ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-09-28 11:28:05

ᠵᠣᠬᠢᠶᠠᠭ᠍ᠴᠢ᠄ ᠪᠤᠶᠠᠠᠡᠨᠡᠷᠢᠯ ᠣᠩᠱᠢᠭ᠍ᠰᠠᠨ ᠣᠳᠠᠭ᠎ᠠ᠄ 3

ᠤᠢᠷ᠎ᠠ᠎ᠳ᠋ᠤ ᠲᠥᠪ ᠤ᠋ᠨ ᠤᠬᠠᠭᠤᠯᠬᠤ ᠬᠡᠯᠲᠡᠰ ᠤ᠋ᠨ ᠺᠢᠨᠣ᠋ ᠵᠢᠨ ᠲᠣᠪᠴᠢᠶ᠎ᠠ᠂ ᠬᠦᠳᠡᠭᠡ ᠠᠵᠤ ᠠᠬᠤᠢ ᠬᠥᠳᠡᠭᠡ ᠲᠣᠰᠬᠣᠨ ᠤ᠋ ᠶᠠᠮᠤᠨ ᠤ᠋ ᠠᠯᠪᠠᠨ ᠲᠢᠩᠬᠢᠮ ᠡᠴᠡ ᠬᠢᠨᠠᠨ ᠵᠢᠯᠤᠭᠤᠳᠤᠭᠰᠠᠨ᠂ ᠲᠥᠪ ᠤ᠋ᠨ ᠤᠬᠠᠭᠤᠯᠬᠤ ᠬᠡᠯᠲᠡᠰ ᠤ᠋ᠨ ᠺᠢᠨᠣ᠋ ᠵᠢᠨ ᠲᠣᠭᠠᠴᠢᠯᠠᠭᠰᠠᠨ ᠫᠷᠣᠭ᠌ᠷᠠᠮ ᠤ᠋ᠨ ᠬᠠᠮᠢᠶᠠᠷᠤᠯᠲᠠ ᠵᠢᠨ ᠲᠥᠪ᠂ ᠳᠤᠮᠳᠠᠳᠤ ᠤᠯᠤᠰ ᠤ᠋ᠨ ᠲᠠᠷᠢᠶᠠᠯᠠᠩ ᠤ᠋ᠨ ᠺᠢᠨᠣ᠋ ᠲᠧᠯᠸᠢᠰ ᠤ᠋ᠨ ᠲᠥᠪ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠬᠢᠮ ᠡᠴᠡ ᠭᠣᠣᠯᠯᠠᠨ ᠡᠷᠭᠢᠯᠡᠭᠰᠡᠨ 《ᠺᠢᠨᠤ᠋ ᠦᠵᠡᠵᠦ ᠵᠠᠬ᠎ᠠ ᠤᠷᠤᠶ᠎ᠠ》 ᠲᠠᠯ᠎ᠠ ᠨᠤᠲᠤᠭ ᠎ᠤ᠋ᠨ ᠠᠶᠠᠯᠠᠯ ᠤ᠋ᠨ ᠬᠣᠶᠠᠳᠤᠭᠠᠷ ᠤᠯᠠᠷᠢᠯ ᠤ᠋ᠨ ᠣᠷᠳᠣᠰ ᠳᠡᠬᠢ ᠠᠵᠢᠯᠯᠠᠭ᠎ᠠ ᠵᠢᠴᠢ ᠨᠠᠮᠤᠷ ᠤ᠋ᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠤᠯᠠᠷᠢᠯ ᠤ᠋ᠨ ᠠᠵᠢᠯᠯᠠᠭ᠎ᠠ ᠣᠷᠳᠣᠰ ᠤ᠋ᠨ ᠬᠠᠨᠲᠠᠢ ᠲᠠᠯ᠎ᠠ ᠨᠤᠲᠤᠭ ᠤ᠋ᠨ ᠦᠵᠡᠮᠵᠢ ᠵᠢᠨ ᠣᠷᠣᠨ ᠳ᠋ᠤ ᠶᠠᠪᠤᠭᠳᠠᠪᠠ᠃

ᠲᠣᠰ ᠤᠳᠠᠭᠠᠨ ᠤ᠋ ᠠᠵᠢᠯᠯᠠᠭ᠎ᠠ ᠨᠢ 《ᠺᠢᠨᠤ᠋ ᠪᠡᠷ ᠤᠷᠳᠤᠰ ᠢ᠋ ᠬᠡᠢᠬᠦᠯᠵᠦ ᠨᠤᠤᠯᠤᠭᠤᠷ ᠤ᠋ᠨ ᠬᠤᠳᠠ ᠶ᠋ᠢᠨ ᠲᠠᠩᠰᠤᠭ ᠦᠵᠡᠮᠵᠢ ᠵᠢ ᠬᠠᠷᠠᠭᠤᠯᠤᠶ᠎ᠠ》 ᠭᠡᠬᠦ ᠪᠡᠷ ᠭᠣᠣᠯ ᠰᠡᠳᠦᠪ ᠪᠣᠯᠭᠠᠵᠤ᠂ 《ᠺᠢᠨᠣ᠋ ᠳᠠᠯᠪᠢᠬᠤ + ᠵᠠᠬ᠎ᠠ ᠴᠤᠭᠯᠠᠭᠠᠨ》 ᠤ᠋ ᠰᠢᠨ᠎ᠡ ᠵᠠᠭᠪᠤᠷ ᠢ᠋ ᠬᠡᠷᠡᠭᠯᠡᠨ᠂ ᠺᠢᠨᠣ᠋ ᠪᠠᠷ ᠬᠥᠮᠥᠰ ᠤ᠋ᠨ ᠬᠦᠷᠢᠶᠡᠯᠡᠯ ᠢ᠋ ᠤᠯᠵᠤ᠂ ᠬᠦᠷᠢᠶᠡᠯᠡᠯ ᠶ᠋ᠢᠡᠷ ᠬᠡᠷᠡᠭᠯᠡᠭᠡ ᠳ᠋ᠤ ᠰᠡᠳᠡᠯᠳᠡ ᠦᠭᠴᠤ᠂ ᠬᠡᠷᠡᠭᠯᠡᠭᠡ ᠪᠡᠷ ᠠᠵᠤ ᠦᠢᠯᠡᠰ ᠢ᠋ ᠳᠠᠢᠴᠢᠯᠠᠵᠤ᠂ ᠺᠢᠨᠣ᠋ ᠪᠠ ᠬᠡᠷᠡᠭᠯᠡᠭᠡ ᠵᠢ ᠵᠣᠯᠭᠠᠭᠤᠯᠬᠤ ᠵᠠᠮ ᠢ᠋ ᠨᠡᠪᠲᠡᠷᠡᠭᠦᠯᠵᠡᠢ᠃

ᠲᠤᠬᠠᠢ ᠵᠢᠨ ᠲᠠᠯᠠᠪᠠᠢ ᠳ᠋ᠤ ᠵᠢᠷᠭᠤᠭᠠᠨ ᠶᠡᠬᠡ ᠣᠨᠴᠠᠯᠢᠭᠳᠤ ᠴᠤᠭᠯᠠᠭ᠎ᠠ ᠮᠡᠢᠮᠡᠢ ᠶ᠋ᠢᠨ ᠵᠠᠬ᠎ᠠ ᠵᠢ ᠲᠣᠬᠢᠷᠠᠭᠤᠯᠤᠨ᠂ ᠤᠳᠬ᠎ᠠ ᠳᠡᠬᠦᠯᠳᠡᠷ ᠤᠯᠠᠨ ᠡᠰᠢᠴᠢᠯᠡᠭᠰᠡᠨ ᠵᠤᠬᠢᠶᠠᠮᠵᠢ ᠪᠡᠷ ᠠᠭᠤᠯᠭ᠎ᠠ ᠵᠢ ᠪᠠᠶᠠᠯᠢᠭᠵᠢᠭᠤᠯᠵᠠᠢ᠃ ᠬᠡᠷᠡᠯ ᠵᠢᠷᠤᠭ ᠤ᠋ᠨ ᠵᠠᠬ᠎ᠠ ᠳ᠋ᠤ ᠺᠢᠨᠣ᠋ ᠵᠢᠨ ᠣᠷᠳᠣ᠌ ᠬᠣᠩᠭᠢᠯ ᠪᠠ ᠨᠡᠶ᠋ᠢᠲᠡ ᠵᠢᠨ ᠠᠰᠠᠷᠠᠮᠵᠢ ᠵᠢᠨ ᠺᠢᠨᠣ᠋ ᠭᠠᠷᠭᠠᠬᠤ ᠲᠠᠯᠠᠪᠤᠷ ᠭᠠᠷᠭᠠᠵᠤ᠂ ᠰᠣᠩᠭᠣᠳᠠᠭ ᠺᠢᠨᠣ᠋ ᠵᠢ ᠦᠨ᠎ᠡ ᠳᠦᠯᠦᠪᠦᠷᠢ ᠦᠭᠡᠢ ᠪᠡᠷ ᠰᠤᠨᠢᠷᠬᠠᠭᠤᠯᠪᠠ; ᠦᠨᠳᠦᠷᠯᠢᠭ ᠤ᠋ᠨ ᠤᠷᠤᠨ ᠤ᠋ ᠵᠠᠬ᠎ᠠ ᠳ᠋ᠤ ᠣᠷᠳᠣᠰ ᠵᠢᠴᠢ ᠪᠦᠬᠦ ᠣᠷᠣᠨ ᠤ᠋ ᠡᠯ᠎ᠡ ᠠᠢᠮᠠᠭ ᠬᠤᠳᠠ ᠵᠢᠨ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ᠂ ᠣᠨᠴᠠᠯᠢᠭ᠍ᠲᠤ ᠠᠮᠲᠠᠲᠤ ᠢᠳᠡᠭᠡᠨ ᠢ᠋ ᠪᠠᠢᠷᠢᠯᠠᠭᠤᠯᠵᠤ᠂ ᠵᠢᠭᠤᠯᠴᠢᠯᠠᠭᠰᠠᠳ ᠲᠤ᠌ ᠠᠮᠳᠠᠯᠠᠭᠤᠯᠤᠨ᠂ ᠡᠯᠪᠡᠭ ᠬᠤᠷᠢᠶᠠᠯᠲᠠ ᠵᠢᠨ ᠪᠠᠶᠠᠷ ᠪᠠᠬᠠᠳᠤᠯ ᠢ᠋ ᠬᠠᠮᠲᠤ ᠪᠠᠷ ᠪᠡᠯᠭᠡᠯᠡᠵᠡᠢ᠃ ᠪᠤᠳᠠᠰ ᠤ᠋ᠨ ᠪᠤᠰᠤ ᠰᠤᠶᠤᠯ ᠤ᠋ᠨ ᠦᠪ ᠤ᠋ᠨ ᠵᠠᠬ᠎ᠠ ᠳ᠋ᠤ ᠠᠮᠢᠳᠤᠯᠢᠭ᠋ ᠭᠠᠷ ᠤᠷᠠᠯᠠᠯ ᠤ᠋ᠨ ᠪᠦᠳᠦᠭᠡᠭᠳᠡᠬᠦᠨ ᠤ᠋ ᠦᠵᠡᠭᠦᠯᠭᠡ ᠵᠢ ᠳᠤᠬᠢᠷᠠᠭᠤᠯᠵᠠᠢ; ᠨᠣᠤᠯᠤᠭᠤᠷ ᠤ᠋ᠨ ᠦᠢᠯᠡᠳᠬᠦᠨ ᠤ᠋ ᠵᠠᠬ᠎ᠠ ᠳ᠋ᠤ ᠡᠯ᠎ᠡ ᠲᠥᠷᠥᠯ ᠤ᠋ᠨ ᠨᠣᠤᠯᠤᠭᠤᠷ ᠤ᠋ᠨ ᠦᠢᠯᠡᠳᠬᠦᠨ᠂ ᠭᠠᠷ ᠤᠷᠠᠯᠠᠯ ᠤ᠋ᠨ ᠪᠡᠶᠡᠴᠢᠯᠡᠨ ᠣᠢᠯᠠᠭᠠᠬᠤ ᠳᠤᠭᠤᠷᠢᠭ ᠵᠡᠷᠭᠡ ᠵᠢ ᠪᠠᠢᠷᠢᠯᠠᠭᠤᠯᠬᠤ ᠶ᠋ᠢᠨ ᠬᠠᠮᠳᠤ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠬᠢᠵᠦ ᠪᠠᠷᠠᠭ᠎ᠠ ᠬᠤᠳᠠᠯᠳᠤᠬᠤ ᠵᠢ ᠵᠡᠷᠭᠡ ᠪᠡᠷ ᠶᠠᠪᠤᠭᠳᠠᠭᠤᠯᠵᠠᠢ᠃ ᠡᠭᠦᠨ ᠤ᠋ ᠬᠠᠮᠳᠤ᠂ ᠮᠠᠯᠴᠢᠨ ᠳᠠᠷᠢᠶᠠᠴᠢᠳ ᠤ᠋ᠨ ᠰᠣᠨᠢᠷᠬᠠᠯᠲᠤ ᠪᠡᠶ᠎ᠡ ᠵᠢᠨ ᠲᠠᠮᠢᠷ ᠤ᠋ᠨ ᠴᠤᠭᠯᠠᠭᠠᠨ᠂ ᠰᠢᠨᠡᠷᠭᠡᠭ ᠰᠢᠯᠢᠳᠡᠭ ᠬᠥᠭᠵᠢᠮ ᠤ᠋ᠨ ᠠᠩᠭᠢ ᠵᠢᠨ ᠲᠣᠭᠯᠠᠯᠲᠠ᠂ ᠵᠦᠴᠦᠬᠡ 《ᠣᠷᠳᠣᠰ ᠬᠤᠷᠢᠮ ᠤ᠋ᠨ ᠶᠣᠰᠣᠯᠠᠯ》᠂ ᠤᠯᠠᠭᠠᠨᠮᠦ᠋ᠴᠢᠷ ᠤ᠋ᠨ ᠤᠷᠠᠨ ᠰᠠᠢᠬᠠᠨ ᠤ᠋ ᠳᠤᠭᠯᠠᠯᠳᠠ ᠵᠡᠷᠭᠡ ᠵᠢ ᠬᠤᠢᠨ᠎ᠠ ᠬᠤᠢᠨ᠎ᠠ ᠡᠴᠡ ᠨᠢ ᠳᠠᠷᠠᠭᠠᠯᠠᠨ ᠲᠣᠭᠯᠠᠪᠠ᠃ ᠲᠤᠬᠠᠢ ᠵᠢᠨ ᠲᠠᠯᠠᠪᠠᠢ ᠳ᠋ᠤ ᠪᠠᠰᠠ ᠰᠣᠨᠢᠷᠬᠠᠯᠲᠤ ᠳᠤᠭᠯᠠᠭᠠᠮ ᠳᠤᠭᠯᠠᠬᠤ ᠵᠡᠷᠭᠡ ᠎ᠵᠢ ᠳᠤᠬᠢᠷᠠᠭᠤᠯᠤᠨ᠂ ᠰᠢᠭᠤᠳ ᠨᠡᠪᠲᠡᠷᠡᠭᠦᠯᠦᠭᠴᠢ᠂ ᠲᠣᠰᠬᠣᠨ ᠳ᠋ᠤ ᠰᠠᠭᠤᠭ᠎ᠠ ᠨᠢᠭᠡᠳᠦᠭᠡᠷ ᠱᠦᠵᠢ ᠵᠡᠷᠭᠡ ᠪᠡᠷ ᠪᠦᠷᠢᠯᠳᠦᠭᠰᠡᠨ ᠳᠤᠰᠬᠠᠢ ᠪᠦᠯᠬᠦᠮ᠎ᠤᠨ ᠬᠢᠨ ᠨᠣᠤᠯᠤᠭᠤᠷ ᠤ᠋ᠨ ᠦᠢᠯᠡᠳᠬᠦᠨ᠂ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠳᠦᠭᠡᠭᠳᠡᠬᠦᠨ ᠵᠡᠷᠭᠡ ᠵᠢ ᠰᠦᠯᠵᠢᠶᠡᠨ ᠳᠡᠭᠡᠷ᠎ᠡ ᠪᠤᠷᠤᠯᠠᠭᠤᠯᠤᠨ᠂ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠳᠦᠭᠡᠭᠳᠡᠬᠦᠨ ᠤ᠋ ᠪᠣᠷᠤᠯᠠᠭᠤᠯᠭ᠎ᠠ ᠵᠢ ᠠᠬᠢᠭᠤᠯᠪᠡ᠃

《ᠺᠢᠨᠤ᠋ ᠦᠵᠡᠵᠦ ᠵᠠᠬ᠎ᠠ ᠤᠷᠤᠶ᠎ᠠ》 ᠠᠵᠢᠯᠯᠠᠭ᠎ᠠ ᠵᠢ 2025 ᠣᠨ ᠳ᠋ᠤ ᠡᠬᠢᠯᠡᠨ ᠶᠠᠪᠤᠭᠳᠠᠭᠤᠯᠵᠤ᠂ ᠣᠲᠣᠬᠠᠨ ᠪᠣᠯᠲᠠᠯ᠎ᠠ ᠤᠷᠢᠳ ᠬᠣᠵᠢᠳ ᠶᠦᠨᠨᠠᠨ ᠤ᠋ ᠲᠸᠩᠴᠦᠩ ᠬᠣᠲᠠ᠂ ᠭᠤᠸᠠᠩᠳᠦ᠋ᠩ ᠤ᠋ᠨ ᠳ᠋ᠦᠩᠶᠤᠸᠠᠨ ᠰᠢᠶᠠᠨ᠂ ᠥᠪᠥᠷ ᠮᠣᠩᠭᠣᠯ ᠤ᠋ᠨ ᠬᠢᠩᠭᠠᠨ ᠠᠢᠮᠠᠭ᠂ ᠰᠧᠴᠤᠸᠠᠨ ᠤ᠋ ᠳᠠ ᠢ ᠰᠢᠶᠠᠨ ᠵᠡᠷᠭᠡ ᠭᠠᠵᠠᠷ ᠲᠤ᠌ ᠦᠷᠨᠢᠬᠦᠯᠤᠨ᠂ ᠨᠢᠭᠡᠨᠳᠡ ᠣᠯᠠᠨ ᠨᠡᠶ᠋ᠢᠲᠡ ᠵᠢᠨ ᠰᠣᠶᠣᠯ ᠤ᠋ᠨ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ᠋ ᠢ᠋ ᠨᠡᠮᠡᠭᠳᠡᠭᠦᠯᠬᠦ ᠵᠢ ᠠᠬᠢᠭᠤᠯᠬᠤ ᠥᠪᠡᠷᠮᠢᠴᠡ ᠣᠨᠴᠠᠯᠢᠭᠳᠤ ᠰᠣᠶᠣᠯ ᠤ᠋ᠨ ᠨᠠᠷᠠᠲᠤ ᠳᠦᠷᠦᠯ ᠲᠡᠮᠳᠡᠭ ᠪᠣᠯᠤᠭᠰᠠᠨ ᠪᠠᠢᠨ᠎ᠠ᠃ ᠲᠤᠰ ᠤᠳᠠᠭᠠᠨ ᠤ᠋ ᠠᠵᠢᠯᠯᠠᠭ᠎ᠠ ᠨᠢ ᠠᠷᠠᠳ ᠲᠤ᠌ ᠠᠰᠢᠭ᠋ ᠬᠦᠷᠲᠡᠭᠡᠵᠦ ᠬᠦᠴᠦᠨ ᠣᠯᠭᠣᠬᠤ ᠪᠡᠷ ᠤᠳᠤᠷᠢᠳᠤᠮᠵᠢ ᠪᠤᠯᠭᠠᠵᠤ᠂ ᠺᠢᠨᠤ᠋᠂ ᠡᠯᠪᠡᠭ ᠬᠤᠷᠢᠶᠠᠯᠲᠠ᠂ ᠪᠣᠳᠠᠰ ᠤ᠋ᠨ ᠪᠤᠰᠤ ᠰᠣᠶᠣᠯ ᠤ᠋ᠨ ᠥᠪ ᠵᠡᠷᠭᠡ ᠤᠯᠠᠨ ᠡᠰᠢᠲᠦ ᠡᠯᠧᠮᠧᠨ᠋ᠲ ᠢ᠋ ᠠᠭᠤᠰᠤᠯᠴᠠᠭᠤᠯᠤᠨ᠂ ᠬᠠᠮ ᠵᠠᠭᠤᠴᠢᠯᠠᠭᠤᠷ ᠲᠤ᠌ ᠲᠦᠰᠢᠭᠯᠡᠨ ᠱᠠᠲᠤ ᠬᠤᠪᠢᠶᠠᠨ ᠤᠬᠠᠭᠤᠯᠤᠨ ᠮᠡᠳᠡᠭᠡᠯᠡᠵᠦ᠂ ᠥᠪᠥᠷ ᠮᠣᠩᠭᠣᠯ ᠤ᠋ᠨ ᠠᠯᠳᠠᠨ ᠨᠠᠮᠤᠷ ᠤ᠋ᠨ ᠡᠯᠪᠡᠭ ᠬᠤᠷᠢᠶᠠᠯᠲᠠ ᠵᠢᠨ ᠪᠠᠢᠳᠠᠯ ᠪᠣᠯᠣᠨ ᠭᠦᠨ ᠵᠤᠵᠠᠭᠠᠨ ᠰᠣᠶᠣᠯ ᠢᠷᠭᠡᠨᠰᠢᠯ ᠤ᠋ᠨ ᠠᠭᠤᠯᠬᠤᠨ ᠢ᠋ ᠪᠦᠬᠦ ᠲᠠᠯ᠎ᠠ ᠪᠠᠷ ᠳᠡᠯᠭᠡᠨ ᠦᠵᠡᠭᠦᠯᠦᠨ᠂ ᠨᠠᠮᠤᠷ ᠤ᠋ᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠠᠮᠢᠵᠢᠷᠠᠯ ᠤ᠋ᠨ ᠬᠦᠴᠦᠨ ᠢ᠋ ᠦᠷᠭᠦᠯᠵᠢᠯᠡᠨ ᠬᠥᠭᠵᠢᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面