ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-10-07 12:32:06

ᠵᠣᠬᠢᠶᠠᠭ᠍ᠴᠢ᠄ ᠤᠷᠠᠨ᠎ᠠ ᠣᠩᠱᠢᠭ᠍ᠰᠠᠨ ᠣᠳᠠᠭ᠎ᠠ᠄ 3

ᠤᠢᠷ᠎ᠠ ᠶ᠋ᠢᠨ ᠵᠢᠯ ᠡᠴᠡ ᠨᠠᠭᠠᠰᠢ᠂ ᠦᠪᠦᠷ ᠮᠤᠨᠭᠭᠤᠯ ᠰᠣᠶᠤᠯ ᠵᠢᠭᠤᠯᠴᠢᠯᠠᠯ ᠤ᠋ᠨ ᠴᠢᠨᠠᠷ ᠰᠠᠶ᠋ᠢᠲᠠᠢ ᠬᠥᠭᠵᠢᠯᠲᠡ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠦᠵᠡᠮᠵᠢ ᠶ᠋ᠢᠨ ᠣᠷᠤᠨ ᠵᠢᠭᠤᠯᠴᠢᠯᠠᠵᠤ ᠠᠮᠠᠷᠠᠬᠤ ᠭᠠᠵᠠᠷ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠪᠠ ᠰᠣᠶᠤᠯ ᠵᠢᠭᠤᠯᠴᠢᠯᠠᠯ ᠤ᠋ᠨ ᠠᠵᠢᠯ ᠲᠥᠷᠦᠯ ᠤ᠋ᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠵᠢ ᠵᠡᠷᠭᠡ ᠪᠡᠷ ᠠᠬᠢᠭᠤᠯᠵᠤ᠂ 《ᠡᠬᠡ ᠤᠯᠤᠰ ᠤ᠋ᠨ ᠤᠮᠠᠷᠠᠲᠤ᠌ ᠣᠷᠤᠨ · ᠦᠵᠡᠰᠬᠦᠯᠡᠩᠲᠦ᠍ ᠰᠠᠶ᠋ᠢᠬᠠᠨ ᠥᠪᠦᠷ ᠮᠣᠩᠭᠤᠯ》 ᠤ᠋ᠨ ᠰᠣᠶᠤᠯ ᠵᠢᠭᠤᠯᠴᠢᠯᠠᠯ ᠤ᠋ᠨ ᠲᠦᠷᠦᠯ ᠲᠡᠮᠲᠡᠭ ᠢ᠋ ᠦᠷᠭᠦᠯᠵᠢᠯᠡᠨ ᠬᠦᠭᠵᠢᠭᠦᠯᠵᠦ᠂ ᠪᠥᠬᠦ᠌ ᠣᠷᠤᠨ ᠤ᠋ ᠰᠣᠶᠤᠯ ᠵᠢᠭᠤᠯᠴᠢᠯᠠᠯ ᠤ᠋ᠨ ᠠᠵᠤ ᠦᠢᠯᠡᠰ ᠤ᠋ᠨ ᠬᠡᠪᠴᠢᠶ᠎ᠡ ᠶ᠋ᠢ ᠨᠡᠮᠡᠭᠳᠡᠭᠦᠯᠬᠦ ᠡᠴᠡ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠲᠡᠢᠰᠢ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠪᠠ᠃

ᠦᠵᠡᠮᠵᠢ ᠶ᠋ᠢᠨ ᠣᠷᠤᠨ ᠵᠢᠭᠤᠯᠴᠢᠯᠠᠵᠤ ᠠᠮᠠᠷᠠᠬᠤ ᠭᠠᠵᠠᠷ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ᠌ ᠲᠠᠯ᠎ᠠ ᠪᠡᠷ᠂ ᠦᠨᠳᠦᠰᠦ ᠰᠠᠭᠤᠷᠢ ᠵᠢ ᠪᠠᠬᠢᠵᠢᠭᠦᠯᠬᠦ᠂ ᠰᠢᠨ᠎ᠡ ᠵᠢ ᠡᠭᠦᠳᠬᠦ ᠪᠠᠷ ᠡᠨ᠋ᠸᠷᠬᠢ ᠣᠯᠭᠤᠬᠤ᠂ ᠬᠢᠨᠠᠨ ᠬᠠᠮᠢᠶᠠᠷᠤᠯᠲᠠ ᠵᠢ ᠴᠢᠨᠭᠭᠠᠳᠬᠠᠬᠤ ᠵᠢ ᠪᠠᠷᠢᠮᠲᠠᠯᠠᠵᠤ᠂ ᠰᠣᠶᠤᠯ ᠵᠢᠭᠤᠯᠴᠢᠯᠠᠯ ᠤ᠋ᠨ ᠠᠵᠤ ᠦᠢᠯᠡᠰ ᠤ᠋ᠨ ᠲᠠᠰ ᠳᠡᠪᠰᠢᠬᠦ ᠵᠢ ᠪᠥᠬᠦ᠌ ᠲᠠᠯ᠎ᠠ ᠪᠡᠷ ᠠᠬᠢᠭᠤᠯᠪᠠ᠃ 14 ᠰᠠᠯᠠᠭ᠎ᠠ ᠮᠥᠴᠢᠷ ᠲᠠᠢ ᠬᠠᠮᠲᠤᠷᠠᠨ ᠥᠪᠡᠷ ᠢ᠋ᠶ᠋ᠡᠨ ᠮᠠᠰᠢᠨ ᠲᠡᠷᠭᠡ ᠪᠡᠷ ᠠᠶᠠᠯᠠᠵᠤ ᠬᠡᠭᠡᠷ᠎ᠡ ᠪᠠᠭᠤᠳᠠᠯᠯᠠᠬᠤ᠂ ᠦᠵᠡᠮᠵᠢ ᠶ᠋ᠢᠨ ᠣᠷᠤᠨ ᠤ᠋ ᠬᠠᠮᠢᠶᠠᠷᠤᠯᠲᠠ ᠵᠡᠷᠭᠡ ᠢᠵᠢ ᠪᠥᠷᠢᠳᠦᠭᠦᠯᠬᠦ᠌ ᠲᠦᠷᠢᠮ ᠢ᠋ ᠲᠡᠭᠦᠯᠳᠡᠷᠵᠢᠭᠦᠯᠵᠦ᠍᠂ 2026 ᠣᠨ ᠳ᠋ᠤ 2.5 ᠳ᠋ᠦᠩᠰᠢᠭᠤᠷ ᠲᠥᠭᠦᠷᠢᠭ ᠤ᠋ᠨ ᠰᠣᠶᠤᠯ ᠵᠢᠭᠤᠯᠴᠢᠯᠠᠯ ᠤ᠋ᠨ ᠲᠤᠰᠭᠠᠢ ᠪᠠᠯᠠ ᠮᠥᠩᠭᠦ ᠳᠣᠭᠢᠷᠠᠭᠤᠯᠵᠤ᠂ ᠦᠵᠡᠮᠵᠢ ᠶ᠋ᠢᠨ ᠣᠷᠤᠨ ᠤ᠋ ᠰᠠᠭᠤᠷᠢ ᠲᠦᠬᠦᠭᠡᠷᠦᠮᠵᠢ ᠵᠢ ᠲᠠᠰ ᠳᠡᠪᠰᠢᠭᠦᠯᠬᠦ ᠳ᠋ᠤ ᠲᠤᠰᠭᠠᠢ ᠬᠡᠷᠡᠭᠯᠡᠭᠰᠡᠨ ᠪᠠᠶ᠋ᠢᠨ᠎ᠠ᠃

ᠬᠡᠷᠡᠭᠯᠡᠭᠡᠨ ᠤ᠋ ᠬᠠᠨᠳᠤᠰᠢ ᠲᠠᠢ ᠨᠢᠭᠲᠠ ᠤᠶᠠᠯᠳᠤᠭᠤᠯᠤᠨ᠂ ᠤᠯᠠᠮᠵᠢᠯᠠᠯᠲᠤ᠌ ᠲᠣᠭᠤᠷᠢᠨ ᠵᠤᠭᠠᠴᠠᠬᠤ ᠵᠢᠭᠤᠯᠴᠢᠯᠠᠯ ᠢ᠋ ᠪᠡᠶᠡᠴᠢᠯᠡᠨ ᠣᠶ᠋ᠢᠯᠠᠭᠠᠬᠤ ᠮᠠᠶ᠍ᠢᠭ ᠤ᠋ᠨ᠂ ᠠᠮᠠᠷᠠᠯᠲᠠ ᠶ᠋ᠢᠨ ᠮᠠᠶ᠍ᠢᠭ ᠤ᠋ᠨ ᠵᠢᠭᠤᠯᠴᠢᠯᠠᠯ ᠳᠠᠢᠰᠢ ᠬᠤᠪᠢᠷᠠᠭᠤᠯᠬᠤ ᠵᠢ ᠠᠬᠢᠭᠤᠯᠵᠤ᠂ VR ᠵᠡᠷᠭᠡ ᠲᠣᠭᠠᠴᠢᠯᠠᠭᠰᠠᠨ ᠮᠡᠷᠭᠡᠵᠢᠯ ᠳ᠋ᠤ ᠲᠦᠰᠢᠭᠯᠡᠨ ᠰᠢᠨ᠎ᠡ ᠬᠡᠯᠪᠡᠷᠢ ᠶ᠋ᠢᠨ ᠰᠣᠶᠤᠯ ᠵᠢᠭᠤᠯᠴᠢᠯᠠᠯ ᠤ᠋ᠨ ᠠᠬᠤᠢ ᠲᠠᠯᠠᠪᠤᠷ ᠢ᠋ ᠪᠣᠢ ᠪᠣᠯᠭᠠᠪᠠ᠃ ᠣᠳᠤᠬᠠᠨ ᠳ᠋ᠤ᠂ ᠪᠦᠬᠦ᠌ ᠣᠷᠤᠨ ᠳ᠋ᠤ 5A ᠲᠡᠰ ᠤ᠋ᠨ ᠦᠵᠡᠮᠵᠢ ᠶ᠋ᠢᠨ ᠣᠷᠤᠨ 8᠂ ᠤᠯᠤᠰ ᠤ᠋ᠨ ᠲᠡᠰ ᠤ᠋ᠨ ᠵᠢᠭᠤᠯᠴᠢᠯᠠᠵᠤ ᠠᠮᠠᠷᠠᠬᠤ ᠭᠠᠵᠠᠷ 1 ᠪᠠᠶ᠋ᠢᠵᠤ᠂ ᠤᠨᠴᠠᠯᠢᠭᠳᠤ ᠰᠣᠶᠤᠯ ᠵᠢᠭᠤᠯᠴᠢᠯᠠᠯ ᠤ᠋ᠨ ᠲᠦᠷᠦᠯ ᠲᠡᠮᠳᠡᠭ ᠤ᠋ᠨ ᠵᠢᠭᠰᠠᠭᠠᠯ ᠢ᠋ ᠦᠷᠭᠦᠯᠵᠢᠯᠡᠨ ᠲᠡᠭᠦᠯᠳᠡᠷᠵᠢᠭᠦᠯᠵᠦ᠍ ᠪᠠᠶ᠋ᠢᠨ᠎ᠠ᠃ ᠰᠣᠶᠤᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤ᠋ᠨ ᠲᠤᠰᠭᠠᠢ ᠴᠡᠭᠴᠡᠯᠡᠨ ᠵᠠᠰᠠᠯᠲᠠ ᠵᠢ ᠪᠠᠶ᠋ᠢᠩᠭᠤᠵᠢᠭᠤᠯᠤᠨ ᠥᠷᠨᠢᠭᠦᠯᠵᠦ᠍᠂ ᠡᠨᠡ ᠵᠢᠯ ᠨᠡᠶ᠋ᠢᠲᠡ 1.02 ᠲᠦᠮᠡ ᠭᠠᠷᠤᠢ ᠡᠵᠡᠨᠭᠨᠡᠯᠲᠡ ᠶ᠋ᠢᠨ ᠭᠤᠤᠯ ᠴᠤᠬᠴᠠ ᠵᠢ ᠪᠠᠶ᠋ᠢᠴᠠᠭᠠᠵᠤ᠂ 444 ᠬᠤᠪᠢ ᠬᠡᠷᠡᠭ ᠢ᠋ ᠬᠡᠷᠡᠭ ᠪᠣᠯᠭᠠᠨ ᠳᠠᠩᠰᠠᠯᠠᠵᠤ ᠪᠠᠶ᠋ᠢᠴᠠᠭᠠᠨ ᠰᠢᠢᠳᠪᠦᠷᠢᠯᠡᠪᠡ᠃ ᠡᠨᠡ ᠵᠢᠯ ᠤ᠋ᠨ 1 ᠡᠴᠡ 8 ᠰᠠᠷ᠎ᠠ ᠳ᠋ᠤ᠂ ᠪᠦᠬᠦ᠌ ᠣᠷᠤᠨ ᠢ᠋ᠶ᠋ᠡᠷ ᠢ᠋ᠶ᠋ᠡᠨ ᠤᠯᠤᠰ ᠤ᠋ᠨ ᠳᠣᠲᠤᠭᠠᠳᠤ ᠶ᠋ᠢᠨ ᠵᠢᠭᠤᠯᠴᠢᠯᠠᠭᠴᠢᠳ ᠢ᠋ 1.67 ᠳ᠋ᠦᠩᠰᠢᠭᠤᠷ ᠬᠥᠮᠦᠨ ᠤᠳᠠᠭ᠎ᠠ ᠬᠦᠯᠢᠶᠡᠨ ᠠᠪᠴᠤ᠌᠂ ᠰᠣᠶᠤᠯ ᠵᠢᠭᠤᠯᠴᠢᠯᠠᠯ ᠤ᠋ᠨ ᠬᠡᠷᠡᠭᠯᠡᠭᠡ 2524.63 ᠳ᠋ᠦᠩᠰᠢᠭᠤᠷ ᠲᠥᠭᠦᠷᠢᠭ ᠬᠦᠷᠴᠦ᠂ ᠰᠣᠶᠤᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠲᠦ᠍ ᠶᠠᠰᠤ ᠴᠢᠨᠠᠷ ᠪᠠ ᠦᠷ᠎ᠡ ᠠᠰᠢᠭ ᠬᠤᠤᠰ ᠢ᠋ᠶ᠋ᠡᠷ ᠳᠡᠭᠡᠭᠰᠢᠯᠡᠭᠰᠡᠨ ᠰᠠᠶ᠋ᠢᠨ ᠰᠠᠶ᠋ᠢᠬᠠᠨ ᠪᠠᠶ᠋ᠢᠳᠠᠯ ᠢᠯᠡᠷᠡᠪᠡ᠃

ᠰᠣᠶᠤᠯ ᠵᠢᠭᠤᠯᠴᠢᠯᠠᠯ ᠤ᠋ᠨ ᠪᠠᠷᠢᠮᠵᠢᠶᠠᠵᠢᠭᠤᠯᠬᠤ ᠪᠠᠶ᠋ᠢᠭᠤᠯᠤᠯᠲᠠ ᠶ᠋ᠢᠨ ᠲᠠᠯ᠎ᠠ ᠪᠡᠷ᠂ ᠡᠨᠡ ᠵᠢᠯ ᠦᠪᠦᠷ ᠮᠤᠨᠭᠭᠤᠯ ᠵᠢᠷᠭᠤᠭᠠᠨ ᠵᠦᠢᠯ ᠤ᠋ᠨ ᠣᠨᠴᠠᠯᠢᠭᠲᠤ᠌ ᠰᠣᠶᠤᠯ ᠵᠢᠭᠤᠯᠴᠢᠯᠠᠯ ᠤ᠋ᠨ ᠣᠷᠤᠨ ᠨᠤᠲᠤᠭ ᠤ᠋ᠨ ᠪᠠᠷᠢᠮᠵᠢᠶ᠎ᠠ ᠵᠢ ᠨᠡᠶ᠋ᠢᠲᠡᠯᠡᠵᠦ᠍᠂ ᠲᠠᠯ᠎ᠠ ᠨᠤᠲᠤᠭ᠂ ᠡᠯᠡᠰᠦᠨ ᠴᠦᠯ᠂ ᠮᠥᠰᠦ ᠴᠠᠰᠤᠨ ᠤ᠋ ᠦᠵᠡᠮᠵᠢ ᠶ᠋ᠢᠨ ᠣᠷᠤᠨ ᠵᠢᠴᠢ ᠣᠶᠤᠨᠴᠢ ᠦᠵᠡᠮᠵᠢ ᠶ᠋ᠢᠨ ᠣᠷᠤᠨ᠂ ᠰᠤᠳᠤᠯᠤᠨ ᠰᠤᠷᠤᠯᠴᠠᠬᠤ ᠰᠠᠭᠤᠷᠢᠨ᠂ ᠪᠣᠳᠠᠰ ᠤ᠋ᠨ ᠪᠤᠰᠤ ᠰᠣᠶᠤᠯ ᠤ᠋ᠨ ᠥᠪ ᠤ᠋ᠨ ᠲᠠᠩᠰᠠ ᠡᠪᠬᠡᠮᠡᠯ ᠤ᠋ᠨ ᠬᠠᠮᠢᠶᠠᠷᠤᠯᠲᠠ ᠵᠡᠷᠭᠡ ᠬᠦᠷᠢᠶ᠎ᠡ ᠵᠢ ᠬᠠᠮᠤᠷᠴᠤ᠌᠂ ᠪᠠᠷᠢᠮᠵᠢᠶ᠎ᠠ ᠵᠢ ᠨᠠᠶ᠋ᠢᠳᠠᠪᠤᠷᠢᠵᠢᠭᠤᠯᠬᠤ ᠲᠣᠭᠲᠠᠴᠠ ᠶ᠋ᠢᠨ ᠰᠢᠨ᠎ᠡ ᠵᠢ ᠡᠭᠦᠳᠴᠦ᠍᠂ ᠪᠠᠷᠢᠮᠵᠢᠶ᠎ᠠ ᠶ᠋ᠢ ᠨᠠᠶ᠋ᠢᠳᠠᠪᠤᠷᠢᠵᠢᠭᠤᠯᠬᠤ ᠳ᠋ᠤ ᠬᠦᠴᠢᠷ ᠠᠰᠠᠭᠤᠳᠠᠯ ᠢ᠋ ᠰᠢᠢᠳᠪᠦᠷᠢᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面