2026-09-30 09:38:43
ᠰᠤᠷᠪᠤᠯᠵᠢᠯᠠᠭᠴᠢ 27᠎ᠤ᠋ ᠡᠳᠦᠷ ᠪᠡᠭᠡᠵᠢᠩ ᠬᠣᠲᠠ᠎ᠶᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠎ᠡᠴᠡ ᠣᠶ᠋ᠢᠯᠠᠭᠠᠭᠰᠠᠨ᠎ᠢᠶᠠᠷ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠪᠡᠭᠡᠵᠢᠩᠬᠤᠲᠠ ᠵᠢᠭᠤᠯᠴᠢᠯᠠᠭᠰᠠᠳ᠎ᠢ ᠨᠡᠶ᠋ᠢᠲᠡ 878.3 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠶᠡᠷᠦᠩᠬᠡᠶ ᠵᠠᠷᠤᠯᠭ᠎ᠠ ᠵᠢ 115.4 ᠳ᠋ᠦᠩᠰᠢᠭᠤᠷ ᠲᠥᠭᠥᠷᠢᠭᠪᠡᠶᠡᠯᠡᠭᠦᠯᠵᠡᠢ᠃ ᠡᠭᠦᠨ᠎ᠳᠦ᠂ ᠬᠢᠯᠢ᠎ᠳᠦ ᠣᠷᠣᠵᠤ ᠢᠷᠡᠭᠰᠡᠨ ᠵᠢᠭᠤᠯᠴᠢᠯᠠᠭᠰᠡᠳ᠎ᠢ 8.3 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠬᠢᠯᠢ᠎ᠳᠦ ᠣᠷᠣᠵᠤ ᠢᠷᠡᠭᠰᠡᠨ ᠵᠢᠭᠤᠯᠴᠢᠯᠠᠭᠰᠡᠳ᠎ᠤᠨ 7.8 ᠳ᠋ᠦᠩᠰᠢᠭᠤᠷ ᠲᠥᠭᠥᠷᠢᠭ᠎ᠤᠨ ᠵᠠᠷᠤᠯᠭ᠎ᠠ ᠵᠢ ᠪᠡᠶᠡᠯᠡᠭᠦᠯᠪᠡ᠃
ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠡᠷ᠂ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ ᠪᠡᠭᠡᠵᠢᠩ᠎ᠦᠨ ᠵᠢᠭᠤᠯᠴᠢᠯᠠᠭᠰᠠᠳ᠎ᠢ ᠭᠥᠯᠢᠶᠡᠨ ᠠᠪᠬᠤ ᠬᠡᠮᠵᠢᠶ᠎ᠡ᠎ᠶᠢᠨ ᠡᠮᠦᠨ᠎ᠡ ᠠᠷᠪᠠ᠎ᠳᠤ ᠵᠢᠭᠰᠠᠭᠠᠭᠳᠠᠭᠰᠠᠨ ᠦᠵᠡᠮᠵᠢ᠎ᠶᠢᠨ ᠣᠷᠣᠨ (ᠭᠠᠵᠠᠷ ᠣᠷᠣᠨ) ᠨᠢ ᠣᠯᠢᠮᠫᠢᠺ᠎ᠤᠨ ᠴᠡᠴᠡᠷᠯᠢᠭ᠂ ᠸᠠᠩ ᠹᠦ᠋ ᠵᠢᠩ᠂ ᠰᠢ ᠳ᠋ᠠᠨ᠂ ᠯᠢᠶᠠᠩ ᠮᠠ ᠾᠧ ᠣᠯᠠᠨ ᠤᠯᠤᠰ᠎ᠤᠨ ᠵᠠᠩ ᠦᠢᠯᠡ᠎ᠶᠢᠨ ᠤᠰᠤᠨ᠎ᠤ ᠡᠷᠭᠢ᠂ ᠲᠢᠶᠠᠨ ᠠᠨ ᠮᠧᠨ ᠭᠠᠵᠠᠷ ᠣᠷᠣᠨ᠂ ᠴᠢᠶᠠᠨ ᠮᠧᠨ ᠶᠡᠬᠡ ᠵᠡᠭᠡᠯᠢ᠂ ᠳ᠋ᠢ ᠲᠠᠨ ᠴᠡᠴᠡᠷᠯᠢᠭ᠂ ᠲᠢᠶᠠᠨ ᠲᠠᠨ ᠴᠡᠴᠡᠷᠯᠢᠭ᠂ ᠱ᠌ᠢ ᠱᠠ ᠬᠠᠶ ᠦᠵᠡᠮᠵᠢ᠎ᠶᠢᠨ ᠣᠷᠣᠨ᠂ ᠨᠠᠨ ᠯᠦᠸᠧ ᠬᠥ᠋ ᠭᠤᠳᠤᠮᠵᠢ ᠪᠣᠯᠤᠨ᠎ᠠ᠃
ᠠᠮᠠᠷᠠᠯᠲᠠ᠎ᠶᠢᠨ ᠬᠤᠭᠤᠴᠠᠭᠠᠨ᠎ᠳᠤ᠂ ᠪᠡᠭᠡᠵᠢᠩ ᠬᠤᠳᠠ᠎ᠶᠢᠨ ᠰᠣᠶᠣᠯ ᠪᠠ ᠵᠢᠭᠤᠯᠴᠢᠯᠠᠯ᠎ᠤᠨ ᠲᠣᠪᠴᠢᠢ᠎ᠠ 《ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠢ ᠪᠡᠯᠭᠡᠯᠡᠵᠦ᠍ ᠪᠡᠭᠡᠵᠢᠩᠵᠢᠡᠷ ᠰᠠᠭᠠᠳ ᠦᠭᠡᠢ ᠵᠢᠭᠤᠯᠴᠢᠯᠠᠶ᠎ᠠ》 ᠭᠡᠬᠦ᠌ ᠭᠣᠣᠯ ᠰᠡᠳᠦᠪᠲᠦ᠍ ᠤᠬᠠᠭᠤᠯᠭ᠎ᠠ᠎ᠶᠢᠨ ᠠᠵᠢᠯᠯᠠᠭ᠎ᠠ ᠥᠷᠨᠢᠭᠦᠯᠵᠦ᠍᠂ ᠠᠷᠠᠳ᠎ᠤᠨ ᠵᠠᠩ ᠦᠢᠯᠡ᠎ᠶᠢᠨ ᠶᠠᠷᠢᠶᠠᠨ᠎ᠤ ᠲᠠᠩᠬᠢᠮ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠤᠷᠰᠢᠯ᠂ ᠣᠩᠭᠣᠴᠠ᠎ᠪᠠᠷ ᠵᠢᠭᠤᠯᠴᠢᠯᠠᠨ ᠰᠠᠷ᠎ᠠ ᠰᠣᠨᠢᠷᠬᠠᠬᠤ ᠵᠡᠷᠭᠡ ᠠᠭᠤᠯᠭ᠎ᠠ᠎ᠶᠢ ᠬᠣᠯᠪᠣᠵᠤ᠂ ᠬᠤᠳᠠ᠎ᠶᠢᠨ ᠠᠷᠠᠳ ᠵᠢᠭᠤᠯᠴᠢᠯᠠᠭᠰᠠᠳ ᠤᠯᠠᠮᠵᠢᠯᠠᠯᠲᠤ᠌ ᠪᠠ ᠤᠳᠤ ᠦᠶ᠎ᠡ᠎ᠶᠢᠨ ᠠᠭᠤᠰᠤᠯᠴᠠᠯ ᠳᠤᠮᠳᠠ ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠥᠪᠡᠷᠮᠢᠴᠡ ᠷᠢᠳᠢ ᠰᠢᠳᠢ᠎ᠶᠢ ᠭᠦᠨᠵᠡᠭᠡᠢ ᠪᠡᠶᠡᠴᠢᠯᠡᠨ ᠤᠢᠯᠠᠭᠠᠪᠠ᠃ ᠰᠥᠨᠢ᠎ᠶᠢᠨ ᠰᠣᠶᠣᠯ ᠵᠢᠭᠤᠯᠴᠢᠯᠠᠯ᠎ᠤᠨ ᠬᠡᠷᠡᠭᠯᠡᠭᠡ ᠰᠢᠨ᠎ᠡ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠯᠢᠶᠠᠩ ᠮᠠ ᠾᠧ ᠤᠯᠠᠨ ᠤᠯᠤᠰ᠎ᠤᠨ ᠵᠠᠩ ᠦᠢᠯᠡ᠎ᠶᠢᠨ ᠤᠰᠤᠨ᠎ᠤ ᠡᠷᠭᠢ᠂ ᠯᠦ᠍ ᠭᠧᠤ ᠴᠢᠶᠣᠤ ᠬᠥᠭᠥᠷᠭᠡ᠎ᠶᠢᠨ ᠸᠠᠨ ᠫᠢᠩ ᠴᠧᠩ᠂ ᠢ ᠾᠧ ᠶᠤᠸᠠᠨ ᠵᠡᠷᠭᠡ ᠬᠠᠯᠠᠮᠰᠢᠯ ᠭᠠᠵᠠᠷ᠎ᠤᠨ ᠲᠡᠮᠳᠡᠭᠦᠳ ᠨᠢ ᠡᠷᠲᠡᠨ᠎ᠦ ᠪᠠᠷᠢᠯᠭ᠎ᠠ᠂ ᠤᠰᠤᠨ᠎ᠤ ᠡᠷᠭᠢ᠂ ᠰᠠᠷᠠᠨ᠎ᠤ ᠦᠩᠬᠡ᠎ᠶᠢ ᠤᠯᠤᠰ᠎ᠤᠨ ᠬᠠᠯᠠᠮᠰᠢᠯ᠂ ᠤᠷᠠᠨ ᠰᠠᠢᠬᠠᠨ᠎ᠤ ᠲᠣᠭᠯᠠᠯᠲᠠ ᠵᠡᠷᠭᠡ᠎ᠲᠡᠶ ᠣᠷᠭᠠᠨᠢᠭ᠎ᠢᠶᠠᠷ ᠤᠶᠠᠯᠳᠤᠭᠤᠯᠵᠤ᠂ ᠰᠢᠯᠦᠭ᠎ᠦᠨ ᠷᠤᠮᠠᠨᠲ᠋ᠢᠭ ᠠᠬᠤᠢ ᠪᠠᠶ᠋ᠢᠳᠠᠯ᠎ᠢ ᠪᠤᠢ ᠪᠣᠯᠭᠠᠵᠤ᠂ ᠬᠤᠳᠠ᠎ᠶᠢᠨ ᠠᠷᠠᠳ᠎ᠤᠨ ᠪᠠᠬᠠᠷᠬᠠᠯ᠎ᠢ ᠲᠠᠲᠠᠪᠠ᠃
ᠪᠡᠭᠡᠵᠢᠩ᠎ᠦᠨ ᠡᠯ᠎ᠡ ᠱᠠᠲᠤᠨ᠎ᠤ ᠰᠣᠶᠣᠯ᠎ᠤᠨ ᠣᠷᠳᠣᠨ(ᠲᠥᠪ)᠂ ᠣᠯᠠᠨ ᠨᠡᠶ᠋ᠢᠲᠡ᠎ᠶᠢᠨ ᠨᠣᠮ᠎ᠤᠨ ᠰᠠᠩ ᠵᠡᠷᠭᠡ ᠣᠯᠠᠨ ᠨᠡᠶ᠋ᠢᠲᠡ᠎ᠶᠢᠨ ᠰᠣᠶᠣᠯ᠎ᠤᠨ ᠪᠠᠶ᠋ᠢᠭᠤᠯᠤᠮᠵᠢ ᠤᠷᠠᠨ ᠰᠠᠶ᠋ᠢᠬᠠᠨ᠎ᠤ ᠦᠵᠡᠭᠦᠯᠭᠡ᠂ ᠤᠩᠰᠢᠯᠭ᠎ᠠ᠎ᠶᠢ ᠳᠡᠯᠭᠡᠷᠡᠭᠦᠯᠬᠦ᠌᠂ ᠭᠠᠷ ᠦᠢᠯᠡᠳᠭᠡᠯ᠎ᠢ ᠪᠡᠶᠡᠴᠢᠯᠡᠨ ᠣᠶ᠋ᠢᠯᠠᠭᠠᠬᠤ᠂ ᠰᠣᠶᠣᠯ᠎ᠤᠨ ᠲᠠᠶ᠋ᠢᠯᠤᠮᠵᠢ᠂ ᠭᠤᠤᠯ ᠰᠡᠳᠦᠪᠲᠦ᠍ ᠦᠵᠡᠭᠦᠯᠭᠡ ᠵᠡᠷᠭᠡ ᠡᠯ᠎ᠡ ᠲᠥᠷᠥᠯ᠎ᠦᠨ ᠠᠷᠠᠳ᠎ᠲᠤ᠌ ᠠᠰᠢᠭ ᠬᠦᠷᠲᠡᠭᠡᠬᠦ᠌ ᠰᠣᠶᠣᠯ᠎ᠤᠨ ᠠᠵᠢᠯᠯᠠᠭ᠎ᠠ᠎ᠶᠢ 585 ᠲᠥᠷᠥᠯ᠂ 834 ᠲᠠᠯᠠᠪᠠᠶ ᠥᠷᠨᠢᠭᠦᠯᠵᠦ᠍᠂ ᠨᠡᠶ᠋ᠢᠲᠡ 87.6 ᠲᠦᠮᠡᠨ ᠬᠥᠮᠦᠨ ᠤᠳᠠᠭ᠎ᠠ ᠣᠷᠣᠯᠴᠠᠪᠠ᠃
ᠨᠠᠢ᠍ᠮᠠᠨ ᠰᠠᠷ᠎ᠠ᠎ᠶᠢᠨ ᠲᠡᠷᠭᠡᠯ ᠪᠠᠶᠠᠷ᠎ᠤᠨ ᠠᠮᠠᠷᠠᠯᠲᠠ᠎ᠶᠢᠨ ᠬᠤᠭᠤᠴᠠᠭᠠᠨ᠎ᠳᠤ᠂ ᠪᠡᠭᠡᠵᠢᠩ᠎ᠳᠦ ᠡᠵᠡᠩᠨᠡᠯᠲᠡ᠎ᠶᠢᠨ ᠴᠢᠨᠠᠷᠲᠠᠶ ᠡᠯ᠎ᠡ ᠲᠥᠷᠥᠯ᠎ᠦᠨ ᠲᠣᠭᠯᠠᠯᠲᠠ᠎ᠶᠢ ᠨᠡᠶ᠋ᠢᠲᠡ 308 ᠢᠵᠢ 951 ᠤᠳᠠᠭ᠎ᠠ ᠡᠷᠭᠢᠯᠡᠵᠦ᠍᠂ ᠦᠵᠡᠭᠴᠢᠳ ᠪᠠᠷᠤᠭ 39 ᠲᠦᠮᠡᠨ ᠬᠥᠮᠦᠨ ᠤᠳᠠᠭ᠎ᠠ᠎ᠳᠤ ᠬᠦᠷᠴᠦ᠍᠂ ᠪᠢᠯᠧᠲ᠎ᠦᠨ ᠣᠷᠣᠯᠭ᠎ᠠ᠎ᠨᠢ ᠪᠠᠷᠤᠭ 1.7 ᠳ᠋ᠦᠩᠰᠢᠭᠤᠷ ᠲᠥᠭᠥᠷᠢᠭ᠎ᠲᠦ᠍ ᠬᠦᠷᠴᠡᠶ᠃ ᠡᠯ᠎ᠡ ᠶᠡᠬᠡ ᠲᠢᠶᠠᠲ᠋ᠷ᠂ ᠭᠡᠷ᠎ᠦᠨ ᠭᠠᠳᠠᠨᠠᠬᠢ ᠲᠠᠶ᠋ᠢᠰᠠᠨ᠎ᠤ ᠲᠣᠭᠯᠠᠯᠲᠠ᠂ ᠲᠣᠭᠯᠠᠯᠲᠠ᠎ᠶᠢᠨ ᠰᠢᠨ᠎ᠡ ᠣᠷᠣᠨ ᠵᠠᠶ᠎ᠳᠦ ᠰᠢᠯᠢᠳᠡᠭ ᠲᠤᠭᠯᠠᠯᠲᠠ ᠲᠠᠰᠤᠷᠠᠯᠲᠠ ᠦᠭᠡᠶ ᠢᠯᠡᠷᠡᠵᠦ᠂ ᠰᠣᠩᠭᠣᠳᠠᠭ ᠪᠦᠲᠦᠭᠡᠯ᠂ ᠲᠣᠮᠣ ᠬᠡᠯᠪᠡᠷᠢ᠎ᠶᠢᠨ ᠲᠣᠭᠯᠠᠯᠲᠠ᠂ ᠠᠩᠬᠠᠨ᠎ᠤ ᠲᠣᠭᠯᠠᠯᠲᠠ ᠰᠢᠯᠢᠳᠡᠭ ᠵᠦᠴᠦᠭᠡ᠂ ᠬᠡᠦᠬᠡᠳ᠎ᠦᠨ ᠵᠦᠴᠦᠭᠡ ᠵᠡᠷᠭᠡ ᠡᠭᠡᠯᠵᠢᠯᠡᠨ ᠲᠤᠭᠯᠠᠭᠳᠠᠵᠤ᠂ ᠬᠣᠲᠠ᠎ᠶᠢᠨ ᠠᠷᠠᠳ ᠵᠢᠭᠤᠯᠴᠢᠯᠠᠭᠰᠠᠳ᠎ᠲᠤ᠌ ᠠᠮᠠᠷᠠᠯᠲᠠ᠎ᠶᠢᠨ ᠡᠳᠦᠷ᠎ᠦᠨ ᠰᠣᠶᠣᠯ᠎ᠤᠨ ᠦᠪᠡᠳᠡᠭᠰᠢ ᠨᠠᠶ᠋ᠢᠷ ᠬᠦᠷᠳᠡᠭᠡᠪᠡ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶᠢᠨ 27 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃