2026-11-11 10:54:06
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠤ᠋ᠨ ᠰᠢᠷᠢᠰ ᠠᠵᠢᠯᠯᠠᠭ᠎ᠠ ᠤᠷᠴᠢᠮᠬᠠᠨ ᠭᠡᠭᠡᠨ ᠭᠣᠣᠯ ᠬᠤᠳᠠ ᠶ᠋ᠢᠨ ᠣᠯᠭᠣᠶ᠎ᠠ ᠴᠠᠳᠠᠨ ᠤ᠋ ᠦᠵᠡᠮᠵᠢ ᠶ᠋ᠢᠨ ᠣᠷᠣᠨ ᠳ᠋ᠦ ᠡᠬᠢᠯᠡᠵᠤ᠂ ᠡᠨᠡ ᠡᠪᠤᠯ ᠮᠠᠨ ᠤ᠋ ᠤᠷᠤᠨ 338 ᠵᠦᠢᠯ ᠤ᠋ᠨ ᠤᠨᠴᠠᠯᠢᠭᠳᠤ ᠮᠥᠰᠥ ᠴᠠᠰᠤᠨ ᠤ᠋ ᠠᠵᠢᠯᠯᠠᠭ᠎ᠠ ᠦᠷᠨᠢᠬᠦᠯᠦᠨ᠂ 36 ᠵᠤᠷᠪᠤᠰ ᠰᠣᠳᠣᠨ ᠵᠠᠮ ᠱᠤᠭᠤᠮ ᠭᠠᠷᠭᠠᠵᠤ᠂ 《ᠳᠤᠮᠳᠠᠳᠤ ᠤᠯᠤᠰ ᠤ᠋ᠨ ᠬᠦᠢᠲᠡᠨ ᠤ᠋ ᠲᠤᠢᠯ》᠂《ᠮᠥᠰᠥ ᠴᠠᠰᠤᠨ ᠤ᠋ ᠨᠠᠭᠠᠳᠤᠮ》᠂《ᠶᠡᠬᠡ ᠬᠢᠩᠭᠠᠨ ᠳᠠᠪᠠᠭ᠎ᠠ ᠶ᠋ᠢᠨ ᠡᠪᠦᠯ》 ᠵᠡᠷᠭᠡ IP ᠳ᠋ᠤ ᠲᠦᠰᠢᠭᠯᠡᠨ᠂ ᠪᠥᠬᠥ ᠣᠷᠣᠨ ᠪᠦᠰᠡ ᠪᠡᠷ ᠢ᠋ᠶ᠋ᠡᠨ ᠬᠣᠯᠪᠤᠭᠠᠯᠠᠨ ᠬᠥᠳᠡᠯᠦᠯᠴᠡᠭᠰᠡᠨ ᠡᠪᠦᠯ ᠤ᠋ᠨ ᠤᠯᠠᠷᠢᠯ ᠤ᠋ᠨ ᠰᠣᠶᠣᠯ ᠵᠢᠭᠤᠯᠴᠢᠯᠠᠯ ᠤ᠋ᠨ ᠰᠢᠨ᠎ᠡ ᠪᠠᠢᠷᠢᠰᠢᠯ ᠢ᠋ ᠪᠠᠢᠭᠤᠯᠵᠤ᠂ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠢ᠋ ᠬᠦᠭᠵᠢᠬᠡᠬᠦ ᠪᠤᠯᠤᠨ᠎ᠠ᠃
ᠲᠣᠰ ᠤᠳᠠᠭ᠎ᠠ ᠵᠢᠨ ᠠᠵᠢᠯᠯᠠᠭ᠎ᠠ ᠵᠢ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ᠂ ᠬᠥᠯᠥᠨ ᠪᠣᠶ᠋ᠢᠷ ᠬᠣᠲᠠ ᠶ᠋ᠢᠨ ᠵᠠᠰᠠᠭ ᠤ᠋ᠨ ᠣᠷᠳᠣᠨ ᠬᠠᠮᠲᠤ ᠪᠠᠷ ᠭᠣᠣᠯᠯᠠᠨ ᠡᠷᠭᠢᠯᠡᠵᠦ᠂ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠳ᠋ᠦ ᠵᠤᠷᠢᠭᠤᠯᠤᠨ ᠪᠥᠬᠥ ᠤᠯᠤᠰ ᠤ᠋ᠨ ᠵᠢᠭᠤᠯᠴᠢᠯᠠᠭᠰᠠᠳ ᠲᠦ᠍ 500 ᠲᠦᠮᠡᠨ ᠲᠥᠭᠥᠷᠢᠭ ᠤ᠋ᠨ ᠪᠠᠶᠠᠷ ᠪᠠᠶᠠᠰᠬᠤᠯᠠᠩᠲᠤ ᠮᠥᠰᠥ ᠴᠠᠰᠤᠨ ᠤ᠋ ᠬᠡᠷᠡᠭᠯᠡᠭᠡᠨ ᠤ᠋ ᠲᠡᠮᠳᠡᠭᠳᠦ ᠲᠠᠷᠬᠠᠭᠠᠵᠦ᠂ ᠦᠵᠡᠮᠵᠢ ᠶ᠋ᠢᠨ ᠣᠷᠣᠨ ᠤ᠋ ᠡᠭᠦᠳᠡᠨ ᠪᠢᠯᠧᠲ᠂ ᠮᠥᠰᠥ ᠴᠠᠰᠤᠨ ᠤ᠋ ᠪᠡᠶ᠎ᠠ ᠵᠢᠨ ᠲᠠᠮᠢᠷ᠂ ᠲᠣᠨᠣᠭ ᠲᠥᠬᠦᠭᠡᠷᠦᠮᠵᠢ ᠲᠦᠷᠢᠶᠡᠰᠦᠯᠡᠬᠦ ᠵᠡᠷᠭᠡ ᠳ᠋ᠦ ᠴᠦᠮ ᠬᠡᠷᠡᠭᠯᠡᠵᠦ ᠪᠤᠯᠤᠨ᠎ᠠ᠃ ᠡᠪᠦᠯ ᠤ᠋ᠨ ᠤᠯᠠᠷᠢᠯ ᠤ᠋ᠨ ᠵᠢᠭᠤᠯᠴᠢᠯᠠᠯ ᠤ᠋ᠨ ᠰᠢᠷᠢᠰ ᠠᠵᠢᠯᠯᠠᠭ᠎ᠠ ᠶ᠋ᠢᠨ ᠡᠬᠢᠯᠡᠯᠳᠡ ᠶ᠋ᠢᠨ ᠶᠤᠰᠤᠯᠠᠯ ᠤ᠋ᠨ ᠲᠤᠬᠠᠢ ᠶ᠋ᠢᠨ ᠲᠠᠯᠠᠪᠠᠶ ᠳ᠋ᠦ᠂ ᠬᠦᠢᠲᠡᠨ ᠤ᠋ ᠲᠤᠢᠯ ᠤ᠋ᠨ ᠭᠣᠣᠯ ᠰᠡᠳᠦᠪᠲᠦ ᠰᠢᠤᠳᠠᠨ ᠲᠣᠪᠴᠢᠶ᠎ᠠ᠂ ᠲᠤᠢᠯ ᠤ᠋ᠨ ᠲᠤᠶᠠᠭ᠎ᠠ ᠰᠣᠶᠣᠯ ᠤ᠋ᠨ ᠪᠦᠳᠦᠭᠡᠯᠴᠢ ᠦᠢᠯᠡᠳᠬᠦᠨ ᠤ᠋ ᠴᠤᠭᠯᠠᠭ᠎ᠠ ᠮᠠᠢᠮᠠᠢ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠪᠡᠶᠡᠴᠢᠯᠡᠨ ᠣᠢᠯᠠᠭᠠᠬᠤ᠂ ᠰᠢᠭᠤᠢᠲᠤ ᠣᠷᠣᠨ ᠤ᠋ ᠠᠮᠲᠠᠲᠤ ᠢᠳᠡᠭᠡᠨ ᠵᠡᠷᠭᠡ ᠪᠡᠶᠡᠴᠢᠯᠡᠨ ᠣᠢᠯᠠᠭᠠᠬᠤ ᠲᠥᠷᠥᠯ ᠵᠦᠢᠯ ᠢ᠋ ᠲᠣᠬᠢᠷᠠᠭᠤᠯᠵᠦ᠂ 2026 ᠣᠨ ᠤ᠋ ᠳᠤᠮᠳᠠᠳᠤ ᠤᠯᠤᠰ ᠤ᠋ᠨ ᠬᠦᠢᠲᠡᠨ ᠤ᠋ ᠲᠤᠢᠯ ᠤ᠋ᠨ ᠬᠠᠭᠠᠰ ᠵᠠᠶ ᠶ᠋ᠢᠨ ᠮᠠᠷᠠᠽᠤᠨ ᠤᠷᠤᠯᠳᠤᠭᠠᠨ ᠶᠠᠪᠤᠭᠳᠠᠭᠤᠯᠵᠦ᠂ ᠰᠤᠶᠤᠯ ᠵᠢᠭᠤᠯᠴᠢᠯᠠᠯ ᠪᠡᠶ᠎ᠠ ᠵᠢᠨ ᠳᠠᠮᠢᠷ ᠠᠷᠠᠯᠵᠢᠶ᠎ᠠ ᠬᠤᠳᠠᠯᠳᠤᠭ᠎ᠠ ᠵᠢ ᠦᠨᠡᠨ ᠬᠦ᠌ ᠠᠭᠤᠰᠤᠯᠴᠠᠭᠤᠯᠵᠠᠢ᠃
ᠡᠬᠢᠯᠡᠯᠳᠡ ᠵᠢᠨ ᠶᠤᠰᠤᠯᠠᠯ ᠲᠠᠬᠡᠷ᠎ᠠ᠂ ᠭᠡᠭᠡᠨ ᠭᠣᠣᠯ ᠬᠣᠲᠠ《ᠡᠷᠭᠦᠨ᠎ᠡ ᠭᠣᠣᠯ ᠤ᠋ᠨ ᠪᠠᠷᠠᠭᠤᠨ ᠡᠷᠭᠢ》ᠶ᠋ᠢᠨ IP ᠵᠢ ᠭᠦᠨᠵᠡᠬᠡᠢ ᠠᠭᠤᠳᠠᠯᠤᠨ᠂ ᠴᠠ ᠪᠤᠭᠤ ᠶ᠋ᠢᠨ ᠴᠢᠷᠭ᠎ᠠ᠂ ᠲᠠᠮᠠᠭ᠎ᠠ ᠳᠠᠷᠤᠬᠤ ᠵᠡᠷᠭᠡ ᠬᠠᠷᠢᠯᠴᠠᠨ ᠦᠢᠯᠡᠳᠦᠯᠴᠡᠬᠦ ᠲᠥᠷᠥᠯ ᠵᠦᠢᠯ ᠭᠠᠷᠭᠠᠵᠤ᠂ ᠬᠠᠨᠮᠠ ᠠᠮᠢ ᠠᠬᠤᠢ ᠶ᠋ᠢᠨ ᠪᠡᠶᠡᠴᠢᠯᠡᠨ ᠣᠢᠯᠠᠭᠠᠬᠤ ᠣᠷᠳᠣᠨ ᠤ᠋ ᠲᠣᠭᠠᠴᠢᠯᠠᠭᠰᠠᠨ ᠮᠡᠷᠭᠡᠵᠢᠯ ᠳ᠋ᠦ ᠲᠦᠰᠢᠭᠯᠡᠨ ᠶᠡᠬᠡ ᠬᠢᠩᠭᠠᠨ ᠳᠠᠪᠠᠭ᠎ᠠ ᠶ᠋ᠢᠨ ᠠᠮᠢ ᠠᠬᠤᠢ ᠶ᠋ᠢᠨ ᠳᠦᠷᠰᠦ ᠪᠠᠢᠳᠠᠯ ᠢ᠋ ᠳᠡᠯᠭᠡᠨ ᠦᠵᠡᠭᠦᠯᠪᠡ᠃ ᠪᠠᠰᠠ ᠳᠠᠭᠤᠤ ᠬᠥᠭᠵᠢᠮᠲᠦ ᠵᠦᠴᠦᠭᠡ 《ᠲᠣᠪᠠ ᠶ᠋ᠢᠨ ᠮᠠᠭᠳᠠᠭᠠᠯ ᠳᠠᠭᠤᠤ》 ᠶ᠋ᠢ ᠲᠣᠭᠯᠠᠵᠤ᠂ ᠮᠥᠰᠥ ᠴᠠᠰᠤᠨ ᠤ᠋ ᠠᠶᠠᠯᠠᠯ ᠳ᠋ᠦ ᠭᠦᠨ ᠵᠤᠵᠠᠭᠠᠨ ᠰᠣᠶᠣᠯ ᠤ᠋ᠨ ᠳᠡᠪᠢᠰᠬᠡᠷ ᠥᠩᠭᠡ ᠨᠡᠮᠡᠷᠢᠯᠡᠵᠠᠢ᠃ ᠤᠢᠯᠠᠭᠠᠭᠰᠠᠨ ᠵᠢᠡᠷ᠂ ᠡᠨᠡ ᠡᠪᠦᠯ ᠮᠠᠨ ᠤ᠋ ᠣᠷᠣᠨ 《ᠨᠢᠭᠡ ᠤᠯᠠᠷᠢᠯ ᠳ᠋ᠦ ᠨᠢᠭᠡ ᠭᠣᠣᠯ ᠰᠡᠳᠦᠪ ᠲᠠᠢ᠂ ᠨᠢᠭᠡ ᠭᠠᠵᠠᠷ ᠲᠦ᠍ ᠨᠢᠭᠡ ᠣᠨᠴᠠᠯᠢᠭ᠋ ᠲᠠᠢ》 ᠪᠠᠢᠬᠤ ᠬᠥᠭᠵᠢᠯᠲᠡ ᠶ᠋ᠢᠨ ᠰᠡᠳᠬᠢᠮᠵᠢ ᠶᠣᠰᠣᠭᠠᠷ ᠡᠯ᠎ᠡ ᠠᠢᠮᠠᠭ ᠬᠣᠲᠠ ᠶ᠋ᠢᠨ ᠮᠥᠰᠥ ᠴᠠᠰᠤᠨ ᠤ᠋ ᠡᠬᠢ ᠪᠠᠶᠠᠯᠢᠭ᠋ ᠢ᠋ ᠨᠢᠭᠡᠳᠦᠯᠲᠡᠢ ᠲᠥᠯᠥᠪᠯᠡᠨ ᠡᠮᠬᠢᠯᠡᠨ ᠨᠡᠢᠯᠡᠭᠦᠯᠵᠦ᠂ ᠶᠡᠬᠡ ᠬᠢᠩᠭᠠᠨ ᠳᠠᠪᠠᠭ᠎ᠠ ᠶ᠋ᠢᠨ ᠣᠶ ᠰᠢᠭᠤᠢ ᠡᠴᠡ ᠥᠷᠭᠡᠨ ᠠᠭᠤᠳᠠᠮ ᠴᠠᠰᠤᠲᠤ ᠲᠠᠯ᠎ᠠ ᠬᠦᠷᠲᠡᠯᠡᠬᠢ ᠡᠪᠦᠯ ᠤ᠋ᠨ ᠵᠢᠭᠤᠯᠴᠢᠯᠠᠯ ᠤ᠋ᠨ ᠦᠵᠡᠮᠵᠢ ᠵᠢ ᠬᠣᠯᠪᠣᠨ᠂《ᠬᠦᠢᠲᠡᠨ ᠡᠬᠢ ᠪᠠᠶᠠᠯᠢᠭ᠋》 ᠢ᠋ ᠵᠠᠬ᠎ᠠ ᠳᠡᠯᠭᠡᠭᠦᠷ ᠤ᠋ᠨ 《ᠬᠠᠯᠠᠮᠰᠢᠯ ᠬᠡᠷᠡᠭᠯᠡᠭᠡ》 ᠪᠣᠯᠭᠠᠨ ᠬᠤᠪᠢᠷᠠᠭᠤᠯᠬᠤ ᠵᠢ ᠦᠷᠭᠦᠯᠵᠢᠯᠡᠨ ᠠᠬᠢᠭᠤᠯᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃