ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-09-30 10:28:26

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠡᠨᠡ ᠵᠢᠯ ᠤ᠋ᠨ ᠨᠠᠢ᠍ᠮᠠᠨ ᠰᠠᠷ᠎ᠠ ᠶ᠋ᠢᠨ ᠲᠡᠷᠭᠡᠯ ᠪᠠᠶᠠᠷ ᠤ᠋ᠨ ᠠᠮᠠᠷᠠᠯᠲᠠ ᠵᠢᠨ ᠬᠤᠭᠤᠴᠠᠭᠠᠨ ᠳ᠋ᠦ ᠮᠠᠨ ᠤ᠋ ᠤᠷᠤᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠬᠥᠭᠵᠢᠶᠡᠨᠲᠡᠢ᠂ ᠠᠵᠢᠯᠯᠠᠭ᠎ᠠ ᠣᠯᠠᠨ᠂ ᠬᠡᠷᠡᠭᠯᠡᠭᠡ ᠬᠠᠯᠠᠮᠰᠢᠯ ᠲᠠᠢ ᠪᠠᠢᠵᠤ᠂ ᠴᠢᠮᠡᠭᠡ ᠬᠣᠯᠪᠣᠭᠠᠨ ᠤ᠋ ᠡᠵᠡᠩᠨᠡᠯᠲᠡ ᠶ᠋ᠢᠨ ᠬᠤᠳᠠᠯᠳᠤᠭᠠᠴᠢᠨ ᠤ᠋ ᠲᠣᠭ᠎ᠠ ᠪᠠᠷᠢᠮᠲᠠ ᠪᠤᠯᠤᠨ ᠥᠯᠢᠭᠡᠷ ᠠᠪᠴᠤ ᠪᠠᠢᠴᠠᠭᠠᠭᠰᠠᠨ ᠦᠷ᠎ᠠ ᠳ᠋ᠦᠩ ᠢ᠋ ᠶᠡᠷᠦᠩᠬᠡᠢᠯᠡᠭᠰᠡᠨ ᠲᠥᠰᠥᠭᠡᠯᠡᠨ ᠪᠤᠳᠤᠭᠰᠠᠨ ᠢ᠋ ᠦᠨᠳᠦᠰᠦᠯᠡᠪᠡᠯ᠂ ᠠᠮᠠᠷᠠᠯᠲᠠ ᠶ᠋ᠢᠨ ᠭᠤᠷᠪᠠᠨ ᠡᠳᠦᠷ ᠲᠦ᠍ ᠪᠥᠬᠥ ᠣᠷᠣᠨ ᠵᠢᠡᠷ ᠵᠢᠡᠨ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠵᠢ 1031.42 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤ᠋ᠨ ᠲᠤᠳᠤᠭᠠᠳᠤ ᠵᠢᠨ ᠵᠢᠭᠤᠯᠴᠢᠯᠠᠭᠰᠠᠳ ᠤ᠋ᠨ ᠦᠪᠤᠷ ᠮᠤᠩᠭᠤᠯ ᠳ᠋ᠡᠬᠢ ᠬᠡᠷᠡᠭᠯᠡᠬᠡᠨ ᠤ᠋ ᠶᠡᠷᠤᠩᠬᠡᠢ ᠵᠠᠷᠤᠳᠠᠯ 69.68 ᠳ᠋ᠦᠩᠰᠢᠭᠤᠷ ᠲᠥᠭᠥᠷᠢᠭ ᠲᠦ᠍ ᠬᠦᠷᠴᠠᠢ᠃ ᠰᠢᠶᠧ ᠴᠧᠩ ᠲᠠᠪᠴᠠᠩ ᠤ᠋ᠨ ᠲᠣᠭ᠎ᠠ ᠪᠠᠷᠢᠮᠲᠠ ᠳ᠋ᠦ ᠢᠯᠡᠷᠡᠭᠦᠯᠦᠭᠰᠡᠨ ᠢ᠋ᠶ᠋ᠡᠷ᠂ ᠬᠥᠬᠡᠬᠣᠲᠠ ᠨᠠᠢ᠍ᠮᠠᠨ ᠰᠠᠷ᠎ᠠ ᠶ᠋ᠢᠨ ᠲᠡᠷᠭᠡᠯ ᠪᠠᠶᠠᠷ ᠤ᠋ᠨ ᠵᠢᠭᠤᠯᠴᠢᠯᠠᠯ ᠤ᠋ᠨ 《ᠬᠠᠮᠤᠭ ᠤ᠋ᠨ ᠬᠦᠷᠢᠶᠡᠯᠡᠯ ᠲᠠᠢ 10 ᠵᠣᠷᠢᠯᠳᠠᠳᠦ ᠭᠠᠵᠠᠷ》 ᠲᠦ᠍ ᠰᠤᠩᠭᠤᠭᠳᠠᠭᠰᠠᠨ ᠪᠠᠢᠨ᠎ᠠ᠃

ᠨᠠᠢ᠍ᠮᠠᠨ ᠰᠠᠷ᠎ᠠ ᠶ᠋ᠢᠨ ᠲᠡᠷᠭᠡᠯ ᠪᠠᠶᠠᠷ ᠤ᠋ᠨ ᠠᠮᠠᠷᠠᠯᠲᠠ ᠶ᠋ᠢᠨ ᠭᠤᠷᠪᠠᠳᠤᠭᠠᠷ ᠡᠳᠦᠷ᠂ ᠬᠥᠬᠡᠬᠣᠲᠠ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭᠴᠢ ᠵᠢ 57.97 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠪᠥᠬᠥ ᠣᠷᠣᠨ ᠳ᠋ᠦ ᠲᠦᠷᠦᠬᠦᠯᠡᠵᠤ᠂ ᠲᠡᠬᠦᠨ ᠤ᠋ ᠲᠠᠷᠠᠭ᠎ᠠ ᠳ᠋ᠤ ᠣᠷᠳᠣᠰ ᠬᠣᠲᠠ᠂ ᠪᠤᠭᠤᠲᠤ ᠬᠣᠲᠠ᠂ ᠤᠯᠠᠭᠠᠨᠬᠠᠳᠠ ᠬᠣᠲᠠ ᠲᠤᠳᠤᠷᠠᠵᠤ᠂ ᠪᠥᠬᠥ ᠣᠷᠣᠨ ᠤ᠋ ᠡᠮᠦᠨ᠎ᠡ ᠳᠥᠷᠪᠡ ᠳ᠋ᠦ ᠵᠢᠭ᠍ᠰᠠᠭᠠᠭᠳᠠᠪᠠ᠃ ᠪᠦᠬᠦ ᠤᠷᠤᠨ ᠤ᠋ ᠡᠯ᠎ᠡ ᠠᠢᠮᠠᠭ ᠬᠣᠲᠠ ᠨᠢ ᠵᠦᠷᠢᠶᠡᠴᠢᠯᠡᠭᠰᠡᠨ ᠡᠬᠢ ᠪᠠᠶᠠᠯᠢᠭ᠋ ᠲᠠᠭᠠᠨ ᠲᠦᠰᠢᠭᠯᠡᠨ ᠲᠣᠰ ᠲᠣᠰ ᠤ᠋ᠨ ᠵᠢᠡᠨ ᠣᠨᠴᠠᠯᠢᠭ᠋ ᠲᠠᠢ ᠠᠮᠠᠷᠠᠯᠲᠠ ᠶ᠋ᠢᠨ ᠡᠳᠦᠷ ᠤ᠋ᠨ ᠰᠣᠶᠣᠯ ᠵᠢᠭᠤᠯᠴᠢᠯᠠᠯ ᠤ᠋ᠨ ᠣᠢᠯᠠᠭᠠᠯᠲᠠ ᠵᠢ ᠪᠣᠶ ᠪᠣᠯᠭᠠᠵᠤ᠂ ᠣᠷᠣᠨ ᠪᠦᠰᠡ ᠬᠣᠯᠪᠤᠭᠠᠯᠠᠨ ᠬᠥᠳᠡᠯᠦᠯᠴᠡᠭᠰᠡᠨ᠂ ᠪᠥᠬᠥ ᠣᠷᠣᠨ ᠪᠦᠰᠡ ᠪᠡᠷ ᠢ᠋ᠶ᠋ᠡᠨ ᠬᠠᠯᠠᠮᠰᠢᠯ ᠪᠤᠯᠤᠭᠰᠠᠨ ᠬᠥᠷ ᠬᠥᠭᠵᠢᠶᠡᠨᠲᠡᠢ ᠪᠠᠢᠳᠠᠯ ᠢᠯᠡᠷᠡᠵᠦ᠂ ᠣᠷᠣᠨ ᠪᠦᠰᠡ ᠶ᠋ᠢᠨ ᠬᠣᠯᠪᠤᠭᠠᠯᠠᠨ ᠬᠥᠳᠡᠯᠦᠯᠴᠡᠭᠰᠡᠨ ᠣᠨᠴᠠᠯᠢᠭ᠍ᠲᠤ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠶ᠋ᠢᠨ ᠭᠢᠯᠠᠰ ᠴᠡᠭ ᠵᠠᠯᠭᠠᠭ᠎ᠠ ᠪᠠᠷ ᠢᠯᠡᠷᠡᠵᠠᠢ᠃

ᠤᠢᠯᠠᠭᠠᠭᠰᠠᠨ ᠵᠢᠡᠷ᠂ ᠮᠠᠨ᠎ᠤ ᠤᠷᠤᠨ ᠨᠠᠮᠤᠷ ᠤ᠋ᠨ ᠵᠢᠭᠤᠯᠴᠢᠯᠠᠯ ᠤ᠋ᠨ ᠥᠪᠡᠷᠮᠢᠴᠡ ᠡᠬᠢ ᠪᠠᠶᠠᠯᠢᠭ᠋ ᠤ᠋ᠨ ᠳᠠᠪᠠᠭᠤᠯᠢᠭ᠋ ᠲᠠᠭᠠᠨ ᠰᠠᠭᠤᠷᠢᠯᠠᠨ ᠨᠠᠢ᠍ᠮᠠᠨ ᠰᠠᠷ᠎ᠠ ᠶ᠋ᠢᠨ ᠲᠡᠷᠭᠡᠯ ᠪᠠᠶᠠᠷ᠂ ᠤᠯᠤᠰ ᠤ᠋ᠨ ᠪᠠᠶᠠᠷ ᠤ᠋ᠨ ᠠᠮᠠᠷᠠᠯᠳᠠ ᠳ᠋ᠦ ᠵᠤᠷᠢᠭᠤᠯᠤᠨ 604 ᠵᠦᠢᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠵᠢ ᠨᠢᠭᠡᠳᠦᠯᠲᠡᠢ ᠲᠥᠯᠥᠪᠯᠡᠨ ᠭᠠᠷᠭᠠᠵᠤ᠂ ᠲᠣᠭᠯᠠᠯᠲᠠ᠂ ᠪᠣᠳᠠᠰ ᠤ᠋ᠨ ᠪᠤᠰᠤ ᠰᠣᠶᠣᠯ ᠤ᠋ᠨ ᠥᠪ᠂ ᠤᠷᠤᠯᠳᠤᠭᠠᠨ᠂ ᠳᠡᠯᠭᠡᠨ ᠦᠵᠡᠭᠦᠯᠬᠡ᠂ ᠰᠤᠶᠤᠯ ᠤ᠋ᠨ ᠦᠵᠡᠰᠬᠦᠯᠡᠩ᠂ ᠠᠮᠲᠠᠲᠤ ᠢᠳᠡᠭᠡᠨ᠂ ᠨᠣᠮ ᠤᠩᠰᠢᠯᠭ᠎ᠠ ᠵᠡᠷᠭᠡ 7 ᠶᠡᠬᠡ ᠲᠥᠷᠥᠯ ᠤ᠋ᠨ ᠠᠵᠢᠯᠯᠠᠭ᠎ᠠ ᠵᠢ ᠬᠠᠮᠤᠷᠴᠤ᠂ ᠵᠢᠭᠤᠯᠴᠢᠯᠠᠭᠰᠠᠳ ᠤ᠋ᠨ ᠱᠠᠭᠠᠷᠳᠠᠯᠭ᠎ᠠ ᠵᠢ ᠬᠦᠢᠴᠡᠳ ᠬᠠᠩᠭᠠᠨ᠂ ᠬᠡᠷᠡᠭᠯᠡᠭᠡᠨ᠎ᠦ ᠠᠮᠢᠵᠢᠷᠠᠯ ᠤ᠋ᠨ ᠬᠦᠴᠦᠨ ᠢ᠋ ᠬᠥᠭᠵᠢᠭᠡᠪᠡ᠃ ᠵᠠᠰᠠᠭ ᠪᠠ ᠠᠵᠤ ᠠᠬᠤᠢᠯᠠᠯ ᠬᠠᠮᠵᠢᠯᠴᠠᠨ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠢᠬᠤ ᠵᠢ ᠪᠥᠬᠥ ᠬᠦᠴᠦᠨ ᠢ᠋ᠶ᠋ᠡᠷ ᠢ᠋ᠶ᠋ᠡᠨ ᠬᠠᠮᠠᠭᠠᠯᠠᠬᠤ ᠵᠢᠨ ᠬᠠᠮᠳᠤ ᠪᠦᠬᠦ ᠤᠷᠤᠨ ᠤ᠋ 12 ᠠᠢᠮᠠᠭ ᠬᠣᠲᠠ ᠵᠢᠴᠢ ᠮᠠᠨᠵᠤᠤᠷ ᠬᠤᠳᠠ᠂ ᠡᠷᠢᠶᠡᠨ ᠬᠣᠲᠠ ᠨᠢ ᠠᠮᠠᠷᠠᠯᠲᠠ ᠶ᠋ᠢᠨ ᠡᠳᠦᠷ ᠤ᠋ᠨ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠵᠢ ᠵᠡᠷᠭᠡ ᠪᠡᠷ ᠥᠷᠨᠢᠭᠦᠯᠵᠦ᠂ ᠢᠳᠡᠭᠡᠨ ᠤᠮᠳᠠᠭᠠᠨ᠂ ᠬᠤᠳᠠᠯᠳᠤᠭ᠎ᠠ ᠳᠡᠯᠭᠡᠭᠦᠷ ᠪᠠ ᠰᠣᠶᠣᠯ ᠵᠢᠭᠤᠯᠴᠢᠯᠠᠯ ᠬᠣᠨᠣᠭ ᠪᠠᠭᠤᠳᠠᠯ ᠵᠡᠷᠭᠡ ᠬᠦᠷᠢᠶ᠎ᠡ ᠴᠠᠷᠠᠭ᠎ᠠ ᠶ᠋ᠢᠨ ᠲᠣᠭᠣᠷᠢᠨ ᠳ᠋ᠦ ᠨᠥᠬᠥᠪᠦᠷᠢ ᠭᠠᠷᠭᠠᠨ᠂ ᠪᠣᠳᠠᠲᠠᠢ ᠵᠢ ᠡᠷᠬᠢᠮᠯᠡᠭᠰᠡᠨ ᠠᠷᠭ᠎ᠠ ᠬᠡᠮᠵᠢᠶ᠎ᠡ ᠪᠡᠷ ᠠᠮᠠᠷᠠᠯᠲᠠ ᠶ᠋ᠢᠨ ᠡᠳᠦᠷ ᠤ᠋ᠨ ᠬᠡᠷᠡᠭᠯᠡᠭᠡ ᠵᠢ ᠠᠬᠢᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面