2026-09-28 09:14:11
— ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ᠎ᠦᠨ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ᠎ᠨᠢ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳ᠋ᠡᠬᠢ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ ᠳ᠋ᠤ ᠠᠩᠬᠠᠷᠤᠯ᠎ᠢᠶᠠᠨ ᠲᠥᠪᠯᠡᠷᠡᠭᠦᠯᠪᠡ
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠰᠣᠶᠣᠯ ᠪᠠ ᠵᠢᠭᠤᠯᠴᠢᠯᠠᠯ᠎ᠤᠨ ᠬᠥᠭᠵᠢᠯᠲᠡ᠎ᠶᠢᠨ ᠦᠷ᠎ᠡ ᠪᠦᠲᠦᠮᠵᠢ ᠦᠨᠡᠨ ᠬᠦ᠌ ᠮᠡᠳᠡᠷᠡᠭᠳᠡᠪᠡ᠃ 2025 ᠣᠨ᠎ᠤ ᠡᠴᠤᠰ ᠪᠣᠯᠲᠠᠯ᠎ᠠ᠂ ᠪᠥᠬᠥ᠌ ᠤᠯᠤᠰ᠎ᠲᠤ᠌ ᠨᠡᠶ᠋ᠢᠲᠡ 3253 ᠣᠯᠠᠨ ᠨᠡᠶ᠋ᠢᠲᠡ᠎ᠶᠢᠨ ᠨᠣᠮ᠎ᠤᠨ ᠰᠠᠩ᠎ᠲᠠᠶ ᠪᠣᠯᠵᠣ᠂ 7188 ᠮᠦᠽᠧᠶ ᠳᠠᠩᠰᠠᠯᠠᠭᠤᠯᠵᠤ᠂ 4.4 ᠲᠦᠮᠡ ᠰᠢᠬᠠᠮ ᠣᠯᠠᠨ ᠲᠦᠮᠡᠨᠴᠢ ᠰᠣᠶᠣᠯ᠎ᠤᠨ ᠪᠠᠶ᠋ᠢᠭᠤᠯᠤᠮᠵᠢ᠎ᠲᠠᠶ ᠪᠣᠯᠵᠠᠶ᠃ 2025 ᠣᠨ᠎ᠳᠤ᠂ ᠪᠥᠬᠥ᠌ ᠤᠯᠤᠰ᠎ᠤᠨ ᠰᠣᠶᠣᠯ᠎ᠤᠨ ᠠᠵᠤ ᠦᠢᠯᠡᠰ 20.8 ᠲᠦᠮᠡᠨ ᠳ᠋ᠦᠩᠰᠢᠭᠤᠷ ᠲᠥᠭᠥᠷᠢᠭ᠎ᠦᠨ ᠡᠵᠡᠩᠨᠡᠯᠲᠡ᠎ᠶᠢᠨ ᠣᠷᠣᠯᠭ᠎ᠠ᠎ᠶᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠵᠢᠯ ᠳᠤᠮᠳᠠᠴᠢ᠎ᠪᠠᠷ 8.4% ᠪᠠᠷ ᠨᠡᠮᠡᠭᠳᠡᠪᠡ; 2025 ᠣᠨ᠎ᠳᠤ ᠤᠯᠤᠰ᠎ᠤᠨ ᠳᠣᠲᠣᠭᠠᠳᠤ᠎ᠶᠢᠨ ᠵᠢᠭᠤᠯᠴᠢᠯᠠᠭᠴᠢ 65.2 ᠳ᠋ᠦᠩᠰᠢᠭᠤᠷ ᠬᠥᠮᠦᠨ ᠤᠳᠠᠭ᠎ᠠ᠎ᠳᠤ ᠬᠦᠷᠴᠦ᠍᠂ ᠶᠡᠷᠦᠩᠬᠡᠶ ᠵᠠᠷᠤᠯᠭ᠎ᠠ᠎ᠨᠢ 6.3 ᠲᠦᠮᠡᠨ ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠴᠥᠮ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ᠃
ᠲᠥᠷᠥ᠎ᠶᠢᠨ ᠶᠠᠪᠤᠳᠠᠯ᠎ᠤᠨ ᠬᠣᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠬᠡᠷ᠎ᠦᠨ 24 ᠤ᠋ ᠡᠳᠦᠷ ᠬᠤᠷᠠᠯᠳᠤᠭᠤᠯᠤᠭᠰᠠᠨ 《〈ᠠᠷᠪᠠᠨ ᠲᠠᠪᠤᠳᠤᠭᠠᠷ ᠲᠠᠪᠤᠨ ᠵᠢᠯ〉᠎ᠤᠨ ᠰᠠᠢᠨ ᠡᠬᠢᠯᠡᠯᠳᠡ ᠲᠤᠷᠪᠢᠯᠢᠭ ᠠᠯᠬᠤᠭ᠎ᠠ》 ᠰᠢᠷᠢᠰ ᠭᠤᠤᠯ ᠰᠡᠳᠦᠪᠲᠦ᠍ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠳᠡᠭᠡᠷ᠎ᠡ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠤᠯᠪᠤᠬᠳᠠᠯ ᠪᠥᠬᠥᠶ ᠬᠠᠷᠢᠭᠤᠴᠠᠯᠭᠠᠲᠠᠨ ᠨᠢᠭᠡ ᠪᠦᠯᠦᠭ ᠪᠤᠳᠠᠳᠠᠢ ᠲᠣᠭ᠎ᠠ ᠪᠠᠷᠢᠮᠲᠠ ᠪᠠ ᠣᠯᠠᠨ ᠲᠠᠯ᠎ᠠ᠎ᠶᠢᠨ ᠭᠤᠤᠯᠳᠠᠯᠭ᠎ᠠ᠎ᠲᠠᠶ ᠪᠠᠶ᠋ᠢᠷᠢᠯᠠᠭᠤᠯᠤᠯᠲᠠ᠎ᠪᠠᠷ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠰᠣᠶᠣᠯ ᠪᠠ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ ᠵᠠᠮ᠎ᠤᠨ ᠵᠢᠷᠤᠭ᠎ᠢ ᠵᠢᠷᠤᠭᠯᠠᠪᠠ᠃
ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠤᠨ ᠭᠤᠤᠯ ᠱᠤᠭᠤᠮ᠎ᠢ ᠳᠣᠪᠣᠶ᠋ᠢᠯᠭᠠᠨ᠎ᠠ
ᠣᠢᠷ᠎ᠠ᠎ᠳᠤ ᠰᠣᠶᠣᠯ ᠪᠠ ᠵᠢᠭᠤᠯᠴᠢᠯᠠᠯ᠎ᠤᠨ ᠶᠠᠮᠤᠨ 《ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ〈ᠠᠷᠪᠠᠨ ᠲᠠᠪᠤᠳᠤᠭᠠᠷ ᠲᠠᠪᠤᠨ ᠵᠢᠯ〉ᠦ᠋ᠨ ᠲᠥᠯᠦᠪᠵᠢᠭᠦᠯᠭᠡ》᠂ 《ᠵᠢᠭᠤᠯᠴᠢᠯᠠᠯ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ 〈ᠠᠷᠪᠠᠨ ᠲᠠᠪᠤᠳᠤᠭᠠᠷ ᠲᠠᠪᠤᠨ ᠵᠢᠯ〉 ᠦ᠋ᠨ ᠲᠥᠯᠦᠪᠵᠢᠭᠦᠯᠭᠡ》 ᠵᠢᠴᠢ ᠤᠷᠠᠯᠢᠭ᠋᠎ᠤᠨ ᠬᠥᠭᠵᠢᠯᠲᠡ᠂ ᠣᠯᠠᠨ ᠨᠡᠶ᠋ᠢᠲᠡ᠎ᠶᠢᠨ ᠰᠣᠶᠣᠯ᠎ᠤᠨ ᠦᠢᠯᠡᠴᠢᠯᠡᠭᠡᠨ᠎ᠦ ᠰᠢᠰᠲᠧᠮ᠎ᠦᠨ ᠪᠠᠢᠭᠤᠯᠤᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠮᠠᠭᠠᠯᠠᠯᠲᠠ ᠤᠯᠠᠮᠵᠢᠯᠠᠯ᠂ ᠰᠣᠶᠣᠯ᠎ᠤᠨ ᠠᠵᠤ ᠦᠢᠯᠡᠰ᠎ᠦᠨ ᠬᠥᠭᠵᠢᠯᠲᠡ ᠵᠡᠷᠭᠡ ᠲᠤᠰᠬᠠᠢ ᠲᠥᠯᠦᠪᠵᠢᠭᠦᠯᠭᠡ᠎ᠶᠢ ᠵᠣᠬᠢᠶᠠᠨ ᠪᠠᠢᠭᠤᠯᠵᠤ ᠨᠠᠢᠷᠠᠭᠤᠯᠤᠨ ᠵᠣᠬᠢᠶᠠᠪᠠ᠃
ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠳᠡᠳ᠋ ᠰᠠᠢᠳ ᠸᠠᠩ ᠵᠢᠶᠠᠨ ᠬᠤᠸᠠ᠄ 《〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳᠤ᠂ ᠪᠢᠳᠡ ᠡᠳᠡᠭᠡᠷ ᠲᠥᠯᠦᠪᠵᠢᠭᠦᠯᠭᠡ᠎ᠶᠢ ᠵᠣᠬᠢᠶᠠᠨ ᠪᠠᠢᠭᠤᠯᠵᠤ ᠬᠡᠷᠡᠭᠵᠢᠭᠦᠯᠬᠦ ᠠᠵᠢᠯ᠎ᠢ ᠰᠠᠢᠲᠤᠷ ᠠᠳᠬᠤᠵᠤ᠂ ᠰᠣᠶᠣᠯ ᠵᠢᠭᠤᠯᠴᠢᠯᠠᠯ᠎ᠤᠨ ᠦᠢᠯᠡᠰ᠎ᠦᠨ ᠭᠦᠨᠵᠡᠭᠡᠢ ᠠᠭᠤᠰᠤᠯᠴᠠᠯ᠎ᠢ ᠠᠬᠢᠭᠤᠯᠬᠤ᠎ᠪᠠᠷ ᠭᠣᠣᠯ ᠰᠢᠵᠢᠮ ᠪᠣᠯᠭᠠᠵᠤ᠂ ᠰᠣᠶᠣᠯ᠎ᠤᠨ ᠦᠢᠯᠡᠰ᠂ ᠰᠣᠶᠣᠯ᠎ᠤᠨ ᠠᠵᠤ ᠦᠢᠯᠡᠰ ᠪᠠ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ》 ᠭᠡᠪᠡ᠃
ᠰᠣᠶᠣᠯ᠎ᠢᠶᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ᠎ᠢᠶᠠᠷ ᠰᠣᠶᠣᠯ᠎ᠢ ᠲᠤᠪᠤᠢ᠍ᠢᠯᠭᠠᠬᠤ᠎ᠶᠢ ᠭᠦᠨᠵᠡᠭᠡᠢᠷᠡᠭᠦᠯᠵᠦ᠂ ᠰᠣᠶᠣᠯ ᠪᠠ ᠵᠢᠭᠤᠯᠴᠢᠯᠠᠯ᠎ᠢ ᠨᠡᠩ ᠥᠷᠭᠡᠨ ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠳᠡᠭᠡᠷ᠎ᠡ ᠠᠭᠤᠰᠤᠯᠴᠠᠭᠤᠯᠤᠨ ᠬᠥᠭᠵᠢᠭᠦᠯᠬᠦ᠎ᠶᠢ ᠠᠬᠢᠭᠤᠯᠤᠨ᠎ᠠ᠃ ᠸᠠᠩ ᠵᠢᠶᠠᠨ ᠬᠤᠸᠠ᠄ 《ᠪᠢᠳᠡ ᠨᠠᠩ ᠣᠯᠠᠨ ᠴᠢᠨᠠᠷ ᠰᠠᠢᠲᠠᠢ ᠡᠯᠪᠡᠭ ᠪᠠᠶᠠᠯᠢᠭ᠋ ᠦᠢᠯᠡᠳᠬᠦᠨ᠂ ᠨᠠᠩ ᠨᠢᠮᠪᠠᠢ ᠳᠣᠲᠣᠨᠣ᠌ ᠦᠢᠯᠡᠴᠢᠯᠡᠭᠡ ᠬᠠᠩᠭᠠᠬᠤ᠎ᠪᠠᠷ ᠴᠢᠷᠮᠠᠢᠵᠤ᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶᠢ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠨ᠎ᠡ᠃ ᠲᠣᠭᠠᠴᠢᠯᠠᠯᠲᠠ ᠪᠠ ᠤᠶᠤᠨᠴᠢᠯᠠᠯᠲᠠ ᠪᠡᠷ ᠬᠦᠴᠦᠨ ᠤᠯᠭᠤᠬᠤ᠂ ᠮᠡᠳᠡᠭᠡ ᠵᠠᠩᠭᠢᠵᠢᠯᠲᠠ᠎ᠶᠢᠨ ᠬᠡᠯᠪᠡᠷᠢ᠎ᠶᠢ ᠬᠤᠪᠢᠷᠠᠭᠤᠯᠬᠤ᠎ᠶᠢ ᠲᠦᠷᠭᠡᠳᠬᠡᠵᠦ᠂ ᠰᠣᠶᠣᠯ᠎ᠤᠨ ᠡᠭᠦᠳᠦᠨ ᠪᠦᠲᠦᠭᠡᠯᠲᠡ᠂ ᠤᠯᠠᠮᠵᠢᠯᠠᠬᠤ ᠠᠷᠭ᠎ᠠ ᠮᠠᠶᠢᠭ᠋᠎ᠢ ᠠᠬᠢᠭᠤᠯᠵᠤ᠂ ᠪᠠᠰᠠ ᠵᠢᠭᠤᠯᠴᠢᠯᠠᠯ᠎ᠤᠨ ᠬᠡᠷᠡᠭᠯᠡᠭᠡ᠂ ᠪᠡᠶᠡᠴᠢᠯᠡᠨ ᠣᠢᠯᠠᠭᠠᠬᠤ ᠠᠷᠭ᠎ᠠ ᠮᠠᠶᠢᠭ᠋᠎ᠤᠨ ᠭᠦᠨᠵᠡᠭᠡᠢ ᠬᠤᠪᠢᠰᠤᠯᠲᠠ᠎ᠶᠢ ᠠᠬᠢᠭᠤᠯᠵᠤ᠂ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠷᠠᠭᠤᠯᠤᠨ᠎ᠠ᠃ ᠰᠣᠶᠣᠯ ᠪᠠ ᠵᠢᠭᠤᠯᠴᠢᠯᠠᠯ ᠬᠢᠭᠡᠳ ᠡᠯ᠎ᠡ ᠠᠵᠢᠯ ᠲᠥᠷᠥᠯ ᠡᠯ᠎ᠡ ᠬᠦᠷᠢᠶ᠎ᠡ ᠶ᠋ᠢᠨ ᠠᠭᠤᠰᠤᠯᠴᠠᠨ ᠤᠷᠤᠭᠰᠢᠯᠠᠬᠤ ᠵᠢ ᠠᠬᠢᠭᠤᠯᠵᠤ᠂ ᠬᠦᠴᠦᠨ ᠣᠯᠭᠣᠬᠤ ᠦᠢᠯᠡᠳᠦᠯ᠎ᠢ ᠪᠠᠳᠠᠷᠠᠭᠤᠯᠤᠨ᠎ᠠ》 ᠭᠡᠪᠡ᠃
ᠰᠢᠯᠢᠳᠡᠭ ᠰᠣᠶᠣᠯ᠎ᠤᠨ ᠦᠢᠯᠡᠳᠬᠦᠨ᠎ᠤ ᠬᠠᠩᠭᠠᠯᠭ᠎ᠠ᠎ᠶᠢ ᠪᠠᠶᠠᠯᠢᠭᠵᠢᠭᠤᠯᠤᠨ᠎ᠠ
ᠰᠠᠢᠨ ᠤᠷᠠᠯᠢᠭ᠋᠎ᠤᠨ ᠪᠦᠲᠦᠭᠡᠯ ᠨᠢ ᠰᠢᠭᠤᠳ ᠬᠥᠮᠤᠰ᠎ᠤᠨ ᠰᠡᠳᠬᠢᠯ᠎ᠳᠦ ᠬᠦᠷᠴᠦ᠂ ᠥᠭᠡᠳᠡᠯᠡᠨ ᠳᠠᠪᠰᠢᠬᠤ ᠬᠦᠴᠦᠨ ᠴᠢᠳᠠᠯ ᠣᠯᠭᠣᠳᠠᠭ᠃ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠎ᠦᠨ ᠡᠷᠬᠢᠯᠡᠭᠴᠢ ᠴᠧᠨ ᠪᠢᠨ ᠪᠢᠨ᠄ 《〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠬᠤᠭᠤᠴᠠᠭᠠᠨ᠎ᠳᠤ᠂ ᠪᠢᠳᠡ ᠴᠠᠭ ᠦᠶ᠎ᠡ᠎ᠶᠢᠨ ᠠᠯᠬᠤᠭ᠎ᠠ ᠵᠢ ᠠᠯᠳᠠᠯ ᠦᠭᠡᠢ ᠳᠠᠭᠠᠨ᠂ ᠤᠯᠠᠨ ᠲᠦᠮᠡᠨ᠎ᠦ ᠬᠡᠷᠡᠭᠴᠡᠭᠡ᠎ᠶᠢ ᠡᠵᠡᠮᠳᠡᠵᠦ᠂ ᠨᠡᠩ ᠤᠯᠠᠨ ᠨᠡᠩ ᠰᠠᠢᠨ ᠤᠷᠠᠯᠢᠭ᠋᠎ᠤᠨ ᠪᠦᠲᠦᠭᠡᠯ᠎ᠢ ᠵᠣᠬᠢᠶᠠᠨ ᠪᠦᠲᠦᠭᠡᠬᠦ᠎ᠶᠢ ᠴᠢᠷᠮᠠᠢᠨ ᠬᠥᠲᠥᠯᠥᠨ ᠵᠢᠯᠣᠭᠣᠳᠤᠨ᠎ᠠ》 ᠭᠡᠪᠡ᠃
ᠡᠨᠡ ᠵᠢᠯ᠎ᠡᠴᠡ ᠡᠬᠢᠯᠡᠨ ᠰᠢ ᠵᠦᠴᠦᠭᠡ᠎ᠶᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢᠨ ᠲᠥᠯᠥᠪᠯᠡᠭᠡ᠎ᠶᠢ ᠨᠠᠢᠳᠠᠪᠤᠷᠢᠵᠢᠭᠤᠯᠵᠤ᠂ 《ᠵᠦᠴᠦᠭᠡ᠎ᠶᠢᠨ ᠳᠡᠪᠲᠡᠷ᠎ᠢ ᠤᠷᠢᠳ ᠵᠢᠡᠷ ᠪᠤᠳᠤᠯᠬᠢᠯᠠᠬᠤ》 ᠶ᠋ᠢ ᠲᠣᠪᠤᠢᠯᠭᠠᠵᠤ᠂ ᠤᠤᠭᠠᠯ ᠡᠭᠦᠳᠦᠯᠳᠡ ᠵᠢᠨ ᠰᠣᠳᠣᠨ ᠪᠦᠲᠦᠭᠡᠯ᠎ᠢ ᠨᠡᠪᠴᠢᠭᠦᠯᠬᠦ ᠪᠠ ᠤᠯᠠᠮᠵᠢᠯᠠᠯᠲᠤ ᠰᠣᠩᠭᠣᠳᠠᠭ ᠪᠦᠲᠦᠭᠡᠯ᠎ᠢ ᠠᠮᠢᠯᠠᠭᠤᠯᠤᠨ ᠬᠠᠷᠠᠭᠤᠯᠬᠤ᠎ᠶᠢ ᠬᠠᠮᠲᠤ ᠳ᠋ᠤᠨᠢ ᠬᠠᠷᠠᠭᠠᠯᠵᠠᠵᠤ᠂ ᠬᠣᠪᠣᠷ ᠴᠤᠬᠠᠭ ᠵᠦᠴᠦᠭᠡ᠎ᠶᠢᠨ ᠲᠥᠷᠥᠯ ᠵᠡᠷᠭᠡ᠎ᠶᠢᠨ ᠵᠣᠬᠢᠶᠠᠨ ᠪᠦᠲᠦᠭᠡᠵᠦ ᠲᠣᠭᠯᠠᠬᠤ᠎ᠶᠢ ᠳᠡᠮᠵᠢᠵᠦ᠂ ᠳᠤᠮᠳᠠ ᠵᠢᠵᠢᠭ ᠬᠡᠯᠪᠡᠷᠢ᠎ᠶᠢᠨ ᠵᠦᠴᠦᠭᠡ᠎ᠶᠢᠨ ᠪᠦᠲᠦᠭᠡᠯ᠎ᠦᠨ ᠲᠤᠰᠬᠠᠢ ᠵᠦᠢᠯ᠎ᠦᠨ ᠲᠡᠳᠬᠦᠨ ᠳᠡᠮᠵᠢᠬᠦ ᠲᠣᠭᠲᠡᠴᠡ᠎ᠶᠢ ᠪᠠᠢᠭᠤᠯᠤᠨ᠎ᠠ᠃ ᠤᠷᠠᠯᠢᠭ᠋᠎ᠤᠨ ᠤᠯᠠᠮᠵᠢᠯᠠᠨ ᠳᠡᠯᠭᠡᠷᠡᠭᠦᠯᠬᠦ ᠠᠷᠭ᠎ᠠ ᠵᠠᠮ᠎ᠢ ᠦᠷᠭᠦᠯᠵᠢᠯᠡᠨ ᠥᠷᠭᠡᠳᠬᠡᠵᠦ᠂ ᠨᠡᠩ ᠤᠯᠠᠨ ᠰᠢᠯᠢᠳᠡᠭ ᠤᠷᠠᠯᠢᠭ᠋᠎ᠤᠨ ᠪᠦᠲᠦᠭᠡᠯ᠎ᠢ ᠦᠨᠳᠦᠰᠦᠨ ᠱᠠᠲᠤᠨ᠎ᠳᠤ ᠭᠦᠨᠵᠡᠭᠡᠢᠷᠡᠭᠦᠯᠬᠦ᠂ ᠤᠯᠠᠨ ᠲᠦᠮᠡᠨ᠎ᠦ ᠳᠡᠷᠭᠡᠳᠡ ᠬᠦᠷᠭᠡᠬᠦ᠎ᠶᠢ ᠠᠬᠢᠭᠤᠯᠵᠤ᠂ ᠪᠦᠬᠦ ᠠᠷᠠᠳ᠎ᠤᠨ ᠭᠤᠸ᠎ᠠ ᠰᠠᠢᠬᠠᠨ᠎ᠤ ᠬᠥᠮᠦᠵᠢᠯ᠎ᠢ ᠠᠬᠢᠭᠤᠯᠬᠤ ᠪᠤᠯᠤᠨ᠎ᠠ᠃
ᠪᠦᠷᠢᠳᠬᠡᠯ᠎ᠢ ᠦᠨᠳᠦᠰᠦᠯᠡᠪᠡᠯ᠂ 2025 ᠣᠨ᠎ᠳᠤ ᠪᠦᠬᠦ ᠤᠯᠤᠰ᠎ᠤᠨ ᠮᠦᠽᠧᠢ᠎ᠶᠢᠨ ᠬᠢᠨ 15.6 ᠳ᠋ᠦᠩᠰᠢᠭᠤᠷ ᠬᠥᠮᠥᠨ ᠤᠳᠠᠭ᠎ᠠ ᠵᠢᠨ ᠰᠤᠨᠢᠷᠬᠠᠭᠴᠢ᠎ᠶᠢ ᠬᠦᠯᠢᠶᠡᠨ ᠠᠪᠴᠤ᠂ ᠪᠦᠬᠦ ᠵᠢᠯ ᠳ᠋ᠦ 14.7 ᠳ᠋ᠦᠩᠰᠢᠭᠤᠷ ᠬᠥᠮᠥᠨ ᠤᠳᠠᠭ᠎ᠠ ᠤᠯᠠᠨ ᠨᠡᠶ᠋ᠢᠲᠡ᠎ᠶᠢᠨ ᠨᠣᠮ᠎ᠤᠨ ᠰᠠᠩᠳ᠋ᠦ ᠬᠦᠷᠴᠡᠢ᠃
《ᠡᠯ᠎ᠡ ᠲᠥᠷᠥᠯ᠎ᠦᠨ ᠰᠣᠶᠣᠯ᠎ᠤᠨ ᠲᠥᠬᠦᠭᠡᠷᠦᠮᠵᠢ ᠨᠢᠭᠡᠨᠲᠡ ᠴᠥᠭᠡᠨ ᠪᠤᠰᠤ ᠪᠣᠯᠵᠠᠢ᠂ ᠳᠠᠷᠠᠭᠠᠴᠢ ᠶ᠋ᠢᠨ ᠠᠯᠬᠤᠮ᠎ᠳᠤ ᠪᠠᠢᠷᠢᠰᠢᠯ ᠢ᠋ ᠰᠢᠯᠢᠳᠡᠭᠵᠢᠭᠦᠯᠬᠦ ᠪᠠ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠭᠦ ᠪᠣᠯ ᠭᠣᠣᠯᠳᠠᠯᠭ᠎ᠠ ᠪᠣᠯᠣᠨ᠎ᠠ》᠃ ᠦᠷᠭᠦᠯᠵᠢᠯᠡᠨ ᠦᠨᠳᠦᠰᠦᠨ ᠱᠠᠲᠤᠨ᠎ᠤ ᠰᠣᠶᠣᠯ᠎ᠤᠨ ᠦᠢᠯᠡᠴᠢᠯᠡᠭᠡᠨ᠎ᠦ ᠲᠣᠣᠷ᠎ᠲᠤ ᠲᠦᠰᠢᠭᠯᠡᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠨᠢᠭᠡ ᠪᠦᠯᠦᠭ ᠪᠠᠭ᠎ᠠ ᠮᠥᠷᠲᠡᠭᠡᠨ ᠭᠤᠶᠤ ᠰᠢᠨ᠎ᠡ ᠮᠠᠶᠢᠭ᠋᠎ᠤᠨ ᠤᠯᠠᠨ ᠨᠡᠶ᠋ᠢᠲᠡ᠎ᠶᠢᠨ ᠰᠣᠶᠣᠯ᠎ᠤᠨ ᠣᠷᠣᠨ ᠵᠠᠢ᠎ᠶᠢ ᠪᠤᠢ ᠪᠤᠯᠭᠠᠨ ᠬᠦᠭᠵᠢᠭᠦᠯᠵᠦ᠂ ᠤᠯᠠᠨ ᠲᠦᠮᠡᠨ᠎ᠦ ᠳᠡᠷᠭᠡᠳᠡᠬᠢ ᠴᠢᠨᠠᠷ ᠴᠢᠨᠰᠠᠭ᠎ᠠ᠎ᠲᠠᠢ ᠰᠣᠶᠣᠯ᠎ᠤᠨ ᠠᠮᠢᠳᠤᠷᠠᠯ᠎ᠤᠨ ᠲᠤᠭᠤᠷᠢᠭ᠎ᠢ ᠪᠦᠷᠢᠯᠳᠦᠭᠦᠯᠦᠨ᠎ᠡ; ᠦᠵᠡᠭᠦᠯᠭᠡ ᠳᠡᠯᠭᠡᠨ ᠦᠵᠡᠭᠦᠯᠭᠡ᠎ᠶᠢᠨ ᠠᠵᠢᠯᠯᠠᠭ᠎ᠠ᠎ᠶᠢ ᠨᠡᠩ ᠪᠠᠶᠠᠯᠢᠭ᠍ᠵᠢᠭᠤᠯᠵᠤ᠂ ᠨᠡᠩ ᠤᠯᠠᠨ ᠰᠢᠨ᠎ᠡ ᠨᠣᠮ ᠰᠠᠢᠨ ᠨᠣᠮ᠎ᠢ ᠨᠣᠮ᠎ᠤᠨ ᠲᠠᠯᠪᠢᠭᠤᠷ᠎ᠲᠦ ᠲᠠᠯᠪᠢᠵᠤ᠂ 《ᠬᠤᠳᠠ᠎ᠶᠢᠨ ᠠᠷᠠᠳ᠎ᠤᠨ ᠤᠷᠠᠯᠢᠭ᠋᠎ᠤᠨ ᠰᠦᠨᠢ᠎ᠶᠢᠨ ᠰᠤᠷᠭᠠᠭᠤᠯᠢ》 ᠶ᠋ᠢ ᠨᠡᠩ ᠶᠡᠬᠡ ᠬᠡᠪᠴᠢᠶᠡᠨ᠎ᠳᠦ ᠥᠷᠨᠢᠭᠦᠯᠦᠨ᠎ᠠ; ᠢᠳᠡᠪᠬᠢᠲᠡᠢ᠎ᠪᠡᠷ ᠨᠥᠬᠥᠴᠡᠯ ᠪᠦᠷᠢᠯᠳᠦᠭᠦᠯᠦᠨ᠂ ᠲᠠᠪᠴᠠᠩ ᠪᠠᠢᠭᠤᠯᠵᠤ᠂ ᠢᠨᠲᠧᠷ ᠰᠦᠯᠵᠢᠶᠡᠨ᠎ᠦ ᠨᠥᠬᠥᠴᠡᠯ ᠳᠣᠣᠷᠠᠬᠢ ᠰᠢᠨ᠎ᠡ ᠣᠯᠠᠨ ᠲᠦᠮᠡᠨᠴᠢ ᠤᠳᠬ᠎ᠠ ᠤᠷᠠᠯᠢᠭ᠋᠎ᠢ ᠶᠡᠬᠡ ᠪᠡᠷ ᠴᠡᠴᠡᠭᠯᠡᠭᠦᠯᠦᠨ ᠬᠥᠭᠵᠢᠭᠦᠯᠵᠦ᠂ ᠣᠯᠠᠨ ᠲᠦᠮᠡᠨ᠎ᠦ ᠥᠪᠡᠷ᠎ᠢᠶᠡᠨ ᠨᠠᠢᠷᠠᠭᠤᠯᠵᠤ᠂ ᠥᠪᠡᠷ᠎ᠢᠶᠡᠨ ᠲᠣᠭᠯᠠᠭᠰᠠᠨ ᠨᠠᠩ ᠣᠯᠠᠨ ᠤᠳᠬ᠎ᠠ ᠤᠷᠠᠯᠢᠭ᠋᠎ᠤᠨ ᠪᠦᠲᠦᠭᠡᠯ᠎ᠢ ᠭᠠᠷᠭᠠᠨ᠎ᠠ ᠭᠡᠵᠦ ᠴᠧᠨ ᠪᠢᠨ ᠪᠢᠨ ᠬᠡᠯᠡᠪᠡ᠃
ᠰᠣᠶᠣᠯ ᠪᠠ ᠵᠢᠭᠤᠯᠴᠢᠯᠠᠯ᠎ᠤᠨ ᠠᠵᠤ ᠦᠢᠯᠡᠰ᠎ᠢ ᠪᠤᠵᠠᠭᠠᠢᠷᠠᠭᠤᠯᠤᠨ᠎ᠠ
ᠰᠣᠶᠣᠯ ᠵᠢᠭᠤᠯᠴᠢᠯᠠᠯ᠎ᠤᠨ ᠠᠭᠤᠰᠤᠯᠴᠠᠯ ᠨᠢ ᠲᠤᠰ ᠲᠤᠰ᠎ᠤᠨ᠎ᠢᠶᠠᠨ ᠠᠵᠤ ᠦᠢᠯᠡᠰ᠎ᠦᠨ ᠬᠡᠯᠬᠢᠶ᠎ᠡ ᠤᠷᠳᠤ᠂ ᠳᠠᠢᠴᠢᠯᠠᠬᠤ ᠴᠢᠨᠠᠷ᠎ᠢᠶᠠᠷ ᠴᠢᠩᠭ᠎ᠠ ᠪᠠᠢᠳᠠᠭ ᠣᠨᠴᠠᠯᠢᠭ᠋᠎ᠢ ᠥᠷᠭᠡᠳᠬᠡᠵᠦ᠂ 《ᠨᠢᠭᠡ ᠦᠢᠯᠡᠰ ᠮᠠᠨᠳᠤᠪᠠᠯ᠂ ᠠᠯᠢᠪᠠ ᠦᠢᠯᠡᠰ ᠬᠥᠭᠵᠢᠬᠦ》 ᠶᠡᠷᠦᠩᠬᠡᠢᠯᠡᠭᠰᠡᠨ ᠳᠠᠢᠴᠢᠯᠠᠬᠤ ᠦᠢᠯᠡᠳᠦᠯ᠎ᠢ ᠪᠠᠳᠠᠷᠠᠭᠤᠯᠪᠠ᠃ 《ᠣᠶᠤᠨᠴᠢᠯᠠᠭᠰᠠᠨ᠂ ᠪᠣᠬᠢᠷᠳᠤᠯ ᠦᠭᠡᠢ᠂ ᠠᠭᠤᠰᠤᠯᠴᠠᠬᠤ ᠶ᠋ᠢ ᠠᠬᠢᠭᠤᠯᠵᠤ᠂ ᠨᠡᠮᠡᠭᠳᠡᠯ᠎ᠦᠨ ᠬᠡᠮᠵᠢᠶ᠎ᠡ᠎ᠶᠢ ᠰᠢᠯᠢᠳᠡᠭᠵᠢᠭᠦᠯᠵᠦ᠂ ᠨᠦᠭᠡᠴᠡ᠎ᠶᠢ ᠠᠮᠢᠳᠤᠯᠢᠭ᠍ᠵᠢᠭᠤᠯᠵᠤ᠂ ᠡᠵᠡᠩᠨᠡᠯᠲᠡ᠎ᠶᠢᠨ ᠭᠡᠯᠪᠡᠷᠢ᠎ᠶᠢᠨ ᠰᠢᠨ᠎ᠡ᠎ᠶᠢ ᠡᠭᠦᠳᠴᠦ᠂ ᠬᠠᠩᠭᠠᠯᠭ᠎ᠠ᠎ᠶᠢ ᠪᠠᠶᠠᠯᠢᠭ᠍ᠵᠢᠭᠤᠯᠵᠤ᠂ ᠰᠣᠶᠣᠯ᠎ᠤᠨ ᠠᠵᠤ ᠦᠢᠯᠡᠰ᠂ ᠵᠢᠭᠤᠯᠴᠢᠯᠠᠯ᠎ᠤᠨ ᠦᠢᠯᠡᠰ᠎ᠢ ᠲᠤᠯᠭᠠᠭᠤᠷᠢ ᠠᠵᠤ ᠦᠢᠯᠡᠰ᠂ ᠠᠷᠠᠳ᠎ᠤᠨ ᠠᠮᠢᠳᠤᠷᠠᠯ᠎ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠪᠣᠢᠵᠢᠭᠤᠯᠬᠤ ᠬᠡᠷᠡᠭᠲᠡᠢ》 ᠭᠡᠵᠦ ᠸᠠᠩ ᠵᠢᠶᠠᠨ ᠬᠤᠸᠠ ᠬᠡᠯᠡᠪᠡ᠃
ᠣᠢᠷ᠎ᠠ᠎ᠶᠢᠨ ᠬᠡᠳᠦᠨ ᠵᠢᠯ᠎ᠳᠦ᠂ ᠤᠯᠤᠰ ᠠᠷᠠᠳ᠎ᠤᠨ ᠠᠵᠤ ᠠᠬᠤᠢ᠎ᠳᠤ ᠡᠵᠡᠯᠡᠬᠦ ᠰᠣᠶᠣᠯ᠎ᠤᠨ ᠠᠵᠤ ᠦᠢᠯᠡᠰ᠎ᠦᠨ ᠬᠤᠪᠢ᠎ᠶᠢᠨ ᠵᠢᠩ ᠲᠣᠭᠲᠠᠭᠤᠨ᠎ᠢᠶᠠᠷ ᠳᠡᠭᠡᠭᠰᠢᠯᠡᠵᠦ᠂ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠳᠤᠮᠳᠠᠬᠢ ᠦᠢᠯᠡᠳᠦᠯ ᠤᠯᠠᠮ᠎ᠠᠴᠠ ᠤᠯᠠᠮ ᠢᠯᠡᠷᠬᠡᠢ ᠪᠣᠯᠵᠤ ᠪᠠᠢᠨ᠎ᠠ᠃ ᠰᠣᠶᠣᠯ᠎ᠤᠨ ᠠᠵᠤ ᠦᠢᠯᠡᠰ᠎ᠦᠨ ᠦᠷᠭᠦᠯᠵᠢᠯᠡᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ᠎ᠳᠤ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠤᠯᠭᠠᠬᠤ᠎ᠶᠢ ᠴᠢᠩᠭᠠᠳᠬᠠᠵᠤ᠂ ᠬᠡᠷᠡᠭᠯᠡᠭᠡᠨ᠎ᠦ ᠳᠠᠯᠳᠠ ᠬᠦᠴᠦᠨ᠎ᠢ ᠪᠠᠳᠠᠷᠠᠭᠤᠯᠵᠤ᠂ ᠠᠭᠤᠰᠤᠯᠴᠠᠨ ᠬᠠᠮᠵᠢᠯᠴᠠᠬᠤ᠎ᠶᠢ ᠭᠦᠨᠵᠡᠭᠡᠢᠷᠡᠭᠦᠯᠵᠦ᠂ ᠰᠣᠶᠣᠯ᠎ᠤᠨ ᠭᠠᠳᠠᠬᠰᠢ ᠭᠠᠷᠬᠤ᠎ᠶᠢ ᠠᠬᠢᠭᠤᠯᠬᠤ ᠬᠡᠷᠡᠭᠲᠡᠢ᠃
《ᠠᠭᠤᠯᠭ᠎ᠠ᠎ᠶᠢᠨ ᠤᠤᠭᠠᠯ ᠡᠭᠦᠳᠦᠯᠲᠡ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠰᠢᠯᠢᠳᠡᠭ ᠤᠯᠠᠮᠵᠢᠯᠠᠯᠲᠤ ᠰᠣᠶᠣᠯ᠎ᠤᠨ ᠴᠠᠭ ᠦᠶ᠎ᠡ᠎ᠶᠢᠨ ᠦᠨ᠎ᠡ ᠥᠷᠲᠡᠭ᠎ᠢ ᠭᠦᠨ ᠠᠭᠤᠳᠠᠯᠤᠨ᠎ᠠ᠃ ᠣᠨᠴᠠᠯᠢᠭ᠍ᠲᠤ ᠲᠣᠬ᠍ᠯᠠᠯᠲᠠ᠎ᠶᠢᠨ ᠤᠷᠠᠯᠢᠭ᠋᠂ ᠤᠯᠤᠰ ᠤ᠋ᠨ ᠬᠡᠪ ᠨᠠᠮᠪᠠ ᠵᠢᠨ ᠴᠤᠬᠯᠠᠭ᠎ᠠ ᠮᠠᠢᠮᠠᠢ ᠵᠡᠷᠭᠡ ᠬᠡᠷᠡᠭᠯᠡᠭᠡᠨ᠎ᠦ ᠰᠢᠨ᠎ᠡ ᠪᠠᠢᠳᠠᠯ᠎ᠢ ᠰᠢᠨ᠎ᠡ᠎ᠪᠡᠷ ᠡᠭᠦᠳᠴᠦ᠂ ᠣᠯᠠᠨ ᠶᠠᠩᠵᠤ᠎ᠶᠢᠨ ᠰᠣᠶᠣᠯ᠎ᠤᠨ ᠬᠡᠷᠡᠭᠴᠡᠭᠡ᠎ᠶᠢ ᠬᠠᠩᠭᠠᠨ᠎ᠠ᠃ ᠰᠣᠶᠣᠯ᠎ᠢᠶᠠᠷ ᠬᠣᠲᠠ᠎ᠶᠢ ᠤᠮᠳᠠᠯᠠᠬᠤ᠂ ᠰᠣᠶᠣᠯ᠎ᠢᠶᠠᠷ ᠦᠢᠯᠡᠰ᠎ᠢ ᠬᠥᠭᠵᠢᠭᠦᠯᠬᠦ᠎ᠶᠢ ᠠᠬᠢᠭᠤᠯᠵᠤ᠂ ᠬᠣᠲᠠ᠎ᠶᠢᠨ ᠰᠢᠨᠡᠴᠢᠯᠡᠯᠲᠡ ᠪᠠ ᠠᠵᠤ ᠦᠢᠯᠡᠰ᠎ᠦᠨ ᠲᠠᠰ ᠳᠡᠪᠰᠢᠬᠦ᠎ᠳᠦ ᠬᠦᠴᠦᠨ ᠨᠡᠮᠡᠷᠢᠯᠡᠵᠦ᠂ ᠰᠣᠶᠣᠯ᠎ᠤᠨ ᠠᠵᠤ ᠦᠢᠯᠡᠰ᠎ᠢᠶᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠦ ᠬᠦᠴᠦᠨ ᠤᠯᠭᠤᠬᠤ᠎ᠶᠢ ᠲᠠᠰᠤᠷᠠᠯᠲᠠ ᠦᠭᠡᠢ ᠠᠬᠢᠭᠤᠯᠤᠨ᠎ᠠ》 ᠭᠡᠵᠦ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠵᠤ ᠦᠢᠯᠡᠰ᠎ᠦᠨ ᠬᠥᠭᠵᠢᠯᠲᠡ᠎ᠶᠢᠨ ᠵᠤᠷᠭᠠᠨ᠎ᠤ ᠳᠠᠷᠤᠭ᠎ᠠ ᠮᠢᠶᠣᠣ ᠮᠦ᠍ ᠶᠠᠩ ᠬᠡᠯᠡᠪᠡ᠃
ᠮᠠᠨ᠎ᠤ ᠤᠯᠤᠰ᠎ᠤᠨ ᠵᠢᠭᠤᠯᠴᠢᠯᠠᠯ᠎ᠤᠨ ᠦᠢᠯᠡᠰ ᠰᠠᠢᠨ ᠰᠠᠢᠬᠠᠨ ᠰᠠᠭᠤᠷᠢ ᠨᠥᠬᠥᠴᠡᠯ ᠪᠠ ᠲᠣᠪᠣᠢᠮ᠎ᠠ ᠬᠠᠷᠢᠴᠠᠭᠤᠯᠤᠭᠰᠠᠨ ᠳᠠᠪᠠᠭᠤᠯᠢᠭ᠋᠎ᠲᠠᠢ ᠪᠠᠢᠵᠤ᠂ ᠪᠠᠢᠭᠠᠯᠢ᠎ᠶᠢᠨ ᠠᠮᠢ ᠠᠬᠤᠢ ᠤᠯᠠᠨ ᠶᠠᠩᠵᠤ᠎ᠶᠢᠨ᠂ ᠲᠡᠦᠬᠡ ᠰᠣᠶᠣᠯ ᠭᠦᠨ ᠵᠤᠵᠠᠭᠠᠨ ᠪᠠᠢᠵᠤ᠂ ᠵᠢᠭᠤᠯᠴᠢᠯᠠᠯ᠎ᠤᠨ ᠰᠠᠭᠤᠷᠢ ᠲᠥᠬᠦᠭᠡᠷᠦᠮᠵᠢ ᠦᠷᠭᠦᠯᠵᠢᠯᠡᠨ ᠲᠡᠭᠦᠯᠳᠡᠷᠵᠢᠵᠦ ᠪᠠᠢᠨ᠎ᠠ᠃
《ᠳᠠᠷᠠᠭᠠᠴᠢ᠎ᠶᠢᠨ ᠠᠯᠬᠤᠮ᠎ᠳᠤ᠂ ᠡᠳᠡᠭᠡᠷ ᠬᠠᠷᠢᠴᠠᠭᠤᠯᠤᠭᠰᠠᠨ ᠳᠠᠪᠠᠭᠤᠯᠢᠭ᠋᠎ᠢ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠬᠤ᠂ ᠳᠤᠮᠳᠠᠳᠤ ᠭᠠᠳᠠᠭᠠᠳᠤ᠎ᠶᠢᠨ ᠵᠢᠭᠤᠯᠴᠢᠯᠠᠬᠰᠠᠳ᠎ᠤᠨ ᠰᠠᠢᠨ ᠰᠠᠢᠬᠠᠨ ᠵᠢᠭᠤᠯᠴᠢᠯᠠᠯ᠎ᠤᠨ ᠥᠩᠭᠡᠷᠡᠯᠲᠡ ᠪᠣᠯᠭᠠᠨ ᠬᠤᠪᠢᠷᠠᠭᠤᠯᠬᠤ᠎ᠶᠢ ᠦᠷᠭᠦᠯᠵᠢᠯᠡᠨ ᠠᠬᠢᠭᠤᠯᠤᠨ᠎ᠠ》᠃
ᠳᠤᠮᠳᠠᠳᠤ᠎ᠶᠢᠨ ᠰᠣᠶᠣᠯ᠎ᠢ ᠨᠡᠩ ᠨᠢᠳᠦᠨ ᠳ᠋ᠦ ᠦᠵᠡᠭᠳᠡᠮ᠎ᠠ ᠭᠠᠷ ᠲᠤ᠌ ᠪᠠᠷᠢᠭᠳᠠᠮ᠎ᠠ ᠪᠤᠯᠭᠠᠨ᠎ᠠ
ᠣᠢᠷ᠎ᠠ᠎ᠶᠢᠨ ᠵᠢᠯ᠎ᠡᠴᠡ 《ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠯᠠᠮᠰᠢᠯ》 ᠦᠷᠭᠦᠯᠵᠢᠯᠡᠨ ᠴᠢᠩᠭᠠᠷᠠᠵᠤ᠂ ᠴᠢᠨ ᠬᠤᠸᠠᠢ᠎ᠶᠢᠨ ᠳ᠋ᠧᠩᠯᠤ ᠵᠢᠨ ᠪᠠᠶᠠᠷ᠂ ᠳ᠋ᠦᠩ ᠦᠨᠳᠦᠰᠦᠲᠡᠨ᠎ᠦ ᠳᠠᠭᠤᠤ᠂ ᠶᠢᠩᠭᠸ ᠪᠥᠵᠢᠭ ᠵᠡᠷᠭᠡ ᠨᠢ ᠬᠥᠮᠥᠰ᠎ᠦᠨ ᠰᠡᠳᠬᠢᠯ᠎ᠳᠦ ᠬᠠᠳᠠᠩᠰᠢᠵᠤ᠂ ᠪᠣᠳᠠᠰ᠎ᠤᠨ ᠪᠤᠰᠤ ᠰᠣᠶᠣᠯ᠎ᠤᠨ ᠥᠪ ᠨᠢ ᠬᠥᠮᠥᠰ᠎ᠦᠨ ᠠᠮᠢᠳᠤᠷᠠᠯ᠎ᠳᠤ ᠠᠭᠤᠰᠤᠨ ᠰᠢᠨᠭᠭᠡᠵᠦ᠂ ᠨᠢᠳᠦᠨᠳ᠋ᠦ ᠦᠵᠡᠭᠳᠡᠮ᠎ᠠ ᠭᠠᠷ ᠲᠤ᠌ ᠪᠠᠷᠢᠭᠳᠠᠮ᠎ᠠ ᠪᠡᠶᠡᠴᠢᠯᠡᠨ ᠤᠢᠯᠠᠭᠠᠵᠦ ᠳᠡᠢᠯᠬᠦ ᠪᠤᠯᠵᠠᠢ᠃
ᠸᠠᠩ ᠵᠢᠶᠠᠨ ᠬᠤᠸᠠ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠬᠤᠭᠤᠴᠠᠭᠠᠨ᠎ᠳᠤ᠂ ᠬᠣᠶᠠᠳᠤᠭᠠᠷ ᠤᠳᠠᠭ᠎ᠠ᠎ᠶᠢᠨ ᠪᠦᠬᠦ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠨᠡᠢᠳᠡᠮ ᠪᠠᠢᠴᠠᠭᠠᠯᠲᠠ᠎ᠶᠢ ᠥᠷᠨᠢᠭᠦᠯᠵᠦ᠂ ᠪᠠᠢᠳᠠᠯ᠎ᠢ ᠣᠢᠯᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠶᠡᠷᠦᠩᠬᠡᠢ ᠭᠠᠷᠴᠠᠭ᠎ᠢ ᠪᠠᠢᠭᠤᠯᠤᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠤᠯᠠᠮᠵᠢᠯᠠᠭ᠍ᠴᠢ᠎ᠶᠢ ᠬᠢᠨᠠᠨ ᠲᠣᠭᠲᠠᠭᠠᠬᠤ ᠪᠠ ᠬᠠᠮᠢᠶᠠᠷᠬᠤ ᠠᠵᠢᠯ᠎ᠢ ᠦᠷᠭᠦᠯᠵᠢᠯᠡᠨ ᠴᠢᠩᠭᠠᠳᠬᠠᠵᠤ᠂ ᠤᠯᠠᠮᠵᠢᠯᠠᠭᠴᠢ᠎ᠶᠢᠨ ᠮᠡᠷᠭᠡᠵᠢᠯ᠎ᠢᠶᠡᠨ ᠤᠯᠠᠮᠵᠢᠯᠠᠬᠤ᠎ᠶᠢ ᠲᠡᠮᠵᠢᠨ᠎ᠠ᠃ ᠠᠮᠢᠳᠤᠷᠠᠯ ᠲᠠᠢ ᠤᠢᠷᠠᠳᠤᠭᠤᠯᠤᠨ ᠬᠠᠮᠠᠭᠠᠯᠠᠯᠳᠠ᠎ᠶᠢ ᠴᠢᠩᠭᠠᠳᠬᠠᠵᠤ᠂ ᠡᠯ᠎ᠡ ᠭᠠᠵᠠᠷ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠥᠷᠲᠡᠭᠡ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠠᠮᠢᠳᠤᠷᠠᠯ᠎ᠤᠨ ᠭᠤᠸ᠎ᠠ ᠰᠠᠢᠬᠠᠨ᠎ᠤ ᠣᠷᠳᠣᠨ ᠵᠡᠷᠭᠡ᠎ᠶᠢ ᠪᠠᠶ᠋ᠢᠭᠤᠯᠬᠤ᠎ᠶᠢ ᠳᠡᠮᠵᠢᠵᠦ᠂ ᠨᠢᠭᠡ ᠪᠦᠯᠦᠭ ᠤᠯᠠᠮᠵᠢᠯᠠᠨ ᠵᠠᠯᠭᠠᠮᠵᠢᠯᠠᠵᠤ ᠪᠡᠶᠡᠴᠢᠯᠡᠨ ᠣᠢᠯᠠᠭᠠᠬᠤ ᠰᠢᠨ᠎ᠡ ᠠᠬᠤᠢ ᠪᠠᠢᠳᠠᠯ᠎ᠢ ᠪᠣᠶ ᠪᠣᠯᠭᠠᠨ᠎ᠠ᠃ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠢᠯᠡᠳᠬᠡᠯ᠎ᠦᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠳᠡᠮᠵᠢᠵᠦ᠂ 《ᠭᠠᠷ ᠤᠷᠡᠯᠡᠯ᠎ᠤᠨ ᠮᠡᠷᠭᠡᠵᠢᠯ》 ᠢ᠋ 《ᠭᠠᠷ ᠤᠷᠡᠯᠡᠯ᠎ᠦᠨ ᠠᠵᠤ ᠠᠬᠤᠢ》 ᠪᠣᠯᠭᠠᠨ ᠬᠤᠪᠢᠷᠠᠭᠤᠯᠤᠨ᠎ᠠ ᠬᠡᠵᠦ ᠢᠯᠡᠳᠬᠡᠪᠡ᠃
ᠡᠳᠦᠭᠡ᠂ ᠳᠤᠮᠳᠠᠳᠤ᠎ᠶᠢᠨ ᠰᠣᠶᠣᠯ ᠥᠷᠭᠡᠨ᠎ᠢᠶᠡᠷ ᠤᠯᠠᠮᠵᠢᠯᠠᠭᠳᠠᠵᠤ᠂ ᠬᠢᠯᠢ᠎ᠪᠡᠷ ᠣᠷᠣᠵᠤ ᠢᠷᠡᠬᠦ ᠵᠢᠭᠤᠯᠴᠢᠯᠡᠯ ᠥᠷᠨᠢᠭᠦᠨ ᠬᠥᠭᠵᠢᠵᠦ᠂ ᠤᠯᠠᠮ᠎ᠠᠴᠠ ᠤᠯᠠᠮ ᠤᠯᠠᠨ ᠭᠠᠳᠠᠭᠠᠳᠤ᠎ᠶᠢᠨ ᠨᠠᠢᠵᠠ ᠨᠠᠷ ᠪᠡᠶ᠎ᠡ᠎ᠪᠡᠷ᠎ᠢᠶᠡᠨ ᠳᠤᠮᠳᠠᠳᠤ ᠤᠯᠤᠰ᠎ᠲᠤ ᠢᠷᠡᠵᠦ᠂ ᠳᠤᠮᠳᠠᠳᠤ᠎ᠶᠢᠨ ᠰᠣᠶᠣᠯ᠎ᠢ ᠪᠡᠶᠡᠴᠢᠯᠡᠨ ᠣᠢᠯᠠᠭᠠᠬᠤ᠎ᠶᠢ ᠬᠦᠰᠡᠵᠦ ᠪᠠᠢᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠰᠣᠶᠣᠯ ᠪᠠ ᠵᠢᠭᠤᠯᠴᠢᠯᠡᠯ᠎ᠤᠨ ᠶᠠᠮᠤᠨ ᠴᠢᠨᠠᠷ ᠰᠠᠢᠲᠠᠢ 《ᠭᠠᠳᠠᠭ᠍ᠰᠢ ᠭᠠᠷᠭᠠᠬᠤ》 ᠪᠠ ᠤᠯᠠᠨ ᠲᠡᠰ ᠳᠠᠪᠬᠤᠷᠭ᠎ᠠ᠎ᠶᠢᠨ 《ᠤᠷᠢᠨ ᠤᠷᠤᠭᠤᠯᠬᠤ》 ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠭᠠᠳᠠᠭᠠᠳᠤ᠎ᠶᠢᠨ ᠰᠣᠶᠣᠯ᠎ᠤᠨ ᠰᠣᠯᠢᠯᠴᠠᠭ᠎ᠠ᠂ ᠵᠢᠭᠤᠯᠴᠢᠯᠡᠯ᠎ᠤᠨ ᠬᠠᠮᠲᠤᠷᠠᠯᠴᠠᠭ᠎ᠠ᠂ ᠪᠣᠯᠪᠠᠰᠤᠨ᠎ᠢᠶᠠᠨ ᠬᠠᠷᠢᠯᠴᠠᠨ ᠲᠣᠯᠢᠳᠠᠬᠤ᠎ᠶᠢ ᠶᠡᠬᠡ ᠪᠡᠷ ᠠᠬᠢᠭᠤᠯᠤᠨ᠎ᠠ᠃ 《ᠪᠠᠶᠠᠷ ᠬᠥᠷ᠎ᠲᠠᠢ ᠴᠠᠭᠠᠨ ᠰᠠᠷ᠎ᠠ》᠂ 《ᠨᠠᠢ᠍ᠮᠠᠨ ᠰᠠᠷ᠎ᠠ᠎ᠶᠢᠨ ᠲᠡᠷᠭᠡᠯ ᠪᠠᠶᠠᠷ ᠦ᠋ᠨ ᠰᠢᠯᠦᠭ᠎ᠦᠨ ᠴᠢᠭᠤᠯᠭᠠᠨ》᠂ 《ᠴᠠᠢ ᠪᠠ ᠳᠡᠯᠡᠬᠡᠢ ᠳ᠋ᠠᠬᠢᠨ》 ᠵᠡᠷᠭᠡ ᠰᠣᠶᠣᠯ᠎ᠤᠨ ᠰᠣᠯᠢᠯᠴᠠᠭᠠᠨ᠎ᠤ ᠠᠵᠢᠯᠯᠠᠭ᠎ᠠ᠎ᠪᠠᠷ ᠳᠠᠮᠵᠢᠭᠤᠯᠤᠨ᠂ ᠭᠠᠳᠠᠭᠠᠳᠤ᠎ᠶᠢᠨ ᠣᠯᠠᠨ ᠳᠦᠮᠡᠨ᠎ᠳᠤ ᠳᠤᠮᠳᠠᠳᠤ᠎ᠶᠢᠨ ᠰᠣᠶᠣᠯ᠎ᠢ ᠭᠦᠨᠵᠡᠭᠡᠢ ᠮᠡᠳᠡᠷᠡᠬᠦᠯᠵᠦ᠂ ᠰᠣᠨᠢᠷᠬᠠᠭᠤᠯᠵᠤ᠂ ᠪᠡᠶᠡᠴᠢᠯᠡᠨ ᠣᠢᠯᠠᠭᠠᠭᠤᠯᠤᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠬᠢᠯᠢ᠎ᠪᠡᠷ ᠣᠷᠣᠵᠦ ᠢᠷᠡᠬᠦ ᠵᠢᠭᠤᠯᠴᠢᠯᠠᠯ᠎ᠤᠨ ᠦᠢᠯᠡᠴᠢᠯᠡᠭᠡᠨ᠎ᠦ ᠰᠢᠰᠲᠧᠮ᠎ᠢ ᠦᠷᠭᠦᠯᠵᠢᠯᠡᠨ ᠲᠡᠭᠦᠯᠳᠡᠷᠵᠢᠭᠦᠯᠵᠦ᠂ ᠸᠢᠰᠠᠯᠠᠬᠤ᠂ ᠲᠣᠭᠠᠴᠠᠭ᠎ᠠ ᠬᠢᠬᠦ᠂ ᠭᠠᠢᠯᠢ ᠪᠤᠴᠠᠭᠠᠬᠤ᠂ ᠵᠠᠮᠴᠢᠯᠠᠬᠤ᠂ ᠬᠣᠨᠣᠭ ᠪᠠᠭᠤᠳᠠᠯ᠂ ᠵᠠᠮ ᠬᠠᠷᠢᠯᠴᠠᠭ᠎ᠠ ᠵᠡᠷᠭᠡ᠎ᠶᠢᠨ ᠳᠥᠭᠥᠮᠵᠢᠯᠲᠡᠶᠢᠨ ᠲᠦᠪᠰᠢᠨ᠎ᠢ ᠳᠡᠭᠡᠭᠰᠢᠯᠡᠭᠦᠯᠵᠦ᠂ ᠵᠢᠭᠤᠯᠴᠢᠯᠠᠭ᠍ᠰᠠᠳ᠎ᠤᠨ ᠳᠤᠮᠳᠠᠳᠤ ᠤᠯᠤᠰ᠎ᠲᠤ ᠢᠷᠡᠬᠦ᠎ᠳᠦ ᠨᠠᠩ ᠲᠥᠬᠥᠮ᠂ ᠨᠠᠩ ᠲᠠᠭᠠᠯᠠᠮᠵᠢᠲᠠᠢ ᠪᠠᠢᠵᠤ᠂ ᠨᠠᠩ ᠮᠠᠷᠲᠠᠭᠳᠠᠰᠢ ᠦᠭᠡᠢ ᠪᠥᠭᠡᠳ ᠣᠢᠷ᠎ᠠ ᠵᠠᠢ ᠡᠴᠡ ᠣᠲᠣ᠌ ᠦᠶ᠎ᠡ᠎ᠶᠢᠨ ᠳᠤᠮᠳᠠᠳᠤ ᠤᠯᠤᠰ᠎ᠤᠨ ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠮᠡᠳᠡᠷᠡᠭᠦᠯᠬᠦ ᠪᠣᠯᠣᠨ᠎ᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃