2026-11-11 11:21:28
ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠤ᠋ 23 ᠵᠦᠢᠯ ᠤ᠋ᠨ ᠣᠨᠴᠠᠯᠢᠭ᠍ᠲᠤ ᠪᠣᠳᠠᠰ ᠤ᠋ᠨ ᠪᠤᠰᠤ ᠰᠣᠶᠣᠯ ᠤ᠋ᠨ ᠥᠪ 11 ᠰᠠᠷ᠎ᠠ ᠶ᠋ᠢᠨ 6 — 10 ᠤ᠋ ᠡᠳᠦᠷ ᠪᠣᠯᠲᠠᠯ᠎ᠠ ᠴᠦᠩᠴᠢᠩ ᠬᠤᠳᠠ ᠳ᠋ᠦ ᠶᠠᠪᠤᠭᠳᠠᠭᠰᠠᠨ ᠶᠢᠰᠦᠳᠦᠭᠡᠷ ᠬᠤᠭᠤᠴᠠᠭᠠᠨ ᠤ᠋ ᠳᠤᠮᠳᠠᠳᠤ ᠤᠯᠤᠰ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠦᠵᠡᠰᠬᠦᠯᠡᠩ ᠳ᠋ᠤ ᠲᠠᠯᠬᠡᠭᠳᠡᠵᠤ᠂ ᠦᠪᠤᠷ ᠮᠤᠩᠭᠤᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠵᠢᠡᠨ ᠠᠮᠢᠳᠤᠯᠢᠭ᠋ ᠵᠢᠡᠷ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤ᠋ᠨ ᠬᠦᠴᠦᠨ ᠢ᠋ ᠭᠦᠢᠴᠡᠳ ᠢᠯᠡᠷᠡᠭᠦᠯᠪᠡ᠃
ᠲᠤᠰ ᠤᠳᠠᠭ᠎ᠠ ᠵᠢᠨ ᠦᠵᠡᠰᠬᠦᠯᠡᠩ ᠳ᠋ᠦ ᠲᠠᠯᠬᠡᠭᠳᠡᠭᠰᠡᠨ ᠦᠪᠤᠷ ᠮᠤᠩᠭᠤᠯ ᠤ᠋ᠨ ᠪᠣᠳᠠᠰ ᠤ᠋ᠨ ᠪᠤᠰᠤ ᠰᠣᠶᠣᠯ ᠤ᠋ᠨ ᠥᠪ ᠲᠦ᠍ ᠴᠠᠭᠠᠰᠤᠨ ᠬᠠᠢᠴᠢᠯᠠᠮᠠᠯ᠂ ᠮᠣᠩᠭᠣᠯ ᠦᠨᠳᠦᠰᠦᠲᠡᠨ ᠤ᠋ ᠬᠠᠳᠬᠤᠮᠠᠯ (ᠣᠷᠳᠣᠰ ᠬᠠᠳᠬᠤᠮᠠᠯ ᠪᠣᠯᠣᠨ ᠲᠦᠰᠢᠶᠡᠲᠦ ᠬᠠᠳᠬᠤᠮᠠᠯ ᠪᠠᠭᠲᠠᠨ᠎ᠠ)᠂ ᠬᠡᠪᠢᠰ ᠨᠡᠬᠡᠬᠦ ᠮᠡᠷᠭᠡᠵᠢᠯ᠂ ᠮᠣᠩᠭᠣᠯ ᠦᠨᠳᠦᠰᠦᠲᠡᠨ ᠤ᠋ ᠮᠣᠷᠢᠨ ᠡᠳ᠋ᠯᠡᠯ ᠬᠢᠬᠦ ᠮᠡᠷᠭᠡᠵᠢᠯ᠂ ᠪᠠᠭᠠᠷᠢᠨ ᠤ᠋ ᠴᠢᠯᠠᠭᠤᠨ ᠰᠡᠢᠯᠦᠮᠡᠯ᠂ ᠲᠣᠪᠴᠢᠵᠠᠩᠬᠢᠳᠬᠤ ᠤᠷ᠎ᠠ ᠮᠡᠷᠭᠡᠵᠢᠯ᠂ ᠤᠷᠭᠤᠮᠠᠯ ᠵᠢᠡᠷ ᠪᠤᠳᠤᠬᠤ ᠤᠷ᠎ᠠ ᠮᠡᠷᠭᠡᠵᠢᠯ᠂ ᠪᠤᠭᠤᠳᠠᠢ ᠶ᠋ᠢᠨ ᠰᠦᠷᠡᠯ ᠤ᠋ᠨ ᠵᠢᠷᠤᠭ᠂ ᠤᠢᠰᠤᠨ ᠵᠢᠷᠤᠭ᠂ ᠬᠣᠷᠴᠢᠨ ᠤ᠋ ᠠᠷᠠᠰᠤᠨ ᠰᠡᠢᠯᠦᠮᠡᠯ ᠵᠢᠷᠤᠭ᠂ ᠳ᠋ᠧᠩᠯᠦᠬᠢᠬᠦ ᠤᠷ᠎ᠠ ᠮᠡᠷᠭᠡᠵᠢᠯ᠂ ᠬᠤᠯᠤᠰᠤᠨ ᠵᠢᠷᠤᠭ᠂ ᠤᠷᠠᠳ ᠬᠠᠳᠬᠤᠮᠠᠯ᠂ ᠤᠷᠠᠳ ᠤ᠋ᠨ ᠴᠢᠯᠠᠭᠤᠨ ᠰᠡᠢᠯᠦᠮᠡᠯ ᠵᠡᠷᠬᠡ ᠪᠤᠢ᠃ ᠥᠪᠥᠷ ᠮᠣᠩᠭᠣᠯ ᠤ᠋ᠨ ᠦᠵᠡᠭᠦᠯᠭᠡ ᠶ᠋ᠢᠨ ᠲᠣᠭᠣᠷᠢᠭ ᠲᠦ᠍ ᠪᠠᠰᠠ LED ᠳᠡᠯᠭᠡᠴᠡ ᠪᠡᠷ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠬᠠᠭᠤᠯᠭ᠎ᠠ ᠶ᠋ᠢᠨ ᠹᠢᠯᠢᠮ ᠢ᠋ ᠨᠠᠪᠲᠠᠷᠡᠭᠦᠯᠵᠦ᠂ ᠪᠥᠬᠥ ᠣᠷᠣᠨ ᠤ᠋ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠬᠠᠮᠠᠭᠠᠯᠠᠯᠲᠠ ᠤᠯᠠᠮᠵᠢᠯᠠᠯ ᠤ᠋ᠨ ᠦᠷ᠎ᠡ ᠪᠦᠲᠦᠭᠡᠯ ᠢ᠋ ᠳᠡᠯᠭᠡᠨ ᠦᠵᠡᠭᠦᠯᠪᠠ᠃
ᠲᠤᠬᠠᠢ ᠶ᠋ᠢᠨ ᠲᠠᠯᠠᠪᠠᠢ ᠶ᠋ᠢᠨ ᠦᠵᠡᠭᠴᠢᠳ ᠮᠠᠨ ᠤ᠋ ᠤᠷᠤᠨ ᠤ᠋ ᠤᠷᠲᠤ ᠶ᠋ᠢᠨ ᠳᠠᠭᠤᠤ ᠵᠢ ᠰᠣᠨᠣᠰᠤᠨ᠂ ᠭᠣᠶᠣ᠌ ᠰᠠᠢᠬᠠᠨ ᠦᠨᠳᠦᠰᠦᠲᠡᠨ ᠤ᠋ ᠬᠤᠪᠴᠠᠰᠤ ᠵᠠᠰᠠᠯ ᠢ᠋ ᠰᠣᠨᠢᠷᠬᠠᠵᠤ᠂ ᠱᠣᠣᠮᠠᠢ ᠪᠠ ᠴᠠᠭᠠᠨ ᠢᠳᠡᠭᠡᠨ ᠢ᠋ ᠠᠮᠲᠠᠯᠠᠨ᠂ ᠮᠣᠩᠭᠣᠯ ᠦᠨᠳᠦᠰᠦᠲᠡᠨ ᠤ᠋ ᠬᠠᠳᠬᠤᠮᠠᠯ᠂ ᠠᠷᠠᠰᠤᠨ ᠰᠡᠢᠯᠦᠮᠡᠯ᠂ ᠪᠠᠭᠠᠷᠢᠨ ᠴᠢᠯᠠᠭᠤᠨ ᠰᠡᠢᠯᠦᠮᠡᠯ ᠵᠡᠷᠭᠡ ᠭᠠᠷ ᠤᠷᠠᠯᠠᠯ ᠢ᠋ ᠣᠢᠷ᠎ᠠ ᠵᠠᠢ ᠡᠴᠡ ᠰᠣᠨᠢᠷᠬᠠᠪᠠ᠃ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠲᠣᠮᠣ᠌ ᠣᠷᠣᠨ ᠪᠣᠯᠤᠭᠰᠠᠨ ᠤ᠋ ᠬᠤᠪᠢ ᠳ᠋ᠤ᠂ ᠮᠠᠨ ᠤ᠋ ᠤᠷᠤᠨ ᠲᠤᠰ ᠤᠳᠠᠭ᠎ᠠ ᠵᠢᠨ ᠦᠵᠡᠰᠬᠦᠯᠡᠩ ᠳ᠋ᠦ ᠳᠠᠭᠤᠤ ᠬᠥᠭᠵᠢᠮ᠂ ᠪᠥᠵᠢᠭ᠂ ᠤᠷ᠎ᠠ ᠮᠡᠷᠭᠡᠵᠢᠯ᠂ ᠠᠷᠠᠳ ᠤ᠋ᠨ ᠵᠠᠩ ᠦᠶ᠋ᠯᠡ ᠵᠡᠷᠭᠡ ᠣᠯᠠᠨ ᠲᠥᠷᠥᠯ ᠢ᠋ ᠳᠡᠯᠭᠡᠨ ᠦᠵᠡᠬᠦᠯᠵᠦ᠂ ᠦᠪᠦᠷ ᠮᠤᠨᠭᠭᠤᠯ ᠤ᠋ᠨ ᠰᠤᠶᠤᠯ ᠤ᠋ᠨ ᠦᠪ ᠬᠦᠷᠦᠩᠭᠡ ᠶ᠋ᠢᠨ ᠡᠯᠪᠡᠭ ᠪᠠᠶᠠᠨ᠂ ᠤᠯᠠᠮᠵᠢᠯᠠᠯ ᠵᠠᠯᠭᠠᠮᠵᠢᠯᠠᠯ ᠤ᠋ᠨ ᠡᠷᠴᠢ ᠬᠦᠴᠦᠨ ᠢ᠋ ᠬᠠᠷᠠᠭᠤᠯᠤᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃