2026-10-22 11:26:54
ᠣᠯᠠᠨ ᠲᠦᠮᠡᠨ ᠤ᠋ ᠠᠮᠠᠷᠠᠯᠲᠠ ᠶ᠋ᠢᠨ ᠡᠳᠦᠷ ᠤ᠋ᠨ ᠰᠣᠶᠣᠯ ᠤ᠋ᠨ ᠠᠮᠢᠳᠤᠷᠠᠯ ᠢ᠋ ᠪᠠᠶᠠᠯᠢᠭ᠍ᠵᠢᠭᠤᠯᠬᠤ ᠶ᠋ᠢᠨ ᠲᠥᠯᠥᠭᠡ᠂ ᠪᠥᠬᠥ ᠣᠷᠣᠨ ᠤ᠋ ᠡᠯ᠎ᠡ ᠱᠠᠲᠤᠨ ᠤ᠋ ᠮᠦᠽᠧᠢ ᠨᠢ ᠠᠮᠠᠷᠠᠯᠳᠠ ᠶ᠋ᠢᠨ ᠡᠳᠦᠷ ᠲᠦ᠍ ᠵᠤᠷᠢᠭᠤᠯᠤᠨ᠂ ᠠᠯᠢ ᠣᠯᠠᠨ ᠭᠣᠣᠯ ᠰᠡᠳᠦᠪ ᠨᠢ ᠢᠯᠡ ᠲᠣᠳᠣ᠌᠂ ᠠᠭᠤᠯᠭ᠎ᠠ ᠨᠢ ᠪᠠᠶᠠᠯᠢᠭ᠋᠂ ᠬᠡᠯᠪᠡᠷᠢ ᠨᠢ ᠰᠢᠨ᠎ᠡ ᠰᠣᠷᠭᠣᠭ ᠭᠣᠣᠯ ᠰᠡᠳᠦᠪᠲᠦ ᠦᠵᠡᠭᠦᠯᠭᠡ ᠭᠠᠷᠭᠠᠵᠤ᠂ ᠤᠯᠤᠰ ᠤ᠋ᠨ ᠪᠠᠶᠠᠷ ᠤ᠋ᠨ ᠠᠮᠠᠷᠠᠯᠳᠠ ᠳ᠋ᠦ 55.36 ᠲᠦᠮᠡᠨ ᠦᠵᠡᠭᠴᠢ ᠵᠢ ᠬᠦᠯᠢᠶᠡᠨ ᠠᠪᠴᠤ᠂ ᠦᠵᠡᠭᠴᠢᠳ ᠲᠦ᠍ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠤ᠋ᠨ ᠥᠷᠭᠡᠨ ᠳᠡᠯᠭᠡᠷ ᠭᠦᠨ ᠭᠦᠨᠵᠡᠭᠡᠢ ᠵᠢ ᠪᠡᠶᠡᠴᠢᠯᠡᠨ ᠣᠢᠯᠠᠭᠠᠭᠤᠯᠵᠠᠢ᠃
ᠥᠪᠥᠷ ᠮᠣᠩᠭᠣᠯ ᠤ᠋ᠨ ᠮᠦᠽᠧᠢ 《ᠤᠷᠠᠨ ᠨᠠᠷᠢᠯᠢᠭ᠋ ᠾᠦᠢᠵᠸᠦ ᠶ᠋ᠢᠨ ᠡᠷᠲᠡᠨ ᠤ᠋ ᠪᠠᠷᠢᠯᠭ᠎ᠠ ᠶ᠋ᠢᠨ ᠰᠣᠶᠣᠯ ᠤ᠋ᠨ ᠦᠵᠡᠭᠦᠯᠭᠡ》 ᠭᠠᠷᠭᠠᠵᠤ᠂ ᠡᠷᠲᠡᠨ ᠤ᠋ ᠾᠦᠢᠵᠸᠦ ᠶ᠋ᠢᠨ ᠠᠭᠤᠯᠠ ᠲᠦᠰᠢᠵᠦ ᠪᠠᠢᠭᠤᠯᠤᠭᠰᠠᠨ᠂ ᠤᠰᠤ ᠳᠠᠭᠠᠵᠤ ᠰᠠᠭᠤᠷᠢᠰᠢᠭ᠍ᠰᠠᠨ ᠣᠶᠤᠨ ᠤᠬᠠᠭᠠᠨ ᠢ᠋ ᠠᠮᠢᠳᠤᠯᠢᠭ᠋ ᠢ᠋ᠶ᠋ᠠᠷ ᠳᠡᠯᠭᠡᠨ ᠦᠵᠡᠭᠦᠯᠵᠡᠢ; ᠣᠷᠳᠣᠰ ᠬᠤᠳᠠ ᠶ᠋ᠢᠨ ᠮᠦᠽᠧᠢ ᠮᠠ ᠠᠨ ᠱᠠᠨ ᠬᠤᠳᠠ ᠶ᠋ᠢᠨ ᠮᠦᠽᠧᠢ ᠲᠠᠢ ᠬᠣᠯᠪᠤᠭᠠᠯᠠᠨ 《ᠳᠤᠮᠳᠠᠳᠤ ᠤᠯᠤᠰ ᠤ᠋ᠨ ᠭᠡᠷ᠎ᠡ — ᠣᠷᠳᠣᠰ ᠬᠤᠳᠠ ᠮᠠ ᠠᠨ ᠱᠠᠨ ᠬᠤᠳᠠ ᠶ᠋ᠢᠨ ᠭᠡᠷ᠎ᠡ ᠶ᠋ᠢᠨ ᠬᠣᠪᠣᠷ ᠦᠨᠡᠲᠦ ᠵᠦᠢᠯᠡᠰ ᠤ᠋ᠨ ᠦᠵᠡᠭᠦᠯᠭᠡ》 ᠭᠠᠷᠭᠠᠵᠤ᠂ ᠬᠣᠪᠣᠷ ᠨᠠᠨᠳᠢᠨ ᠤᠯᠠᠨ ᠦᠶ᠎ᠡ ᠶ᠋ᠢᠨ ᠭᠡᠷ᠎ᠡ ᠶ᠋ᠢᠨ ᠦᠯᠡᠳᠡᠭᠳᠡᠯ ᠢ᠋ᠶ᠋ᠡᠷ ᠠᠴᠢᠶᠠᠯᠠᠪᠤᠷᠢ ᠪᠣᠯᠭᠠᠨ ᠳᠤᠮᠳᠠᠳᠤ ᠶ᠋ᠢᠨ ᠦᠨᠳᠦᠰᠦᠲᠡᠨ ᠤ᠋ ᠦᠨᠡᠨᠴᠢ ᠢᠲᠡᠭᠡᠮᠵᠢᠲᠡᠢ ᠨᠥᠬᠥᠷᠰᠡᠭ᠂ ᠡᠶ᠎ᠡ ᠵᠣᠬᠢᠴᠠᠩᠭᠤᠢ ᠤᠯᠠᠮᠵᠢᠯᠠᠯᠲᠤ ᠰᠤᠷᠲᠠᠯ ᠢ᠋ ᠭᠦᠨᠵᠡᠭᠡᠢ ᠲᠠᠢᠯᠪᠤᠷᠢᠯᠠᠪᠠ; ᠯᠢᠶᠣᠤ ᠤᠯᠤᠰ ᠤ᠋ᠨ ᠳᠡᠭᠡᠳᠦ ᠨᠡᠢᠰᠯᠡᠯ ᠤ᠋ᠨ ᠮᠦᠽᠧᠢ 《ᠶᠢᠩ ᠰᠢᠶᠠᠨ ᠤ᠋ ᠮᠣᠳᠣᠨ ᠰᠤᠪᠤᠷᠭ᠎ᠠ — ᠮᠢᠩᠭᠠᠨ ᠣᠨ ᠤ᠋ ᠮᠣᠳᠣᠨ ᠪᠠᠷᠢᠯᠭ᠎ᠠ ᠶ᠋ᠢᠨ ᠪᠦᠲᠦᠴᠡ ᠶ᠋ᠢᠨ ᠭᠠᠢᠬᠠᠮᠰᠢᠭ᠋ ᠪᠠ ᠴᠤᠤᠷᠢᠶ᠎ᠠ》 ᠲᠤᠰᠬᠠᠢ ᠰᠡᠳᠦᠪᠲᠦ ᠦᠵᠡᠭᠦᠯᠭᠡ ᠭᠠᠷᠭᠠᠵᠤ᠂ ᠱᠠᠨ ᠰᠢ ᠬᠢᠭᠡᠳ ᠥᠪᠥᠷ ᠮᠣᠩᠭᠣᠯ ᠤ᠋ᠨ ᠰᠣᠶᠣᠯ ᠢ᠋ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠬᠥᠭᠥᠷᠭᠡ ᠵᠢ ᠪᠠᠢᠭᠤᠯᠪᠠ᠃
ᠪᠥᠬᠥ ᠣᠷᠣᠨ ᠤ᠋ ᠡᠯ᠎ᠡ ᠱᠠᠲᠤᠨ ᠤ᠋ ᠮᠦᠽᠧᠢ ᠬᠠᠳᠠᠭᠠᠯᠠᠯᠲᠠ ᠶ᠋ᠢᠨ ᠣᠨᠴᠠᠯᠢᠭ᠋ ᠲᠠᠭᠠᠨ ᠰᠠᠭᠤᠷᠢᠯᠠᠨ ᠠᠯᠢ ᠣᠯᠠᠨ ᠬᠠᠷᠢᠯᠴᠠᠨ ᠬᠥᠳᠡᠯᠦᠯᠴᠡᠬᠦ ᠮᠠᠶᠢᠭ᠋ ᠤ᠋ᠨ ᠨᠡᠢᠭᠡᠮ ᠤ᠋ᠨ ᠰᠤᠷᠭᠠᠨ ᠬᠥᠮᠦᠵᠢᠯ ᠤ᠋ᠨ ᠠᠵᠢᠯᠯᠠᠭ᠎ᠠ ᠥᠷᠨᠢᠭᠦᠯᠵᠦ᠂ ᠮᠡᠳᠡᠯᠭᠡ ᠶ᠋ᠢᠨ ᠴᠢᠨᠠᠷ᠂ ᠰᠣᠨᠢᠷᠬᠠᠯᠲᠤ ᠴᠢᠨᠠᠷ ᠪᠠ ᠰᠤᠷᠭᠠᠨ ᠬᠥᠮᠥᠵᠢᠭᠦᠯᠬᠦ ᠴᠢᠨᠠᠷ ᠢ᠋ ᠬᠠᠮᠲᠤ ᠳ᠋ᠤᠨᠢ ᠬᠠᠷᠠᠭᠠᠯᠵᠠᠨ᠂ ᠠᠳᠠᠯᠢ ᠪᠤᠰᠤ ᠨᠠᠰᠤᠨ ᠤ᠋ ᠬᠦᠮᠦᠰ ᠢ᠋ ᠲᠡᠦᠬᠡ ᠰᠤᠷᠤᠯᠴᠠᠭᠤᠯᠵᠤ᠂ ᠦᠢᠯᠡᠳᠦᠯᠭᠡ ᠶ᠋ᠢᠨ ᠳᠤᠮᠳᠠ ᠤᠭ ᠰᠠᠨᠠᠭ᠎ᠠ ᠵᠢ ᠨᠢ ᠣᠢᠯᠠᠭᠠᠭᠤᠯᠪᠠ᠃ ᠬᠤᠩᠱᠠᠨ ᠰᠣᠶᠣᠯ ᠤ᠋ᠨ ᠮᠦᠽᠧᠢ 《ᠵᠠᠭᠤᠨ ᠵᠢᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠮᠢᠩᠭᠠᠨ ᠣᠨ ᠤ᠋ ᠰᠣᠶᠣᠯ ᠢ᠋ ᠤᠯᠠᠮᠵᠢᠯᠠᠬᠤ》 ᠣᠨᠴᠠᠯᠢᠭ᠍ᠲᠤ ᠨᠡᠢᠭᠡᠮ ᠤ᠋ᠨ ᠬᠥᠮᠦᠵᠢᠯ ᠤ᠋ᠨ ᠠᠵᠢᠯᠯᠠᠭ᠎ᠠ ᠥᠷᠨᠢᠭᠦᠯᠵᠦ᠂ ᠲᠣᠭᠣᠷᠢᠭ᠋ ᠬᠥᠰᠢᠭᠡᠳᠦ ᠺᠢᠨᠣ᠋᠂VR᠂ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠭᠠᠷ ᠤᠷᠠᠯᠠᠯ ᠤ᠋ᠨ ᠬᠢᠴᠢᠶᠡᠯ ᠤ᠋ᠨ ᠲᠠᠩᠬᠢᠮ ᠵᠡᠷᠭᠡ ᠣᠯᠠᠨ ᠵᠦᠢᠯ ᠤ᠋ᠨ ᠬᠡᠯᠪᠡᠷᠢ ᠪᠡᠷ ᠬᠤᠩᠱᠠᠨ ᠰᠣᠶᠣᠯ ᠢ᠋ ᠮᠡᠳᠡᠷᠡᠬᠦᠯᠪᠡ; ᠲᠦᠩᠯᠢᠶᠣᠣ ᠬᠤᠳᠠ ᠶ᠋ᠢᠨ ᠰᠣᠶᠣᠯ ᠤ᠋ᠨ ᠮᠦᠽᠧᠢ ᠶ᠋ᠢᠨ ᠬᠦᠷᠢᠶᠡᠯᠡᠩ 《ᠬᠤᠪᠢᠰᠬᠠᠯ ᠤ᠋ᠨ ᠵᠤᠷᠢᠭ ᠰᠠᠨᠠᠭ᠎ᠠ ᠪᠡᠷ ᠢᠷᠠᠭᠤ ᠬᠠᠭᠤᠳᠠᠰᠤ ᠵᠢ ᠪᠢᠴᠢᠭᠯᠡᠵᠦ ᠬᠡᠦᠬᠡᠳ ᠤ᠋ᠨ ᠰᠡᠳᠬᠢᠯ ᠳ᠋ᠦ ᠤᠷᠳᠤ ᠵᠠᠮ ᠤ᠋ᠨ ᠠᠶᠠᠨ ᠲᠠᠢ᠍ᠢᠨ ᠢ᠋ ᠮᠡᠳᠡᠷᠡᠬᠦᠯᠬᠦ》 ᠬᠤᠪᠢᠰᠬᠠᠯ ᠤ᠋ᠨ ᠭᠣᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠵᠦ᠂ ᠬᠤᠪᠢᠰᠬᠠᠯ ᠤ᠋ᠨ ᠬᠢᠴᠢᠶᠡᠯ ᠤ᠋ᠨ ᠲᠠᠩᠬᠢᠮ᠂ ᠳᠤᠷ᠎ᠠ ᠰᠣᠨᠢᠷᠬᠠᠯ ᠢ᠋ᠶ᠋ᠠᠷ ᠪᠢᠯᠬᠠᠮ᠎ᠠ ᠬᠤᠷᠰᠢᠯ ᠲᠣᠭᠯᠠᠭᠠᠮ᠂ ᠪᠦᠲᠦᠭᠡᠯᠴᠢ ᠰᠡᠳᠬᠢᠮᠵᠢ ᠪᠡᠷ ᠪᠢᠯᠬᠠᠮ᠎ᠠ ᠬᠤᠪᠢᠰᠬᠠᠯ ᠤ᠋ᠨ ᠭᠠᠷ ᠤᠷᠠᠯᠠᠯ ᠢ᠋ᠶ᠋ᠠᠷ ᠳᠠᠮᠵᠢᠨ ᠬᠤᠪᠢᠰᠬᠠᠯ ᠤ᠋ᠨ ᠣᠨ ᠰᠠᠷ᠎ᠠ ᠵᠢ ᠡᠷᠭᠢᠴᠡᠭᠦᠯᠵᠦ᠂ ᠬᠤᠪᠢᠰᠬᠠᠯ ᠤ᠋ᠨ ᠤᠳᠤᠮᠰᠢᠯ ᠢ᠋ ᠤᠯᠠᠮᠵᠢᠯᠠᠨ ᠵᠠᠯᠭᠠᠮᠵᠢᠯᠠᠵᠠᠢ᠃
ᠪᠥᠬᠥ ᠣᠷᠣᠨ ᠤ᠋ ᠡᠯ᠎ᠡ ᠱᠠᠲᠤᠨ ᠤ᠋ ᠮᠦᠽᠧᠢ ᠤᠷᠢᠳᠴᠢᠯᠠᠨ ᠪᠠᠢᠷᠢᠯᠠᠭᠤᠯᠵᠤ᠂ ᠨᠠᠷᠢᠨ ᠨᠢᠮᠪᠠᠢ ᠪᠡᠯᠡᠳᠬᠡᠨ᠂ ᠠᠮᠤᠷ ᠲᠦᠪᠰᠢᠨ ᠤ᠋ ᠪᠠᠢᠴᠠᠭᠠᠯᠲᠠ ᠵᠢ ᠨᠡᠶ᠋ᠢᠲᠡ 200 ᠰᠢᠬᠠᠮ ᠤᠳᠠᠭ᠎ᠠ ᠬᠢᠵᠦ᠂ ᠡᠬᠡ ᠨᠢᠯᠬᠠᠰ ᠤ᠋ᠨ ᠥᠷᠥᠭᠡ᠂ ᠰᠠᠭᠠᠳ ᠦᠭᠡᠢ ᠨᠡᠪᠲᠡᠷᠡᠬᠦ ᠵᠠᠮ ᠵᠡᠷᠭᠡ ᠣᠯᠠᠨ ᠨᠡᠶ᠋ᠢᠲᠡ ᠶ᠋ᠢᠨ ᠰᠠᠭᠤᠷᠢ ᠲᠦᠬᠦᠭᠡᠷᠦᠮᠵᠢ ᠵᠢ ᠨᠠᠷᠢᠨ ᠨᠢᠮᠪᠠᠢ ᠪᠠᠢᠴᠠᠭᠠᠨ ᠴᠡᠭᠴᠡᠯᠡᠵᠤ᠂ ᠲᠠᠯᠠᠪᠠᠶ ᠣᠷᠳᠣᠨ ᠤ᠋ ᠠᠮᠤᠷ ᠲᠦᠪᠰᠢᠨ ᠢ᠋ ᠪᠥᠬᠥ ᠲᠠᠯ᠎ᠠ ᠪᠠᠷ ᠪᠡᠬᠢᠵᠢᠭᠦᠯᠪᠡ᠃ ᠡᠭᠦᠨ ᠤ᠋ ᠬᠠᠮᠲᠤ ᠠᠷᠠᠳ ᠲᠦ᠍ ᠲᠥᠬᠥᠮ ᠦᠵᠡᠭᠦᠯᠬᠦ ᠦᠢᠯᠡᠴᠢᠯᠡᠭᠡᠨ ᠤ᠋ ᠡᠳ᠋ ᠪᠣᠳᠠᠰ ᠢ᠋ ᠭᠦᠢᠴᠡᠳ ᠲᠣᠬᠢᠷᠠᠭᠤᠯᠵᠤ᠂ ᠨᠢᠯᠬᠠᠰ ᠤ᠋ᠨ ᠲᠡᠷᠭᠡ᠂ ᠬᠦᠷᠳᠦᠲᠦ ᠰᠠᠨᠳᠠᠯᠢ᠂ ᠪᠠᠴᠢᠮ ᠪᠠᠢᠳᠠᠯ ᠢ᠋ ᠠᠷᠭᠠᠴᠠᠭᠠᠬᠤ ᠡᠮ ᠤ᠋ᠨ ᠵᠦᠢᠯᠡᠰ ᠵᠡᠷᠭᠡ ᠵᠢ ᠦᠨ᠎ᠡ ᠲᠥᠯᠥᠪᠦᠷᠢ ᠦᠭᠡᠢ ᠪᠡᠷ ᠬᠠᠩᠭᠠᠨ᠂ ᠨᠠᠰᠤᠲᠠᠢᠴᠤᠳ᠂ ᠬᠡᠦᠬᠡᠳ ᠪᠠᠭᠠᠴᠤᠳ ᠪᠠ ᠵᠡᠮᠳᠡᠭᠴᠦᠳ ᠵᠡᠷᠭᠡ ᠣᠨᠴᠠᠭᠠᠶ ᠬᠦᠮᠦᠰ ᠤ᠋ᠨ ᠬᠡᠷᠡᠭᠴᠡᠭᠡ ᠵᠢ ᠨᠠᠷᠢᠨ ᠣᠨᠣᠴᠠᠲᠠᠢ ᠲᠣᠬᠢᠷᠠᠭᠤᠯᠵᠠᠢ᠃ ᠤᠯᠤᠰ ᠤ᠋ᠨ ᠪᠠᠶᠠᠷ ᠤ᠋ᠨ ᠠᠮᠠᠷᠠᠯᠲᠠᠳᠤ᠂ ᠬᠥᠬᠡᠡᠡᠣᠲᠠ ᠶ᠋ᠢᠨ ᠮᠦᠽᠧᠢ ᠪᠠ ᠤᠯᠠᠭᠠᠨᠴᠠᠪ ᠬᠣᠲᠠ ᠶ᠋ᠢᠨ ᠮᠦᠽᠧᠢ ᠵᠡᠷᠭᠡ 20 ᠭᠠᠷᠤᠢ ᠭᠣᠣᠯᠳᠠᠯᠭ᠎ᠠ ᠲᠠᠢ ᠰᠣᠶᠣᠯ ᠦᠵᠡᠰᠬᠦᠯᠡᠩ ᠤ᠋ᠨ ᠣᠷᠳᠣᠨ ᠨᠢ ᠰᠠᠨᠠᠭᠠᠴᠢᠯᠠᠭ᠎ᠠ ᠡᠴᠡ ᠪᠠᠨ ᠴᠠᠭ ᠤᠷᠳᠤᠳᠬᠠᠨ ᠨᠡᠭᠡᠭᠡᠯᠳᠡ ᠬᠢᠵᠦ᠂ ᠦᠵᠡᠭᠴᠢᠳ ᠤ᠋ᠨ ᠣᠷᠭᠢᠯ ᠤ᠋ᠨ ᠬᠤᠭᠤᠴᠠᠭ᠎ᠠ ᠵᠢ ᠵᠥᠷᠢᠭᠦᠯᠦᠨ ᠦᠵᠡᠭᠦᠯᠭᠡ ᠰᠣᠨᠢᠷᠬᠠᠬᠤᠳᠤ ᠲᠥᠬᠥᠮ ᠦᠵᠡᠭᠦᠯᠵᠦ᠂ ᠣᠯᠠᠨ ᠲᠦᠮᠡᠨ ᠤ᠋ ᠬᠡᠷᠡᠭᠴᠡᠭᠡ ᠵᠢ ᠬᠠᠮᠤᠭ ᠤ᠋ᠨ ᠶᠡᠬᠡ ᠬᠡᠮᠵᠢᠶ᠎ᠡ ᠪᠡᠷ ᠬᠠᠩᠭᠠᠪᠠ᠃ ᠲᠦᠩᠯᠢᠶᠤᠤ ᠬᠤᠳᠠ ᠵᠢᠨ ᠨᠠᠢ᠍ᠮᠠᠨ ᠬᠣᠰᠢᠭᠤᠨ ᠤ᠋ ᠸᠠᠩ ᠤ᠋ᠨ ᠣᠷᠳᠣᠨ ᠤ᠋ ᠮᠦᠽᠧᠢ ᠵᠡᠷᠭᠡ ᠣᠯᠠᠨ ᠲᠠᠯᠠᠪᠠᠶ ᠣᠷᠳᠣᠨ ᠨᠢ ᠨᠡᠶ᠋ᠢᠲᠡ ᠶ᠋ᠢᠨ ᠠᠰᠠᠷᠠᠮᠵᠢ ᠶ᠋ᠢᠨ ᠲᠠᠢᠯᠤᠮᠵᠢ ᠶ᠋ᠢᠨ ᠦᠢᠯᠡᠴᠢᠯᠡᠭᠡ ᠵᠢ ᠪᠠᠢᠩᠭᠤ ᠥᠷᠨᠢᠭᠦᠯᠵᠦ᠂ ᠲᠤᠰᠬᠠᠢ ᠲᠠᠢᠯᠪᠤᠷᠢᠯᠠᠭ᠍ᠴᠢ ᠡᠴᠡ ᠦᠵᠡᠭᠴᠢᠳ ᠢ᠋ ᠳᠠᠭᠠᠭᠤᠯᠤᠨ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠥᠯᠢᠭᠡᠷ ᠢ᠋ ᠰᠣᠨᠢᠷᠬᠠᠭᠤᠯᠵᠤ᠂ ᠲᠡᠦᠬᠡ ᠶ᠋ᠢᠨ ᠨᠢᠭᠤᠴᠠ ᠵᠢ ᠳᠡᠶ᠋ᠢᠯᠵᠦ᠂ ᠲᠤᠮᠳᠠᠳᠤ ᠵᠢᠨ ᠰᠢᠯᠢᠳᠡᠭ ᠰᠣᠶᠣᠯ ᠢ᠋ ᠨᠠᠩ ᠭᠦᠨᠵᠡᠭᠡᠢ ᠤᠯᠠᠮᠵᠢᠯᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃