ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-09-18 09:52:14

ᠵᠣᠬᠢᠶᠠᠭ᠍ᠴᠢ᠄ ᠸᠠᠩ ᠬᠤᠤ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 17 ᠎ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ 《ᠳᠤᠮᠳᠠᠳᠤ ᠤᠯᠤᠰ ᠎ᠢ ᠤᠢᠯᠠᠭᠠᠬᠤᠢ》 ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠠᠵᠢᠯᠯᠠᠭ᠎ᠠ ᠵᠢᠨ ᠰᠣᠨᠢᠨ ᠮᠡᠳᠡᠭᠡ ᠨᠡᠢᠲᠡᠯᠡᠬᠦ ᠬᠤᠷᠠᠯ ᠮᠣᠩᠭᠣᠯ ᠤᠯᠤᠰ᠎ᠤᠨ ᠤᠯᠠᠭᠠᠨᠪᠠᠭᠠᠲᠤᠷ᠎ᠲᠤ ᠬᠤᠷᠠᠯᠳᠤᠪᠠ᠃

ᠲᠣᠰ ᠬᠤᠭᠤᠴᠠᠭᠠᠨ ᠎ᠤ ᠰᠣᠶᠣᠯ ᠎ᠤᠨ ᠭᠠᠷᠠᠭ ᠎ᠤᠨ ᠠᠵᠢᠯᠯᠠᠭ᠎ᠠ ᠵᠢ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠂ ᠮᠣᠩᠭᠣᠯ ᠤᠯᠤᠰ᠎ᠲᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ᠂ ᠮᠣᠩᠭᠣᠯ ᠤᠯᠤᠰ᠎ᠤᠨ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠬᠢᠭᠡᠳ ᠵᠠᠯᠠᠭᠤᠴᠤᠳ᠎ᠤᠨ ᠶᠠᠮᠤᠨ ᠡᠴᠡ ᠬᠠᠮᠲᠤᠷᠠᠨ ᠡᠷᠭᠢᠯᠡᠵᠦ᠂ 9 ᠰᠠᠷ᠎ᠠ᠎ᠶᠢᠨ 22᠎ᠡᠴᠡ 25᠎ᠤ᠋ ᠡᠳᠦᠷ ᠪᠣᠯᠲᠠᠯ᠎ᠠ ᠮᠣᠩᠭᠣᠯ ᠤᠯᠤᠰ᠎ᠤᠨ ᠤᠯᠠᠭᠠᠨᠪᠠᠭᠠᠲᠤᠷ᠎ᠲᠤ ᠶᠠᠪᠤᠭᠳᠠᠨ᠎ᠠ᠃

ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠮᠣᠩᠭᠣᠯ ᠤᠯᠤᠰ᠎ᠲᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠢᠳ᠎ᠤᠨ ᠶᠠᠮᠤᠨ᠎ᠤ ᠵᠥᠪᠯᠡᠭᠴᠢ᠂ ᠤᠯᠠᠭᠠᠨᠪᠠᠭᠠᠲᠤᠷ ᠎ᠤᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠦᠨ ᠡᠷᠬᠢᠯᠡᠭᠴᠢ ᠯᠢ ᡁᠢ ᠭᠣᠣᠯᠯᠠᠨ ᠨᠡᠢᠲᠡᠯᠡᠵᠦ᠂ ᠠᠷᠪᠠᠨ ᠳᠥᠷᠪᠡᠳᠦᠭᠡᠷ ᠬᠤᠭᠤᠴᠠᠭᠠᠨ ᠎ᠤ 《ᠳᠤᠮᠳᠠᠳᠤ ᠤᠯᠤᠰ ᠎ᠢ ᠤᠢᠯᠠᠭᠠᠬᠤᠢ》 ᠥᠪᠥᠷ ᠮᠣᠩᠭᠣᠯ᠎ᠤᠨ ᠰᠣᠶᠣᠯ᠎ᠤᠨ ᠭᠠᠷᠠᠭ᠎ᠤᠨ ᠠᠵᠢᠯᠯᠠᠭ᠎ᠠ᠎ᠶᠢᠨ ᠭᠣᠣᠯ ᠵᠣᠷᠢᠯᠲᠠ᠂ ᠪᠦᠬᠦᠢᠯᠡ ᠡᠳᠦᠷ ᠎ᠦᠨ ᠬᠦᠲᠦᠯᠪᠦᠷᠢ ᠵᠢᠴᠢ ᠣᠨᠴᠠᠯᠢᠬᠲᠦ ᠬᠢᠯᠠᠰ ᠴᠡᠭ ᠎ᠢ ᠨᠠᠷᠢᠨ ᠨᠢᠮᠪᠠᠢ ᠲᠠᠨᠢᠯᠴᠠᠭᠤᠯᠵᠤ᠂ ᠲᠤᠰ ᠤᠳᠠᠭ᠎ᠠ᠎ᠶᠢᠨ ᠠᠵᠢᠯᠯᠠᠭ᠎ᠠ᠎ᠶᠢᠨ ᠳᠤᠮᠳᠠᠳᠤ ᠮᠣᠩᠭᠣᠯ᠎ᠤᠨ ᠡᠶᠡᠯᠳᠡᠭ ᠬᠥᠷᠰᠢ᠎ᠶᠢᠨ ᠨᠥᠬᠥᠷᠰᠡᠭ ᠬᠠᠷᠢᠯᠴᠠᠭ᠎ᠠ ᠵᠢ ᠭᠦᠨᠵᠡᠭᠡᠢᠷᠡᠭᠦᠯᠬᠦ᠂ ᠰᠣᠶᠣᠯ᠎ᠤᠨ ᠰᠣᠯᠢᠯᠴᠠᠭ᠎ᠠ ᠬᠢᠵᠦ ᠬᠠᠷᠢᠯᠴᠠᠨ ᠲᠣᠯᠢ ᠪᠤᠯᠭᠠᠬᠤ ᠎ᠶᠢ ᠠᠬᠢᠭᠤᠯᠬᠤ᠎ᠳᠤ ᠦᠵᠡᠭᠦᠯᠬᠦ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠢᠯᠪᠤᠷᠢᠯᠠᠪᠠ᠃ ᠮᠣᠩᠭᠣᠯ ᠤᠯᠤᠰ᠎ᠤᠨ ᠰᠣᠷᠪᠣᠯᠵᠢᠯᠠᠭ᠍ᠴᠢᠳ᠎ᠤᠨ ᠨᠡᠢᠭᠡᠮᠯᠢᠭ᠎ᠦᠨ ᠲᠡᠷᠢᠭᠦᠯᠡᠭᠴᠢ ᠨᠢᠩᠵᠢᠨᠵᠠᠮᠰᠤ᠂ ᠮᠣᠩᠭᠣᠯ ᠤᠯᠤᠰ᠎ᠤᠨ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ ᠬᠢᠭᠡᠳ ᠵᠠᠯᠠᠭᠤᠴᠤᠳ᠎ᠤᠨ ᠶᠠᠮᠤᠨ᠎ᠤ ᠰᠣᠨᠢᠨ ᠮᠡᠳᠡᠭᠡ ᠤᠬᠠᠭᠤᠯᠬᠤ ᠭᠠᠵᠠᠷ᠎ᠤᠨ ᠳᠠᠷᠤᠭ᠎ᠠ ᠡᠩᠬᠡᠲᠤᠶᠠᠭ᠎ᠠ᠂ ᠰᠣᠶᠣᠯ᠎ᠤᠨ ᠲᠥᠷᠥ᠎ᠶᠢᠨ ᠪᠣᠳᠣᠯᠭ᠎ᠠ᠎ᠶᠢ ᠵᠣᠬᠢᠴᠠᠭᠤᠯᠬᠤ ᠭᠠᠵᠠᠷ ᠎ᠤᠨ ᠠᠵᠢᠭ᠍ᠯᠠᠭ᠍ᠴᠢ ᠠᠮᠤᠷᠰᠠᠨᠠᠭ᠎ᠠ ᠨᠠᠷ ᠬᠤᠷᠠᠯ᠎ᠳᠤ ᠣᠷᠣᠯᠴᠠᠪᠠ᠃ ᠳᠤᠮᠳᠠᠳᠤ ᠤᠯᠤᠰ ᠎ᠤᠨ ᠰᠢᠨᠬᠤᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ᠂ ᠮᠣᠩᠭᠣᠯ᠎ᠤᠯᠤᠰ ᠤ᠋ᠨ ᠴᠢᠮᠡᠭᠡᠯᠡᠯ᠎ᠦᠨ ᠬᠣᠷᠢᠶ᠎ᠠ᠂ ᠮᠣᠩᠭᠣᠯ ᠤᠯᠤᠰ᠎ᠤᠨ ᠣᠯᠠᠨ ᠨᠡᠶ᠋ᠢᠲᠡ᠎ᠶᠢᠨ ᠷᠠᠳᠢᠣ᠋ ᠲᠧᠯᠸᠢᠰ ᠬᠣᠷᠢᠶ᠎ᠠ ᠵᠡᠷᠭᠡ ᠳᠤᠮᠳᠠᠳᠤ ᠮᠣᠩᠭᠣᠯ ᠬᠣᠶᠠᠷ ᠤᠯᠤᠰ᠎ᠤᠨ 30 ᠭᠠᠷᠤᠢ ᠭᠣᠣᠯ ᠵᠠᠭᠤᠴᠢᠯᠠᠭᠤᠷ ᠠᠬᠤᠢ ᠲᠠᠯᠠᠪᠠᠢ᠎ᠡᠴᠡ ᠰᠤᠷᠪᠤᠯᠵᠢᠯᠠᠨ ᠮᠡᠳᠡᠭᠡᠯᠡᠪᠡ᠃ Chig.mn ᠵᠡᠷᠭᠡ ᠮᠣᠩᠭᠣᠯ ᠤᠯᠤᠰ᠎ᠤᠨ ᠣᠯᠠᠨ ᠭᠣᠣᠯ ᠰᠦᠯᠵᠢᠶ᠎ᠡ ᠰᠢᠨ᠎ᠡ ᠵᠠᠭᠤᠴᠢᠯᠠᠭᠤᠷ᠎ᠤᠨ᠎ᠳᠤᠭᠠᠷ ᠵᠢᠴᠢ ᠤᠯᠠᠭᠠᠨᠪᠠᠭᠠᠲᠤᠷ᠎ᠤᠨ ᠳᠤᠮᠳᠠᠳᠤ ᠤᠯᠤᠰ᠎ᠤᠨ ᠰᠣᠶᠣᠯ᠎ᠤᠨ ᠲᠥᠪ᠎ᠦᠨ Facebook ᠳ᠋ᠤᠭᠠᠷ ᠰᠣᠨᠢᠨ ᠮᠡᠳᠡᠭᠡ ᠨᠡᠢᠲᠡᠯᠡᠬᠦ ᠬᠤᠷᠠᠯ᠎ᠢ ᠰᠢᠭᠤᠳ ᠨᠡᠪᠲᠡᠷᠡᠭᠦᠯᠪᠡ᠃

ᠣᠢᠯᠠᠭᠠᠭᠰᠠᠨ᠎ᠢᠶᠠᠷ᠂ ᠲᠣᠰ ᠤᠳᠠᠭ᠎ᠠ ᠵᠢᠨ ᠰᠣᠨᠢᠨ ᠮᠡᠳᠡᠭᠡ ᠨᠡᠢᠲᠡᠯᠡᠬᠦ ᠬᠤᠷᠠᠯ ᠨᠢ ᠰᠣᠶᠣᠯ ᠎ᠤᠨ ᠭᠠᠷᠠᠭ ᠎ᠤᠨ ᠤᠷᠢᠳᠴᠢᠯᠠᠨ ᠰᠤᠷᠲᠠᠯᠴᠢᠯᠠᠬᠤ ᠎ᠳᠤ ᠠᠩᠬᠠᠷᠤᠯ ᠎ᠢᠶᠠᠨ ᠲᠥᠪᠯᠡᠷᠡᠭᠦᠯᠵᠦ᠂ ᠳᠤᠮᠳᠠᠳᠤ ᠮᠣᠩᠭᠣᠯ ᠎ᠤᠨ ᠬᠠᠮ ᠵᠠᠭᠤᠴᠢᠯᠠᠭᠤᠷ᠎ᠤᠨ ᠵᠢᠭ᠍ᠰᠠᠭᠠᠯ᠎ᠢ ᠠᠰᠢᠭ᠍ᠯᠠᠨ ᠳᠠᠮᠵᠢᠭᠤᠯᠭ᠎ᠠ᠎ᠪᠠᠨ ᠥᠷᠭᠡᠳᠬᠡᠵᠦ᠂ ᠠᠵᠢᠯᠯᠠᠭ᠎ᠠ᠎ᠶᠢᠨ ᠨᠠᠷ᠎ᠠ ᠨᠦᠯᠦᠭᠡ ᠪᠠ ᠨᠥᠯᠥᠭᠡᠯᠡᠬᠦ ᠬᠦᠴᠦᠨ ᠎ᠢ ᠳᠡᠭᠡᠭᠰᠢᠯᠡᠭᠦᠯᠵᠤ᠂ ᠲᠠᠷᠠᠭᠠᠴᠢ᠎ᠶᠢᠨ ᠰᠣᠶᠣᠯ᠎ᠤᠨ ᠰᠣᠯᠢᠯᠴᠠᠭ᠎ᠠ᠎ᠳᠤ ᠬᠦᠴᠦᠨ ᠨᠡᠮᠡᠷᠢᠯᠡᠬᠦ ᠵᠢ ᠵᠤᠷᠢᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面