2026-10-26 11:32:42
ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠥᠪᠡᠷᠲᠡᠭᠡᠨ ᠵᠠᠰᠠᠬᠤ ᠣᠷᠣᠨ ᠤ᠋ 36 ᠳ᠋ᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠨᠠᠭᠠᠳᠤᠮ ᠨᠢ ᠡᠵᠡᠩᠨᠡᠯᠲᠡ ᠪᠣᠷᠣᠯᠠᠭᠤᠯᠭ᠎ᠠ ᠶ᠋ᠢᠨ ᠰᠢᠨ᠎ᠡ ᠵᠢ ᠡᠭᠦᠳᠦᠭᠰᠡᠨ ᠲᠣᠪᠣᠢᠮ᠎ᠠ ᠦᠷ᠎ᠡ ᠪᠦᠲᠦᠮᠵᠢ ᠪᠣᠯᠣᠨ ᠠᠵᠤ ᠦᠢᠯᠡᠰ ᠢ᠋ ᠳᠠᠢᠴᠢᠯᠠᠭᠰᠠᠨ ᠥᠷᠲᠡᠭ ᠢ᠋ᠶ᠋ᠡᠷ ᠢ᠋ᠶ᠋ᠡᠨ ᠪᠦᠬᠦ ᠤᠯᠤᠰ ᠤ᠋ᠨ 2026 ᠣᠨ ᠤ᠋ ᠵᠢᠭᠤᠯᠴᠢᠯᠠᠯ ᠤ᠋ᠨ ᠡᠵᠡᠩᠨᠡᠯᠲᠡ ᠪᠣᠷᠣᠯᠠᠭᠤᠯᠭ᠎ᠠ ᠵᠢᠨ ᠳᠡᠯᠭᠡᠷᠡᠭᠦᠯᠦᠯᠲᠡ ᠶ᠋ᠢᠨ ᠰᠤᠩᠭᠤᠳᠠᠭ ᠵᠢᠱ᠌ᠢᠶ᠎ᠡ ᠪᠡᠷ ᠰᠣᠩᠭᠣᠭᠳᠠᠪᠠ᠃
ᠥᠪᠥᠷ ᠮᠣᠩᠭᠣᠯ ᠤ᠋ᠨ ᠪᠡᠯᠭᠡ ᠲᠡᠮᠳᠡᠭ ᠤ᠋ᠨ ᠴᠢᠨᠠᠷᠲᠠᠢ ᠲᠠᠯ᠎ᠠ ᠨᠤᠲᠤᠭ ᠤ᠋ᠨ ᠰᠣᠶᠣᠯ ᠵᠢᠭᠤᠯᠴᠢᠯᠠᠯ ᠤ᠋ᠨ IP ᠪᠣᠯᠤᠭᠰᠠᠨ ᠤ᠋ ᠬᠤᠪᠢ ᠳ᠋ᠦ᠂ ᠨᠠᠭᠠᠳᠤᠮ ᠤ᠋ᠨ ᠬᠤᠷᠠᠯ ᠨᠢ ᠭᠦᠨ ᠵᠤᠵᠠᠭᠠᠨ ᠲᠠᠯ᠎ᠠ ᠨᠤᠲᠤᠭ ᠤ᠋ᠨ ᠵᠠᠩ ᠦᠢᠯᠡ ᠰᠣᠶᠣᠯ ᠤ᠋ᠨ ᠠᠭᠤᠯᠤᠭᠳᠠᠬᠤᠨ ᠢ᠋ ᠠᠴᠢᠶᠠᠯᠠᠵᠤ ᠪᠠᠢᠳᠠᠭ᠃ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ 36 ᠳ᠋ᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠨᠠᠭᠠᠳᠤᠮ 2026 ᠣᠨ ᠤ᠋ 7 ᠰᠠᠷ᠎ᠠ ᠶ᠋ᠢᠨ 18— 20 ᠤ᠋ ᠡᠳᠦᠷ ᠪᠣᠯᠲᠠᠯ᠎ᠠ ᠰᠢᠯᠢ ᠶ᠋ᠢᠨ ᠭᠣᠣᠯ ᠠᠢᠮᠠᠭ ᠲᠦ᠍ ᠨᠢᠵᠢᠬᠢᠷ ᠶᠠᠪᠤᠭᠳᠠᠵᠦ᠂《ᠰᠢᠨ᠎ᠡ ᠵᠠᠭᠤᠴᠢᠯᠠᠭᠤᠷ ᠢ᠋ᠶ᠋ᠠᠷ ᠣᠯᠠᠨ ᠤ᠋ ᠠᠩᠬᠠᠷᠤᠯ ᠢ᠋ ᠲᠠᠲᠠᠬᠤ᠂ ᠪᠥᠬᠥ ᠬᠡᠯᠬᠢᠶ᠎ᠡ ᠪᠡᠷ ᠬᠤᠪᠢᠷᠠᠭᠤᠯᠬᠤ᠂ ᠪᠥᠬᠥ ᠨᠡᠢᠭᠡᠮ ᠢ᠋ᠶ᠋ᠡᠷ ᠢ᠋ᠶ᠋ᠡᠨ ᠬᠠᠮᠲᠤ ᠪᠠᠷ ᠡᠳ᠋ᠯᠡᠬᠦ》ᠲᠣᠮᠣ᠌ ᠬᠡᠯᠪᠡᠷᠢ ᠶ᠋ᠢᠨ ᠪᠠᠶᠠᠷ ᠳᠤᠷᠠᠰᠬᠠᠯ ᠤ᠋ᠨ ᠠᠵᠢᠯᠯᠠᠭ᠎ᠠ ᠵᠢᠨ ᠡᠵᠡᠩᠨᠡᠯᠳᠡ ᠪᠤᠷᠤᠯᠠᠭᠤᠯᠭ᠎ᠠ ᠵᠢᠨ ᠰᠢᠨ᠎ᠡ ᠵᠠᠭᠪᠤᠷ ᠢ᠋ ᠡᠭᠦᠳᠦᠨ᠂ ᠰᠦᠯᠵᠢᠶᠡᠨ ᠤ᠋ ᠬᠠᠯᠠᠮᠰᠢᠯ ᠦᠵᠡᠭᠳᠡᠯ ᠪᠤᠯᠤᠭᠰᠠᠨ᠂ ᠤᠯᠠᠨ ᠤ᠋ ᠬᠦᠷᠢᠶᠡᠯᠡᠯᠢ ᠤᠯᠤᠭᠰᠠᠨ᠂ ᠠᠵᠤ ᠦᠢᠯᠡᠰ ᠤ᠋ᠨ ᠦᠷ᠎ᠡ ᠠᠰᠢᠭ᠋ ᠢ᠋ ᠨᠡᠮᠡᠭᠳᠡᠭᠦᠯᠦᠭᠰᠡᠨ ᠲᠠᠯ᠎ᠠ ᠨᠤᠲᠤᠭ ᠤ᠋ᠨ ᠰᠣᠶᠣᠯ ᠵᠢᠭᠤᠯᠴᠢᠯᠠᠯ ᠤ᠋ᠨ ᠦᠪᠡᠳᠡᠭᠰᠢ ᠴᠤᠭᠯᠠᠭᠠᠨ ᠪᠤᠯᠵᠤ᠂ ᠤᠯᠠᠮᠵᠢᠯᠠᠯᠲᠤ ᠵᠠᠩ ᠦᠶ᠋ᠯᠡ ᠶ᠋ᠢᠨ ᠪᠠᠶᠠᠷ ᠳᠤᠷᠠᠰᠬᠠᠯ ᠢ᠋ ᠲᠥᠷᠥᠯ ᠲᠡᠮᠳᠡᠭᠵᠢᠭᠦᠯᠦᠨ ᠡᠵᠡᠩᠨᠡᠬᠦ ᠳ᠋ᠦ ᠯᠠᠪᠯᠠᠯᠳᠠ ᠪᠤᠯᠭᠠᠮᠠᠷ ᠥᠯᠢᠭᠡᠷ ᠳᠠᠭᠤᠷᠢᠶᠠᠯ ᠢ᠋ ᠪᠣᠶ ᠪᠣᠯᠭᠠᠪᠠ᠃ ᠲᠤᠰ ᠤᠳᠠᠭ᠎ᠠ ᠶ᠋ᠢᠨ ᠨᠠᠭᠠᠳᠤᠮ ᠢ᠋ 120 ᠭᠠᠷᠤᠢ ᠵᠠᠭᠤᠴᠢᠯᠠᠭᠤᠷ᠂ 100 ᠭᠠᠷᠤᠢ ᠰᠢᠭᠤᠳ ᠨᠡᠪᠲᠡᠷᠡᠭᠦᠯᠭᠡ ᠶ᠋ᠢᠨ ᠲᠠᠪᠴᠠᠩᠮᠡᠳᠡᠭᠡᠯᠡᠵᠦ᠂ ᠪᠦᠬᠦ ᠰᠦᠯᠵᠢᠶᠡᠨ ᠤ᠋ ᠮᠡᠳᠡᠭᠡᠯᠡᠯ ᠤ᠋ᠨ ᠬᠡᠮᠵᠢᠶ᠎ᠡ ᠨᠢ 20.32 ᠲᠦᠮᠡᠨ ᠵᠤᠷᠪᠤᠰ ᠲᠦ᠍ ᠬᠦᠷᠴᠦ᠂ ᠨᠠᠭᠠᠳᠤᠮ ᠤ᠋ᠨ ᠲᠤᠬᠠᠢ ᠶᠠᠷᠢᠶᠠᠨ ᠤ᠋ ᠰᠡᠳᠦᠪ ᠨᠢ 70.2 ᠳ᠋ᠦᠩᠰᠢᠭᠤᠷ ᠤᠳᠠᠭ᠎ᠠ ᠢᠯᠡᠷᠡᠵᠦ᠂ ᠪᠦᠷ ᠲᠡᠦᠬᠡ ᠶ᠋ᠢᠨ ᠲᠡᠮᠳᠡᠭᠯᠡᠯ ᠢ᠋ ᠰᠢᠨᠡᠳᠬᠡᠵᠡᠢ᠃
ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ 36 ᠳ᠋ᠤᠭᠠᠷ ᠬᠤᠭᠤᠴᠠᠭᠠᠨ ᠤ᠋ ᠵᠢᠭᠤᠯᠴᠢᠯᠠᠯ ᠤ᠋ᠨ ᠨᠠᠭᠠᠳᠤᠮ ᠤ᠋ᠨ 3 ᠡᠳᠦᠷ ᠲᠦ᠍᠂ ᠨᠠᠭᠠᠳᠤᠮ ᠤ᠋ᠨ ᠬᠤᠷᠠᠯ ᠤ᠋ᠨ ᠭᠣᠣᠯ ᠲᠠᠯᠠᠪᠠᠶ ᠳ᠋ᠦ 30 ᠲᠦᠮᠡᠨ ᠬᠥᠮᠥᠨ ᠤᠳᠠᠭ᠎ᠠ ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠤ᠂ ᠵᠢᠭᠤᠯᠴᠢᠯᠠᠯ ᠤ᠋ᠨ ᠶᠡᠷᠦᠩᠬᠡᠢ ᠣᠷᠣᠯᠭ᠎ᠠ ᠨᠢ 3.75 ᠳ᠋ᠦᠩᠰᠢᠭᠤᠷ ᠲᠥᠭᠥᠷᠢᠭ ᠢ᠋ ᠳᠠᠪᠠᠪᠠ; ᠰᠢᠯᠢ ᠶ᠋ᠢᠨ ᠭᠣᠣᠯ ᠠᠢᠮᠠᠭ 3 ᠡᠳᠦᠷ ᠲᠦ᠍ 120 ᠲᠦᠮᠡᠨ ᠬᠥᠮᠥᠨ ᠤᠳᠠᠭ᠎ᠠ ᠶ᠋ᠢᠨ ᠵᠢᠭᠤᠯᠴᠢᠯᠠᠭᠴᠢ ᠵᠢ ᠭᠥᠯᠢᠶᠡᠨ ᠠᠪᠴᠤ᠂ 15 ᠳ᠋ᠦᠩᠰᠢᠭᠤᠷ ᠲᠥᠭᠥᠷᠢᠭ ᠤ᠋ᠨ ᠵᠢᠭᠤᠯᠴᠢᠯᠠᠯ ᠤ᠋ᠨ ᠶᠡᠷᠦᠩᠬᠡᠢᠯᠡᠭᠰᠡᠨ ᠣᠷᠣᠯᠭ᠎ᠠ ᠡᠬᠦᠳᠴᠦ᠂ ᠲᠠᠬᠡᠷ᠎ᠠ ᠬᠤᠭᠤᠴᠠᠭᠠᠨ ᠤ᠋ ᠬᠢ ᠡᠴᠡ ᠪᠠᠨ 131.5% ᠪᠠᠷ ᠨᠡᠮᠡᠭᠳᠡᠪᠡ᠃ ᠵᠠᠬ᠎ᠠ ᠳᠡᠯᠭᠡᠭᠦᠷ ᠤ᠋ᠨ ᠬᠠᠯᠠᠮᠰᠢᠯ ᠨᠢ ᠬᠣᠨᠣᠭ ᠪᠠᠭᠤᠳᠠᠯ ᠤ᠋ᠨ ᠡᠵᠡᠩᠨᠡᠯᠲᠡ ᠶ᠋ᠢᠨ ᠪᠠᠢᠳᠠᠯ ᠢ᠋ ᠵᠡᠷᠭᠡ ᠪᠡᠷ ᠳᠠᠶ᠋ᠢᠴᠢᠯᠠᠵᠤ᠂ ᠪᠥᠬᠥ ᠠᠢᠮᠠᠭ ᠤ᠋ᠨ ᠵᠣᠴᠢᠳ ᠤ᠋ᠨ ᠪᠠᠭᠤᠳᠠᠯ ᠤ᠋ᠨ ᠵᠠᠬᠢᠶᠠᠯᠠᠭ᠎ᠠ ᠶ᠋ᠢᠨ ᠬᠡᠮᠵᠢᠶ᠎ᠡ ᠨᠢ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 340% ᠪᠠᠷ ᠨᠡᠮᠡᠭᠳᠡᠵᠦ᠂ ᠰᠦᠯᠵᠢᠶᠡᠨ ᠳᠡᠭᠡᠷᠡᠬᠢ ᠶᠠᠷᠢᠶᠠᠨ ᠤ᠋ ᠬᠠᠯᠠᠮᠰᠢᠯ ᠦᠷᠭᠦᠯᠵᠢᠯᠡᠨ ᠭᠠᠳᠠᠨ᠎ᠠ ᠣᠷᠣᠨ ᠤ᠋ ᠵᠢᠭᠤᠯᠴᠢᠯᠠᠭᠰᠠᠳ ᠢ᠋ ᠶᠡᠬᠡ ᠪᠡᠷ ᠳᠠᠳᠠᠵᠦ᠂ ᠢᠳᠡᠭᠡᠨ ᠤᠮᠳᠠᠭᠠᠨ᠂ ᠬᠣᠨᠣᠭ ᠪᠠᠭᠤᠳᠠᠯ᠂ ᠲᠠᠯ᠎ᠠ ᠨᠤᠲᠤᠭ ᠢ᠋ ᠪᠡᠶᠡᠴᠢᠯᠡᠨ ᠣᠢᠯᠠᠭᠠᠬᠤ ᠵᠢᠴᠢ ᠰᠣᠶᠣᠯ ᠤ᠋ᠨ ᠪᠦᠳᠦᠬᠡᠯᠴᠢ ᠦᠢᠯᠡᠳᠬᠦᠨ ᠵᠡᠷᠭᠡ ᠣᠯᠠᠨ ᠡᠰᠢᠵᠢᠭᠰᠡᠨ ᠬᠡᠷᠡᠭᠯᠡᠭᠡ ᠶ᠋ᠢᠨ ᠨᠡᠮᠡᠭᠳᠡᠯ ᠢ᠋ ᠪᠦᠲᠦᠮᠵᠢᠲᠡᠶ ᠳᠠᠶ᠋ᠢᠴᠢᠯᠠᠭᠰᠠᠨ ᠪᠠᠢᠨ᠎ᠠ᠃
ᠦᠪᠤᠷ ᠮᠤᠩᠭᠤᠯ ᠲᠣᠰ ᠬᠤᠭᠤᠴᠠᠭᠠᠨ ᠤ᠋ ᠵᠢᠭᠤᠯᠴᠢᠯᠠᠯ ᠤ᠋ᠨ ᠨᠠᠭᠠᠳᠤᠮ ᠳ᠋ᠠᠭᠠᠨ 《ᠨᠢᠭᠡ ᠤᠳᠠᠭ᠎ᠠ ᠵᠢᠨ ᠨᠠᠭᠠᠳᠤᠮ ᠡᠷᠭᠢᠯᠡᠵᠦ᠂ ᠨᠢᠭᠡ ᠬᠣᠲᠠ ᠵᠢ ᠬᠦᠭᠵᠢᠬᠦᠯᠵᠤ᠂ ᠨᠢᠭᠡ ᠭᠠᠵᠠᠷ ᠤ᠋ᠨ ᠣᠯᠠᠨ ᠲᠦᠮᠡᠨ ᠳ᠋ᠦ ᠠᠰᠢᠭ᠋ ᠬᠦᠷᠲᠡᠭᠡᠬᠦ》 ᠬᠥᠭᠵᠢᠯᠲᠡ ᠶ᠋ᠢᠨ ᠣᠢᠯᠠᠭᠠᠭᠳᠠᠬᠤᠨ ᠢ᠋ ᠦᠢᠯᠡᠳᠦᠯᠭᠡᠵᠢᠭᠦᠯᠵᠦ᠂ ᠨᠠᠭᠠᠳᠤᠮ ᠨᠢ ᠨᠢᠭᠡᠨ ᠤᠳᠠᠭ᠎ᠠ ᠵᠢᠨ ᠣᠬᠣᠷ ᠬᠤᠭᠤᠴᠠᠭᠠᠨ ᠤ᠋ ᠰᠣᠶᠣᠯ ᠵᠢᠭᠤᠯᠴᠢᠯᠠᠯ ᠤ᠋ᠨ ᠦᠪᠡᠳᠡᠭᠰᠢ ᠴᠤᠭᠯᠠᠭᠠᠨ ᠲᠡᠳᠦᠢ ᠪᠢᠰᠢ᠂ ᠨᠠᠩ ᠴᠤ᠌ ᠬᠣᠲᠠ ᠶ᠋ᠢᠨ ᠬᠥᠭᠵᠢᠯᠲᠡ ᠵᠢ ᠳᠠᠢᠴᠢᠯᠠᠬᠤ᠂ ᠲᠤᠬᠠᠢ ᠵᠢᠨ ᠭᠠᠵᠠᠷ ᠤ᠋ᠨ ᠣᠯᠠᠨ ᠲᠦᠮᠡᠨ ᠳ᠋ᠦ ᠠᠰᠢᠭ᠋ ᠬᠦᠷᠲᠡᠭᠡᠬᠦ ᠶᠡᠷᠦᠩᠬᠡᠢᠯᠡᠭᠰᠡᠨ ᠲᠠᠪᠴᠠᠩ ᠪᠣᠯᠵᠠᠢ᠃ ᠦᠪᠡᠳᠡᠭᠰᠢ ᠴᠤᠭᠯᠠᠭᠠᠨ ᠨᠢ ᠤᠯᠤᠰ ᠤ᠋ᠨ ᠲᠠᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪᠪᠤᠯᠬᠤ ᠨᠠᠭᠠᠳᠤᠮ ᠤ᠋ᠨ ᠰᠣᠶᠣᠯ ᠢ᠋ᠶ᠋ᠠᠷ ᠭᠣᠣᠯ ᠴᠥᠮ᠎ᠡ ᠪᠣᠯᠭᠠᠨ᠂ ᠰᠢᠨ᠎ᠡ ᠵᠠᠭᠤᠴᠢᠯᠠᠭᠤᠷ ᠤ᠋ᠨ ᠡᠵᠡᠩᠨᠡᠨ ᠪᠣᠷᠣᠯᠠᠭᠤᠯᠬᠤ ᠠᠷᠭ᠎ᠠ ᠪᠠᠷᠢᠯ ᠢ᠋ ᠠᠰᠢᠭ᠍ᠯᠠᠨ ᠤᠯᠠᠮᠵᠢᠯᠠᠯᠲᠤ ᠵᠠᠩ ᠦᠶ᠋ᠯᠡ ᠵᠢ ᠠᠮᠢᠳᠤᠯᠢᠭ᠍ᠵᠢᠭᠤᠯᠵᠤ᠂ ᠲᠠᠯ᠎ᠠ ᠨᠤᠲᠤᠭ ᠤ᠋ᠨ ᠰᠣᠶᠣᠯ ᠤ᠋ᠨ IP ᠵᠢ ᠦᠨᠡᠨ ᠪᠣᠳᠠᠲᠠᠢ ᠠᠵᠤ ᠦᠢᠯᠡᠰ ᠤ᠋ᠨ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠵᠤ᠂ ᠲᠤᠬᠠᠢ ᠵᠢᠨ ᠭᠠᠵᠠᠷ ᠤ᠋ᠨ ᠮᠠᠯᠴᠢᠨ ᠲᠠᠷᠢᠶᠠᠴᠢᠨ᠂ ᠬᠤᠨᠤᠭ ᠪᠠᠭᠤᠳᠠᠯ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠤ᠋ᠨ ᠦᠢᠯᠡᠴᠢᠯᠡᠭᠡᠨ ᠤ᠋ ᠬᠤᠳᠠᠯᠳᠤᠭᠠᠴᠢᠨ ᠤ᠋ ᠣᠷᠣᠯᠭ᠎ᠠ ᠵᠢᠨ ᠨᠡᠮᠡᠭᠳᠡᠯ ᠢ᠋ ᠳᠠᠶ᠋ᠢᠴᠢᠯᠠᠨ᠂ ᠪᠠᠶᠠᠷ ᠳᠤᠷᠠᠰᠬᠠᠯ ᠤ᠋ᠨ ᠠᠵᠤ ᠠᠬᠤᠢ ᠶ᠋ᠢᠨ ᠲᠦᠭᠡᠮᠡᠯ ᠬᠠᠷᠠᠭᠠᠯᠵᠠᠯ ᠤ᠋ᠨ ᠥᠷᠲᠡᠭ ᠢ᠋ ᠭᠦᠢᠴᠡᠳ ᠪᠠᠳᠠᠷᠠᠭᠤᠯᠵᠤ᠂ ᠰᠣᠶᠣᠯ ᠵᠢᠭᠤᠯᠴᠢᠯᠠᠯ ᠢ᠋ᠶ᠋ᠡᠷ ᠬᠡᠷᠡᠭᠯᠡᠭᠡ ᠵᠢ ᠬᠥᠭᠵᠢᠭᠡᠬᠦ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠦ ᠦᠢᠯᠡᠳᠦᠯᠭᠡ ᠶ᠋ᠢᠨ ᠰᠢᠨ᠎ᠡ ᠥᠯᠢᠭᠡᠷ ᠬᠡᠪ ᠬᠠᠩᠭᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃