ᠲᠡᠷᠢᠭᠦᠨ ᠨᠢᠭᠤᠷ>ᠰᠢᠨ᠎ᠡ ᠬᠦᠳᠡᠭᠡ>ᠰᠣᠶᠣᠯ ᠵᠢᠭᠤᠯᠴᠢᠯᠠᠯ

2026-11-26 11:07:43

ᠵᠣᠬᠢᠶᠠᠭ᠍ᠴᠢ᠄ ​ᠬᠦᠭᠵᠢᠯᠳᠦ ᠣᠩᠱᠢᠭ᠍ᠰᠠᠨ ᠣᠳᠠᠭ᠎ᠠ᠄ 3

ᠦᠪᠤᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠮᠠᠨ ᠤ᠋ ᠣᠷᠣᠨ ᠤ᠋ 3 ᠰᠤᠳᠤᠯᠭᠠᠨ ᠤ᠋ ᠰᠡᠳᠦᠪ 2026 ᠣᠨ ᠤ᠋ ᠤᠯᠤᠰ ᠤ᠋ᠨ ᠨᠡᠢᠭᠡᠮ ᠤ᠋ᠨ ᠰᠢᠨᠵᠢᠯᠡᠬᠦ ᠤᠬᠠᠭᠠᠨ ᠤ᠋ ᠰᠠᠭᠤᠷᠢ ᠮᠥᠩᠭᠥᠨ ᠤ᠋ ᠤᠷᠠᠯᠢᠭ᠋ ᠤ᠋ᠨ ᠤᠬᠠᠭᠠᠨ ᠤ᠋ ᠲᠦᠰᠦᠯ ᠳ᠋ᠦ ᠰᠤᠩᠭᠤᠭᠳᠠᠪᠠ᠃

ᠲᠣᠰ 3 ᠰᠡᠳᠦᠪ ᠨᠢ ᠥᠪᠥᠷ ᠮᠣᠩᠭᠣᠯ ᠤ᠋ᠨ ᠰᠣᠶᠣᠯ ᠤ᠋ᠨ ᠠᠭᠤᠯᠤᠭᠳᠠᠬᠤᠨ ᠢ᠋ ᠭᠦᠨᠵᠡᠭᠡᠢ ᠳᠠᠢᠯᠪᠤᠷᠢᠯᠠᠵᠦ᠂ ᠤᠯᠠᠭᠠᠨᠮᠥ᠋ᠴᠢᠷ ᠤ᠋ᠨ ᠬᠢᠨ ᠤ᠋ ᠰᠢ ᠵᠦᠴᠦᠭᠡ ᠶ᠋ᠢᠨ ᠬᠥᠭᠵᠢᠯᠲᠡ ᠶ᠋ᠢᠨ ᠶᠠᠪᠤᠴᠠ ᠶ᠋ᠢᠨ ᠰᠤᠳᠤᠯᠭᠠᠨ ᠦᠷᠨᠢᠬᠦᠯᠦᠨ᠂ ᠬᠤᠪᠢᠰᠬᠠᠯᠲᠤ ᠤᠳᠬ᠎ᠠ ᠤᠷᠠᠯᠢᠭ᠋ ᠤ᠋ᠨ ᠲᠣᠭ ᠢ᠋ ᠦᠨᠳᠦᠰᠦᠨ ᠱᠠᠲᠤᠨ᠎ᠳᠤ ᠦᠨᠳᠦᠰᠦᠯᠡᠭᠦᠯᠵᠦ᠂ ᠠᠷᠠᠳ ᠲᠦᠮᠡᠨ ᠳ᠋ᠦ 70 ᠰᠢᠬᠠᠮ ᠵᠢᠯ ᠦᠢᠯᠡᠴᠢᠯᠡᠭᠰᠡᠨ ᠬᠥᠭᠵᠢᠯᠲᠡ ᠶ᠋ᠢᠨ ᠰᠤᠳᠠᠰᠤ ᠵᠢ ᠰᠢᠰᠲᠧᠮ ᠲᠠᠢ ᠡᠮᠬᠢᠯᠡᠵᠦ᠂ ᠲᠡᠭᠦᠨ ᠤ᠋ ᠣᠶᠤᠨ ᠰᠠᠨᠠᠭᠠᠨ ᠤ᠋ ᠴᠦᠮ᠎ᠠ ᠵᠢ ᠲᠤᠳᠤᠷᠬᠠᠢᠯᠠᠨ᠎ᠠ;ᠴᠤᠭᠤᠷ ᠳᠠᠭᠤᠤ ᠬᠥᠭᠵᠢᠮ ᠢ᠋ ᠤᠯᠠᠮᠵᠢᠯᠠᠨ ᠵᠠᠯᠭᠠᠮᠵᠢᠯᠠᠬᠤ ᠰᠤᠳᠤᠯᠭᠠᠨ ᠬᠢᠵᠦ᠂ ᠣᠯᠠᠨ ᠲᠠᠭᠤᠨ ᠮᠦᠷ ᠲᠠᠢ ᠤᠯᠠᠮᠵᠢᠯᠠᠯᠲᠤ ᠳᠠᠭᠤᠤ ᠬᠥᠭᠵᠢᠮ ᠢ᠋ ᠣᠲᠣ᠌ ᠦᠶ᠎ᠡ ᠶ᠋ᠢᠨ ᠬᠡᠯᠡᠨ ᠤ᠋ ᠣᠷᠴᠢᠨ ᠳ᠋ᠤ ᠬᠠᠮᠠᠭᠠᠯᠠᠨ ᠤᠯᠠᠮᠵᠢᠯᠠᠬᠤ ᠠᠷᠭ᠎ᠠ ᠵᠠᠮ ᠢ᠋ ᠰᠦᠪᠡᠭᠴᠢᠯᠡᠨ᠎ᠡ; ᠶᠤᠸᠠᠨ ᠤᠯᠤᠰ᠂ ᠮᠢᠩ ᠤᠯᠤᠰ᠂ ᠴᠢᠩ ᠤᠯᠤᠰ ᠤ᠋ᠨ ᠦᠶ᠎ᠠ ᠵᠢᠨ ᠱᠠᠨ ᠰᠢ᠂ ᠮᠣᠩᠭᠣᠯ ᠣᠷᠣᠨ ᠤ᠋ ᠤᠯᠠᠮᠵᠢᠯᠠᠯᠲᠤ ᠬᠠᠨ᠎ᠠ ᠶ᠋ᠢᠨ ᠵᠢᠷᠤᠭ ᠤ᠋ᠨ ᠬᠤᠪᠢᠷᠠᠯ ᠢ᠋ ᠰᠤᠳᠤᠯᠵᠤ᠂ ᠬᠠᠨ᠎ᠠ ᠶ᠋ᠢᠨ ᠵᠢᠷᠤᠭ ᠂ ᠲᠡᠦᠬᠡᠨ ᠮᠠᠲᠧᠷᠢᠶᠠᠯ ᠳ᠋ᠤ ᠲᠦᠰᠢᠭᠯᠡᠨ ᠤᠮᠠᠷᠠᠲᠤ ᠣᠷᠣᠨ ᠤ᠋ ᠡᠯ᠎ᠡ ᠦᠨᠳᠦᠰᠦᠲᠡᠨ ᠤ᠋ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠲᠡᠦᠬᠡᠨ ᠤᠯᠠ ᠮᠥᠷ ᠢ᠋ ᠠᠭᠤᠳᠠᠯᠵᠤ᠂ ᠠᠳᠠᠯᠢ ᠪᠤᠰᠤ ᠲᠠᠯ᠎ᠠ ᠡᠴᠡ ᠭᠠᠷᠳᠠᠨ ᠥᠪᠥᠷ ᠮᠣᠩᠭᠣᠯ ᠤ᠋ᠨ ᠣᠨᠴᠠᠯᠢᠭ᠍ᠲᠤ ᠰᠣᠶᠣᠯ ᠤ᠋ᠨ ᠡᠬᠢ ᠪᠠᠶᠠᠯᠢᠭ᠋ ᠢ᠋ ᠴᠢᠨᠠᠷ ᠰᠠᠢᠲᠠᠢ ᠤᠷᠠᠯᠢᠭ᠋ ᠤ᠋ᠨ ᠡᠷᠳᠡᠮ ᠰᠢᠨᠵᠢᠯᠡᠭᠡᠨ ᠤ᠋ ᠰᠤᠳᠤᠯᠭᠠᠨ ᠤ᠋ ᠰᠡᠳᠦᠪ ᠪᠣᠯᠭᠠᠨ ᠬᠤᠪᠢᠷᠠᠭᠤᠯᠬᠤ ᠵᠢ ᠠᠬᠢᠭᠤᠯᠬᠤ ᠪᠤᠯᠤᠨ᠎ᠠ᠃

ᠤᠢᠯᠠᠭᠠᠭᠰᠠᠨ ᠵᠢᠡᠷ᠂ ᠮᠠᠨ᠎ᠤ ᠤᠷᠤᠨ ᠤᠢᠷ᠎ᠠ ᠵᠢᠨ ᠵᠢᠯ ᠳ᠋ᠤ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠲᠥᠷᠥᠯ ᠵᠦᠢᠯ ᠢ᠋ ᠪᠣᠢᠵᠢᠭᠤᠯᠬᠤ ᠵᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠠᠵᠢᠯᠲᠠᠳ ᠢ᠋ ᠬᠥᠲᠥᠯᠥᠨ ᠵᠢᠯᠤᠭᠣᠳᠴᠤ ᠪᠠᠢᠭᠠᠳ ᠲᠤᠰ ᠭᠠᠵᠠᠷ ᠣᠷᠣᠨ ᠤ᠋ ᠪᠠᠨ ᠰᠣᠶᠣᠯ ᠤ᠋ᠨ ᠡᠬᠢ ᠪᠠᠶᠠᠯᠢᠭ᠋ ᠲᠠᠭᠠᠨ ᠰᠠᠭᠤᠷᠢᠯᠠᠨ ᠭᠦᠨ ᠬᠠᠭᠠᠯᠪᠤᠷᠢᠯᠠᠵᠤ ᠨᠠᠷᠢᠨ ᠰᠤᠳᠤᠯᠵᠤ᠂ ᠰᠣᠶᠣᠯ ᠤ᠋ᠨ ᠡᠬᠢ ᠪᠠᠶᠠᠯᠢᠭ᠋ ᠢ᠋ ᠠᠭᠤᠳᠠᠯᠬᠤ᠂ ᠰᠡᠳᠦᠪ ᠭᠤᠶᠤᠴᠢᠯᠠᠨ ᠮᠡᠳᠡᠭᠦᠯᠵᠦ ᠪᠣᠭᠣᠮᠲᠠ ᠰᠢᠪᠲᠤᠯᠬᠤ ᠡᠴᠡ ᠠᠪᠤᠭᠠᠳ ᠡᠷᠳᠡᠮ ᠰᠢᠨᠵᠢᠯᠡᠭᠡᠨ ᠤ᠋ ᠦᠷ᠎ᠡ ᠪᠦᠲᠦᠭᠡᠯ ᠪᠤᠯᠭᠠᠬᠤ᠂ ᠦᠭᠡ ᠬᠡᠯᠡᠨ ᠤ᠋ ᠰᠢᠰᠲᠧᠮ ᠢ᠋ ᠪᠠᠶ᠋ᠢᠭᠤᠯᠬᠤ ᠬᠦᠷᠳᠡᠯ᠎ᠠ ᠪᠦᠬᠦ ᠶᠠᠪᠤᠴᠠ ᠪᠡᠷ ᠰᠢᠰᠲᠸᠮ ᠲᠠᠢ ᠠᠬᠢᠭᠤᠯᠵᠦ᠂ ᠡᠷᠳᠡᠮ ᠰᠢᠨᠵᠢᠯᠡᠭᠡᠨ ᠤ᠋ ᠰᠤᠳᠤᠯᠭᠠᠨ ᠢ᠋ᠶ᠋ᠠᠷ ᠰᠣᠶᠣᠯ ᠤ᠋ᠨ ᠤᠭ ᠦᠨᠳᠦᠰᠦ ᠵᠢ ᠪᠠᠲᠤ ᠰᠠᠬᠢᠨ ᠤᠯᠠᠮᠵᠢᠯᠠᠵᠤ᠂ ᠥᠪᠥᠷ ᠮᠣᠩᠭᠣᠯ ᠤ᠋ᠨ ᠰᠣᠶᠣᠯ ᠤ᠋ᠨ ᠬᠥᠭᠵᠢᠯᠲᠡ ᠳ᠋ᠦ ᠣᠶᠤᠨ ᠤ᠋ ᠲᠤᠯᠭᠠᠭᠤᠷᠢᠯᠠᠯ ᠬᠠᠩᠭᠠᠭᠰᠠᠭᠠᠷ ᠢᠷᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面