2026-10-09 11:24:46
ᠥᠪᠥᠷ ᠮᠣᠩᠭᠣᠯ ᠤ᠋ᠨ ᠮᠦᠽᠧᠢ ᠪᠡᠷ ᠲᠤᠭᠤᠷᠢᠨ ᠥᠵᠡᠭᠰᠡᠳ 7 ᠡᠳᠤᠷ ᠲᠦ᠍ 16 ᠲᠦᠮᠡᠨ ᠬᠥᠮᠥᠨ ᠤᠲᠠᠭᠠᠳᠤ ᠬᠥᠷᠴᠠᠢ
ᠡᠨᠡ ᠵᠢᠯ ᠤ᠋ᠨ ᠤᠯᠤᠰ ᠤ᠋ᠨ ᠪᠠᠶᠠᠷ ᠤ᠋ᠨ ᠠᠮᠠᠷᠠᠯᠲᠠ ᠵᠢᠨ ᠬᠤᠭᠤᠴᠠᠭᠠᠨ ᠳ᠋ᠦ᠂ ᠥᠪᠥᠷ ᠮᠣᠩᠭᠣᠯ ᠤ᠋ᠨ ᠮᠦᠽᠧᠢ ᠣᠷᠣᠨ ᠤ᠋ ᠳᠣᠲᠣᠨ᠎ᠠ ᠭᠠᠳᠠᠨᠠᠬᠢ ᠵᠢᠭᠤᠯᠴᠢᠯᠠᠭᠰᠠᠳ ᠤ᠋ᠨ ᠵᠤᠷᠢᠯᠳᠠᠳᠦ ᠭᠠᠵᠠᠷ ᠪᠣᠯᠵᠤ᠂ ᠨᠡᠢᠳᠡ 16 ᠲᠦᠮᠡᠨ ᠬᠥᠮᠥᠨ ᠤᠳᠠᠭ᠎ᠠ ᠶ᠋ᠢᠨ ᠲᠤᠭᠤᠷᠢᠨ ᠦᠵᠡᠭᠴᠢ ᠵᠢ ᠬᠦᠯᠢᠶᠡᠨ ᠠᠪᠴᠤ᠂ ᠮᠦᠽᠧᠢ ᠡᠴᠡ ᠭᠠᠷᠭᠠᠭᠰᠠᠨ ᠢᠯᠡ ᠲᠣᠳᠣ᠌ ᠭᠣᠣᠯ ᠰᠡᠳᠦᠪ ᠲᠠᠢ᠂ ᠬᠡᠯᠪᠡᠷᠢ ᠤᠯᠠᠨ ᠶᠠᠩᠵᠦ ᠶ᠋ᠢᠨ 67 ᠲᠠᠯᠠᠪᠠᠢ ᠰᠣᠶᠣᠯ ᠤ᠋ᠨ ᠠᠵᠢᠯᠯᠠᠭ᠎ᠠ ᠳ᠋ᠦ 1.1 ᠲᠦᠮᠡ ᠭᠠᠷᠤᠢ ᠦᠵᠡᠭᠴᠢ ᠤᠷᠤᠯᠴᠠᠵᠠᠢ᠃
ᠤᠯᠤᠰ ᠤ᠋ᠨ ᠪᠠᠶᠠᠷ ᠤ᠋ᠨ ᠠᠮᠠᠷᠠᠯᠲᠠ ᠵᠢᠨ ᠬᠤᠭᠤᠴᠠᠭᠠᠨ ᠳ᠋ᠦ᠂ ᠥᠪᠥᠷ ᠮᠣᠩᠭᠣᠯ ᠤ᠋ᠨ ᠮᠦᠽᠧᠢ ᠳ᠋ᠦ ᠪᠠᠶᠠᠷ ᠤ᠋ᠨ ᠡᠳᠦᠷ ᠤ᠋ᠨ ᠬᠦᠭᠵᠢᠶᠡᠨᠳᠦ ᠪᠠᠢᠳᠠᠯ ᠢ᠋ᠶ᠋ᠡᠷ ᠪᠢᠯᠬᠠᠵᠦ᠂ ᠠᠳᠠᠯᠢ ᠪᠤᠰᠤ ᠨᠠᠰᠤᠨ ᠤ᠋ ᠲᠤᠭᠤᠷᠢᠨ ᠦᠵᠡᠭᠴᠢᠳ ᠪᠠᠶᠠᠷ ᠤ᠋ᠨ ᠡᠳᠦᠷ ᠢ᠋ᠶ᠋ᠡᠨ ᠤᠳᠬ᠎ᠠ ᠠᠭᠤᠯᠭ᠎ᠠ ᠲᠠᠢ ᠦᠩᠭᠡᠷᠡᠬᠦᠯᠵᠡᠢ᠃ ᠰᠠᠴᠤᠯᠢᠡᠷᠬᠦᠬᠦ ᠵᠠᠩ ᠦᠶ᠋ᠯᠡ ᠶ᠋ᠢᠨ ᠦᠵᠡᠭᠦᠯᠭᠡ ᠶ᠋ᠢᠨ ᠠᠬᠤᠢ ᠲᠠᠯᠠᠪᠠᠶ ᠳ᠋ᠦ ᠪᠥᠬᠥ ᠤᠯᠤᠰ ᠤ᠋ᠨ ᠡᠯ᠎ᠡ ᠭᠠᠵᠠᠷ ᠡᠴᠡ ᠢᠷᠡᠭᠰᠡᠨ ᠦᠵᠡᠭᠴᠢᠳ ᠢ᠋ ᠤᠷᠢᠵᠤ ᠥᠪᠥᠷ ᠮᠣᠩᠭᠣᠯ ᠤ᠋ᠨ ᠤᠯᠠᠮᠵᠢᠯᠠᠯᠲᠤ ᠶᠣᠰᠣᠯᠠᠯ ᠢ᠋ ᠰᠣᠨᠢᠷᠬᠠᠭᠤᠯᠪᠠ; ᠦᠨᠳᠦᠰᠦᠲᠡᠨ ᠨᠤᠭᠦᠳ ᠤ᠋ᠨ ᠣᠯᠠᠨ ᠲᠦᠮᠡᠨ ᠭᠠᠷ ᠬᠣᠯᠪᠣᠯᠴᠠᠨ ᠬᠠᠮᠳᠤ ᠪᠡᠷ ᠤᠯᠤᠰ ᠤ᠋ᠨ ᠲᠣᠭ ᠢ᠋ ᠳᠡᠯᠭᠡᠨ ᠦᠵᠡᠭᠦᠯᠵᠦ᠂ ᠲᠥᠪ ᠴᠢᠩᠭ᠎ᠠ ᠤᠯᠤᠰ ᠵᠢᠨᠨ ᠬᠠᠢᠷᠠᠯᠠᠬᠤ ᠦᠵᠡᠯ ᠤ᠋ᠨ ᠬᠥᠮᠦᠵᠢᠯ ᠬᠢᠵᠦ᠂ ᠤᠯᠠᠮᠵᠢᠯᠠᠯᠲᠤ ᠰᠢᠯᠢᠲᠡᠭ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠠᠮᠢᠳᠤᠯᠢᠭ ᠦᠢᠯᠡᠳᠦᠯᠬᠡ ᠪᠤᠯᠭᠠᠪᠠ; ᠦᠨᠳᠦᠰᠦᠲᠡᠨ ᠤ᠋ ᠬᠥᠭᠵᠢᠮᠳᠡᠭᠦᠷ ᠤ᠋ᠨ ᠬᠢᠯᠪᠡᠬᠡᠨ ᠲᠤᠭᠯᠠᠯᠳᠠ ᠨᠢ ᠤᠯᠠᠮᠵᠢᠯᠠᠯᠳᠦ ᠬᠡᠯᠪᠡᠷᠢ ᠮᠠᠶᠢᠭ ᠢ᠋ ᠡᠪᠳᠡᠵᠦ᠂ ᠦᠵᠡᠭᠴᠢᠳ ᠢ᠋ ᠰᠡᠯᠡᠭᠦᠴᠡᠨ ᠲᠣᠭᠣᠷᠢᠭᠤᠯᠬᠤ ᠶ᠋ᠢᠨ ᠳᠠᠭᠠᠤ ᠤᠯᠠᠮᠵᠢᠯᠠᠯᠲᠤ ᠤᠷᠠᠯᠢᠭ᠋ ᠲᠠᠢ ᠵᠣᠯᠭᠠᠭᠤᠯᠵᠠᠢ; ᠤᠯᠤᠰ ᠤ᠋ᠨ ᠪᠠᠶᠠᠷ ᠤ᠋ᠨ ᠠᠮᠠᠷᠠᠯᠲᠠ ᠵᠢ ᠲᠤᠬᠢᠶᠠᠯᠳᠤᠭᠤᠯᠤᠨ ᠰᠢᠨ᠎ᠡ ᠦᠵᠡᠭᠦᠯᠭᠡ ᠵᠢ ᠵᠡᠷᠭᠡ ᠪᠡᠷ ᠳᠡᠯᠭᠡᠨ ᠦᠵᠡᠭᠦᠯᠵᠦ᠂ ᠾᠦᠢ ᠵᠧᠦ ᠶ᠋ᠢᠨ ᠡᠷᠲᠡᠨ ᠤ᠋ ᠪᠠᠷᠢᠯᠭ᠎ᠠ ᠵᠢ ᠰᠤᠳᠤᠯᠤᠨ ᠰᠤᠷᠤᠯᠴᠠᠬᠤ ᠵᠡᠷᠭᠡ ᠲᠤᠰᠬᠠᠢ ᠠᠵᠢᠯᠯᠠᠭ᠎ᠠ ᠵᠢ ᠡᠭᠡᠯᠵᠢᠯᠡᠨ ᠥᠷᠨᠢᠭᠦᠯᠵᠦ᠂ ᠤᠯᠠᠮᠵᠢᠯᠠᠯᠲᠤ ᠬᠤᠪᠴᠠᠰᠤ ᠵᠠᠰᠠᠯ ᠡᠮᠦᠰᠦᠭᠰᠡᠨ ᠲᠣᠭᠯᠠᠭ᠍ᠴᠢᠳ ᠦᠵᠡᠭᠦᠯᠭᠡ ᠶ᠋ᠢᠨ ᠲᠢᠩᠬᠢᠮ ᠤ᠋ᠨ ᠬᠣᠭᠣᠷᠣᠨᠳᠤ ᠰᠦᠯᠵᠢᠯᠳᠦᠨ ᠂ ᠦᠵᠡᠭᠴᠢᠳ ᠲᠠᠢ ᠳᠣᠲᠣᠨᠣ᠌ ᠪᠠᠷ ᠶᠠᠷᠢᠯᠴᠠᠵᠤ᠂ ᠦᠵᠡᠭᠴᠢᠳ ᠢ᠋ ᠳᠠᠭᠠᠭᠤᠯᠤᠨ ᠳᠤᠮᠳᠠᠳᠤ ᠶ᠋ᠢᠨ ᠤᠯᠠᠮᠵᠢᠯᠠᠯᠲᠤ ᠰᠣᠶᠣᠯ ᠤ᠋ᠨ ᠭᠦᠨ ᠵᠤᠵᠠᠭᠠᠨ ᠠᠭᠤᠯᠤᠭᠳᠠᠬᠤᠨ ᠢ᠋ ᠮᠡᠳᠡᠷᠡᠭᠦᠯᠪᠡ; ᠰᠠᠨᠰᠠᠷ ᠤ᠋ᠨ ᠠᠶᠠᠯᠠᠯ ᠤ᠋ᠨ ᠭᠠᠷ ᠤᠷᠠᠯᠠᠯ᠂ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠨᠢᠭᠤᠴᠠ ᠵᠢ ᠬᠠᠢᠬᠤ᠂ ᠡᠷᠲᠡᠨ ᠤ᠋ ᠠᠮᠢᠳᠤ ᠪᠣᠳᠠᠰ ᠤ᠋ᠨ ᠵᠢᠷᠤᠭᠲᠤ ᠳᠡᠪᠲᠡᠷ ᠢ᠋ ᠬᠠᠮᠲᠤ ᠪᠠᠷ ᠤᠩᠰᠢᠬᠤ ᠵᠡᠷᠭᠡ ᠪᠡᠶᠡᠴᠢᠯᠡᠨ ᠣᠢᠯᠠᠭᠠᠬᠤ ᠠᠵᠢᠯᠯᠠᠭ᠎ᠠ ᠨᠢ ᠪᠦᠬᠦ ᠨᠠᠰᠤᠨ ᠤ᠋ ᠬᠥᠮᠥᠰ ᠢ᠋ ᠬᠠᠮᠤᠷᠴᠠᠢ᠃
ᠥᠪᠥᠷ ᠮᠣᠩᠭᠣᠯ ᠤ᠋ᠨ ᠮᠦᠽᠧᠢ ᠢᠮᠠᠭᠳᠠ ᠰᠣᠶᠣᠯ ᠢ᠋ᠶ᠋ᠠᠷ ᠠᠷᠠᠳ ᠲᠦ᠍ ᠠᠰᠢᠭ᠋ ᠬᠦᠷᠲᠡᠭᠡᠬᠦ ᠪᠡᠷ ᠤᠭ ᠰᠠᠨᠠᠭ᠎ᠠ ᠪᠠᠨ ᠪᠣᠯᠭᠠᠵᠤ᠂ ᠮᠦᠽᠧᠢ ᠳ᠋ᠦ ᠬᠠᠳᠠᠭᠠᠯᠠᠭᠳᠠᠵᠤ ᠪᠠᠢᠭ᠎ᠠ ᠡᠬᠢ ᠪᠠᠶᠠᠯᠢᠭ᠋ ᠢ᠋ ᠠᠮᠢᠯᠠᠭᠤᠯᠤᠨ᠂ ᠦᠢᠯᠡᠴᠢᠯᠡᠭᠡᠨ ᠤ᠋ ᠬᠡᠯᠪᠡᠷᠢ ᠶ᠋ᠢᠨ ᠰᠢᠨ᠎ᠡ ᠵᠢ ᠡᠭᠦᠳᠴᠦ᠂ ᠲᠡᠦᠬᠡ ᠶ᠋ᠢᠨ ᠲᠤᠷᠠᠰᠬᠠᠯᠳᠦ ᠵᠦᠢᠯᠡᠰ ᠢ᠋ ᠰᠤᠨᠢᠷᠬᠠᠬᠤ ᠳᠤᠮᠳᠠ ᠰᠣᠶᠣᠯ ᠤ᠋ᠨ ᠢᠲᠡᠭᠡᠯ ᠢ᠋ᠶ᠋ᠡᠨ ᠪᠠᠲᠤᠳᠬᠠᠨ᠂ ᠰᠣᠶᠣᠯ ᠢ᠋ ᠤᠯᠠᠮᠵᠢᠯᠠᠨ ᠵᠠᠯᠭᠠᠮᠵᠢᠯᠠᠬᠤ ᠳᠤᠮᠳᠠ ᠤᠷᠤᠭᠰᠢᠯᠠᠨ ᠲᠠᠪᠰᠢᠬᠤ ᠬᠦᠴᠦᠨ ᠴᠢᠳᠠᠯ ᠢ᠋ ᠨᠢᠭ᠍ᠲᠠᠷᠠᠭᠤᠯᠵᠤ᠂ ᠮᠦᠽᠧᠢ ᠵᠢ ᠦᠨᠡᠨ ᠬᠦ᠌ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠪᠠᠳᠠᠷᠠᠭᠤᠯᠬᠤ᠂ ᠤᠯᠤᠰ ᠢ᠋ᠶ᠋ᠠᠨ ᠬᠠᠢᠷᠠᠯᠠᠬᠤ ᠦᠵᠡᠯ ᠤ᠋ᠨ ᠵᠣᠷᠢᠭ᠋ ᠰᠠᠨᠠᠭ᠎ᠠ ᠵᠢ ᠤᠯᠠᠮᠵᠢᠯᠠᠬᠤ ᠤᠯᠠᠨ ᠨᠡᠶ᠋ᠢᠲᠡ ᠶ᠋ᠢᠨ ᠰᠣᠶᠣᠯ ᠤ᠋ᠨ ᠵᠢᠭ᠍ᠰᠠᠭᠠᠯ ᠤ᠋ᠨ ᠭᠠᠵᠠᠷ ᠪᠣᠯᠭᠠᠨ ᠴᠣᠭᠴᠠᠯᠠᠵᠤ᠂ ᠪᠦᠬᠦ ᠣᠷᠣᠨ ᠤ᠋ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠢ ᠬᠥᠭᠵᠢᠯᠲᠡ ᠳ᠋ᠦ ᠰᠣᠶᠣᠯ ᠤ᠋ᠨ ᠦᠵᠡᠰᠬᠦᠯᠡᠩ ᠤ᠋ᠨ ᠬᠥᠳᠡᠯᠭᠡᠬᠦ ᠡᠨᠧᠷᠭᠢ ᠨᠡᠮᠡᠷᠢᠯᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃