2026-09-22 10:37:55
ᠣᠢᠷ᠎ᠠ ᠳ᠋ᠤ᠂ ᠶᠢᠰᠦᠳᠦᠭᠡᠷ ᠬᠤᠭᠤᠴᠠᠭᠠᠨ ᠤ᠋ 《ᠵᠠᠨ ᠹᠠᠩ ᠬᠤᠨᠳᠠᠭᠠᠳᠤ》 5G ᠬᠡᠷᠡᠭᠯᠡᠭᠡ ᠵᠢ ᠡᠯᠰᠡᠨ ᠴᠤᠭᠯᠠᠭᠤᠯᠬᠤ ᠤᠷᠤᠯᠳᠤᠭᠠᠨ ᠤ᠋ ᠰᠢᠨ᠎ᠡ ᠴᠢᠮᠡᠭᠡ ᠬᠣᠯᠪᠣᠭᠠᠨ ᠤ᠋ ᠲᠤᠰᠬᠠᠢ ᠰᠡᠳᠦᠪᠲᠦ ᠤᠷᠤᠯᠳᠤᠭᠠᠨ ᠤ᠋ ᠰᠢᠯᠭᠠᠷᠠᠭᠤᠯᠤᠯᠲᠠ ᠳ᠋ᠤ ᠣᠷᠳᠣᠰ ᠬᠣᠲᠠ ᠵᠢᠨ ᠰᠣᠶᠣᠯ ᠵᠢᠭᠤᠯᠴᠢᠯᠠᠯ ᠤ᠋ᠨ ᠦᠢᠯᠡᠴᠢᠯᠡᠭᠡᠨ ᠤ᠋ ᠪᠠᠲᠤᠯᠠᠭ᠎ᠠ ᠵᠢᠨ ᠲᠥᠪ ᠡᠴᠡ ᠳᠡᠪᠰᠢᠭᠦᠯᠦᠭᠰᠡᠨ 《ᠤᠷᠳᠤᠰ ᠬᠣᠲᠠ ᠵᠢᠨ ᠣᠶᠤᠨᠳᠤ ᠵᠢᠭᠤᠯᠴᠢᠯᠠᠯ》︱5G AIAgent ᠢ᠋ ᠬᠠᠮᠵᠢᠯᠴᠠᠭᠤᠯᠤᠭᠰᠠᠨ ᠣᠷᠳᠣᠰ ᠬᠤᠳᠠ ᠵᠢᠨ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠭᠰᠠᠨ ᠦᠢᠯᠡᠴᠢᠯᠡᠭᠡᠨ ᠤ᠋ ᠠᠮᠢ ᠠᠬᠤᠢ ᠵᠢᠨ ᠰᠢᠨ᠎ᠡ ᠵᠢ ᠡᠭᠦᠳᠦᠭᠰᠡᠨ ᠲᠥᠷᠥᠯ ᠵᠦᠢᠯ ᠭᠤᠷᠪᠠᠳᠤᠭᠠᠷ ᠳᠡᠰ ᠤ᠋ᠨ ᠱᠠᠩᠨᠠᠯ ᠢ᠋ ᠳᠤᠰᠴᠠᠢ᠃
ᠲᠣᠰ ᠲᠥᠷᠥᠯ ᠵᠦᠢᠯ ᠨᠢ ᠤᠷᠳᠤᠰ ᠬᠣᠲᠠ ᠵᠢᠨ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠢ ᠬᠥᠭᠵᠢᠯᠲᠡ ᠵᠢᠨ ᠬᠡᠷᠡᠭᠴᠡᠭᠡ ᠱᠠᠭᠠᠷᠳᠠᠯᠭ᠎ᠠ ᠲᠠᠢ ᠨᠢᠭ᠍ᠲᠠ ᠤᠶᠠᠯᠳᠤᠭᠤᠯᠤᠨ᠂ 5G ᠳᠡᠭᠡᠳᠦ ᠬᠤᠷᠳᠤᠴᠠᠲᠤ ᠴᠢᠮᠡᠭᠡ ᠬᠣᠯᠪᠣᠭ᠎ᠠ ᠪᠠ AIAgent ᠣᠶᠤᠨᠲᠤ ᠴᠣᠭᠴᠠ ᠵᠢᠨ ᠮᠡᠷᠭᠡᠵᠢᠯ ᠢ᠋ ᠰᠢᠨ᠎ᠡ ᠪᠡᠷ ᠠᠭᠤᠰᠤᠯᠴᠠᠭᠤᠯᠵᠤ᠂ ᠵᠢᠭᠤᠯᠴᠢᠯᠠᠯ ᠤ᠋ᠨ ᠦᠢᠯᠡᠴᠢᠯᠡᠭᠡ᠂ ᠵᠠᠬ᠎ᠠ ᠳᠡᠯᠭᠡᠭᠦᠷ ᠤ᠋ᠨ ᠡᠵᠡᠩᠨᠡᠯᠲᠡ᠂ ᠠᠵᠢᠯ ᠲᠥᠷᠥᠯ ᠤ᠋ᠨ ᠵᠠᠰᠠᠯᠲᠠ ᠵᠡᠷᠭᠡ ᠭᠤᠷᠪᠠᠨ ᠶᠡᠬᠡ ᠭᠣᠣᠯ ᠲᠠᠯᠠᠪᠤᠷ ᠲᠤ᠌ ᠠᠩᠬᠠᠷᠤᠯ ᠶ᠋ᠢᠡᠨ ᠲᠥᠪᠯᠡᠷᠡᠭᠦᠯᠦᠨ᠂ ᠪᠥᠬᠥ ᠬᠡᠯᠬᠢᠶ᠎ᠡ ᠶ᠋ᠢᠨ᠂ᠨᠢᠭᠡ ᠴᠣᠭᠴᠠᠵᠢᠭ᠍ᠰᠠᠨ ᠣᠶᠤᠨᠳᠤ ᠰᠣᠶᠣᠯ ᠵᠢᠭᠤᠯᠴᠢᠯᠠᠯ ᠤ᠋ᠨ ᠰᠢᠢᠳᠪᠦᠷᠢᠯᠡᠬᠦ ᠲᠥᠰᠥᠯ ᠢ᠋ ᠪᠠᠢᠭᠤᠯᠵᠤ᠂ ᠰᠣᠶᠣᠯ ᠵᠢᠭᠤᠯᠴᠢᠯᠠᠯ ᠤ᠋ᠨ ᠦᠢᠯᠡᠴᠢᠯᠡᠭᠡ ᠵᠢ ᠨᠠᠷᠢᠯᠢᠭ᠍ᠵᠢᠭᠤᠯᠬᠤ᠂ ᠠᠵᠢᠯ ᠲᠥᠷᠥᠯ ᠤ᠋ᠨ ᠵᠠᠰᠠᠯᠲᠠ ᠵᠢ ᠣᠶᠤᠨᠴᠢᠯᠠᠬᠤ᠂ ᠠᠵᠤ ᠦᠢᠯᠡᠰ ᠤ᠋ᠨ ᠡᠵᠡᠩᠨᠡᠯᠲᠡ ᠵᠢ ᠲᠣᠭᠠᠴᠢᠯᠠᠬᠤ ᠬᠦᠴᠢᠷ ᠠᠰᠠᠭᠤᠳᠠᠯ ᠢ᠋ ᠣᠨᠣᠪᠴᠢᠲᠠᠢ ᠰᠢᠢᠳᠪᠦᠷᠢᠯᠡᠪᠡ᠃
ᠤᠯᠤᠰ ᠤ᠋ᠨ ᠳᠣᠲᠣᠭᠠᠳᠤ ᠵᠢᠨ 5G ᠬᠡᠷᠡᠭᠯᠡᠭᠡᠨ ᠤ᠋ ᠬᠦᠷᠢᠶ᠎ᠡ ᠴᠠᠷᠠᠭ᠎ᠠ ᠳ᠋ᠡᠬᠢ ᠬᠠᠮᠤᠭ ᠤ᠋ᠨ ᠦᠨᠳᠦᠷ ᠪᠠᠷᠢᠮᠵᠢᠶ᠎ᠠ ᠲᠠᠢ᠂ ᠨᠥᠯᠥᠭᠡᠯᠡᠬᠦ ᠬᠦᠴᠦᠨ ᠶ᠋ᠢᠡᠷ ᠬᠠᠮᠤᠭ ᠤ᠋ᠨ ᠥᠷᠭᠡᠨ ᠡᠷᠬᠡ ᠰᠦᠷᠲᠦ ᠤᠷᠤᠯᠳᠤᠭᠠᠨ ᠪᠣᠯᠤᠭᠰᠠᠨ ᠤ᠋ ᠬᠤᠪᠢ ᠳ᠋ᠤ᠂ ᠲᠣᠰ ᠤᠷᠤᠯᠳᠤᠭᠠᠨ ᠨᠢ 《ᠣᠶᠤᠨᠴᠢ ᠰᠢᠨ᠎ᠡ ᠴᠢᠮᠡᠭᠡ ᠬᠣᠯᠪᠣᠭ᠎ᠠ ᠪᠡᠷ ᠰᠠᠭᠤᠷᠢ ᠪᠤᠯᠭᠠᠬᠤ》 ᠪᠡᠷ ᠭᠣᠣᠯ ᠰᠡᠳᠦᠪ ᠪᠣᠯᠭᠠᠵᠤ᠂ ᠨᠡᠢᠳᠡ 645 ᠰᠢᠯᠢᠳᠡᠭ ᠳᠦᠷᠦᠯ ᠵᠦᠢᠯ ᠡᠯᠰᠡᠨ ᠬᠢᠨᠠᠨ ᠰᠢᠯᠭᠠᠷᠠᠭᠤᠯᠵᠠᠢ᠃ ᠲᠣᠰ ᠱᠠᠩᠨᠠᠯ ᠢ᠋ ᠳᠤᠰᠤᠭᠰᠠᠨ ᠶᠠᠪᠤᠳᠠᠯ ᠪᠣᠯ ᠤᠯᠤᠰ ᠡᠴᠡ ᠦᠪᠦᠷ ᠮᠤᠩᠭᠤᠯ ᠤ᠋ᠨ ᠰᠣᠶᠣᠯ ᠵᠢᠭᠤᠯᠴᠢᠯᠠᠯ ᠤ᠋ᠨ ᠲᠣᠭᠠᠴᠢᠯᠠᠭᠰᠠᠨ ᠥᠭᠡᠷᠡᠴᠢᠯᠡᠯᠲᠡ᠂ ᠣᠶᠤᠨᠳᠤ ᠠᠬᠤᠢ ᠪᠠᠢᠳᠠᠯ ᠢ᠋ ᠨᠠᠢᠳᠠᠪᠤᠷᠢᠵᠢᠭᠤᠯᠤᠭᠰᠠᠨ ᠦᠷ᠎ᠡ ᠪᠦᠲᠦᠮᠵᠢ ᠵᠢ ᠭᠦᠢᠴᠡᠳ ᠮᠡᠳᠡᠷᠡᠭᠰᠡᠨ ᠶᠠᠪᠤᠳᠠᠯ ᠪᠤᠯᠬᠤ ᠶᠤᠮ᠂ ᠮᠦᠨ ᠴᠤ᠌ ᠤᠷᠳᠤᠰ ᠬᠤᠳᠠ ᠶ᠋ᠢᠨ ᠲᠣᠭᠠᠴᠢᠯᠠᠭᠰᠠᠨ ᠮᠡᠷᠭᠡᠵᠢᠯ ᠶ᠋ᠢᠡᠷ ᠬᠦᠴᠦᠨ ᠣᠯᠭᠣᠭᠰᠠᠨ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠰᠢᠭᠦᠯᠬᠦ᠂ ᠲᠣᠭᠠᠴᠢᠯᠠᠭᠰᠠᠠ ᠰᠣᠶᠣᠯ ᠵᠢᠭᠤᠯᠴᠢᠯᠠᠯ ᠤ᠋ᠨ ᠰᠢᠨ᠎ᠡ ᠠᠷᠭ᠎ᠠ ᠵᠠᠮ ᠢ᠋ ᠬᠠᠢᠨ ᠰᠦᠪᠡᠭᠴᠢᠯᠡᠭᠰᠡᠨ ᠤ᠋ ᠴᠢᠬᠤᠯᠠ ᠦᠢᠯᠡᠳᠦᠯᠭᠡ ᠵᠢᠨ ᠦᠷ᠎ᠡ ᠪᠦᠲᠦᠭᠡᠯ ᠪᠤᠯᠬᠤ ᠶᠤᠮ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃