ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-09-29 10:59:11

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

2026 ᠣᠨ ᠤ᠋ ᠤᠯᠤᠰ ᠤ᠋ᠨ ᠪᠠᠶᠠᠷ ᠤ᠋ᠨ ᠠᠮᠠᠷᠠᠯᠲᠠ ᠣᠶ᠋ᠢᠷᠠᠳᠴᠤ᠂ ᠥᠪᠥᠷ ᠮᠣᠩᠭᠣᠯ ᠠᠯᠳᠠᠨ ᠨᠠᠮᠤᠷ ᠤ᠋ᠨ ᠵᠢᠭᠤᠯᠴᠢᠯᠠᠯ ᠤ᠋ᠨ ᠢᠳᠡ ᠤᠯᠠᠷᠢᠯ ᠢ᠋ᠶ᠋ᠠᠨ ᠤᠭᠲᠤᠨ ᠠᠪᠤᠯ᠎ᠠ᠃ ᠵᠢᠭᠤᠯᠴᠢᠯᠠᠭ᠍ᠴᠢᠳ ᠤ᠋ᠨ ᠠᠮᠤᠷ ᠲᠦᠪᠰᠢᠨ᠂ ᠪᠣᠯᠪᠠᠰᠤᠨ᠂ ᠲᠠᠭᠠᠯᠠᠮᠵᠢᠲᠠᠢ ᠪᠠᠷ ᠵᠢᠭᠤᠯᠴᠢᠯᠠᠬᠤ ᠵᠢ ᠪᠠᠲᠤᠯᠠᠬᠤ ᠶ᠋ᠢᠨ ᠲᠦᠯᠦᠭᠡ᠂ ᠦᠪᠤᠷ ᠮᠤᠩᠭᠤᠯ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ᠋ ᠤ᠋ᠨ ᠣᠨᠴᠠᠯᠢᠭ᠋ ᠪᠠ ᠤᠯᠠᠷᠢᠯ ᠤ᠋ᠨ ᠴᠠᠭ ᠠᠭᠤᠷ ᠤ᠋ᠨ ᠪᠠᠢᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠡᠴᠡ ᠪᠠᠶᠠᠷ ᠤ᠋ᠨ ᠠᠮᠠᠷᠠᠯᠲᠠ ᠶ᠋ᠢᠨ ᠬᠤᠭᠤᠴᠠᠭᠠᠨ ᠤ᠋ ᠠᠮᠠᠷᠠᠯᠲᠠ ᠶ᠋ᠢᠨ ᠬᠤᠭᠤᠴᠠᠭᠠᠨ ᠤ᠋ ᠵᠢᠭᠤᠯᠴᠢᠯᠠᠯ ᠤ᠋ᠨ ᠠᠮᠤᠷ ᠲᠦᠪᠰᠢᠨ ᠤ᠋ ᠰᠠᠨᠠᠭᠤᠯᠤᠮᠵᠢ ᠵᠢ ᠨᠡᠢᠲᠡᠯᠡᠪᠡ᠃

ᠰᠠᠨᠠᠭᠤᠯᠤᠮᠵᠢ ᠳ᠋ᠤ᠂ ᠵᠢᠭᠤᠯᠴᠢᠯᠠᠭ᠍ᠴᠢᠳ ᠭᠠᠳᠠᠭ᠍ᠰᠢ ᠭᠠᠷᠬᠤ ᠡᠴᠡ ᠪᠠᠨ ᠡᠮᠦᠨ᠎ᠡ ᠴᠠᠭ ᠠᠭᠤᠷ ᠤ᠋ᠨ ᠬᠤᠪᠢᠷᠠᠯᠲᠠ᠂ ᠵᠠᠮ ᠬᠠᠷᠢᠯᠴᠠᠭᠠᠨ ᠤ᠋ ᠪᠠᠢᠳᠠᠯ ᠵᠢᠴᠢ ᠦᠵᠡᠮᠵᠢ ᠵᠢᠨ ᠣᠷᠣᠨ ᠤ᠋ ᠨᠡᠭᠡᠭᠡᠯᠲᠡ᠂ ᠤᠷᠢᠳᠴᠢᠯᠠᠨ ᠪᠣᠯᠵᠣᠬᠤ ᠲᠥᠷᠥ ᠶ᠋ᠢᠨ ᠪᠣᠳᠣᠯᠭ᠎ᠠ ᠵᠢ ᠨᠢᠭ᠍ᠲᠠ ᠠᠩᠬᠠᠷᠴᠤ᠂ ᠲᠣᠭᠣᠷᠢᠨ ᠦᠵᠡᠬᠦ ᠠᠶᠠᠯᠠᠯ ᠢ᠋ᠶ᠋ᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠴᠢᠬᠤᠯᠠᠳᠠᠢ; ᠥᠪᠥᠷ ᠮᠣᠩᠭᠣᠯ ᠤ᠋ᠨ ᠨᠠᠮᠤᠷ ᠤ᠋ᠨ ᠤᠯᠠᠷᠢᠯ ᠤ᠋ᠨ ᠡᠳᠦᠷ ᠰᠥᠨᠢ ᠶ᠋ᠢᠨ ᠳᠤᠯᠠᠭᠠᠨ ᠤ᠋ ᠵᠥᠷᠢᠶ᠎ᠡ ᠮᠠᠰᠢ ᠶᠡᠬᠡ ᠪᠤᠯᠬᠤᠷ ᠡᠮᠦᠰᠴᠦ ᠵᠡᠭᠦᠬᠦ ᠪᠠᠨ ᠲᠤᠬᠢᠷᠠᠭᠤᠯᠬᠤ ᠵᠢ ᠠᠩᠬᠠᠷᠴᠤ᠂ ᠰᠠᠯᠬᠢ ᠬᠠᠯᠬᠠᠯᠠᠬᠤ ᠬᠤᠪᠴᠠᠰᠤ ᠪᠡᠯᠡᠳᠬᠡᠬᠦ ᠴᠢᠬᠤᠯᠠᠳᠠᠢ; ᠤᠯᠤᠰ ᠤ᠋ᠨ ᠪᠠᠶᠠᠷ ᠤ᠋ᠨ ᠠᠮᠠᠷᠠᠯᠳᠠ ᠪᠤᠯ ᠵᠢᠭᠤᠯᠴᠢᠯᠠᠭᠰᠠᠳ ᠤ᠋ᠨ ᠤᠷᠬᠢᠯ ᠤ᠋ᠨ ᠬᠤᠭᠤᠴᠠᠭ᠎ᠠ ᠪᠠᠢᠵᠤ᠂ ᠬᠠᠯᠠᠮᠰᠢᠯ ᠦᠵᠡᠮᠵᠢ ᠶ᠋ᠢᠨ ᠣᠷᠣᠨ ᠳ᠋ᠦ ᠬᠣᠨᠣᠭ ᠪᠠᠭᠤᠳᠠᠯ ᠤᠯᠳᠠᠬᠤ ᠳ᠋ᠦ ᠬᠢᠯᠪᠠᠷ ᠪᠤᠰᠤ ᠪᠠᠢᠵᠤ᠂ ᠵᠢᠭᠤᠯᠴᠢᠯᠠᠭᠰᠠᠳ ᠤᠷᠢᠳᠴᠢᠯᠠᠨ ᠵᠠᠬᠢᠶᠠᠯᠠᠵᠤ ᠲᠣᠬᠢᠷᠠᠭᠤᠯᠬᠤ ᠴᠢᠬᠤᠯᠠᠲᠠᠢ; ᠦᠪᠡᠷ ᠢ᠋ᠶ᠋ᠡᠨ ᠮᠠᠰᠢᠨ ᠪᠠᠷᠢᠵᠦ ᠵᠢᠭᠤᠯᠴᠢᠯᠠᠭᠰᠠᠳ ᠭᠠᠳᠠᠭ᠍ᠰᠢ ᠶᠠᠪᠤᠬᠤ ᠡᠴᠡ ᠪᠠᠨ ᠡᠮᠦᠨ᠎ᠡ ᠲᠡᠷᠭᠡᠨ ᠤ᠋ ᠪᠠᠢᠳᠠᠯ ᠢ᠋ᠶ᠋ᠡᠨ ᠪᠠᠢᠴᠠᠭᠠᠵᠤ᠂ ᠶᠠᠳᠠᠷᠠᠯᠳᠠᠢ ᠪᠡᠷ ᠲᠡᠷᠭᠡ ᠵᠢᠯᠤᠭᠣᠳᠬᠤ᠂ ᠵᠠᠮ ᠡᠵᠡᠯᠡᠨ ᠰᠡᠭᠦᠳᠡᠷ ᠲᠠᠲᠠᠬᠤ ᠵᠢ ᠡᠷᠡᠰ ᠬᠣᠷᠢᠭ᠍ᠯᠠᠵᠤ᠂ ᠵᠠᠮ ᠤ᠋ᠨ ᠲᠡᠮᠳᠡᠭ ᠦᠭᠡᠢ ᠪᠣᠶ᠋ᠢᠳᠠ ᠪᠥᠭᠯᠡᠭᠦᠦ ᠭᠠᠵᠠᠷ ᠪᠠ ᠣᠢᠲᠤ ᠭᠠᠵᠠᠷ ᠤ᠋ᠨ ᠵᠠᠮ ᠢ᠋ᠶ᠋ᠠᠷ ᠶᠠᠪᠤᠵᠤ ᠪᠤᠯᠬᠤ ᠦᠬᠡᠢ; ᠣᠳᠣᠬᠠᠨ ᠳ᠋ᠤ ᠶᠠᠭ ᠣᠶ ᠰᠢᠭᠤᠢ ᠨᠤᠲᠤᠭ ᠪᠡᠯᠴᠢᠭᠡᠷ ᠤ᠋ᠨ ᠭᠠᠯ ᠲᠤᠢᠮᠠᠷ ᠰᠡᠷᠭᠡᠢᠯᠡᠬᠦ ᠵᠠᠩᠭᠢᠯᠠᠭ᠎ᠠ ᠶ᠋ᠢᠨ ᠬᠤᠭᠤᠴᠠᠭ᠎ᠠ ᠪᠤᠯᠬᠤᠷ ᠬᠡᠬᠡᠷ᠎ᠠ ᠭᠠᠳᠠᠨ᠎ᠠ ᠲᠠᠮᠠᠬᠢ ᠲᠠᠲᠠᠬᠤ᠂ ᠢᠯᠡ ᠭᠠᠯ ᠲᠦᠯᠡᠬᠦ᠎ᠵᠢ ᠡᠷᠡᠰ ᠬᠣᠷᠢᠭ᠍ᠯᠠᠵᠤ᠂ ᠨᠡᠭᠡᠭᠡᠯᠲᠡ ᠬᠢᠭᠡᠳᠦᠢ ᠣᠷᠣᠨ ᠪᠦᠰᠡ ᠡᠴᠡ ᠬᠣᠯᠠᠬᠠᠠ ᠪᠠᠢᠬᠤ ᠴᠢᠬᠤᠯᠠᠳᠠᠢ; ᠮᠡᠭᠡᠯᠡᠯ ᠢ᠋ ᠰᠡᠷᠬᠡᠢᠯᠡᠵᠦ᠂ ᠡᠯ᠎ᠡ ᠲᠥᠷᠥᠯ ᠤ᠋ᠨ ᠪᠣᠷᠤᠯᠠᠭᠤᠯᠭ᠎ᠠ ᠶ᠋ᠢᠨ ᠠᠵᠢᠯᠯᠠᠭ᠎ᠠ ᠳ᠋ᠤ ᠣᠶᠤᠨᠴᠢ ᠪᠠᠷ ᠬᠠᠨᠳᠤᠬᠤ ᠵᠢ ᠰᠠᠨᠠᠭᠤᠯᠵᠠᠢ᠃ ᠡᠭᠦᠨ ᠤ᠋ ᠬᠠᠮᠲᠤ ᠪᠠᠰᠠ ᠥᠷᠭᠡᠨ ᠣᠯᠠᠨ ᠵᠢᠭᠤᠯᠴᠢᠯᠠᠭ᠍ᠴᠢ᠎ᠵᠢᠨ ᠦᠵᠡᠮᠵᠢ ᠶ᠋ᠢᠨ ᠣᠷᠣᠨ ᠤ᠋ ᠲᠦᠷᠢᠮ ᠲᠤᠭᠳᠠᠭᠠᠯ ᠢ᠋ ᠵᠢᠷᠤᠮᠯᠠᠨ᠂ ᠣᠯᠠᠨ ᠨᠡᠶ᠋ᠢᠲᠡ ᠶ᠋ᠢᠨ ᠲᠤᠨᠤᠭ ᠲᠦᠬᠦᠬᠡᠷᠦᠮᠵᠢ ᠪᠠ ᠲᠡᠦᠬᠡ ᠶ᠋ᠢᠨ ᠳᠤᠷᠠᠰᠬᠠᠯᠲᠤ ᠵᠦᠢᠯᠡᠰ᠂ ᠡᠷᠲᠡᠨ ᠤ᠋ ᠦᠯᠡᠳᠡᠭᠳᠡᠯ ᠢ᠋ ᠬᠠᠢᠷᠠᠯᠠᠨ ᠬᠠᠮᠠᠭᠠᠯᠠᠵᠤ᠂ ᠪᠣᠯᠪᠠᠰᠤᠨ ᠡᠮᠬᠢ ᠵᠢᠷᠤᠮ ᠲᠠᠢ ᠪᠠᠷ ᠲᠣᠭᠣᠷᠢᠨ ᠵᠢᠭᠤᠯᠴᠢᠯᠠᠵᠤ᠂ ᠦᠵᠡᠰᠬᠦᠯᠡᠩᠲᠦ ᠰᠠᠢᠬᠠᠨ ᠨᠤᠳᠤᠭ ᠤᠰᠤ ᠪᠠᠨ ᠬᠠᠮᠲᠤ᠎ᠪᠠᠷ ᠰᠠᠬᠢᠨ ᠬᠠᠮᠠᠭᠠᠯᠠᠬᠤ ᠵᠢ ᠰᠠᠨᠠᠭᠠᠴᠢᠯᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面