ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-11-19 15:43:37

ᠵᠣᠬᠢᠶᠠᠭ᠍ᠴᠢ᠄ ᠬᠦᠭᠵᠢᠯᠳᠦ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠤᠷ ᠮᠤᠩᠭᠤᠯ  ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠵᠢᠡᠷ᠂ ᠮᠠᠨ ᠤ᠋ ᠤᠷᠤᠨ ᠨᠤᠲᠤᠭ᠎ᠤᠨ ᠤᠷᠴᠢᠮᠬᠠᠨ ᠣᠷᠣᠨ ᠵᠢᠭᠤᠯᠴᠢᠯᠠᠯ ᠤ᠋ᠨ ᠦᠢᠯᠡᠰ ᠤ᠋ᠨ 《ᠮᠣᠷᠢ (ᠲᠡᠮᠡᠭᠡ) ᠤᠨᠤᠬᠤ ᠵᠢᠭᠤᠯᠴᠢᠯᠠᠯ ᠤ᠋ᠨ ᠦᠢᠯᠡᠳᠬᠦᠨ ᠤ᠋ ᠦᠢᠯᠡᠴᠢᠯᠡᠭᠡᠨ ᠤ᠋ ᠵᠢᠷᠤᠮᠵᠢᠯ》᠂ 《 ᠮᠠᠯᠴᠢᠨ ᠠᠢᠯ ᠤ᠋ᠨ ᠵᠢᠭᠤᠯᠴᠢᠯᠠᠯ ᠤ᠋ᠨ ᠡᠵᠡᠩᠨᠡᠯᠲᠡ ᠶ᠋ᠢᠨ ᠦᠢᠯᠡᠴᠢᠯᠡᠭᠡᠨ ᠤ᠋ ᠵᠢᠷᠤᠮᠵᠢᠯ 》 ᠪᠤᠯᠤᠨ 《 ᠮᠣᠩᠭᠣᠯ ᠬᠣᠭᠣᠯᠠ ᠶ᠋ᠢᠨ ᠡᠵᠡᠩᠨᠡᠯᠲᠡ ᠶ᠋ᠢᠨ ᠲᠥᠷᠥᠯ ᠵᠦᠢᠯ ᠤ᠋ᠨ ᠭᠥᠯᠢᠶᠡᠨ ᠠᠪᠬᠤ ᠦᠢᠯᠡᠴᠢᠯᠡᠭᠡᠨ ᠤ᠋ ᠵᠢᠷᠤᠮᠵᠢᠯ  ᠤ᠋ᠨ ᠶᠡᠷᠦᠩᠬᠡᠢ ᠳᠦᠷᠢᠮ 》 ᠵᠡᠷᠭᠡ 3 ᠵᠦᠢᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠳ᠋ᠦ ᠵᠠᠰᠠᠪᠤᠷᠢ ᠣᠷᠣᠭᠤᠯᠵᠤ ᠨᠡᠢᠲᠡᠯᠡᠪᠡ᠃

ᠲᠣᠰ ᠤᠳᠠᠭ᠎ᠠ ᠵᠠᠰᠠᠪᠤᠷᠢ ᠣᠷᠣᠭᠤᠯᠬᠤ ᠳ᠋ᠠᠭᠠᠨ ᠠᠵᠢᠯ ᠲᠥᠷᠥᠯ ᠤ᠋ᠨ ᠬᠥᠭᠵᠢᠯᠲᠡ ᠶ᠋ᠢᠨ ᠪᠣᠳᠠᠲᠤ ᠪᠠᠢᠳᠠᠯ ᠳ᠋ᠦ ᠰᠠᠭᠤᠷᠢᠯᠠᠨ ᠵᠠᠬ᠎ᠠ ᠳᠡᠯᠭᠡᠭᠦᠷ ᠤ᠋ᠨ ᠰᠢᠨ᠎ᠡ ᠬᠡᠷᠡᠭᠴᠡᠭᠡ ᠱᠠᠭᠠᠷᠳᠠᠯᠭ᠎ᠠ ᠳ᠋ᠦ ᠣᠨᠣᠴᠠᠲᠠᠶ ᠬᠠᠷᠢᠭᠤᠯᠲᠠ ᠦᠭᠴᠦ᠂ ᠪᠠᠰᠠ ᠠᠮᠤᠷ ᠲᠦᠪᠰᠢᠨ ᠤ᠋ ᠬᠣᠷᠢᠭ᠎ᠠ ᠱᠤᠭᠤᠮ ᠢ᠋ ᠪᠠᠲᠤ ᠰᠠᠬᠢᠵᠤ᠂ ᠰᠣᠶᠣᠯ ᠵᠢᠭᠤᠯᠴᠢᠯᠠᠯ ᠤ᠋ᠨ ᠦᠢᠯᠡᠴᠢᠯᠡᠭᠡᠨ ᠤ᠋ ᠶᠠᠰᠤ ᠴᠢᠨᠠᠷ ᠢ᠋ ᠳᠡᠭᠡᠭᠰᠢᠯᠡᠭᠦᠯᠦᠨ ᠲᠠᠰ ᠳᠡᠪᠰᠢᠭᠦᠯᠬᠦ ᠵᠢ ᠵᠤᠷᠢᠵᠠᠢ᠃ 《ᠮᠣᠷᠢ (ᠲᠡᠮᠡᠭᠡ)ᠤᠨᠤᠬᠤ ᠵᠢᠭᠤᠯᠴᠢᠯᠠᠯ ᠤ᠋ᠨ ᠦᠢᠯᠡᠳᠬᠦᠨ ᠤ᠋ ᠦᠢᠯᠡᠴᠢᠯᠡᠭᠡᠨ ᠤ᠋ ᠵᠢᠷᠤᠮᠵᠢᠯ 》 ᠨᠢ ᠮᠣᠷᠢ ᠤᠨᠤᠬᠤ ᠲᠠᠯᠠᠪᠤᠷ᠂ ᠮᠣᠷᠢ ᠲᠡᠮᠡᠭᠡ ᠶ᠋ᠢᠨ ᠬᠠᠮᠢᠶᠠᠷᠤᠯᠲᠠ ᠬᠠᠮᠠᠭᠠᠯᠠᠯᠲᠠ᠂ ᠵᠠᠮ ᠱᠤᠭᠤᠮ ᠤ᠋ᠨ ᠵᠢᠷᠤᠭ ᠲᠥᠯᠥᠪᠯᠡᠭᠡ᠂ ᠪᠢᠯᠧᠲ ᠤ᠋ᠨ ᠶᠠᠪᠤᠳᠠᠯ ᠤ᠋ᠨ ᠵᠥᠪᠯᠡᠯᠭᠡ᠂ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ᠂ ᠠᠮᠤᠷ ᠲᠦᠪᠰᠢᠨ ᠤ᠋ ᠬᠠᠮᠢᠶᠠᠷᠤᠯᠲᠠ ᠡᠵᠡᠮᠳᠡᠯ᠂ ᠡᠮ ᠡᠮᠨᠡᠯᠭᠡ ᠶ᠋ᠢᠨ ᠠᠪᠤᠷᠠᠨ ᠲᠤᠰᠠᠯᠠᠯᠲᠠ ᠵᠡᠷᠭᠡ ᠳ᠋ᠦ ᠰᠢᠰᠲᠧᠮ ᠲᠠᠢ ᠵᠢᠷᠤᠮᠵᠢᠯ ᠭᠠᠷᠭᠠᠵᠤ᠂ ᠲᠠᠯ᠎ᠠ ᠨᠤᠲᠤᠭ ᠤ᠋ᠨ ᠬᠠᠯᠠᠮᠰᠢᠯ  ᠢ᠋ ᠣᠢᠯᠠᠭᠠᠬᠤ ᠲᠥᠷᠥᠯ ᠵᠦᠢᠯ ᠢ᠋ ᠴᠢᠩᠭ᠎ᠠ ᠠᠩᠬᠠᠷᠴᠤ᠂ ᠵᠢᠭᠤᠯᠴᠢᠯᠠᠯ ᠤ᠋ᠨ ᠠᠮᠤᠷ ᠲᠦᠪᠰᠢᠨ ᠤ᠋ ᠰᠡᠷᠭᠡᠢᠯᠡᠯᠲᠡ ᠶ᠋ᠢᠨ ᠱᠤᠭᠤᠮ ᠢ᠋ ᠪᠡᠬᠢᠵᠢᠭᠦᠯᠪᠡ; 《ᠮᠠᠯᠴᠢᠨ ᠠᠢᠯ ᠤ᠋ᠨ ᠵᠢᠭᠤᠯᠴᠢᠯᠠᠯ ᠤ᠋ᠨ ᠡᠵᠡᠩᠨᠡᠯᠲᠡ ᠶ᠋ᠢᠨ ᠦᠢᠯᠡᠴᠢᠯᠡᠭᠡᠨ ᠤ᠋ ᠵᠢᠷᠤᠮᠵᠢᠯ 》 ᠳ᠋ᠦ ᠰᠠᠭᠤᠷᠢ ᠲᠦᠬᠦᠬᠡᠷᠦᠮᠵᠢ ᠶ᠋ᠢᠨ ᠪᠦᠲᠦᠭᠡᠨ ᠪᠠᠢᠭᠤᠯᠤᠯᠲᠠ᠂ ᠭᠥᠯᠢᠶᠡᠨ ᠠᠪᠬᠤ ᠦᠢᠯᠡᠴᠢᠯᠡᠭᠡ᠂ ᠠᠮᠢ ᠠᠬᠤᠢ ᠶ᠋ᠢᠨ ᠬᠠᠮᠠᠭᠠᠯᠠᠯᠲᠠ᠂ ᠠᠮᠤᠷ ᠲᠦᠪᠰᠢᠨ ᠤ᠋ ᠬᠠᠮᠢᠶᠠᠷᠤᠯᠲᠠ ᠶ᠋ᠢᠨ ᠬᠠᠮᠢᠶ᠎ᠠ ᠪᠦᠬᠦᠢ ᠱᠠᠭᠠᠷᠳᠠᠯᠭ᠎ᠠ ᠵᠢ ᠲᠣᠳᠣᠷᠬᠠᠢᠯᠠᠵᠤ᠂ ᠡᠵᠡᠩᠨᠡᠯᠲᠡ ᠶ᠋ᠢᠨ ᠭᠣᠣᠯ ᠴᠣᠭᠴᠠ ᠶ᠋ᠢᠨ ᠮᠣᠩᠭᠣᠯ ᠦᠨᠳᠦᠰᠦᠲᠡᠨ ᠤ᠋ ᠳᠠᠭᠤᠤ ᠪᠥᠵᠢᠭ᠂ ᠰᠤᠷ ᠬᠠᠷᠪᠤᠯᠲᠠ᠂ ᠪᠦᠬᠡ ᠵᠡᠷᠭᠡ ᠣᠨᠴᠠᠯᠢᠭ᠍ᠲᠤ ᠰᠣᠶᠣᠯ ᠤ᠋ᠨ ᠠᠵᠢᠯᠯᠠᠭ᠎ᠠ ᠥᠷᠨᠢᠭᠦᠯᠬᠦ ᠵᠢ ᠵᠣᠷᠢᠭ᠍ᠵᠢᠭᠤᠯᠵᠤ᠂ ᠮᠠᠯᠴᠢᠨ ᠠᠢᠯ ᠤ᠋ᠨ  ᠵᠢᠭᠤᠯᠴᠢᠯᠠᠯ ᠤ᠋ᠨ ᠬᠦᠷᠢᠶ᠎ᠠ ᠬᠡᠪᠴᠢᠶ᠎ᠡ ᠪᠡᠨ ᠥᠷᠭᠡᠳᠬᠡᠵᠦ ᠪᠠᠢᠭᠰᠠᠨ ᠡᠴᠡ ᠶᠠᠰᠤ ᠴᠢᠨᠠᠷ ᠢ᠋ᠶ᠋ᠠᠨ ᠳᠡᠭᠡᠭᠰᠢᠯᠡᠭᠦᠯᠬᠦ ᠳᠠᠢᠰᠢ ᠰᠢᠯᠵᠢᠬᠦ ᠵᠢ ᠬᠦᠳᠤᠯᠵᠠᠢ; 《ᠮᠣᠩᠭᠣᠯ ᠬᠣᠭᠣᠯᠠ ᠶ᠋ᠢᠨ ᠡᠵᠡᠩᠨᠡᠯᠲᠡ ᠶ᠋ᠢᠨ ᠲᠥᠷᠥᠯ ᠵᠦᠢᠯ ᠤ᠋ᠨ ᠭᠥᠯᠢᠶᠡᠨ ᠠᠪᠬᠤ ᠦᠢᠯᠡᠴᠢᠯᠡᠭᠡᠨ ᠤ᠋ ᠵᠢᠷᠤᠮᠵᠢᠯ ᠤ᠋ᠨ ᠶᠡᠷᠦᠩᠬᠡᠢ ᠳᠦᠷᠢᠮ 》 ᠨᠢ ᠦᠢᠯᠡᠴᠢᠯᠡᠭᠡᠨ ᠤ᠋ ᠣᠷᠴᠢᠨ ᠲᠣᠭᠣᠷᠢᠨ᠂ ᠭᠥᠯᠢᠶᠡᠨ ᠠᠪᠬᠤ ᠵᠢᠷᠤᠮᠵᠢᠯ᠂ ᠦᠨᠳᠦᠰᠦᠲᠡᠨ ᠤ᠋ ᠵᠠᠩ ᠦᠢᠯᠡ ᠶ᠋ᠢᠨ ᠴᠡᠭᠡᠷ ᠶᠤᠰᠤ᠂ ᠣᠨᠴᠠᠯᠢᠭ᠍ᠲᠤ ᠨᠣᠭᠣᠭ᠎ᠠ ᠵᠠᠭᠤᠰᠢ ᠶ᠋ᠢᠨ ᠦᠢᠯᠡᠴᠢᠯᠡᠭᠡ᠂ ᠶᠠᠰᠤ ᠴᠢᠨᠠᠷ ᠤ᠋ᠨ ᠦᠨᠡᠯᠡᠯᠲᠡ ᠵᠡᠷᠭᠡ ᠠᠭᠤᠯᠭ᠎ᠠ ᠵᠢ ᠵᠢᠷᠤᠮᠵᠢᠭᠤᠯᠤᠨ᠂ ᠢᠳᠡᠭᠡᠨ ᠤᠮᠳᠠᠭᠠᠨ ᠤ᠋ ᠦᠢᠯᠡᠴᠢᠯᠡᠭᠡ ᠬᠢᠭᠡᠳ ᠰᠣᠶᠣᠯ ᠤ᠋ᠨ ᠤᠳᠬ᠎ᠠ ᠠᠭᠤᠯᠬᠤᠨ ᠢ᠋ ᠬᠠᠮᠲᠤ ᠳ᠋ᠤᠨᠢ ᠬᠠᠷᠠᠭᠠᠯᠵᠠᠵᠦ᠂ ᠵᠢᠭᠤᠯᠴᠢᠯᠠᠭ᠍ᠰᠠᠳ ᠲᠦ᠍ ᠮᠣᠩᠭᠣᠯ ᠬᠣᠭᠣᠯᠠ ᠵᠢ ᠠᠮᠲᠠᠯᠠᠭᠤᠯᠬᠤ ᠶ᠋ᠢᠨ ᠬᠠᠮᠲᠤ ᠦᠨᠳᠦᠰᠦᠲᠡᠨ ᠤ᠋ ᠢᠳᠡᠭᠡᠨ ᠤᠮᠳᠠᠭᠠᠨ ᠤ᠋ ᠰᠣᠶᠣᠯ ᠢ᠋ ᠤᠢᠯᠠᠭᠠᠭᠤᠯᠬᠤ ᠵᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠨᠡ 3 ᠵᠦᠢᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠪᠣᠳᠠᠲᠠᠢ ᠳ᠋ᠤ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠵᠢ ᠠᠬᠢᠭᠤᠯᠬᠤ ᠪᠡᠷ ᠤᠬᠠᠭᠤᠯᠤᠨ ᠲᠤᠭᠤᠰᠢᠯᠠᠭᠤᠯᠬᠤ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠲᠦᠷᠦᠬᠦᠬᠡᠨ ᠪᠥᠬᠥ ᠣᠷᠣᠨ ᠤ᠋ ᠰᠣᠶᠣᠯ ᠵᠢᠭᠤᠯᠴᠢᠯᠠᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠤᠬᠠᠭᠤᠯᠤᠨ ᠲᠤᠭᠤᠰᠢᠯᠠᠭᠤᠯᠬᠤ ᠪᠣᠯᠪᠠᠰᠤᠷᠠᠯ ᠤ᠋ᠨ ᠠᠩᠭᠢ ᠡᠷᠭᠢᠯᠡᠨ᠂ ᠪᠠᠷᠢᠮᠵᠢᠶ᠎ᠠ ᠵᠢ ᠲᠤᠭᠤᠷᠪᠢᠭᠰᠠᠨ ᠲᠤᠰᠬᠠᠢ ᠮᠡᠷᠭᠡᠵᠢᠯᠲᠡᠨ ᠢ᠋ ᠤᠷᠢᠨ ᠲᠠᠢᠯᠤᠮᠵᠢ ᠬᠢᠯᠭᠡᠵᠦ᠂ ᠡᠯ᠎ᠡ ᠠᠢᠮᠠᠭ ᠬᠣᠲᠠ ᠶ᠋ᠢᠨ ᠰᠣᠶᠣᠯ ᠵᠢᠭᠤᠯᠴᠢᠯᠠᠯ ᠤ᠋ᠨ ᠲᠤᠬᠠᠢᠯᠠᠭᠰᠠᠨ ᠠᠵᠢᠯ ᠤ᠋ᠨ ᠭᠣᠣᠯᠯᠠᠬᠤ ᠬᠦᠴᠦᠨ᠂ ᠭᠣᠣᠯᠳᠠᠯᠭ᠎ᠠ ᠲᠠᠢ ᠰᠣᠶᠣᠯ ᠵᠢᠭᠤᠯᠴᠢᠯᠠᠯ ᠤ᠋ᠨ ᠠᠵᠤ ᠠᠬᠤᠢᠯᠠᠯ ᠤ᠋ᠨ ᠲᠥᠯᠥᠭᠡᠯᠡᠭᠴᠢ ᠵᠢ ᠤᠷᠢᠵᠤ ᠪᠣᠯᠪᠠᠰᠤᠷᠠᠯ ᠳ᠋ᠦ ᠣᠷᠣᠯᠴᠠᠭᠤᠯᠤᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面