠡᠵᠤ ᠣᠷᠣᠰ᠎ᠤᠨ ᠴᠢᠲ᠋ᠠ ᠬᠣᠲᠠ᠎ᠶᠢᠨ ᠨᠢᠭᠡᠨ ᠳᠤᠮᠳᠠᠳᠤ ᠰᠤᠷᠭᠠᠭᠤᠯᠢ᠎ᠶᠢᠨ ᠰᠤᠳᠤᠯᠤᠨ ᠰᠤᠷᠤᠯᠴᠠᠬᠤ ᠪᠦᠯᠬᠦᠮ᠎ᠦᠨ ᠳᠠᠭᠠᠭᠤᠯᠤᠬᠴᠢ ᠪᠠᠭᠰᠢ ᠢᠯᠢᠨ᠎ᠠ·ᠫᠢᠲ᠋ᠷᠤᠸᠨᠠ ᠶᠠᠷᠢᠨ᠎ᠠ᠃
ᠵᠢᠭᠤᠯᠴᠢᠯᠠᠬᠰᠠᠳ ᠤᠯᠠᠰᠢᠷᠠᠬᠤ ᠵᠢ ᠲᠠᠭᠠᠯᠳᠤᠵᠤ ᠮᠠᠨᠵᠤᠤᠷ ᠬᠤᠳᠠ ᠵᠢᠨ ᠢᠳᠡᠭᠡᠨ ᠤᠮᠳᠠᠭᠠᠨ᠂ ᠬᠤᠨᠤᠭ ᠪᠠᠭᠤᠳᠠᠯ ᠵᠡᠷᠭᠡ ᠬᠠᠮᠢᠶ᠎ᠠ ᠪᠦᠬᠦᠢ ᠠᠵᠤ ᠦᠢᠯᠡᠰᠶᠡᠬᠡᠳᠡ ᠬᠦᠭᠵᠢᠶᠡᠨᠳᠡᠢ ᠪᠤᠯᠵᠠᠢ᠃ 《ᠸᠢᠰᠠ ᠡᠴᠡ ᠬᠡᠯᠳᠤᠷᠢᠬᠦᠯᠬᠦ》 ᠲᠦᠷᠤ ᠵᠢᠨ ᠪᠤᠳᠤᠯᠭ᠎ᠠ ᠨᠢ ᠵᠢᠭᠤᠯᠴᠢᠯᠠᠬᠰᠠᠳ᠎ᠤ᠋ᠨ ᠲᠤᠭ᠎ᠠ ᠬᠡᠮᠵᠢᠶ᠎ᠠ ᠵᠢ ᠨᠡᠮᠡᠭᠳᠡᠬᠦᠯᠵᠤ᠂ ᠬᠡᠷᠡᠭᠯᠡᠭᠡ ᠵᠢ ᠠᠬᠢᠭᠤᠯᠤᠬᠰᠠᠨ ᠵᠢᠡᠷ ᠪᠠᠷᠠᠬᠤ ᠦᠬᠡᠢ᠂ ᠨᠡᠡᠭ ᠴᠸ᠋ ᠮᠠᠨᠵᠤᠤᠷ ᠬᠤᠳᠠ ᠵᠢ ᠲᠤᠮᠳᠠᠳᠤ ᠤᠷᠤᠰ᠎ᠤᠨ ᠠᠷᠠᠳ᠎ᠤᠨ ᠬᠤᠭᠤᠷᠤᠨᠳᠤᠬᠢ ᠰᠤᠯᠢᠯᠴᠠᠭᠠᠨ᠎ᠤ ᠲᠠᠪᠴᠠᠡᠭ ᠪᠤᠯᠭᠠᠨ ᠬᠤᠪᠢᠷᠠᠭᠤᠯᠤᠬᠰᠠᠨ ᠪᠦᠭᠡᠳ ᠪᠠᠰᠠ ᠬᠢᠯᠢ ᠬᠢᠵᠠᠭᠠᠷ ᠤᠷᠤᠨ᠎ᠤ ᠨᠡᠭᠡᠭᠡᠯᠳᠡ ᠬᠦᠭᠵᠢᠯᠳᠡ᠎ᠳᠤ ᠨᠡᠡᠭ ᠤᠳᠠᠭᠠᠨ ᠲᠠᠭᠠᠭᠠᠮᠠᠭᠠᠢ ᠬᠦᠳᠡᠯᠭᠡᠬᠦ ᠬᠦᠴᠤᠨ ᠤᠯᠭᠤᠬᠰᠠᠨ ᠪᠠᠢᠨ᠎ᠠ᠃

ᠡᠷᠢᠶᠠᠨ ᠬᠢᠯᠢ ᠵᠢᠨ ᠪᠤᠭᠤᠮᠳᠠ᠎ᠳ᠋ᠤ ᠵᠢᠭᠤᠯᠴᠢᠯᠠᠵᠤ ᠪᠠᠢᠭ᠎ᠠ ᠬᠦᠮᠤᠰ
ᠰᠤᠷᠪᠤᠯᠵᠢᠯᠠᠬᠴᠢ ᠪᠢᠯᠢᠭᠪᠡᠭᠠᠳᠤᠷ ᠰᠡᠬᠦᠳᠡᠷᠯᠡᠪᠡ
ᠳᠤᠮᠳᠠᠳᠤ ᠮᠣᠩᠭᠣᠯ᠎ᠤᠨ ᠬᠠᠮᠤᠭ᠎ᠤᠨ ᠶᠡᠭᠡ ᠡᠬᠡ ᠬᠠᠭᠤᠷᠠᠶ᠎ᠶᠢᠨ ᠬᠢᠯᠢ ᠵᠢᠨ ᠪᠣᠭᠣᠮᠲᠠ᠎ᠶᠢᠨ ᠬᠤᠳᠠ ᠪᠣᠯᠬᠤ ᠡᠷᠢᠶᠡᠨ ᠬᠣᠲᠠ᠎ᠳᠤ ᠴᠸ᠋᠂ ᠬᠢᠯᠢ ᠠᠯᠤᠰᠯᠠᠭᠰᠠᠨ ᠵᠢᠭᠤᠯᠴᠢᠯᠠᠯ 《ᠬᠤᠷᠳᠤ》ᠨᠡᠮᠡᠨ ᠤᠷᠤᠬᠰᠢᠯᠠᠨ᠎ᠠ᠃ ᠡᠷᠢᠶᠡᠨ ᠬᠣᠲᠠ᠎ᠶᠢᠨ ᠬᠢᠯᠢ᠎ᠶᠢᠨ ᠪᠠᠶ᠋ᠢᠴᠠᠭᠠᠬᠤ ᠥᠷᠲᠡᠭᠡ᠎ᠶᠢᠨ 2026 ᠣᠨ᠎ᠤ 7 ᠰᠠᠷ᠎ᠠ᠎ᠶᠢᠨ ᠲᠣᠭ᠎ᠠ ᠪᠠᠷᠢᠮᠲᠠ᠎ᠠᠴᠠ ᠦᠵᠡᠪᠡᠯ᠂ ᠡᠨᠡ ᠵᠢᠯ᠎ᠦᠨ ᠳᠡᠭᠡᠷ᠎ᠡ ᠬᠠᠭᠠᠰ ᠵᠢᠯ᠎ᠳᠦ ᠬᠢᠯᠢ᠎ᠶᠢᠨ ᠪᠣᠭᠣᠮᠲᠠ ᠪᠡᠷ ᠤᠷᠤᠵᠦ ᠢᠷᠡᠭᠰᠡᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠪᠦᠯᠬᠦᠮ᠎ᠦᠨ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 72%᠎ᠢᠶᠠᠷ ᠨᠡᠮᠡᠭᠳᠡᠵᠦ᠍᠂ ᠳ᠋ᠠᠩ ᠰᠠᠷ᠎ᠠ᠎ᠳᠦ ᠬᠠᠮᠤᠭᠤᠯᠠᠨᠳᠠᠭᠠᠨ 127 ᠵᠢᠭᠤᠯᠴᠢᠯᠠᠯ᠎ᠤᠨ ᠪᠦᠯᠬᠦᠮᠪᠤᠭᠤᠮᠳᠠ ᠪᠡᠷ ᠦᠩᠭᠡᠷᠡᠵᠡᠢ᠃ ᠡᠷᠢᠶᠠᠨ ᠬᠤᠳᠠ ᠡᠴᠡ ᠮᠣᠩᠭᠣᠯ ᠤᠯᠤᠰ᠎ᠤᠨ ᠵᠢᠭᠤᠯᠴᠢᠯᠠᠬᠰᠠᠳ ᠲᠸ᠋ ᠬᠠᠨᠳᠤᠭᠤᠯᠤᠨ ᠭᠠᠷᠭᠠᠭᠰᠠᠨ 《ᠤᠯᠤᠰ᠎ᠤᠨ ᠡᠭᠦᠳᠡ + ᠠᠪᠤᠷᠭᠤ ᠭᠦᠷᠪᠡᠯ᠎ᠦᠨ ᠭᠠᠵᠠᠷ ᠰᠢᠨᠵᠢᠯᠡᠭᠡᠨ᠎ᠦ ᠴᠡᠴᠡᠷᠯᠢᠭ + ᠲᠠᠯ᠎ᠠ ᠨᠤᠲᠤᠭ᠎ᠤᠨ ᠤᠯᠠᠭ᠎ᠠ ᠥᠷᠲᠡᠭᠡ》ᠵᠢᠨ 3 ᠡᠳᠦᠷ 2 ᠰᠦᠨᠢ᠎ᠶᠢᠨ ᠤᠨᠴᠠᠯᠢᠬᠳᠤ ᠵᠠᠮ ᠱᠤᠭᠤᠮᠵᠢᠡᠷ ᠲᠠᠮᠵᠢᠨ᠂ ᠡᠨᠡ ᠵᠢᠯ ᠮᠣᠩᠭᠣᠯ ᠤᠯᠤᠰ᠎ᠤᠨ ᠵᠢᠭᠤᠯᠴᠢᠯᠠᠬᠴᠢ᠎ᠵᠢ 3 ᠲᠦᠮᠡᠨ ᠬᠥᠮᠦᠨ ᠤᠳᠠᠭ᠎ᠠ ᠭᠥᠯᠢᠶᠡᠨ ᠠᠪᠴᠠᠶ᠃ ᠡᠭᠦᠨ᠎ᠦ ᠬᠠᠮᠲᠤ᠌᠂ ᠡᠷᠢᠶᠡᠨ ᠬᠣᠲᠠ ᠪᠠᠰᠠ ᠬᠢᠯᠢ ᠠᠯᠤᠰᠯᠠᠭᠰᠠᠨ ᠬᠤᠪᠢ ᠵᠢᠨ ᠮᠠᠰᠢᠨ ᠲᠡᠷᠭᠡᠨ᠎ᠤ ᠵᠢᠭᠤᠯᠴᠢᠯᠠᠯ᠎ᠤᠨ ᠦᠢᠯᠡᠴᠢᠯᠡᠭᠡ᠎ᠪᠡᠨ ᠢᠵᠢᠯ ᠠᠯᠬᠤᠮ᠎ᠢᠶᠠᠷ ᠲᠠᠰ ᠳᠡᠪᠰᠢᠭᠦᠯᠵᠦ᠍᠂ ᠬᠢᠯᠢ ᠵᠢᠨ ᠪᠣᠭᠣᠮᠲᠠ᠎ᠳᠤ 24 ᠴᠠᠭ᠎ᠵᠢᠡᠷ ᠬᠤᠪᠢ ᠵᠢᠨ ᠮᠠᠰᠢᠨ ᠲᠡᠷᠭᠡ ᠵᠢ ᠪᠤᠭᠤᠮᠳᠠ ᠦᠡᠭᠭᠡᠷᠡᠬᠦᠯᠬᠦ ᠲᠤᠰᠬᠠᠶ ᠵᠠᠮ ᠭᠠᠷᠭᠠᠵᠤ᠂ ᠭᠤᠶᠤᠴᠢᠯᠠᠨ ᠮᠡᠳᠡᠭᠦᠯᠬᠦ᠌᠂ ᠪᠠᠶ᠋ᠢᠴᠠᠭᠠᠨ ᠰᠢᠯᠭᠠᠬᠤ᠂ ᠪᠤᠭᠤᠮᠳᠠ ᠦᠩᠬᠡᠷᠡᠬᠦᠯᠬᠦ ᠪᠥᠬᠥ᠌ ᠶᠠᠪᠤᠴᠠ᠎ᠶᠢ ᠨᠢᠭᠡ ᠥᠷᠲᠡᠭᠡᠴᠢᠯᠡᠨ ᠬᠦᠢᠴᠡᠳᠬᠡᠬᠦ ᠵᠢ ᠪᠡᠶᠡᠯᠡᠭᠦᠯᠵᠦ᠍᠂ ᠡᠨᠡ ᠵᠢᠯ᠎ᠤ᠋ᠨ ᠲᠡᠭᠡᠷ᠎ᠠ ᠬᠠᠭᠠᠰ ᠵᠢᠯ᠎ᠳᠤ ᠬᠢᠯᠢ ᠪᠡᠷ ᠦᠡᠭᠭᠡᠷᠡᠭᠰᠡᠨ ᠬᠤᠪᠢ ᠵᠢᠨ ᠮᠠᠰᠢᠨ ᠲᠡᠷᠭᠡ 1700 ᠶ᠋ᠢ ᠳᠠᠪᠠᠪᠠ᠃
ᠲᠦᠷᠤᠬᠦᠭᠡᠨ᠂ ᠡᠪᠦᠳᠦᠭ ᠬᠢᠯᠢ ᠵᠢᠨ ᠪᠣᠭᠣᠮᠲᠠ ᠡᠨᠡ ᠵᠢᠯ᠎ᠦᠨ ᠠᠩᠬᠠᠨ᠎ᠤ ᠪᠦᠯᠦᠭ ᠮᠣᠩᠭᠣᠯ ᠤᠯᠤᠰ᠎ᠤᠨ ᠬᠢᠯᠢ ᠠᠯᠤᠰᠯᠠᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠪᠦᠯᠬᠦᠮ᠎ᠦᠨ ᠪᠣᠭᠣᠮᠲᠠ᠎ᠪᠠᠷ ᠥᠩᠭᠡᠷᠡᠬᠦ ᠠᠵᠢᠯ᠎ᠢ ᠤᠷᠤᠭᠰᠢᠲᠠᠢ ᠪᠡᠶᠡᠯᠡᠭᠦᠯᠵᠦ᠍᠂ ᠮᠣᠩᠭᠣᠯ ᠤᠯᠤᠰ᠎ᠤᠨ ᠰᠤᠷᠭᠠᠨ ᠬᠥᠮᠦᠵᠢᠯ᠎ᠦᠨ ᠠᠵᠢᠯᠳᠠᠳ᠎ᠤᠨ ᠠᠮᠤᠷ ᠲᠦᠪᠰᠢᠨ᠂ ᠥᠨᠳᠥᠷ ᠪᠦᠲᠦᠮᠵᠢᠲᠡᠢ᠎ᠪᠡᠷ ᠪᠣᠭᠣᠮᠲᠠᠦᠡᠭᠭᠡᠷᠡᠬᠦ ᠵᠢ ᠪᠠᠳᠤᠯᠠᠵᠤ᠂ 2 ᠡᠳᠦᠷ᠎ᠦᠨ ᠬᠤᠭᠤᠴᠠᠭ᠎ᠠ ᠲᠠᠶ ᠳᠤᠮᠳᠠᠳᠤ ᠮᠣᠩᠭᠣᠯ᠎ᠤᠨ ᠬᠢᠯᠢ ᠠᠯᠤᠰᠯᠠᠨ ᠰᠤᠳᠤᠯᠤᠨ ᠰᠤᠷᠤᠯᠴᠠᠬᠤ ᠠᠶᠠᠯᠠᠯ᠎ᠢᠶᠠᠨ ᠡᠬᠢᠯᠡᠭᠦᠯᠪᠡ᠃
《ᠲᠣᠰ ᠤᠳᠠᠭᠠᠨ᠎ᠤ ᠵᠢᠭᠤᠯᠴᠢᠯᠠᠯ᠎ᠤᠨ ᠪᠦᠯᠬᠦᠮ᠎ᠦᠨ ᠪᠣᠭᠣᠮᠲᠠ᠎ᠪᠠᠷ ᠰᠠᠭᠠᠳ ᠦᠬᠡᠢ ᠦᠡᠭᠭᠡᠷᠡᠭᠰᠡᠨ ᠨᠢ ᠡᠪᠦᠳᠦᠭ ᠬᠢᠯᠢ ᠵᠢᠨ ᠪᠣᠭᠣᠮᠲᠠ ᠬᠢᠯᠢ ᠠᠯᠤᠰᠯᠠᠭᠰᠠᠨ ᠪᠠᠶ᠋ᠢᠩᠭᠤᠵᠢᠭᠰᠠᠨ ᠵᠢᠭᠤᠯᠴᠢᠯᠠᠯ᠎ᠤᠨ ᠪᠦᠯᠬᠦᠮ ᠪᠣᠭᠣᠮᠲᠠ᠎ᠪᠠᠷ ᠥᠩᠭᠡᠷᠡᠬᠦ᠌ ᠲᠤᠬᠠᠶ᠋ᠢᠯᠠᠭᠰᠠᠨ ᠠᠵᠢᠯ᠎ᠢᠶᠠᠨ ᠵᠢᠩᠬᠢᠨᠢ᠎ᠪᠡᠷ ᠰᠡᠷᠬᠦᠭᠡᠵᠤ᠂ ᠠᠶᠠᠨᠴᠢᠳ ᠪᠠ ᠪᠠᠷᠠᠭᠠᠨ᠎ᠤ ᠬᠤᠤᠰ ᠴᠢᠭᠯᠡᠯ᠎ᠢᠶᠡᠷ ᠰᠠᠭᠠᠳ ᠥᠬᠡᠶ ᠨᠡᠪᠲᠡᠷᠡᠬᠦ᠌᠎ᠶᠢ ᠪᠡᠶᠡᠯᠡᠭᠦᠯᠵᠦ᠍᠂ ᠬᠢᠯᠢ ᠵᠢᠨ ᠪᠣᠭᠣᠮᠲᠠ᠎ᠶᠢᠨ ᠬᠢᠯᠢ ᠠᠯᠤᠰᠯᠠᠭᠰᠠᠨ ᠰᠣᠶᠣᠯ ᠵᠢᠭᠤᠯᠴᠢᠯᠠᠯ᠂ ᠠᠵᠤ ᠠᠬᠤᠶ ᠠᠷᠠᠯᠵᠢᠶ᠎ᠠ᠂ ᠰᠣᠶᠣᠯ ᠢᠷᠭᠡᠨᠰᠢᠯ᠎ᠦᠨ ᠠᠭᠤᠰᠤᠯᠴᠠᠨ ᠬᠥᠭᠵᠢᠬᠦ᠌᠎ᠶᠢ ᠠᠬᠢᠭᠤᠯᠤᠭᠰᠠᠨ᠎ᠢ ᠬᠠᠷᠠᠭᠤᠯᠵᠤ ᠪᠠᠶ᠋ᠢᠨ᠎ᠠ》 ᠬᠡᠵᠤ ᠡᠪᠤᠳᠦᠭ ᠬᠢᠯᠢ ᠵᠢᠨ ᠪᠤᠭᠤᠮᠳᠠ ᠵᠢᠨ ᠬᠠᠷᠢᠭᠤᠴᠠᠯᠭᠠᠳᠠᠨ ᠲᠠᠨᠢᠯᠴᠠᠭᠤᠯᠤᠨ᠎ᠠ᠃
ᠮᠠᠨ᠎ᠤ ᠤᠷᠤᠨ᠎ᠤ ᠡᠯ᠎ᠠ ᠬᠢᠯᠢ ᠵᠢᠨ ᠪᠤᠭᠤᠮᠳᠠ ᠨᠢ ᠤᠮᠠᠷᠠᠰᠢ ᠨᠡᠭᠡᠭᠡᠯᠲᠡ ᠬᠢᠬᠦ᠌ ᠡᠮᠦᠨ᠎ᠡ ᠹᠷᠣᠨᠲ᠎ᠤᠨ ᠵᠢᠭᠰᠠᠭᠠᠯ᠎ᠤᠨ ᠭᠠᠵᠠᠷ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶᠢᠨ ᠬᠣᠩᠭᠢᠯ᠎ᠤᠨ ᠪᠥᠲᠥᠭᠡᠨ ᠪᠠᠶ᠋ᠢᠭᠤᠯᠤᠯᠲᠠ᠎ᠶᠢᠨ ᠴᠢᠬᠤᠯᠠ ᠭᠠᠵᠠᠷ ᠪᠣᠯᠤᠭᠰᠠᠨ᠎ᠤ ᠬᠤᠪᠢ᠎ᠳᠤ᠂ ᠢᠮᠠᠭᠲᠠ ᠬᠢᠯᠢ ᠵᠢᠨ ᠪᠣᠭᠣᠮᠲᠠ᠎ᠶᠢᠨ ᠭᠤᠤᠯ ᠡᠭᠦᠷᠭᠡ ᠴᠢᠳᠠᠪᠤᠷᠢ᠎ᠳᠠᠭᠠᠨ ᠰᠠᠭᠤᠷᠢᠯᠠᠵᠤ᠂ ᠪᠣᠭᠣᠮᠲᠠᠥᠩᠭᠡᠷᠡᠬᠦ᠌ᠶᠢ ᠳᠥᠭᠥᠮᠴᠢᠯᠡᠬᠦ᠌᠂ ᠬᠢᠯᠢ ᠠᠯᠤᠰᠯᠠᠨ ᠰᠣᠯᠢᠯᠴᠠᠭ᠎ᠠ ᠬᠢᠬᠦ᠌᠎ᠶᠢ ᠪᠠᠶ᠋ᠢᠩᠭᠤᠵᠢᠭᠤᠯᠬᠤ᠂ ᠬᠢᠯᠢ ᠵᠢᠨ ᠪᠣᠭᠣᠮᠲᠠ᠎ᠶᠢᠨ ᠠᠵᠤ ᠠᠬᠤᠶ᠎ᠶᠢ ᠣᠯᠠᠨ ᠡᠰᠢᠵᠢᠭᠦᠯᠬᠦ᠌ ᠬᠥᠭᠵᠢᠯᠲᠡ᠎ᠶᠢᠨ ᠬᠠᠷᠠᠯᠲᠠ᠎ᠪᠠᠷ ᠭᠤᠤᠯᠳᠠᠭᠤᠯᠵᠤ᠂ ᠡᠯ᠎ᠡ ᠵᠦᠢᠯ᠎ᠦᠨ ᠪᠣᠭᠣᠮᠲᠠ ᠥᠩᠭᠡᠷᠡᠬᠦ᠌ ᠪᠠᠲᠤᠯᠠᠭ᠎ᠠ ᠪᠠ ᠭᠠᠳᠠᠭᠰᠢ ᠨᠡᠭᠡᠭᠡᠯᠲᠡ ᠬᠢᠬᠦ᠌ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ᠃

《ᠰᠣᠶᠣᠯ ᠵᠢᠭᠤᠯᠴᠢᠯᠠᠯ +》
ᠬᠢᠯᠢ ᠠᠯᠤᠰᠯᠠᠭᠰᠠᠨ ᠵᠢᠭᠤᠯᠴᠢᠯᠠᠬᠰᠠᠳᠤᠤᠯ ᠨᠢ ᠵᠦᠪᠬᠡᠨ ᠳ᠋ᠠᠩ ᠴᠤᠯᠭᠤᠶ ᠲᠣᠭᠣᠷᠢᠨ ᠦᠵᠡᠵᠦ᠍ ᠪᠠᠶ᠋ᠢᠭᠰᠠᠨ᠎ᠠᠴᠠ ᠣᠯᠠᠨ ᠡᠰᠢᠲᠦ᠍ ᠪᠡᠶᠡᠴᠢ ᠣᠶ᠋ᠢᠯᠠᠭᠠᠯᠲᠠ ᠳᠠᠢᠰᠢ ᠲᠠᠰ ᠳᠡᠪᠰᠢᠬᠦ᠌᠎ᠶᠢ ᠳᠠᠭᠠᠯᠳᠤᠨ᠂ ᠥᠪᠥᠷ ᠮᠣᠩᠭᠣᠯ᠎ᠤᠨ ᠡᠯ᠎ᠡ ᠭᠠᠵᠠᠷ᠎ᠤᠨ᠎ᠬᠢᠨ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠡᠯᠬᠢᠶ᠎ᠡ᠎ᠪᠡᠨ ᠲᠠᠰᠤᠷᠠᠯᠲᠠ ᠥᠬᠡᠶ ᠤᠷᠲᠤᠳᠬᠠᠵᠤ᠂ ᠤᠯᠠᠮᠵᠢᠯᠠᠯᠲᠤ᠌ ᠲᠠᠯ᠎ᠠ ᠨᠤᠲᠤᠭ᠎ᠤᠨ ᠥᠩᠭᠡ ᠦᠵᠡᠮᠵᠢ᠎ᠶᠢ ᠡᠷᠡᠬᠦᠯᠵᠢᠯ ᠰᠤᠪᠢᠯᠠᠯᠲᠠ᠂ ᠰᠤᠳᠤᠯᠤᠨ ᠰᠤᠷᠤᠯᠴᠠᠬᠤ᠂ ᠨᠠᠢᠷ ᠨᠠᠭᠠᠳᠤᠮ᠂ ᠬᠤᠪᠢ ᠵᠢᠨ ᠮᠠᠰᠢᠨ ᠪᠠᠷᠢᠵᠤ ᠵᠢᠭᠤᠯᠴᠢᠯᠠᠬᠤ ᠵᠡᠷᠭᠡ ᠡᠵᠡᠩᠨᠡᠯᠲᠡ᠎ᠶᠢᠨ ᠬᠡᠯᠪᠡᠷᠢ ᠪᠠᠶ᠋ᠢᠳᠠᠯ ᠲᠠᠢ ᠭᠦᠨᠵᠡᠭᠡᠶ ᠠᠭᠤᠰᠤᠯᠴᠠᠭᠤᠯᠵᠤ᠂ ᠣᠷᠣᠰ ᠮᠣᠩᠭᠣᠯ᠎ᠤᠨ ᠵᠢᠭᠤᠯᠴᠢᠯᠠᠬᠰᠠᠳ᠎ᠤᠨ ᠬᠡᠷᠡᠭᠴᠡᠭᠡ ᠱᠠᠭᠠᠷᠳᠠᠯᠭ᠎ᠠ᠎ᠳᠤ ᠳᠣᠭᠢᠷᠠᠭᠰᠠᠨ ᠨᠢᠭᠡ ᠪᠦᠯᠦᠭ ᠥᠪᠡᠷᠮᠢᠴᠡ ᠣᠨᠴᠠᠯᠢᠭᠲᠤ᠌ ᠦᠢᠯᠡᠳᠬᠦᠨ᠎ᠢ ᠴᠤᠬᠴᠠᠯᠠᠪᠠ᠃
《ᠰᠣᠶᠣᠯ ᠵᠢᠭᠤᠯᠴᠢᠯᠠᠯ + ᠡᠷᠡᠬᠦᠯᠵᠢᠯ ᠰᠤᠪᠢᠯᠠᠯᠲᠠ》 ᠨᠢ ᠡᠨᠡ ᠵᠢᠯ᠎ᠦᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠴᠣ ᠰᠢᠨ᠎ᠡ ᠨᠡᠮᠡᠭᠳᠡᠯ ᠤᠨ ᠴᠡᠭ ᠪᠣᠯᠪᠠ᠃ ᠡᠨᠡ ᠵᠢᠯ᠎ᠤᠨ 7 ᠰᠠᠷ᠎ᠠ᠎ᠳᠤ ᠬᠥᠬᠡᠬᠣᠲᠠ᠂ ᠳᠤᠮᠳᠠᠳᠤ ᠤᠷᠤᠰ ᠮᠣᠩᠭᠣᠯ᠎ᠤᠨ ᠨᠦᠬᠦᠷᠯᠡᠯ᠎ᠤᠨ ᠡᠯᠴᠢ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠎ᠶᠢᠨ ᠬᠤᠷᠠᠯ ᠳᠡᠭᠡᠷ᠎ᠡ ᠭᠠᠷᠤᠨ ᠦᠰᠦᠭ ᠵᠢᠷᠤᠭᠰᠠᠨ ᠬᠢᠲᠠᠳ ᠡᠮᠨᠡᠯᠭᠡ᠎ᠶᠢᠨ ᠹᠢᠽᠢᠺ ᠵᠠᠰᠠᠯ᠎ᠤᠨ ᠤᠨᠴᠠᠯᠢᠬᠳᠤ ᠡᠷᠡᠭᠦᠯᠵᠢᠯ ᠰᠤᠪᠢᠯᠠᠯᠲᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠨᠢ ᠤᠷᠤᠰ ᠮᠣᠩᠭᠣᠯ᠎ᠤᠨ ᠵᠢᠭᠤᠯᠴᠢᠯᠠᠬᠰᠠᠳᠲᠤ᠌ 《ᠲᠠᠯ᠎ᠠ ᠨᠤᠲᠤᠭ᠎ᠤᠨ ᠵᠢᠭᠤᠯᠴᠢᠯᠠᠯ + ᠬᠢᠲᠠᠳ ᠡᠮᠨᠡᠯᠭᠡ᠎ᠶᠢᠨ ᠡᠷᠡᠭᠦᠯᠵᠢᠯ ᠰᠤᠪᠢᠯᠠᠯᠲᠠ》 ᠶ᠋ᠢᠨ ᠲᠤᠰᠬᠠᠢ ᠵᠠᠮ ᠱᠤᠭᠤᠮ᠎ᠢ ᠲᠣᠭᠲᠠᠭᠠᠨ ᠥᠭᠴᠡᠢ᠃ ᠪᠦᠬᠦᠳᠠ ᠨᠠᠶ᠋ᠢᠷᠠᠮᠳᠠᠬᠤ ᠪᠤᠷᠢᠶᠠᠳ ᠤᠯᠤᠰ᠎ᠤᠨ ᠵᠢᠭᠤᠯᠴᠢᠯᠠᠬᠴᠢ ᠠᠨᠳ᠋ᠸ᠋ᠯᠢᠶ᠍ᠸ ᠡᠨᠡ ᠵᠢᠯ᠎ᠦᠨ 7 ᠰᠠᠷ᠎ᠠ᠎ᠳᠤ ᠲᠤᠰᠬᠠᠶ᠋ᠢᠯᠠᠨ ᠬᠥᠬᠡᠬᠣᠲᠠ᠎ᠳᠤ ᠢᠷᠡᠵᠤ᠂ ᠴᠠᠬᠯᠠᠰᠢ ᠦᠬᠡᠢ ᠰᠦᠮ᠎ᠡ᠂ ᠪᠤᠭᠤᠮᠳᠠ ᠵᠢᠨ ᠬᠠᠭᠤᠴᠢᠨ ᠵᠡᠭᠡᠯᠢ ᠵᠡᠷᠭᠡ ᠦᠵᠡᠮᠵᠢ ᠵᠢᠨ ᠤᠷᠤᠨ ᠵᠢᠡᠷ ᠲᠤᠭᠤᠷᠢᠨ ᠵᠢᠭᠤᠯᠴᠢᠯᠠᠬᠤ᠎ᠶᠢᠨ ᠳᠠᠭᠠᠤ᠂ ᠬᠦᠬᠡᠬᠤᠳᠠ ᠵᠢᠨ ᠬᠢᠲᠠᠳ ᠡᠮᠨᠡᠯᠭᠡ᠎ᠶᠢᠨ ᠡᠷᠡᠭᠦᠯᠵᠢᠯ᠎ᠦᠨ ᠲᠥᠪ᠎ᠲᠦ᠍ ᠬᠦᠷᠴᠦ᠍ ᠨᠢᠭᠡ ᠭᠠᠷᠠᠭ᠎ᠤᠨ ᠬᠤᠭᠤᠴᠠᠭ᠎ᠠ᠎ᠲᠠᠶ ᠹᠢᠽᠢᠺ ᠵᠠᠰᠠᠯ ᠬᠢᠯᠭᠡᠪᠡ᠃ 《ᠥᠩᠭᠡᠷᠡᠭᠰᠡᠨ᠎ᠳᠦ ᠬᠢᠲᠠᠳ ᠡᠮ ᠡᠮᠨᠡᠯᠭᠡ᠎ᠶᠢᠨ ᠡᠮᠴᠢᠯᠡᠬᠡᠨ᠎ᠤ ᠦᠷ᠎ᠠ ᠪᠦᠳᠦᠮᠵᠢ ᠶᠡᠬᠡ ᠰᠠᠶ᠋ᠢᠨ ᠭᠡᠵᠦ᠍ ᠰᠣᠨᠣᠰᠤᠭᠰᠠᠭᠠᠷ ᠢᠷᠡᠵᠠᠢ᠂ ᠡᠨᠡ ᠤᠳᠠᠭᠠᠨ᠎ᠤ ᠲᠤᠭᠤᠷᠢᠨ ᠵᠢᠭᠤᠯᠴᠢᠯᠠᠬᠤ ᠵᠠᠪᠰᠢᠶᠠᠨ ᠵᠢᠡᠷ ᠪᠡᠶ᠎ᠡ᠎ᠪᠡᠨ ᠰᠤᠪᠢᠯᠠᠭᠰᠠᠨ᠂ ᠪᠡᠶᠡᠴᠢ ᠲᠦᠷᠦᠭᠳᠡᠯ ᠮᠠᠰᠢ ᠰᠠᠢᠨ》 ᠭᠡᠵᠦ᠍ ᠠᠨᠳ᠋ᠸ᠋ᠯᠢᠶ᠍ᠸ ᠪᠠᠶᠠᠷᠲᠠᠶᠬᠡᠯᠡᠨᠡ᠃
《ᠰᠣᠶᠣᠯ ᠵᠢᠭᠤᠯᠴᠢᠯᠠᠯ + ᠰᠤᠳᠤᠯᠤᠨ ᠰᠤᠷᠤᠯᠴᠠᠬᠤ》 ᠨᠢ ᠭᠤᠷᠪᠠᠨ ᠤᠯᠤᠰ᠎ᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠴᠢᠬᠤᠯᠠ ᠠᠴᠢᠶᠠᠯᠠᠪᠤᠷᠢ ᠪᠣᠯᠪᠠ᠃ ᠮᠠᠨᠵᠤᠤᠷ ᠡᠨᠡ ᠵᠢᠯ᠎ᠡᠴᠡ ᠨᠠᠭᠠᠰᠢ ᠣᠷᠣᠰ᠎ᠤᠨ ᠰᠤᠳᠤᠯᠤᠨ ᠰᠤᠷᠤᠯᠴᠠᠬᠤ ᠪᠦᠯᠬᠦᠮ᠎ᠢ ᠨᠡᠶ᠋ᠢᠲᠡ 112 ᠭᠥᠯᠢᠶᠡᠨ ᠠᠪᠴᠤ᠌᠂ ᠲᠡᠦᠬᠡ᠂ ᠪᠠᠶ᠋ᠢᠭᠠᠯᠢ᠂ ᠪᠣᠳᠠᠰ᠎ᠤᠨ ᠪᠤᠰᠤ ᠰᠣᠶᠣᠯ᠎ᠤᠨ ᠥᠪ ᠵᠡᠷᠭᠡ ᠣᠯᠠᠨ ᠭᠤᠤᠯ ᠰᠡᠳᠦᠪ᠎ᠢ ᠬᠠᠮᠤᠷᠤᠬᠰᠠᠨ ᠵᠢᠡᠷ ᠪᠠᠷᠠᠬᠤ ᠦᠬᠡᠢ ᠪᠠᠰᠠ ᠲᠤᠬᠠᠢ ᠵᠢᠨ ᠭᠠᠵᠠᠷ᠎ᠤᠨ ᠰᠤᠷᠭᠠᠭᠤᠯᠢ ᠪᠡᠷ ᠬᠦᠨᠵᠡᠭᠡᠢᠷᠡᠵᠤ ᠰᠤᠯᠢᠯᠴᠠᠭ᠎ᠠ ᠦᠷᠨᠢᠬᠦᠯᠵᠠᠢ᠃ ᠮᠠᠨᠵᠤᠤᠷ ᠬᠣᠲᠠ᠎ᠶᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠎ᠶᠢᠨ ᠨᠡᠶ᠋ᠢᠲᠡᠯᠡᠭᠰᠡᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠡᠨᠡ ᠵᠢᠯ ᠲᠤᠬᠠᠶ᠎ᠶᠢᠨ ᠭᠠᠵᠠᠷ᠎ᠤᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠪᠦᠯᠬᠦᠮ᠎ᠤᠨ ᠵᠠᠬᠢᠶᠠᠯᠠᠭ᠎ᠠ ᠵᠢ ᠲᠤᠰᠤᠬᠰᠠᠨ ᠬᠡᠮᠵᠢᠶ᠎ᠠ ᠠᠳᠠᠯᠢ ᠬᠤᠭᠤᠴᠠᠭᠠᠨ᠎ᠤ᠎ᠬᠢ᠎ᠡᠴᠡ 187% ᠪᠠᠷ ᠨᠡᠮᠡᠭᠳᠡᠵᠦ᠍᠂ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠪᠦᠯᠬᠦᠮ᠎ᠤᠨ ᠳᠠᠢᠪᠤᠭᠤ ᠵᠤᠭᠠᠯᠠᠬᠤ ᠴᠠᠭ᠎ᠨᠢ 3.5 ᠡᠳᠦᠷ ᠪᠣᠯᠵᠣ᠂ ᠡᠩ᠎ᠦᠨ ᠲᠣᠭᠣᠷᠢᠨ ᠦᠵᠡᠬᠦ᠌ ᠵᠢᠭᠤᠯᠴᠢᠯᠠᠯ᠎ᠠᠴᠠ ᠬᠣᠯᠠ ᠳᠠᠪᠠᠵᠠᠶ᠃

ᠬᠤᠪᠢ ᠵᠢᠨ ᠮᠠᠰᠢᠨ ᠵᠢᠡᠷ ᠬᠢᠯᠢ ᠠᠯᠤᠰᠯᠠᠨ ᠵᠢᠭᠤᠯᠴᠢᠯᠠᠵᠤ ᠪᠠᠢᠭ᠎ᠠ ᠬᠦᠮᠤᠰ
ᠵᠠᠡᠭ ᠰᠢᠨ ᠶᠠᠡᠭ ᠰᠡᠬᠦᠳᠡᠷᠯᠡᠪᠡ
《ᠰᠣᠶᠣᠯ ᠵᠢᠭᠤᠯᠴᠢᠯᠠᠯ + ᠬᠤᠪᠢ ᠵᠢᠨ ᠮᠠᠰᠢᠨ ᠪᠠᠷᠢᠵᠤ ᠵᠢᠭᠤᠯᠴᠢᠯᠠᠬᠤ》 ᠨᠢ ᠬᠢᠯᠢ ᠠᠯᠤᠰᠯᠠᠭᠰᠠᠨ ᠠᠵᠢᠯᠯᠠᠭᠠᠨ᠎ᠤ ᠵᠠᠭᠠᠬ ᠱᠤᠭᠤᠮ᠎ᠢ ᠲᠠᠰᠤᠷᠠᠯᠲᠠ ᠦᠭᠡᠢ ᠥᠷᠭᠡᠳᠬᠡᠪᠡ᠃ ᠡᠪᠦᠳᠦᠭ ᠬᠢᠯᠢ ᠵᠢᠨ ᠪᠣᠭᠣᠮᠲᠠ᠎ᠠᠴᠠ ᠮᠣᠷᠳᠠᠭᠰᠠᠨ ᠳᠤᠮᠳᠠᠳᠤ ᠮᠣᠩᠭᠣᠯ᠎ᠤᠨ ᠬᠢᠯᠢ ᠠᠯᠤᠰᠯᠠᠭᠰᠠᠨ ᠬᠤᠪᠢ ᠵᠢᠨ ᠮᠠᠰᠢᠨ ᠪᠠᠷᠢᠵᠤ ᠵᠢᠭᠤᠯᠴᠢᠯᠠᠬᠤ ᠵᠠᠮ ᠨᠢ ᠪᠤᠢ᠌ᠷ ᠨᠠᠭᠤᠷ᠂ ᠲᠠᠯ᠎ᠠ ᠨᠤᠲᠤᠭ᠎ᠤᠨ ᠨᠡᠬᠦᠳᠡᠯ ᠮᠠᠯᠵᠢᠯᠵᠡᠷᠭᠡ ᠤᠨᠴᠠᠯᠢᠬᠳᠤ ᠵᠠᠩᠭᠢᠯᠠᠭ᠎ᠠ᠎ᠶᠢᠨ ᠦᠵᠡᠮᠵᠢ ᠵᠢᠨ ᠴᠡᠭ᠎ᠢ ᠬᠣᠯᠪᠣᠵᠤ᠂ ᠡᠨᠡ ᠵᠢᠯ᠎ᠡᠴᠡ ᠨᠠᠭᠠᠰᠢ ᠪᠦᠬᠦ᠌ ᠤᠯᠤᠰ᠎ᠤᠨ 500 ᠭᠠᠷᠤᠢ ᠬᠤᠪᠢ ᠵᠢᠨ ᠮᠠᠰᠢᠨ ᠪᠠᠷᠢᠵᠤ ᠵᠢᠭᠤᠯᠴᠢᠯᠠᠬᠤ ᠳᠤᠷ᠎ᠠ ᠪᠠᠬᠠᠳᠠᠳᠤᠷᠤᠯᠴᠠᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠬᠢᠯᠢ ᠠᠯᠤᠰᠯᠠᠨ ᠬᠤᠪᠢ ᠵᠢᠨ ᠮᠠᠰᠢᠨ ᠪᠠᠷᠢᠵᠤ ᠵᠢᠭᠤᠯᠴᠢᠯᠠᠬᠤ ᠦᠢᠯᠡᠴᠢᠯᠡᠭᠡᠨ᠎ᠦ ᠵᠦᠭᠯᠡᠭᠦᠷ᠎ᠢ ᠢᠵᠢᠯ ᠠᠯᠬᠤᠮ᠎ᠢᠶᠠᠷ ᠢᠵᠢ ᠪᠥᠷᠢᠳᠦᠭᠦᠯᠦᠨ ᠭᠠᠷᠭᠠᠵᠤ᠂ ᠵᠠᠮ ᠳᠠᠭᠠᠤ ᠵᠠᠩᠭᠢᠯᠠᠭ᠎ᠠ᠎ᠶᠢᠨ ᠴᠡᠭ᠎ᠲᠦ᠍ ᠵᠢᠭᠤᠯᠴᠢᠯᠠᠬᠤ ᠬᠦᠮᠤᠰ ᠲᠸ᠋ ᠡᠳ᠋ ᠪᠤᠳᠠᠰ ᠬᠠᠡᠭᠭᠠᠬᠤ ᠦᠷᠳᠡᠭᠡ᠂ ᠪᠠᠴᠢᠮ ᠪᠠᠶ᠋ᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠴᠡᠭ ᠭᠠᠷᠭᠠᠵᠤ᠂ ᠬᠢᠯᠢ ᠠᠯᠤᠰᠯᠠᠨ ᠬᠤᠪᠢ ᠵᠢᠨ ᠮᠠᠰᠢᠨ ᠪᠠᠷᠢᠵᠤ ᠵᠢᠭᠤᠯᠴᠢᠯᠠᠬᠤ ᠬᠦᠮᠤᠰ᠎ᠤᠨ ᠠᠮᠤᠷ ᠲᠦᠪᠰᠢᠨ ᠪᠠ ᠪᠡᠶᠡᠴᠢᠯᠡᠨ ᠣᠶ᠋ᠢᠯᠠᠭᠠᠬᠤ ᠲᠥᠷᠥᠭᠳᠡᠯ᠎ᠢ ᠶᠡᠬᠡᠪᠡᠷ ᠰᠠᠢᠵᠢᠷᠠᠭᠤᠯᠵᠠᠢ᠃
ᠥᠪᠥᠷ ᠮᠣᠩᠭᠣᠯ᠎ᠤᠨ ᠨᠡᠶ᠋ᠢᠲᠡᠯᠡᠭᠰᠡᠨ 《2026 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠵᠢᠭᠤᠯᠴᠢᠯᠠᠬᠰᠠᠳ᠎ᠢ ᠲᠠᠳᠠᠬᠤ ᠵᠢ ᠱᠠᠩᠨᠠᠬᠤ ᠠᠷᠭ᠎ᠠ》 ᠳ᠋ᠤ᠂ ᠨᠥᠬᠥᠪᠥᠷᠢ ᠦᠭᠬᠦ᠎ᠪᠡᠷ ᠳᠠᠮᠵᠢᠭᠤᠯᠤᠨ ᠵᠢᠭᠤᠯᠴᠢᠯᠠᠯ᠎ᠤᠨ ᠦᠢᠯᠡᠴᠢᠯᠡᠬᠡᠨ᠎ᠤ ᠭᠠᠵᠠᠷ᠎ᠤᠨ ᠬᠢᠨ ᠬᠢᠯᠢ᠎ᠶᠢᠨ ᠭᠠᠳᠠᠨᠠᠬᠢ ᠵᠢᠭᠤᠯᠴᠢᠯᠠᠬᠰᠠᠳ᠎ᠢ ᠲᠠᠳᠠᠨ ᠠᠪᠴᠢᠷᠠᠬᠤ ᠶ᠋ᠢ ᠵᠣᠷᠢᠭᠵᠢᠭᠤᠯᠵᠤ᠂ ᠨᠥᠬᠥᠴᠡᠯ᠎ᠳᠦ ᠨᠡᠶ᠋ᠢᠴᠡᠬᠦ᠌ ᠬᠢᠯᠢ᠎ᠪᠡᠷ ᠣᠷᠣᠵᠤ ᠵᠢᠭᠤᠯᠴᠢᠯᠠᠬᠤ ᠲᠤᠰᠬᠠᠶ ᠨᠢᠰᠬᠡᠯ᠂ ᠲᠤᠰᠬᠠᠶ ᠭᠠᠯᠲᠤ᠌ ᠲᠡᠷᠭᠡᠨ᠎ᠳᠦ ᠬᠠᠷᠠᠭᠠᠯᠵᠠᠭᠰᠠᠨ ᠱᠠᠩᠨᠠᠯ ᠨᠦᠬᠦᠪᠦᠷᠢ ᠣᠯᠭᠣᠵᠤ᠂ ᠡᠨᠡ ᠬᠦ᠌ ᠰᠠᠭᠤᠷᠢᠨᠳᠡᠭᠡᠷᠡ 1 ᠡᠴᠠ 5 ᠰᠠᠷ᠎ᠠ᠂ 10 ᠠ᠋ᠴᠠ 12 ᠰᠠᠷ᠎ᠠ᠎ᠶᠢᠨ ᠱᠠᠩᠨᠠᠯ᠎ᠤᠨ ᠪᠠᠷᠢᠮᠵᠢᠶ᠎ᠠ᠎ᠶᠢ 30% ᠪᠠᠷ ᠥᠰᠬᠡᠪᠡ᠃ ᠡᠨᠡ ᠬᠦ᠌ ᠲᠥᠷᠥ᠎ᠶᠢᠨ ᠪᠣᠳᠣᠯᠭ᠎ᠠ᠎ᠨᠢ ᠪᠥᠬᠥ᠌ ᠣᠷᠣᠨ᠎ᠤ ᠵᠢᠭᠤᠯᠴᠢᠯᠠᠯ᠎ᠤᠨ ᠦᠢᠯᠡᠴᠢᠯᠡᠭᠡᠨ᠎ᠦ ᠭᠠᠵᠠᠷ᠎ᠤᠨ ᠬᠢᠯᠢ ᠠᠯᠤᠰᠯᠠᠭᠰᠠᠨ 20 ᠭᠠᠷᠤᠶ ᠥᠪᠡᠷᠮᠢᠴᠡ ᠣᠨᠴᠠᠯᠢᠭ᠎ᠲᠠᠶ ᠵᠠᠮ ᠱᠤᠭᠤᠮ᠎ᠢ ᠰᠢᠨ᠎ᠡ᠎ᠪᠡᠷ ᠨᠡᠮᠡᠭᠳᠡᠭᠦᠯᠵᠦ᠍ ᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠢᠳᠡᠪᠬᠢᠵᠢᠯ᠎ᠢ ᠤᠯᠠᠮ ᠨᠢᠭᠡ ᠠᠯᠬᠤᠮ ᠬᠥᠭᠵᠢᠭᠡᠪᠡ᠃
ᠣᠳᠣᠬᠠᠨ᠎ᠳᠤ᠂ ᠥᠪᠥᠷ ᠮᠣᠩᠭᠣᠯ ᠨᠢᠭᠡᠨᠲᠡ ᠬᠢᠯᠢ ᠠᠯᠤᠰᠯᠠᠭᠰᠠᠨ ᠵᠢᠭᠤᠯᠴᠢᠯᠠᠯ᠎ᠢ 《ᠵᠢᠭᠤᠯᠴᠢᠯᠠᠯ᠎ᠤᠨ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠥᠪᠵᠢᠭᠦᠯᠭᠡ》 ᠶ᠋ᠢᠨ ᠢᠵᠢ ᠪᠥᠷᠢᠳᠦᠭᠦᠯᠦᠨ ᠨᠠᠶ᠋ᠢᠳᠠᠪᠤᠷᠢᠵᠢᠭᠤᠯᠬᠤ ᠨᠠᠷᠢᠨ ᠲᠠᠩᠰᠠ᠎ᠳᠤ ᠣᠷᠣᠭᠤᠯᠵᠤ᠂ ᠬᠥᠬᠡᠬᠣᠲᠠᠨᠢᠭᠡᠨᠳᠡ ᠪᠥᠬᠥ᠌ ᠤᠯᠤᠰ᠎ᠤᠨ ᠵᠢᠭᠤᠯᠴᠢᠯᠠᠯ᠎ᠤᠨ 100 ᠵᠤᠷᠢᠯᠳᠠᠳᠦ ᠭᠠᠵᠠᠷ᠎ᠲᠤ᠌ ᠰᠤᠩᠭᠤᠭᠳᠠᠵᠦ᠂ ᠮᠠᠨᠵᠤᠤᠷ᠂ ᠡᠷᠢᠶᠡᠨ ᠬᠣᠲᠠ᠎ᠶᠢᠨ ᠬᠢᠯᠢ ᠠᠯᠤᠰᠯᠠᠭᠰᠠᠨ ᠵᠢᠭᠤᠯᠴᠢᠯᠠᠯ᠎ᠤᠨ ᠬᠠᠮᠲᠤᠷᠠᠯᠴᠠᠭᠠᠨ᠎ᠤ ᠣᠷᠣᠨ᠎ᠤ ᠪᠥᠲᠥᠭᠡᠨ ᠪᠠᠶ᠋ᠢᠭᠤᠯᠤᠯᠲᠠ᠎ᠶᠢᠨ ᠬᠤᠷᠳᠤᠴᠠ᠎ᠶᠢ ᠦᠷᠭᠦᠯᠵᠢᠯᠡᠨ ᠲᠦᠷᠭᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃