2026-09-25 15:03:18
ᠰᠣᠶᠣᠯ ᠪᠠ ᠵᠢᠭᠤᠯᠴᠢᠯᠠᠯ᠎ᠤᠨ ᠶᠠᠮᠤᠨ 22 ᠤ᠋ᠨ ᠡᠳᠦᠷ ᠶᠦᠨᠨᠠᠨ ᠮᠤᠵᠢ᠎ᠶᠢᠨ ᠮᠢ ᠯᠧ ᠬᠣᠲᠠ᠎ᠳᠤ 2026 ᠣᠨ᠎ᠤ ᠪᠦᠭᠦ ᠤᠯᠤᠰ᠎ᠤᠨ ᠤᠯᠤᠰ᠎ᠤᠨ ᠪᠠᠶᠠᠷ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠦ ᠰᠠᠷ᠎ᠠ᠎ᠶᠢᠨ ᠭᠣᠣᠯ ᠲᠠᠯᠠᠪᠤᠷ᠎ᠤᠨ ᠠᠵᠢᠯᠯᠠᠭ᠎ᠠ ᠥᠷᠨᠢᠭᠦᠯᠵᠦ᠂ 2026 ᠣᠨ᠎ᠤ ᠪᠦᠭᠦ ᠤᠯᠤᠰ᠎ᠤᠨ ᠤᠯᠤᠰ᠎ᠤᠨ ᠪᠠᠶᠠᠷ᠎ᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡᠨ᠎ᠦ ᠰᠠᠷ᠎ᠠ᠎ᠶᠢ ᠵᠢᠩᠬᠢᠨᠢ᠎ᠪᠡᠷ ᠡᠬᠢᠯᠡᠭᠦᠯᠪᠡ᠃ ᠬᠡᠷᠡᠭᠯᠡᠭᠡᠨ᠎ᠦ ᠰᠠᠷ᠎ᠠ᠎ᠶᠢᠨ ᠬᠤᠭᠤᠴᠠᠭᠠᠨ᠎ᠳᠤ᠂ ᠡᠯ᠎ᠡ ᠭᠠᠵᠠᠷ᠎ᠤᠨ ᠭᠢᠨ 2 ᠲᠦᠮᠡ ᠭᠠᠷᠤᠢ ᠤᠳᠠᠭᠠᠨ᠎ᠤ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠵᠦ᠂ 3.1 ᠳ᠋ᠦᠩᠰᠢᠭᠤᠷ ᠲᠥᠭᠥᠷᠢᠭ᠎ᠦᠨ ᠬᠡᠷᠡᠭᠯᠡᠭᠡᠨ᠎ᠦ ᠲᠡᠮᠳᠡᠭᠲᠦ ᠵᠡᠷᠭᠡ ᠬᠡᠷᠡᠭᠯᠡᠭᠡᠨ᠎ᠦ ᠨᠥᠬᠥᠪᠦᠷᠢ ᠣᠯᠭᠣᠵᠤ᠂ ᠰᠠᠭᠤᠭᠠᠯᠢ ᠠᠷᠠᠳ ᠪᠠ ᠵᠢᠭᠤᠯᠴᠢᠯᠠᠬᠰᠠᠳ᠎ᠤᠨ ᠠᠮᠠᠷᠠᠯᠲᠠ᠎ᠶᠢᠨ ᠬᠤᠭᠤᠴᠠᠭᠠᠨ᠎ᠳᠤ ᠵᠢᠭᠤᠯᠴᠢᠯᠠᠬᠤ᠎ᠳᠤ ᠨᠠᠩ ᠪᠠᠶᠠᠯᠢᠭ᠋ ᠰᠣᠩᠭᠣᠯᠲᠠ᠂ ᠨᠠᠩ ᠲᠠᠭᠠᠯᠠᠮᠵᠢᠲᠠᠢ ᠣᠢᠯᠠᠭᠠᠯᠲᠠ ᠬᠠᠩᠭᠠᠬᠤ ᠪᠡᠷ ᠪᠠᠢᠨ᠎ᠠ᠃
ᠬᠡᠷᠡᠭᠯᠡᠭᠡᠨ᠎ᠦ ᠰᠠᠷ᠎ᠠ 9 ᠰᠠᠷ᠎ᠠ᠎ᠶᠢᠨ ᠰᠡᠭᠦᠯᠴᠢ ᠡᠴᠡ 10 ᠰᠠᠷ᠎ᠠ᠎ᠶᠢᠨ ᠰᠡᠭᠦᠯᠴᠢ ᠪᠤᠯᠲᠠᠯ᠎ᠠ ᠦᠷᠭᠦᠯᠵᠢᠯᠡᠵᠦ᠂ ᠰᠣᠶᠣᠯ ᠪᠠ ᠵᠢᠭᠤᠯᠴᠢᠯᠠᠯ᠎ᠤᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠳᠡᠮᠵᠢᠬᠦ ᠨᠢᠭᠡᠴᠢ ᠵᠡᠷᠭᠡ᠎ᠲᠠᠢ ᠬᠠᠮᠵᠢᠯᠴᠠᠨ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠂ ᠤᠯᠤᠰ᠎ᠤᠨ ᠪᠠᠶᠠᠷ᠎ᠤᠨ ᠲᠣᠭᠣᠷᠢᠨ᠎ᠳᠤ ᠰᠣᠶᠣᠯ ᠵᠢᠭᠤᠯᠴᠢᠯᠠᠯ᠎ᠤᠨ ᠰᠢᠷᠢᠰ ᠠᠵᠢᠯᠯᠠᠭ᠎ᠠ ᠪᠠ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ ᠠᠪᠴᠤ᠂ ᠤᠯᠠᠷᠢᠯ᠎ᠤᠨ ᠰᠣᠶᠣᠯ ᠵᠢᠭᠤᠯᠴᠢᠯᠠᠯ᠎ᠤᠨ ᠦᠢᠯᠡᠳᠬᠦᠨ ᠪᠠ ᠦᠢᠯᠡᠴᠢᠯᠡᠭᠡᠨ᠎ᠦ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠰᠠᠭᠤᠭᠠᠯᠢ ᠠᠷᠠᠳ ᠵᠢᠭᠤᠯᠴᠢᠯᠠᠬᠰᠠᠳ᠎ᠤᠨ ᠬᠣᠣᠰ ᠪᠠᠶᠠᠷ᠎ᠤᠨ ᠠᠮᠠᠷᠠᠯᠲᠠ᠎ᠶᠢᠨ ᠬᠤᠭᠤᠴᠠᠭ᠎ᠠ ᠪᠠ ᠨᠠᠮᠤᠷ᠎ᠤᠨ ᠤᠯᠠᠷᠢᠯ᠎ᠤᠨ ᠰᠣᠶᠣᠯ᠎ᠤᠨ ᠵᠢᠭᠤᠯᠴᠢᠯᠠᠯ᠎ᠤᠨ ᠬᠡᠷᠡᠭᠯᠡᠭᠡᠨ᠎ᠦ ᠬᠡᠷᠡᠭᠴᠡᠭᠡ᠎ᠶᠢ ᠨᠠᠩ ᠰᠠᠢᠨ ᠬᠠᠩᠭᠠᠬᠤ ᠪᠤᠯᠤᠨ᠎ᠠ᠃ ᠡᠯ᠎ᠡ ᠭᠠᠵᠠᠷ᠎ᠤᠨ ᠭᠢᠨ ᠠᠭᠤᠯᠠ ᠤᠰᠤ᠎ᠪᠠᠷ ᠵᠢᠭᠤᠯᠴᠢᠯᠠᠨ ᠲᠣᠭᠣᠷᠢᠬᠤ᠂ ᠨᠠᠢ᠍ᠮᠠᠨ ᠰᠠᠷ᠎ᠠ ᠶ᠋ᠢᠨ ᠲᠡᠷᠬᠡᠯ ᠪᠠᠶᠠᠷ ᠢ᠋ ᠪᠡᠯᠭᠡᠯᠡᠬᠦ᠂ ᠨᠠᠮᠤᠷ᠎ᠤᠨ ᠦᠵᠡᠮᠵᠢ᠎ᠶᠢ ᠰᠣᠨᠢᠷᠬᠠᠬᠤ ᠰᠡᠯᠡᠭᠦᠴᠡᠯ ᠵᠢᠭᠤᠯᠴᠢᠯᠠᠯ᠂ ᠬᠤᠪᠢᠰᠬᠠᠯ᠎ᠤᠨ ᠬᠦᠮᠦᠵᠢᠯ᠎ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠰᠥᠨᠢ ᠶ᠋ᠢᠨ ᠠᠵᠤ ᠠᠬᠤᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠲᠠᠲᠤ ᠢᠳᠡᠭᠡᠨ ᠵᠡᠷᠭᠡ ᠬᠠᠯᠠᠮᠰᠢᠯ ᠬᠡᠷᠡᠭᠴᠡᠭᠡ ᠱᠠᠭᠠᠷᠳᠠᠯᠭ᠎ᠠ ᠶ᠋ᠢᠨ ᠲᠣᠭᠣᠷᠢᠨ᠎ᠳᠤ ᠰᠣᠶᠣᠯ ᠵᠢᠭᠤᠯᠴᠢᠯᠠᠯ᠎ᠤᠨ ᠰᠢᠯᠢᠳᠡᠭ ᠦᠢᠯᠡᠳᠭᠦᠨ᠎ᠦ ᠬᠠᠩᠭᠠᠯᠭ᠎ᠠ ᠶ᠋ᠢ ᠨᠡᠮᠡᠭᠳᠡᠭᠦᠯᠬᠦ ᠪᠤᠯᠤᠨ᠎ᠠ᠃
ᠭᠣᠣᠯ ᠲᠠᠯᠠᠪᠤᠷ᠎ᠤᠨ ᠠᠵᠢᠯᠯᠠᠭ᠎ᠠ ᠳᠡᠭᠡᠷ᠎ᠡ᠂ ᠳᠤᠮᠳᠠᠳᠤ ᠤᠯᠤᠰ᠎ᠤᠨ ᠴᠠᠭ ᠠᠭᠤᠷ᠎ᠤᠨ ᠲᠣᠪᠴᠢᠶ᠎ᠠ 2026 ᠣᠨ᠎ᠤ ᠪᠦᠭᠦ ᠤᠯᠤᠰ᠎ᠤᠨ ᠨᠠᠮᠤᠷ᠎ᠤᠨ ᠦᠵᠡᠮᠵᠢ᠎ᠶᠢ ᠰᠣᠨᠢᠷᠬᠠᠬᠤ ᠵᠦᠭᠯᠡᠭᠦᠷ ᠪᠣᠯᠣᠨ ᠠᠯᠳᠠᠨ ᠨᠠᠮᠤᠷ᠎ᠤᠨ ᠦᠷ᠎ᠦᠨ ᠲᠤᠶᠠᠭ᠎ᠠ ᠦᠳᠡᠰᠢ᠎ᠶᠢᠨ ᠲᠤᠯᠤᠩ ᠰᠣᠨᠢᠷᠬᠠᠬᠤ ᠭᠠᠵᠠᠷ᠎ᠤᠨ ᠵᠢᠷᠤᠭ᠎ᠢ ᠨᠡᠢᠲᠡᠯᠡᠪᠡ; ᠳᠤᠮᠳᠠᠳᠤ ᠤᠯᠤᠰ᠎ᠤᠨ ᠴᠢᠯᠠᠭᠤᠨ ᠲᠣᠰᠣ ᠬᠢᠮᠢ᠎ᠶᠢᠨ ᠠᠵᠤ ᠦᠢᠯᠡᠳᠪᠦᠷᠢ᠎ᠶᠢᠨ ᠺᠤᠮᠫᠠᠨᠢ 《ᠵᠠᠭᠤᠨ ᠬᠣᠲᠠ ᠮᠢᠩᠭᠠᠨ ᠥᠷᠲᠡᠭᠡ》 ᠵᠢᠨ ᠥᠪᠡᠷ ᠵᠢᠨᠨ ᠮᠠᠰᠢᠨ ᠵᠢᠯᠤᠭᠤᠳᠴᠤ ᠵᠢᠭᠤᠯᠴᠢᠯᠠᠬᠤ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠶᠢ ᠨᠡᠢᠲᠡᠯᠡᠵᠦ᠂ ᠥᠪᠡᠷ ᠵᠢᠨᠨ ᠮᠠᠰᠢᠨ ᠵᠢᠯᠤᠭᠤᠳᠴᠤ ᠵᠢᠭᠤᠯᠴᠢᠯᠠᠬᠤ ᠵᠢᠭᠤᠯᠴᠢᠯᠠᠬᠰᠠᠳ᠎ᠲᠤ ᠣᠯᠠᠨ ᠵᠦᠢᠯ᠎ᠦᠨ ᠬᠠᠷᠠᠭᠠᠯᠵᠠᠯ ᠪᠠ ᠳᠥᠭᠦᠮ ᠳᠥᠲᠡ ᠦᠢᠯᠡᠴᠢᠯᠡᠭᠡ ᠬᠠᠩᠭᠠᠪᠠ; ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠪᠠᠩᠬᠢ 《ᠳᠤᠮᠳᠠᠳᠤ᠎ᠶᠢᠨ ᠵᠢᠭᠤᠯᠴᠢᠯᠠᠯ᠎ᠳᠤ ᠠᠰᠢᠭ᠋ ᠬᠦᠷᠲᠡᠭᠡᠬᠦ》ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠮᠥᠩᠭᠥᠨ ᠭᠦᠢᠯᠭᠡᠭᠡᠨ᠎ᠦ ᠠᠷᠠᠳ᠎ᠲᠤ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠎ᠶᠢ ᠨᠡᠢᠲᠡᠯᠡᠵᠦ᠂ ᠦᠵᠡᠮᠵᠢ᠎ᠶᠢᠨ ᠣᠷᠣᠨ᠂ ᠵᠣᠴᠢᠳ᠎ᠤᠨ ᠪᠠᠭᠤᠳᠠᠯ ᠵᠡᠷᠭᠡ ᠬᠡᠷᠡᠭᠯᠡᠭᠡᠨ᠎ᠦ ᠳᠠᠷᠤᠢ ᠳ᠋ᠤᠨᠢ ᠬᠢᠮᠳᠠᠷᠠᠭᠤᠯᠬᠤ ᠬᠠᠷᠠᠭᠠᠯᠵᠠᠯ ᠦᠵᠡᠭᠦᠯᠪᠡ᠃ ᠲᠤᠬᠠᠢ᠎ᠶᠢᠨ ᠲᠠᠯᠠᠪᠠᠶ᠎ᠳᠤ ᠪᠠᠰᠠ ᠡᠯ᠎ᠡ ᠭᠠᠵᠠᠷ᠎ᠤᠨ ᠰᠥᠨᠢ᠎ᠶᠢᠨ ᠰᠣᠶᠣᠯ ᠵᠢᠭᠤᠯᠴᠢᠯᠠᠯ᠂ ᠣᠨᠴᠠᠯᠢᠭ᠍ᠲᠤ ᠠᠮᠲᠠᠲᠤ ᠢᠳᠡᠭᠡᠨ᠂ ᠳᠤᠮᠳᠠᠳᠤ ᠪᠠᠭ᠎ᠠ ᠰᠤᠷᠭᠠᠭᠤᠯᠢ᠎ᠶᠢᠨ ᠨᠠᠮᠤᠷ᠎ᠤᠨ ᠠᠮᠠᠷᠠᠯᠲᠠ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠭᠠᠷᠭᠠᠭᠰᠠᠨ ᠰᠣᠶᠣᠯ ᠵᠢᠭᠤᠯᠴᠢᠯᠠᠯ᠎ᠤᠨ ᠦᠢᠯᠡᠳᠬᠦᠨ ᠪᠠ ᠣᠨᠴᠠᠯᠢᠭ᠍ᠲᠤ ᠠᠵᠢᠯᠯᠠᠭ᠎ᠠ᠎ᠶᠢ ᠨᠡᠢᠲᠡᠯᠡᠵᠡᠢ᠃
ᠬᠡᠷᠡᠭᠯᠡᠭᠡᠨ᠎ᠦ ᠰᠠᠷ᠎ᠠ᠎ᠶᠢᠨ ᠭᠣᠣᠯ ᠲᠠᠯᠠᠪᠤᠷ᠎ᠤᠨ ᠠᠵᠢᠯᠯᠠᠭᠠᠶᠠᠪᠤᠬᠳᠠᠬᠰᠠᠨ ᠶᠦᠨᠨᠠᠨ ᠮᠤᠵᠢ᠎ᠶᠢᠨ ᠭᠢᠨ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠪᠡᠶ᠎ᠡ᠎ᠶᠢᠨ ᠲᠠᠮᠢᠷ ᠪᠠ ᠵᠢᠭᠤᠯᠴᠢᠯᠠᠯ᠎ᠢ ᠠᠭᠤᠰᠤᠯᠴᠠᠭᠤᠯᠬᠤ ᠵᠡᠷᠭᠡ ᠭᠣᠣᠯ ᠰᠡᠳᠦᠪᠲᠦ ᠰᠣᠶᠣᠯ ᠵᠢᠭᠤᠯᠴᠢᠯᠠᠯ᠎ᠤᠨ ᠠᠵᠢᠯᠯᠠᠭ᠎ᠠ᠎ᠶᠢ 1100 ᠭᠠᠷᠤᠢ ᠳᠠᠯᠠᠪᠤᠷ ᠤᠳᠠᠭ᠎ᠠ ᠥᠷᠨᠢᠭᠦᠯᠬᠦ᠎ᠪᠡᠷ ᠪᠠᠢᠨ᠎ᠠ; ᠼᠠᠢ ᠶᠦᠨ ᠰᠣᠶᠣᠯ ᠵᠢᠭᠤᠯᠴᠢᠯᠠᠯ᠎ᠤᠨ ᠬᠡᠷᠡᠭᠯᠡᠭᠡᠨ᠎ᠦ ᠲᠡᠮᠳᠡᠭ᠎ᠢ ᠦᠷᠭᠦᠯᠵᠢᠯᠡᠨ ᠲᠠᠷᠬᠠᠭᠠᠵᠤ᠂ ᠦᠵᠡᠮᠵᠢ᠎ᠶᠢᠨ ᠣᠷᠣᠨ᠎ᠤ ᠵᠢᠭᠤᠯᠴᠢᠯᠠᠯ᠂ ᠰᠣᠶᠣᠯ᠎ᠤᠨ ᠪᠦᠳᠦᠭᠡᠯᠴᠢ ᠦᠢᠯᠡᠳᠭᠦᠨ ᠬᠤᠳᠠᠯᠳᠤᠨ ᠠᠪᠬᠤ᠂ ᠰᠣᠶᠣᠯ ᠪᠡᠶ᠎ᠡ᠎ᠶᠢᠨ ᠲᠠᠮᠢᠷ᠎ᠤᠨ ᠵᠢᠭᠤᠯᠴᠢᠯᠠᠯ᠎ᠤᠨ ᠤᠷᠤᠯᠳᠤᠭᠠᠨ᠎ᠤ ᠠᠵᠢᠯᠯᠠᠭ᠎ᠠ ᠵᠡᠷᠭᠡ ᠣᠯᠠᠨ ᠡᠰᠢᠲᠦ ᠠᠬᠤᠢ ᠦᠵᠡᠭᠳᠡᠯ᠎ᠢ ᠬᠠᠮᠤᠷᠤᠭᠤᠯᠤᠨ᠎ᠠ; ᠠᠯᠪᠠᠨ᠎ᠤ ᠲᠠᠯ᠎ᠠ᠎ᠶᠢᠨ ᠰᠣᠶᠣᠯ ᠵᠢᠭᠤᠯᠴᠢᠯᠠᠯ᠎ᠤᠨ ᠭᠠᠷ ᠪᠡᠯᠡᠭ 《ᠶᠦᠨᠨᠠᠨ᠎ᠤ ᠪᠡᠯᠡᠭ》 ᠢ᠋ ᠡᠭᠦᠳᠴᠦ᠂ ᠳᠥᠷᠪᠡᠨ ᠶᠡᠬᠡ ᠰᠢᠷᠢᠰ ᠮᠢᠩᠭ᠎ᠠ ᠭᠠᠷᠤᠢ ᠵᠦᠢᠯ᠎ᠦᠨ ᠣᠨᠴᠠᠯᠢᠭ᠍ᠲᠤ ᠦᠢᠯᠡᠳᠬᠦᠨ᠎ᠢ ᠨᠡᠢᠳᠭᠡᠬᠦ ᠪᠡᠷ ᠪᠤᠢ᠃
(ᠰᠢᠨᠬᠤᠸᠠ ᠬᠣᠷᠢᠶ᠎ᠠ ᠵᠢᠨ ᠺᠦᠨᠮᠢᠩ᠎ᠦᠨ 9 ᠰᠠᠷ᠎ᠠ᠎ᠶᠢᠨ 22 ᠤ᠋ᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃