ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-09-23 10:44:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠣᠶᠣᠯ ᠪᠠ ᠵᠢᠭᠤᠯᠴᠢᠯᠠᠯ᠎ᠤᠨ ᠶᠠᠮᠤᠨ ᠣᠢᠷ᠎ᠠ᠎ᠳᠤ 《ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠦᠪᠵᠢᠭᠦᠯᠭᠡ》 ᠶ᠋ᠢ ᠨᠡᠢᠲᠡᠯᠡᠵᠦ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠶᠡᠷᠦᠩᠬᠡᠢ ᠱᠠᠭᠠᠷᠳᠠᠯᠭ᠎ᠠ᠂ ᠭᠣᠣᠯᠳᠠᠯᠭ᠎ᠠ᠎ᠲᠠᠢ ᠡᠭᠦᠷᠭᠡ᠂ ᠪᠠᠲᠤᠯᠠᠭ᠎ᠠ ᠎ᠶᠢᠨ ᠠᠷᠭ᠎ᠠ ᠬᠡᠮᠵᠢᠶ᠎ᠡ ᠎ᠶᠢ ᠲᠣᠳᠣᠷᠬᠠᠢᠯᠠᠵᠤ᠂ ᠰᠣᠶᠣᠯ ᠪᠠ ᠵᠢᠭᠤᠯᠴᠢᠯᠠᠯ᠎ᠤᠨ ᠰᠢᠰᠲᠧᠮ ᠎ᠦᠨ ᠰᠣᠶᠣᠯ᠎ᠤᠨ ᠠᠵᠤ ᠦᠢᠯᠡᠰ ᠎ᠦᠨ ᠬᠥᠭᠵᠢᠯᠲᠡ᠎ᠶᠢᠨ ᠠᠵᠢᠯ ᠎ᠢ ᠰᠢᠰᠲᠧᠮ᠎ᠲᠠᠢ ᠪᠠᠢᠷᠢᠯᠠᠭᠤᠯᠵᠤ᠂ ᠰᠣᠶᠣᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠰᠢᠨ᠎ᠡ ᠵᠢᠷᠤᠭ ᠲᠥᠰᠥᠪ᠎ᠢ ᠵᠢᠷᠤᠭᠯᠠᠪᠠ᠃

ᠲᠥᠯᠦᠪᠵᠢᠭᠦᠯᠭᠡ᠎ᠳᠦ᠂ 2030 ᠣᠨ ᠪᠣᠯᠬᠤ ᠎ᠳᠤ ᠰᠣᠶᠣᠯ᠎ᠤᠨ ᠠᠵᠤ ᠦᠢᠯᠡᠰ᠎ᠦᠨ ᠬᠡᠪᠴᠢᠶ᠎ᠡ᠂ ᠪᠦᠬᠦᠯᠢ ᠴᠣᠭᠴᠠ᠎ᠶᠢᠨ ᠪᠣᠳᠠᠲᠤ ᠬᠦᠴᠦᠨ ᠪᠠ ᠶᠡᠷᠦᠩᠬᠡᠢᠯᠡᠭᠰᠡᠨ ᠦᠷ᠎ᠡ ᠠᠰᠢᠭ᠋᠎ᠤᠨ ᠳᠠᠪᠠᠯᠲᠠ ᠵᠢ ᠪᠡᠶᠡᠯᠡᠭᠦᠯᠵᠤ᠂ ᠰᠣᠶᠣᠯ ᠎ᠤᠨ ᠠᠵᠤ ᠦᠢᠯᠡᠰ᠎ᠦᠨ ᠰᠢᠰᠲᠧᠮ᠎ᠢ ᠨᠡᠩ ᠪᠦᠷᠢᠨᠰᠢᠭᠦᠯᠵᠤ᠂ ᠠᠵᠤ ᠦᠢᠯᠡᠰ ᠎ᠦᠨ ᠰᠢᠨ᠎ᠡ ᠎ᠶᠢ ᠡᠭᠦᠳᠬᠦ ᠴᠢᠳᠠᠪᠤᠷᠢ ᠎ᠶᠢ ᠢᠯᠡᠳᠲᠡ ᠴᠢᠩᠭᠠᠷᠠᠭᠤᠯᠵᠤ᠂ ᠴᠢᠨᠠᠷ ᠰᠠᠢᠲᠠᠢ ᠦᠢᠯᠡᠳᠬᠦᠨ ᠎ᠦ ᠬᠠᠩᠭᠠᠯᠭ᠎ᠠ ᠎ᠶᠢ ᠨᠡᠩ ᠪᠠᠶᠠᠯᠢᠭ᠍ᠵᠢᠭᠤᠯᠵᠤ᠂ ᠰᠣᠶᠣᠯ᠎ᠤᠨ ᠵᠠᠬ᠎ᠠ ᠳᠡᠯᠭᠡᠭᠦᠷ᠎ᠢ ᠨᠡᠩ ᠴᠡᠴᠡᠭᠯᠡᠭᠦᠯᠵᠦ᠂ ᠰᠣᠶᠣᠯ ᠎ᠤᠨ ᠬᠡᠷᠡᠭᠯᠡᠭᠡ᠎ᠶᠢ ᠨᠡᠩ ᠬᠥᠭᠵᠢᠶᠡᠨ᠎ᠲᠠᠢ ᠪᠣᠯᠭᠠᠵᠤ᠂ ᠠᠵᠤ ᠦᠢᠯᠡᠰ ᠎ᠦᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ᠎ᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠰᠣᠶᠣᠯ᠎ᠤᠨ ᠠᠵᠤ ᠦᠢᠯᠡᠰ᠎ᠦᠨ ᠲᠤᠯᠭᠠᠭᠤᠷᠢᠯᠠᠬᠤ ᠴᠢᠨᠠᠷᠲᠠᠢ ᠪᠠᠢᠷᠢ ᠰᠠᠭᠤᠷᠢ᠎ᠶᠢ ᠨᠡᠩ ᠪᠡᠬᠢᠵᠢᠭᠦᠯᠵᠦ᠂ ᠠᠵᠤ ᠠᠬᠤᠢ ᠨᠡᠢᠭᠡᠮ᠎ᠦᠨ ᠬᠥᠭᠵᠢᠯᠲᠡ ᠪᠠ ᠬᠥᠮᠥᠨ᠎ᠦ ᠪᠦᠬᠦ ᠲᠠᠯ᠎ᠠ᠎ᠶᠢᠨ ᠬᠥᠭᠵᠢᠯᠲᠡ᠎ᠶᠢ ᠠᠬᠢᠭᠤᠯᠬᠤ᠎ᠳᠤ ᠦᠵᠡᠭᠦᠯᠬᠦ ᠦᠢᠯᠡᠳᠦᠯ᠎ᠢ ᠨᠡᠩ ᠲᠣᠪᠣᠢᠮ᠎ᠠ ᠪᠣᠯᠭᠠᠨ᠎ᠠ ᠭᠡᠵᠤ ᠳᠤᠷᠠᠳᠪᠠ᠃

ᠲᠥᠯᠦᠪᠵᠢᠭᠦᠯᠭᠡ᠎ᠳᠦ ᠲᠤᠯᠤᠭᠠᠨ ᠲᠠᠯ᠎ᠠ ᠵᠢᠨ ᠡᠭᠦᠷᠭᠡ᠎ᠶᠢᠨ ᠲᠣᠬᠢᠷᠠᠭᠤᠯᠤᠯᠲᠠ᠎ᠶᠢ ᠲᠣᠳᠣᠷᠬᠠᠢᠯᠠᠪᠠ᠃ ᠠᠵᠤ ᠦᠢᠯᠡᠰ ᠎ᠦᠨ ᠬᠠᠩᠭᠠᠯᠭ᠎ᠠ ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠨᠡᠩ ᠤᠯᠠᠨ ᠰᠢᠨ᠎ᠡ ᠰᠣᠶᠣᠯ ᠎ᠤᠨ ᠠᠵᠤ ᠦᠢᠯᠡᠰ ᠎ᠦᠨ ᠨᠡᠮᠡᠭᠳᠡᠯ ᠎ᠦᠨ ᠴᠡᠭ᠎ᠢ ᠪᠣᠢᠵᠢᠭᠤᠯᠤᠨ ᠪᠦᠷᠢᠯᠳᠦᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠡᠷ ᠬᠦᠴᠦᠨ ᠤᠯᠭᠤᠬᠤ᠎ᠶᠢ ᠴᠢᠩᠭᠠᠳᠬᠠᠵᠤ᠂ ᠰᠣᠶᠣᠯ ᠪᠣᠯᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠭᠦᠨᠵᠡᠭᠡᠢ ᠠᠭᠤᠰᠤᠯᠴᠠᠯ᠎ᠤᠨ ᠪᠦᠲᠦᠮᠵᠢᠲᠡᠢ ᠠᠷᠭ᠎ᠠ ᠵᠠᠮ᠎ᠢ ᠰᠦᠪᠡᠭᠴᠢᠯᠡᠬᠦ ᠬᠡᠷᠡᠭᠲᠡᠢ᠃ ᠬᠡᠷᠡᠭᠯᠡᠭᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠤᠨ ᠲᠡᠰ ᠳᠡᠪᠰᠢᠭᠦᠯᠬᠦ᠎ᠶᠢ ᠠᠬᠢᠭᠤᠯᠵᠤ᠂ ᠰᠣᠶᠣᠯ᠎ᠤᠨ ᠬᠡᠷᠡᠭᠯᠡᠭᠡ᠎ᠶᠢᠨ ᠲᠠᠯᠳᠠ ᠬᠦᠴᠦᠨ᠎ᠢ ᠠᠭᠤᠳᠠᠯᠬᠤ ᠬᠡᠷᠡᠭᠲᠡᠢ᠃ ᠡᠵᠡᠩᠨᠡᠯᠲᠡ᠎ᠶᠢᠨ ᠭᠣᠣᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠣᠶᠣᠯ ᠎ᠤᠨ ᠮᠥᠩᠭᠥᠨ ᠭᠦᠢᠯᠭᠡᠭᠡᠨ ᠎ᠦ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠬᠦ ᠬᠡᠷᠡᠭᠳᠡᠢ᠃ ᠠᠵᠤ ᠦᠢᠯᠡᠰ᠎ᠦᠨ ᠠᠭᠤᠰᠤᠯᠴᠠᠨ ᠬᠠᠷᠢᠯᠴᠠᠨ ᠠᠬᠢᠭᠤᠯᠬᠤ᠎ᠶᠢ ᠭᠦᠨᠵᠡᠭᠡᠢᠷᠡᠭᠦᠯᠵᠦ᠂ ᠰᠣᠶᠣᠯ᠎ᠤᠨ ᠠᠵᠤ ᠦᠢᠯᠡᠰ ᠪᠣᠯᠣᠨ ᠵᠢᠭᠤᠯᠴᠢᠯᠠᠯ ᠵᠡᠷᠭᠡ ᠬᠠᠮᠢᠶ᠎ᠠ ᠪᠦᠬᠦᠢ ᠠᠵᠤ ᠦᠢᠯᠡᠰ᠎ᠦᠨ ᠠᠭᠤᠰᠤᠯᠴᠠᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠠᠵᠤ ᠦᠢᠯᠡᠰ᠎ᠦᠨ ᠬᠥᠭᠵᠢᠯᠲᠡ᠎ᠶᠢᠨ ᠪᠠᠢᠷᠢᠰᠢᠯ᠎ᠢ ᠰᠢᠯᠢᠳᠡᠭᠵᠢᠭᠦᠯᠵᠦ᠂ ᠣᠷᠣᠨ ᠪᠦᠰᠡ᠂ ᠬᠤᠳᠠ ᠬᠥᠳᠡᠭᠡ᠎ᠶᠢᠨ ᠰᠣᠶᠣᠯ᠎ᠤᠨ ᠠᠵᠤ ᠦᠢᠯᠡᠰ᠎ᠦᠨ ᠬᠠᠮᠵᠢᠯᠴᠠᠨ ᠬᠥᠭᠵᠢᠬᠦ᠎ᠶᠢ ᠠᠬᠢᠭᠤᠯᠬᠤ ᠬᠡᠷᠡᠭᠲᠡᠢ᠃ ᠰᠣᠶᠣᠯ᠎ᠤᠨ ᠠᠷᠠᠯᠵᠢᠶᠠᠨ᠎ᠤ ᠶᠡᠷᠦᠩᠬᠡᠢᠯᠡᠭᠰᠡᠨ ᠪᠣᠳᠠᠲᠤ ᠬᠦᠴᠦᠨ᠎ᠢ ᠴᠢᠩᠭᠠᠳᠬᠠᠵᠤ᠂ ᠨᠡᠩ ᠤᠯᠠᠨ ᠰᠢᠯᠢᠳᠡᠭ ᠰᠣᠶᠣᠯ᠎ᠤᠨ ᠠᠵᠤ ᠠᠬᠤᠢᠯᠠᠯ᠂ ᠰᠣᠶᠣᠯ᠎ᠤᠨ ᠦᠢᠯᠡᠳᠬᠦᠨ᠎ᠦ ᠳᠡᠯᠡᠬᠡᠢ᠎ᠳᠦ ᠭᠠᠷᠬᠤ᠎ᠶᠢ ᠠᠬᠢᠭᠤᠯᠬᠤ ᠬᠡᠷᠡᠭᠲᠡᠢ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ ᠴᠠᠬᠢᠯᠭᠠᠨ ᠮᠡᠳᠡᠭᠡ)


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面