ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-10-09 11:17:09

ᠵᠣᠬᠢᠶᠠᠭ᠍ᠴᠢ᠄ ᠬᠦᠭᠵᠢᠯᠲᠦ ᠣᠩᠱᠢᠭ᠍ᠰᠠᠨ ᠣᠳᠠᠭ᠎ᠠ᠄ 3

ᠡᠨᠡ ᠵᠢᠯ ᠤ᠋ᠨ ᠤᠯᠤᠰ ᠤ᠋ᠨ ᠪᠠᠶᠠᠷ ᠤ᠋ᠨ ᠠᠮᠠᠷᠠᠯᠲᠠ ᠵᠢᠨ ᠬᠤᠭᠤᠴᠠᠭᠠᠨ ᠳ᠋ᠦ ᠮᠠᠨ ᠤ᠋ ᠣᠷᠣᠨ ᠤ᠋ ᠰᠣᠶᠣᠯ ᠵᠢᠭᠤᠯᠴᠢᠯᠠᠯ ᠤ᠋ᠨ ᠰᠠᠯᠠᠭ᠎ᠠ ᠮᠦᠴᠢᠷ ᠤ᠋ᠨ ᠬᠢᠨ ᠠᠯᠲᠠᠨ ᠨᠠᠮᠤᠷ ᠤ᠋ᠨ ᠠᠮᠢ ᠠᠬᠤᠢ ᠶ᠋ᠢᠨ ᠦᠪᠡᠷᠮᠢᠴᠡ ᠳᠠᠪᠠᠭᠤᠯᠢᠭ ᠪᠣᠯᠣᠨ ᠵᠠᠩ ᠦᠶ᠋ᠯᠡ ᠰᠣᠶᠣᠯ ᠤ᠋ᠨ ᠡᠬᠢ ᠪᠠᠶᠠᠯᠢᠭ᠋ ᠲᠠᠭᠠᠨ ᠰᠠᠭᠤᠷᠢᠯᠠᠨ᠂ 604 ᠵᠦᠢᠯ ᠤ᠋ᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠦᠷᠨᠢᠬᠦᠯᠵᠦ᠂ ᠤᠯᠤᠰ ᠤ᠋ᠨ ᠳᠣᠲᠣᠭᠠᠳᠤ ᠶ᠋ᠢᠨ ᠵᠢᠭᠤᠯᠴᠢᠯᠠᠭ᠍ᠴᠢ ᠵᠢ 2489.22 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 12.39% ᠪᠠᠷ ᠨᠡᠮᠡᠭᠳᠡᠪᠡ; ᠤᠯᠤᠰ ᠤ᠋ᠨ ᠲᠤᠳᠤᠭᠠᠳᠤ ᠵᠢᠨ ᠵᠢᠭᠤᠯᠴᠢᠯᠠᠭᠰᠠᠳ ᠤ᠋ᠨ ᠦᠪᠤᠷ ᠮᠤᠩᠭᠤᠯ ᠳ᠋ᠡᠬᠢ ᠬᠡᠷᠡᠭᠯᠡᠬᠡᠨ ᠎ᠤ ᠶᠡᠷᠤᠩᠬᠡᠢ ᠵᠠᠷᠤᠳᠠᠯ 174.73 ᠳ᠋ᠦᠩᠰᠢᠭᠤᠷ ᠲᠥᠭᠥᠷᠢᠭ ᠲᠸ᠋ ᠬᠦᠷᠴᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 12.91% ᠪᠡᠷ ᠨᠡᠮᠡᠭᠳᠡᠵᠡᠢ᠃

ᠮᠠᠨ ᠤ᠋ ᠤᠷᠤᠨ ᠤ᠋ ᠰᠣᠶᠣᠯ ᠵᠢᠭᠤᠯᠴᠢᠯᠠᠯ ᠤ᠋ᠨ ᠰᠠᠯᠠᠭ᠎ᠠ ᠮᠦᠴᠢᠷ ᠤ᠋ᠨ ᠬᠢᠨ ᠦᠢᠯᠡᠳᠬᠦᠨ ᠤ᠋ ᠬᠠᠩᠭᠠᠯᠭ᠎ᠠ᠂ ᠠᠷᠠᠳ ᠲᠦ᠍ ᠠᠰᠢᠭ᠋ ᠬᠦᠷᠲᠡᠭᠡᠬᠦ ᠠᠷᠭ᠎ᠠ ᠬᠡᠮᠵᠢᠶ᠎ᠡ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠵᠢ ᠨᠢᠭᠡᠳᠦᠯᠲᠡᠢ ᠲᠥᠯᠥᠪᠵᠢᠭᠦᠯᠦᠭᠰᠡᠨ ᠡᠴᠡ ᠪᠥᠬᠥ ᠣᠷᠣᠨ ᠤ᠋ ᠰᠣᠶᠣᠯ ᠵᠢᠭᠤᠯᠴᠢᠯᠠᠯ ᠤ᠋ᠨ ᠵᠠᠬ᠎ᠠ ᠳᠡᠯᠭᠡᠭᠦᠷ ᠤᠨᠴᠠ ᠵᠢᠨ ᠬᠦᠭᠵᠢᠶᠡᠨ ᠳᠡᠢ ᠪᠤᠯᠵᠠᠢ᠃ ᠢᠯᠠᠩᠭᠤᠶ᠎ᠠ ᠰᠤᠶᠤᠯ ᠤ᠋ᠨ ᠪᠡᠶᠡᠴᠢ ᠤᠢᠯᠠᠭᠠᠯᠳᠠ ᠵᠢ ᠭᠤᠤᠯᠴᠢᠯᠠᠨ ᠬᠢᠵᠤ᠂ ᠠᠷᠠᠳ ᠤ᠋ᠨ ᠵᠠᠩ ᠦᠶ᠋ᠯᠡ ᠰᠣᠶᠣᠯ᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠡᠬᠢ ᠪᠠᠶᠠᠯᠢᠭ ᠢ᠋ ᠭᠦᠨᠵᠡᠭᠡᠢ ᠠᠭᠤᠳᠠᠯᠤᠨ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠦᠵᠡᠮᠵᠢ ᠶ᠋ᠢᠨ ᠣᠷᠣᠨ᠂ ᠵᠡᠭᠡᠯᠢ ᠭᠤᠳᠤᠮᠵᠢ ᠪᠠ ᠬᠤᠳᠠᠯᠳᠤᠭᠠᠨ ᠤ᠋ ᠲᠣᠭᠣᠷᠢᠭ᠋ ᠲᠦ᠍ ᠣᠷᠣᠭᠤᠯᠵᠤ᠂ ᠨᠢᠭᠡ ᠪᠦᠯᠦᠭ ᠣᠢᠯᠠᠭᠠᠮᠵᠢᠲᠠᠢ ᠮᠦᠷᠳᠡᠬᠡᠨ ᠣᠷᠣᠯᠴᠠᠵᠤ ᠪᠣᠯᠬᠤᠢᠴᠠ ᠰᠣᠶᠣᠯ ᠵᠢᠭᠤᠯᠴᠢᠯᠠᠯ ᠤ᠋ᠨ ᠠᠬᠤᠢ ᠪᠠᠢᠳᠠᠯ ᠢ᠋ ᠪᠣᠶ ᠪᠣᠯᠭᠠᠨ᠂ ᠤᠯᠠᠮᠵᠢᠯᠠᠯᠲᠤ ᠰᠣᠶᠣᠯ ᠤ᠋ᠨ ᠠᠮᠢᠳᠤᠯᠢᠭ᠋ ᠪᠠᠢᠳᠠᠯ ᠢ᠋ ᠢᠯᠡᠷᠡᠭᠦᠯᠪᠡ; ᠡᠯ᠎ᠡ ᠭᠠᠵᠠᠷ ᠤ᠋ᠨ ᠬᠢᠨ ᠬᠤᠪᠢᠰᠬᠠᠯ ᠤ᠋ᠨ ᠲᠡᠦᠬᠡ ᠪᠤᠯᠤᠨ ᠤᠯᠤᠰ ᠵᠢᠡᠨ ᠬᠠᠢᠷᠠᠯᠠᠬᠤ ᠭᠣᠣᠯ ᠰᠡᠳᠦᠪ ᠢ᠋ ᠰᠣᠶᠣᠯ ᠦᠵᠡᠰᠬᠦᠯᠡᠩ᠂ ᠪᠣᠳᠠᠲᠤ ᠦᠵᠡᠮᠵᠢ ᠶ᠋ᠢᠨ ᠲᠣᠭᠯᠠᠯᠲᠠ ᠳ᠋ᠦ ᠠᠭᠤᠰᠤᠯᠴᠠᠭᠤᠯᠵᠤ᠂ ᠵᠡᠭᠡᠯᠢ ᠭᠤᠳᠤᠮᠵᠢ ᠳ᠋ᠤ ᠬᠢᠯᠪᠡᠭᠡᠨ ᠲᠤᠭᠯᠠᠯᠳᠠ ᠭᠠᠷᠭᠠᠨ᠂ ᠵᠢᠭᠤᠯᠴᠢᠯᠠᠭᠰᠠᠳ ᠲᠦ᠍ ᠲᠣᠭᠣᠷᠢᠨ ᠦᠵᠡᠵᠦ ᠪᠡᠶᠡᠴᠢᠯᠡᠨ ᠣᠢᠯᠠᠭᠠᠬᠤ ᠳᠤᠮᠳᠠ ᠲᠡᠦᠬᠡ ᠵᠢ ᠣᠢᠯᠠᠭᠠᠭᠤᠯᠵᠤ᠂ ᠤᠯᠤᠰ ᠭᠡᠷ ᠤ᠋ᠨ ᠬᠠᠢᠷ᠎ᠠ ᠰᠡᠳᠬᠢᠯᠭᠡ ᠵᠢ ᠵᠤᠵᠠᠭᠠᠳᠬᠠᠨ᠂ ᠰᠣᠶᠣᠯ ᠵᠢᠭᠤᠯᠴᠢᠯᠠᠯ ᠤ᠋ᠨ ᠪᠡᠶᠡᠴᠢ ᠣᠢᠯᠠᠭᠠᠯᠲᠠ ᠪᠣᠯᠣᠨ ᠤᠯᠤᠰ ᠵᠢᠡᠨ ᠬᠠᠢᠷᠠᠯᠠᠬᠤ ᠦᠵᠡᠯ ᠤ᠋ᠨ ᠬᠥᠮᠦᠵᠢᠯ ᠤ᠋ᠨ ᠬᠣᠣᠰ ᠴᠢᠭᠯᠡᠯᠲᠦ ᠦᠷ᠎ᠡ ᠠᠰᠢᠭ ᠢ᠋ ᠪᠡᠶᠡᠯᠡᠭᠦᠯᠪᠡ; ᠪᠦᠬᠦ ᠣᠷᠣᠨ ᠤ᠋ ᠡᠯ᠎ᠡ ᠱᠠᠲᠤᠨ ᠤ᠋ ᠨᠣᠮ ᠤ᠋ᠨ ᠰᠠᠩ᠂ ᠰᠣᠶᠣᠯ ᠤ᠋ᠨ ᠣᠷᠳᠣᠨ ᠪᠠ ᠮᠦᠽᠧᠢ ᠬᠠᠮᠵᠢᠯᠴᠠᠨ ᠬᠦᠴᠦᠯᠡᠵᠦ᠂ ᠤᠯᠠᠨ ᠨᠡᠶ᠋ᠢᠲᠡ ᠶ᠋ᠢᠨ ᠰᠣᠶᠣᠯ ᠤ᠋ᠨ ᠲᠠᠯᠠᠪᠤᠷ ᠤ᠋ᠨ ᠬᠠᠩᠭᠠᠯᠭ᠎ᠠ ᠵᠢ ᠰᠢᠯᠢᠳᠡᠭᠵᠢᠭᠦᠯᠤᠨ᠂ ᠰᠣᠶᠣᠯ ᠦᠵᠡᠰᠬᠦᠯᠡᠩ ᠪᠠ ᠨᠣᠮ ᠤᠩᠰᠢᠯᠭ᠎ᠠ᠎ᠶᠢᠨ ᠠᠵᠢᠯᠯᠠᠭ᠎ᠠ ᠭᠣᠢᠳᠠ ᠰᠠᠢᠬᠠᠨ ᠶᠠᠪᠤᠭᠳᠠᠵᠠᠢ᠃ ᠡᠬᠦᠨ ᠤ᠋ ᠬᠠᠮᠳᠤ ᠡᠯ᠎ᠡ ᠠᠢᠮᠠᠭ ᠬᠣᠲᠠ ᠶ᠋ᠢᠨ ᠬᠢᠨ ᠪᠠᠰᠠ ᠠᠷᠠᠳ ᠲᠦ᠍ ᠠᠰᠢᠭ᠋ ᠬᠦᠷᠲᠡᠭᠡᠬᠦ ᠵᠢ ᠪᠠᠷᠢᠮᠲᠠᠯᠠᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭᠯᠡᠨ ᠰᠣᠶᠣᠯ ᠵᠢᠭᠤᠯᠴᠢᠯᠠᠯ ᠤ᠋ᠨ ᠬᠡᠷᠡᠭᠯᠡᠭᠡ ᠵᠢ ᠪᠦᠳᠦᠮᠵᠢᠳᠠᠢ ᠬᠥᠭᠵᠢᠭᠡᠪᠠ᠃

ᠤᠯᠤᠰ ᠤ᠋ᠨ ᠪᠠᠶᠠᠷ ᠠᠮᠠᠷᠠᠯᠳᠠ ᠪᠡᠷ ᠦᠪᠤᠷ ᠮᠤᠩᠭᠤᠯ ᠤ᠋ᠨ ᠰᠣᠶᠣᠯ ᠵᠢᠭᠤᠯᠴᠢᠯᠠᠯ ᠤ᠋ᠨ ᠲᠥᠷᠥᠯ ᠲᠡᠮᠳᠡᠭ ᠤ᠋ᠨ ᠠᠯᠳᠠᠷᠰᠢᠯ ᠬᠢᠭᠡᠳ ᠨᠥᠯᠥᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠵᠦ᠂ ᠥᠪᠥᠷ ᠮᠣᠩᠭᠣᠯ ᠶᠠᠭ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠵᠢᠭᠤᠯᠴᠢᠯᠠᠭ᠍ᠰᠠᠳ ᠤ᠋ᠨ ᠰᠡᠳᠬᠢᠯ ᠳ᠋ᠡᠬᠢ 《ᠢᠷᠡᠬᠦ ᠳᠤᠷᠠᠲᠠᠢ᠂ ᠬᠤᠷᠭᠤᠳᠠᠨ ᠵᠤᠭᠠᠯᠠᠬᠤ ᠲᠤᠷᠠᠳᠠᠢ᠂ ᠳᠠᠬᠢᠨ ᠢᠷᠡᠬᠦ ᠪᠤᠳᠤᠯ ᠲᠠᠢ》 ᠴᠢᠨᠠᠷ ᠰᠠᠢᠲᠠᠢ ᠵᠢᠭᠤᠯᠴᠢᠯᠠᠯ ᠤ᠋ᠨ ᠵᠣᠷᠢᠯᠳᠠᠳᠦ ᠭᠠᠵᠠᠷ ᠪᠣᠯᠵᠤ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面