2026-11-16 17:12:16
ᠰᠣᠶᠣᠯ ᠵᠢᠭᠤᠯᠴᠢᠯᠠᠯ ᠵᠢᠡᠷ ᠠᠷᠠᠳ ᠲᠦ᠍ ᠠᠰᠢᠭ᠋ ᠬᠦᠷᠲᠡᠭᠡᠬᠦ ᠠᠷᠭ᠎ᠠ ᠬᠡᠮᠵᠢᠶ᠎ᠡ ᠵᠢ ᠦᠷᠭᠦᠯᠵᠢᠯᠡᠨ ᠭᠦᠨᠵᠡᠭᠡᠢᠷᠡᠭᠦᠯᠵᠦ᠂ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠵᠠᠬ᠎ᠠ ᠳᠡᠯᠭᠡᠭᠦᠷ ᠢ᠋ ᠤᠯᠠᠮ ᠬᠥᠭᠵᠢᠭᠡᠬᠦ ᠶ᠋ᠢᠨ ᠲᠦᠯᠦᠬᠡ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠪᠦᠯᠦᠭᠯᠡᠯ ᠡᠨᠡ ᠵᠢᠯ ᠤ᠋ᠨ 1 ᠰᠠᠷ᠎ᠠ ᠶ᠋ᠢᠨ 1 ᠤ᠋ ᠡᠳᠦᠷ ᠡᠴᠡ ᠡᠬᠢᠯᠡᠨ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠪᠦᠷᠢᠨ ᠴᠢᠳᠠᠮᠵᠢᠳᠦ ᠺᠠᠷᠲ ᠢ᠋ ᠲᠠᠷᠬᠠᠭᠠᠵᠦ᠂ ᠣᠳᠣᠬᠠᠨ ᠪᠣᠯᠲᠠᠯ᠎ᠠ ᠡᠨᠡ ᠬᠦ᠌ ᠪᠦᠷᠢᠨ ᠴᠢᠳᠠᠮᠵᠢᠳᠦ ᠺᠠᠷᠲ ᠤ᠋ᠨ ᠬᠡᠷᠡᠭᠯᠡᠭᠴᠢ ᠨᠢᠬᠡᠨᠳᠡ 10 ᠲᠦᠮᠡ ᠵᠢ ᠳᠠᠪᠠᠨ᠂ ᠦᠵᠡᠮᠵᠢ ᠶ᠋ᠢᠨ ᠤᠷᠤᠨ ᠳ᠋ᠦ ᠣᠷᠣᠵᠤ ᠬᠡᠷᠡᠭᠯᠡᠭᠰᠡᠨ ᠬᠡᠮᠵᠢᠶ᠎ᠠ ᠨᠢ 12.5 ᠲᠦᠮᠡᠨ ᠤᠳᠠᠭ᠎ᠠ ᠵᠢ ᠳᠠᠪᠠᠵᠤ᠂ ᠠᠷᠠᠳ ᠲᠦ᠍ ᠠᠰᠢᠭ᠋ ᠬᠦᠷᠲᠡᠭᠡᠬᠦ ᠳᠠᠢᠴᠢᠯᠠᠬᠤ ᠦᠢᠯᠡᠳᠦᠯ ᠵᠢᠡᠷ ᠲᠤᠪᠤᠢᠮ᠎ᠠ ᠪᠠᠢᠨ᠎ᠠ᠃
ᠲᠤᠰ ᠺᠠᠷᠲ ᠤ᠋ᠨ ᠰᠦᠢᠳᠬᠡᠯ ᠨᠢ 299 ᠲᠥᠭᠥᠷᠢᠭ᠂ 1 ᠵᠢᠯ ᠤ᠋ᠨ ᠬᠦᠴᠦᠨ ᠲᠠᠢ ᠪᠠᠢᠵᠦ᠂ ᠪᠥᠬᠥ ᠣᠷᠣᠨ ᠤ᠋ 12 ᠠᠢᠮᠠᠭ ᠬᠣᠲᠠ ᠶ᠋ᠢᠨ ᠰᠣᠶᠣᠯ ᠵᠢᠭᠤᠯᠴᠢᠯᠠᠯ ᠤ᠋ᠨ ᠴᠢᠨᠠᠷ ᠰᠠᠢᠲᠠᠢ ᠡᠬᠢ ᠪᠠᠶᠠᠯᠢᠭ᠋ ᠢ᠋ ᠨᠢᠭᠡᠳᠦᠯᠲᠡᠢ ᠲᠥᠯᠥᠪᠯᠡᠨ ᠡᠮᠬᠢᠳᠬᠡᠵᠦ᠂ 131 ᠰᠤᠶᠤᠯ ᠵᠢᠭᠤᠯᠴᠢᠯᠠᠯ ᠤ᠋ᠨ ᠳᠠᠯᠠᠪᠠᠢ ᠭᠠᠵᠠᠷ ᠲᠠᠢ ᠬᠠᠮᠳᠤᠷᠠᠯᠴᠠᠭ᠎ᠠ ᠪᠠᠢᠭᠤᠯᠪᠠ᠃ ᠡᠭᠦᠨ ᠳ᠋ᠦ 5A ᠲᠠᠰ ᠤ᠋ᠨ ᠦᠵᠡᠮᠵᠢ ᠶ᠋ᠢᠨ ᠣᠷᠣᠨ 8᠂ 4A ᠲᠠᠰ ᠤ᠋ᠨ ᠦᠵᠡᠮᠵᠢ ᠶ᠋ᠢᠨ ᠣᠷᠣᠨ 72᠂ 3A ᠲᠠᠰ ᠤ᠋ᠨ ᠦᠵᠡᠮᠵᠢ ᠶ᠋ᠢᠨ ᠣᠷᠣᠨ 26᠂ 2A ᠲᠠᠰ ᠤ᠋ᠨ ᠦᠵᠡᠮᠵᠢ ᠶ᠋ᠢᠨ ᠣᠷᠣᠨ 18᠂ A ᠲᠠᠰ ᠤ᠋ᠨ ᠪᠤᠰᠤ ᠰᠢᠯᠢᠳᠡᠭ ᠰᠣᠶᠣᠯ ᠵᠢᠭᠤᠯᠴᠢᠯᠠᠯ ᠤ᠋ᠨ ᠲᠠᠯᠠᠪᠤᠷ ᠭᠠᠵᠠᠷ 7 ᠪᠠᠢᠵᠤ᠂ ᠲᠠᠯ᠎ᠠ ᠨᠤᠲᠤᠭ᠂ ᠡᠯᠡᠰᠦ ᠮᠠᠩᠬ᠎ᠠ᠂ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠦᠵᠡᠰᠬᠦᠯᠡᠩ᠂ ᠵᠤᠭ᠎ᠠ ᠰᠡᠯᠡᠭᠦᠴᠡᠯ ᠰᠤᠳᠤᠯᠤᠨ ᠰᠤᠷᠤᠯᠴᠠᠯᠭ᠎ᠠ ᠵᠡᠷᠭᠡ ᠣᠯᠠᠨ ᠵᠦᠢᠯ ᠤ᠋ᠨ ᠲᠥᠷᠥᠯ ᠬᠡᠯᠪᠡᠷᠢ ᠵᠢ ᠬᠠᠮᠤᠷᠴᠤ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠵᠢᠭᠤᠯᠴᠢᠯᠠᠯ ᠤ᠋ᠨ ᠭᠣᠣᠯᠯᠠᠬᠤ ᠡᠬᠢ ᠪᠠᠶᠠᠯᠢᠭ᠋ ᠢ᠋ ᠪᠥᠬᠥ ᠣᠷᠣᠨ ᠪᠦᠰᠡ ᠳ᠋ᠦ ᠬᠠᠮᠤᠷᠴᠠᠢ᠃ ᠦᠵᠡᠮᠵᠢ ᠶ᠋ᠢᠨ ᠣᠷᠣᠨ ᠤ᠋ ᠡᠬᠢ ᠪᠠᠶᠠᠯᠢᠭ᠋ ᠡᠴᠡ ᠭᠠᠳᠠᠨ᠎ᠠ᠂ ᠪᠦᠷᠢᠨ ᠴᠢᠳᠠᠮᠵᠢᠳᠦ ᠺᠠᠷᠲ ᠨᠢ ᠪᠠᠰᠠ ᠣᠯᠠᠨ ᠡᠰᠢᠲᠦ ᠬᠡᠷᠡᠭᠯᠡᠭᠡᠨ ᠤ᠋ ᠡᠷᠬᠡ ᠠᠰᠢᠭ᠋ ᠢ᠋ ᠵᠡᠷᠭᠡ ᠪᠡᠷ ᠭᠥᠷᠳᠡᠬᠡᠵᠤ ᠪᠠᠢᠨ᠎ᠠ᠃ ᠡᠬᠦᠨ ᠳ᠋ᠦ᠂ ᠣᠳᠣᠨ ᠲᠠᠰ ᠤ᠋ᠨ 28 ᠪᠠᠭᠤᠳᠠᠯ᠂ ᠬᠤᠷᠰᠢᠯᠴᠠᠭ᠎ᠠ ᠪᠠᠢᠭᠤᠯᠤᠭᠰᠠᠨ 49 ᠺᠢᠨᠣ᠋ ᠶ᠋ᠢᠨ ᠣᠷᠳᠣᠨ ᠢ᠋ ᠬᠠᠮᠤᠷᠤᠭᠰᠠᠨ ᠪᠦᠬᠡᠳ ᠪᠠᠰᠠ ᠥᠪᠥᠷ ᠮᠣᠩᠭᠣᠯ ᠤ᠋ᠨ 46 ᠵᠤᠷᠪᠤᠰ 《ᠰᠠᠯᠪᠤᠷᠢ ᠱᠤᠭᠤᠮᠤᠨ ᠨᠡᠪᠳᠡᠷᠡᠯ》 ᠠᠭᠠᠷ ᠤ᠋ᠨ ᠠᠶᠠᠯᠠᠯ ᠤ᠋ᠨ ᠱᠤᠭᠤᠮ ᠤ᠋ᠨ ᠦᠢᠯᠡᠳᠬᠦᠨ᠂ ᠳᠤᠮᠳᠠᠳᠤ ᠤᠯᠤᠰ ᠤ᠋ᠨ ᠴᠢᠯᠠᠭᠤᠨ ᠲᠣᠰᠣ᠌ ᠬᠢᠮᠢ ᠶ᠋ᠢᠨ ᠠᠵᠤ ᠦᠢᠯᠡᠳᠪᠦᠷᠢ ᠶ᠋ᠢᠨ ᠲᠣᠰᠣ᠌ ᠨᠡᠮᠡᠬᠦ ᠴᠠᠬᠢᠯᠭᠠᠨ ᠴᠡᠨᠡᠭᠯᠡᠬᠦ ᠦᠢᠯᠡᠴᠢᠯᠡᠭᠡ᠂ ᠱᠦᠨ ᠹᠧᠩ ᠲᠦᠷᠭᠡᠨ ᠭᠤᠪᠢᠭᠤᠯᠭ᠎ᠠ ᠵᠡᠷᠭᠡ ᠶ᠋ᠢᠨ ᠬᠢᠮᠳᠠᠷᠠᠯ ᠢ᠋ ᠪᠠᠭᠳᠠᠭᠠᠵᠦ᠂ 《ᠵᠢᠭᠤᠯᠴᠢᠯᠠᠬᠤ᠂ ᠰᠠᠭᠤᠬᠤ᠂ ᠨᠠᠭᠠᠳᠬᠤ᠂ ᠠᠶᠠᠯᠠᠬᠤ》 ᠵᠢ ᠨᠢᠭᠡ ᠴᠣᠭᠴᠠᠵᠢᠭᠤᠯᠤᠭᠰᠠᠨ ᠰᠣᠶᠣᠯ ᠵᠢᠭᠤᠯᠴᠢᠯᠠᠯ ᠤ᠋ᠨ ᠬᠡᠷᠡᠭᠯᠡᠭᠡᠨ ᠤ᠋ ᠦᠢᠯᠡᠴᠢᠯᠡᠭᠡᠨ ᠤ᠋ ᠰᠢᠰᠲᠧᠮ ᠢ᠋ ᠪᠠᠢᠭᠤᠯᠤᠨ ᠪᠦᠷᠢᠯᠳᠦᠭᠦᠯᠵᠦ᠂ ᠣᠯᠠᠨ ᠲᠦᠮᠡᠨ ᠤ᠋ ᠠᠶᠠᠯᠠᠨ ᠵᠢᠭᠤᠯᠴᠢᠯᠠᠬᠤ ᠪᠠ ᠡᠳᠦᠷ ᠲᠤᠲᠤᠮ ᠤ᠋ᠨ ᠬᠡᠷᠡᠭᠯᠡᠭᠡᠨ ᠤ᠋ ᠵᠠᠷᠤᠳᠠᠯ ᠢ᠋ ᠦᠨᠡᠨ ᠬᠦ᠌ ᠪᠠᠭᠤᠷᠠᠭᠤᠯᠪᠠ᠃
ᠤᠢᠯᠠᠭᠠᠭᠰᠠᠨ ᠵᠢᠡᠷ᠂ ᠥᠪᠥᠷ ᠮᠣᠩᠭᠣᠯ ᠤ᠋ᠨ ᠰᠣᠶᠣᠯ ᠵᠢᠭᠤᠯᠴᠢᠯᠠᠯ ᠤ᠋ᠨ ᠪᠦᠯᠦᠭᠯᠡᠯ ᠨᠢ ᠡᠨᠡ ᠬᠦ᠌ ᠪᠦᠷᠢᠨ ᠴᠢᠳᠠᠮᠵᠢᠳᠦ ᠺᠠᠷᠲ ᠤ᠋ᠨ ᠬᠠᠮᠲᠤᠷᠠᠯᠴᠠᠭᠠᠨ ᠤ᠋ ᠡᠬᠢ ᠪᠠᠶᠠᠯᠢᠭ᠋ ᠢ᠋ ᠤᠯᠠᠮ ᠪᠠᠶᠠᠯᠢᠭ᠍ᠵᠢᠭᠤᠯᠵᠤ᠂ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶ᠋ᠢᠨ ᠦᠢᠯᠡᠴᠢᠯᠡᠭᠡ ᠵᠢ ᠰᠢᠯᠢᠳᠡᠭᠵᠢᠭᠦᠯᠦᠨ᠂ ᠦᠢᠯᠡᠳᠬᠦᠨ ᠢ᠋ᠶ᠋ᠡᠷ ᠠᠷᠠᠳ ᠲᠦ᠍ ᠠᠰᠢᠭ᠋ ᠬᠦᠷᠲᠡᠭᠡᠬᠦ ᠴᠢᠳᠠᠪᠤᠷᠢ ᠵᠢ ᠪᠡᠬᠢᠵᠢᠭᠦᠯᠵᠦ᠂ ᠪᠦᠷᠢᠨ ᠴᠢᠳᠠᠮᠵᠢᠳᠦ ᠺᠠᠷᠲ ᠤ᠋ᠨ ᠰᠣᠶᠣᠯ ᠵᠢᠭᠤᠯᠴᠢᠯᠠᠯ ᠤ᠋ᠨ ᠬᠡᠷᠡᠭᠯᠡᠭᠡ ᠵᠢ ᠳᠠᠢᠴᠢᠯᠠᠬᠤ ᠦᠢᠯᠡᠳᠦᠯ ᠢ᠋ ᠭᠦᠢᠴᠡᠳ ᠪᠠᠳᠠᠷᠠᠭᠤᠯᠤᠨ᠂ ᠪᠥᠬᠥ ᠣᠷᠣᠨ ᠤ᠋ ᠰᠣᠶᠣᠯ ᠵᠢᠭᠤᠯᠴᠢᠯᠠᠯ ᠤ᠋ᠨ ᠠᠵᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠳ᠋ᠦ ᠦᠷᠬᠦᠯᠵᠢᠯᠡᠨ ᠬᠦᠴᠦᠨ ᠨᠡᠮᠡᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃