2026-09-11 10:54:23
ᠦᠪᠤᠷ ᠮᠤᠩᠭᠤᠯ ᠄ 95% ᠡᠴᠡ ᠲᠠᠬᠡᠭᠰᠢᠬᠢ ᠭᠠᠴᠠᠭ᠎ᠠ ᠲᠤᠰᠬᠤᠨ ᠳ᠋ᠤ ᠠᠮᠢᠳᠤᠷᠠᠯ ᠤ᠋ᠨ ᠬᠤᠭ ᠨᠣᠪᠰᠢ ᠶ᠋ᠢ ᠬᠤᠷᠢᠶᠠᠨ ᠲᠡᠭᠡᠭᠡᠪᠦᠷᠢᠯᠡᠵᠦ᠍ ᠰᠢᠢᠳᠪᠦᠷᠢᠯᠡᠬᠦ ᠵᠢ ᠪᠡᠶᠡᠯᠡᠭᠦᠯᠦᠨ᠎ᠠ
ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠠᠷᠠᠳ ᠤ᠋ᠨ ᠵᠠᠰᠠᠭ ᠤ᠋ᠨ ᠣᠷᠳᠤᠨ ᠤ᠋ ᠠᠯᠪᠠᠨ ᠲᠢᠩᠬᠢᠮ ᠤᠢᠷ᠎ᠠ ᠳ᠋ᠤ《ᠥᠪᠦᠷ ᠮᠣᠩᠭᠤᠯ ᠤ᠋ᠨ ᠥᠪᠡᠷᠲᠡᠭᠡᠨ ᠵᠠᠰᠠᠬᠤ ᠣᠷᠤᠨ ᠤ᠋ ᠮᠠᠯᠵᠢᠬᠤ ᠲᠠᠷᠢᠶᠠᠯᠠᠬᠤ ᠣᠷᠤᠨ ᠤ᠋ ᠬᠤᠭ ᠨᠣᠪᠰᠢ ᠶ᠋ᠢᠨ ᠵᠠᠰᠠᠯᠳᠠ ᠶ᠋ᠢ ᠭᠦᠨᠵᠡᠭᠡᠢ ᠠᠬᠢᠭᠤᠯᠬᠤ ᠠᠷᠭ᠎ᠠ ᠬᠡᠮᠵᠢᠶ᠎ᠡ ᠨᠤᠭᠦᠳ》(ᠲᠤᠤᠷ᠎ᠠ 《ᠠᠷᠭ᠎ᠠ ᠬᠡᠮᠵᠢᠶ᠎ᠠ ᠨᠤᠬᠦᠳ》 ᠬᠡᠵᠤ ᠲᠤᠪᠴᠢᠯᠠᠨ᠎ᠠ) ᠢ᠋ ᠳᠠᠷᠤᠮᠠᠯᠯᠠᠨ ᠲᠠᠷᠬᠠᠭᠠᠵᠤ᠂ 2030 ᠣᠨ ᠤ᠋ ᠵᠢᠯ ᠤ᠋ᠨ ᠰᠡᠭᠦᠯᠴᠢ ᠡᠴᠡ ᠡᠮᠦᠨ᠎ᠡ ᠮᠠᠯᠵᠢᠬᠤ ᠲᠠᠷᠢᠶᠠᠯᠠᠬᠤ ᠣᠷᠤᠨ ᠤ᠋ ᠠᠮᠢᠳᠤᠷᠠᠯ ᠤ᠋ᠨ ᠬᠤᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ᠍ ᠰᠢᠢᠳᠪᠦᠷᠢᠯᠡᠬᠦ᠌ ᠰᠢᠰᠲᠧᠮ ᠢ᠋ ᠦᠨᠳᠦᠰᠦᠨ ᠳ᠋ᠡᠭᠡᠨ ᠪᠦᠷᠢᠨᠰᠢᠬᠦᠯᠤᠨ᠂ ᠪᠦᠬᠦ ᠤᠷᠤᠨ ᠤ᠋ ᠠᠮᠢᠳᠤᠷᠠᠯ ᠤ᠋ᠨ ᠬᠤᠭ ᠨᠣᠪᠰᠢ ᠶ᠋ᠢ ᠬᠤᠷᠢᠶᠠᠨ ᠲᠡᠭᠡᠭᠡᠪᠦᠷᠢᠯᠡᠵᠦ᠍ ᠰᠢᠢᠳᠪᠦᠷᠢᠯᠡᠬᠦ ᠵᠢ ᠪᠡᠶᠡᠯᠡᠭᠦᠯᠦᠭᠰᠡᠨ ᠭᠠᠴᠠᠭ᠎ᠠ ᠲᠤᠰᠬᠤᠨ ᠤ᠋ ᠡᠵᠡᠯᠡᠬᠦ ᠬᠠᠷᠢᠴᠠᠯ ᠨᠢ 95% ᠡᠴᠡ ᠳᠡᠭᠡᠭᠰᠢ ᠪᠠᠢᠬᠤ ᠶ᠋ᠢ ᠲᠣᠭᠲᠠᠭᠤᠨ ᠢ᠋ᠶ᠋ᠡᠷ ᠪᠠᠲᠤᠯᠠᠵᠤ᠂ ᠮᠠᠯ ᠠᠵᠤ ᠠᠬᠤᠢ ᠲᠠᠷᠢᠶᠠᠯᠠᠩ ᠤ᠋ᠨ ᠦᠢᠯᠡᠳᠪᠦᠷᠢᠯᠡᠯ ᠤ᠋ᠨ ᠬᠠᠶᠠᠭᠳᠠᠮᠠᠯ ᠪᠣᠳᠠᠰ᠂ ᠪᠠᠷᠢᠯᠭ᠎ᠠ ᠶ᠋ᠢᠨ ᠬᠤᠭ ᠨᠣᠪᠰᠢ ᠵᠢ ᠵᠣᠬᠢᠰᠲᠠᠢ ᠰᠢᠢᠳᠪᠦᠷᠢᠯᠡᠬᠦ᠌ ᠵᠢ ᠪᠡᠶᠡᠯᠡᠭᠦᠯᠤᠨ᠎ᠠ ᠭᠡᠵᠦ ᠳᠤᠷᠠᠳᠴᠠᠢ᠃
《ᠠᠷᠭ᠎ᠠ ᠬᠡᠮᠵᠢᠶ᠎ᠠ ᠨᠤᠬᠦᠳ》 ᠢ᠋ ᠦᠨᠳᠤᠰᠤᠯᠡᠪᠡᠯ᠂ ᠮᠠᠨ ᠤ᠋ ᠤᠷᠤᠨ ᠤᠪᠤᠭᠠᠷᠠᠵᠤ ᠪᠠᠢᠭ᠎ᠠ ᠬᠤᠭ ᠨᠣᠪᠰᠢ ᠵᠢ ᠬᠤᠭᠤᠴᠠᠭ᠎ᠠ ᠳᠤᠭᠳᠠᠭᠠᠨ ᠴᠡᠪᠡᠷᠯᠡᠵᠤ᠂ ᠪᠥᠬᠦ᠌ ᠣᠷᠤᠨ ᠤ᠋ ᠬᠡᠪᠴᠢᠶᠡᠨ ᠳ᠋ᠤ ᠮᠠᠯᠵᠢᠬᠤ ᠲᠠᠷᠢᠶᠠᠯᠠᠬᠤ ᠣᠷᠤᠨ ᠤ᠋ ᠤᠪᠤᠭᠠᠷᠠᠵᠤ ᠪᠠᠢᠭ᠎ᠠ ᠬᠤᠭ ᠨᠣᠪᠰᠢ ᠶ᠋ᠢ ᠳᠤᠤᠷ ᠳᠠᠳᠠᠬᠤ ᠬᠡᠯᠪᠡᠷᠢ ᠪᠡᠷ ᠵᠢᠬᠰᠠᠭᠠᠨ ᠪᠠᠶ᠋ᠢᠴᠠᠭᠠᠬᠤ ᠠᠵᠢᠯᠯᠠᠭ᠎ᠠ ᠥᠷᠨᠢᠭᠦᠯᠤᠨ᠂ ᠤᠪᠤᠭᠠᠷᠠᠵᠤ ᠪᠠᠢᠭ᠎ᠠ ᠬᠤᠭ ᠨᠣᠪᠰᠢ ᠶ᠋ᠢᠨ ᠣᠷᠤᠨ ᠪᠠᠶ᠋ᠢᠷᠢ᠂ ᠬᠡᠮᠵᠢᠶ᠎ᠡ ᠪᠠ ᠲᠥᠷᠦᠯ ᠢᠯᠭᠠᠯ ᠢ᠋ ᠪᠥᠬᠦ᠌ ᠲᠠᠯ᠎ᠠ ᠪᠡᠷ ᠲᠤᠳᠤᠷᠬᠠᠢ ᠤᠶ᠋ᠢᠯᠠᠭᠠᠵᠤ᠂ ᠠᠰᠠᠭᠤᠳᠠᠯ ᠤ᠋ᠨ ᠨᠠᠷᠢᠨ ᠳᠠᠨᠭᠰᠠ ᠪᠠᠶ᠋ᠢᠭᠤᠯᠤᠨ᠂ ᠵᠠᠬ᠎ᠠ ᠳᠠᠷᠠᠭᠠᠯᠠᠨ ᠴᠡᠭᠴᠡᠯᠡᠨ ᠴᠡᠪᠡᠷᠯᠡᠵᠦ᠂ ᠡᠨᠡ ᠵᠢᠯ ᠤ᠋ᠨ ᠰᠡᠭᠦᠯᠴᠢ ᠡᠴᠡ ᠡᠮᠦᠨ᠎ᠡ ᠤᠪᠤᠭᠠᠷᠠᠵᠤ ᠪᠠᠢᠭ᠎ᠠ ᠬᠤᠭ ᠨᠣᠪᠰᠢ ᠵᠢ ᠪᠦᠬᠦᠨ ᠢ᠋ ᠴᠡᠪᠡᠷᠯᠡᠵᠤ ᠰᠢᠢᠳᠪᠤᠷᠢᠯᠡᠨ᠂ ᠴᠠᠭ ᠲᠤᠬᠠᠢ ᠳ᠋ᠤᠨᠢ ᠬᠤᠭ ᠦᠭᠡᠢ ᠴᠡᠪᠡᠷᠯᠡᠬᠦ ᠵᠢ ᠪᠡᠶᠡᠯᠡᠭᠦᠯᠬᠦ ᠶ᠋ᠢᠨ ᠬᠠᠮᠲᠤ᠌ ᠣᠷᠳᠤ ᠬᠤᠭᠤᠴᠠᠭᠠᠨ ᠤ᠋ ᠪᠦᠲᠦᠮᠵᠢᠲᠡᠢ ᠴᠠᠭᠳᠠᠨ ᠪᠠᠶ᠋ᠢᠴᠠᠭᠠᠬᠤ ᠲᠣᠭᠲᠠᠴᠠ ᠪᠠᠢᠭᠤᠯᠵᠤ᠂ ᠰᠤᠭᠤᠴᠢᠨ ᠪᠠᠶ᠋ᠢᠴᠠᠭᠠᠬᠤ ᠬᠢᠨᠠᠨ ᠪᠠᠶ᠋ᠢᠴᠠᠭᠠᠬᠤ ᠠᠵᠢᠯᠯᠠᠭ᠎ᠠ ᠵᠢ ᠪᠠᠶ᠋ᠢᠩᠭᠤ ᠥᠷᠨᠢᠭᠦᠯᠤᠨ᠂ ᠴᠡᠪᠡᠷᠯᠡᠭᠰᠡᠨ ᠤ᠋ ᠳᠠᠷᠠᠭ᠎ᠠ ᠬᠤᠭ ᠨᠣᠪᠰᠢ ᠳᠠᠬᠢᠨ ᠣᠪᠤᠭᠠᠷᠠᠬᠤ ᠪᠠᠢᠳᠠᠯ ᠡᠭᠦᠰᠬᠦ ᠶ᠋ᠢ ᠡᠷᠡᠰ ᠬᠤᠷᠢᠭᠯᠠᠨ᠎ᠠ᠃ ᠬᠤᠭ ᠨᠣᠪᠰᠢ ᠵᠢ ᠲᠥᠷᠦᠯ ᠬᠤᠪᠢᠶᠠᠨ ᠰᠢᠢᠳᠪᠦᠷᠢᠯᠡᠬᠦ ᠵᠢ ᠨᠢᠭᠡᠳᠦᠯᠲᠡᠢ ᠲᠥᠯᠦᠪᠵᠢᠭᠦᠯᠦᠨ ᠠᠬᠢᠭᠤᠯᠵᠤ᠂ ᠨᠡᠭᠦᠷᠡᠰᠦᠨ ᠤ᠋ ᠰᠢᠭᠠᠷᠤ᠂ ᠦᠨᠡᠰᠦ ᠰᠢᠷᠤᠢ ᠵᠡᠷᠭᠡ ᠬᠣᠢᠷᠭᠤ ᠴᠢᠨᠠᠷᠳᠠᠢ ᠬᠤᠭ ᠨᠣᠪᠰᠢ ᠶ᠋ᠢ ᠭᠠᠴᠠᠭ᠎ᠠ ᠲᠣᠰᠭᠤᠨ ᠤ᠋ ᠵᠠᠮ ᠳᠡᠪᠢᠰᠬᠦ ᠪᠠ ᠨᠦᠬᠡ ᠪᠦᠭᠯᠡᠬᠦ ᠳ᠋ᠤ ᠠᠰᠢᠭᠯᠠᠬᠤ ᠪᠤᠶᠤ ᠣᠶ᠋ᠢᠷ᠎ᠠ ᠬᠠᠪᠢ ᠳ᠋ᠠᠭᠠᠨ ᠪᠤᠯᠠᠬᠤ᠂ ᠠᠮᠠᠷᠬᠠᠨ ᠢᠯᠵᠢᠷᠡᠬᠦ᠌ ᠬᠤᠭ ᠨᠣᠪᠰᠢ ᠵᠢ ᠲᠤᠬᠠᠢ ᠶ᠋ᠢᠨ ᠭᠠᠵᠠᠷ ᠲᠠᠭᠠᠨ ᠪᠤᠷᠳᠤᠭᠤᠷ ᠪᠤᠯᠭᠠᠨ ᠢᠰᠭᠡᠵᠦ ᠠᠰᠢᠭᠯᠠᠬᠤ᠂ ᠬᠤᠤᠷ ᠬᠥᠨᠦᠭᠡᠯ ᠲᠠᠢ ᠬᠤᠭ ᠨᠣᠪᠰᠢ ᠵᠢ ᠲᠤᠰᠠᠭᠠᠷ ᠬᠤᠷᠢᠶᠠᠵᠤ ᠴᠤᠭᠯᠠᠭᠤᠯᠤᠨ ᠲᠣᠬᠢᠲᠠᠢ ᠰᠢᠢᠳᠪᠦᠷᠢᠯᠡᠬᠦ᠌ ᠵᠢ ᠭᠤᠤᠯᠳᠠᠯᠭ᠎ᠠ ᠲᠠᠢ ᠠᠬᠢᠭᠤᠯᠤᠨ᠎ᠠ; ᠮᠠᠯ ᠠᠵᠤ ᠠᠬᠤᠢ ᠲᠠᠷᠢᠶᠠᠯᠠᠩ ᠤ᠋ᠨ ᠦᠢᠯᠡᠳᠪᠦᠷᠢᠯᠡᠯ ᠤ᠋ᠨ ᠬᠠᠶᠠᠭᠳᠠᠮᠠᠯ ᠪᠣᠳᠠᠰ ᠢ᠋ ᠬᠤᠤᠷ ᠥᠬᠡᠶ᠋ᠢᠳᠡᠭᠦᠯᠦᠨ ᠰᠢᠢᠳᠪᠦᠷᠢᠯᠡᠬᠦ᠌ ᠪᠠ ᠡᠬᠢ ᠪᠠᠶᠠᠯᠢᠭᠵᠢᠭᠤᠯᠤᠨ ᠠᠰᠢᠭᠯᠠᠬᠤ ᠵᠢ ᠴᠢᠩᠭᠠᠳᠭᠠᠵᠤ᠂ ᠲᠠᠷᠢᠶᠠᠯᠠᠩ ᠤ᠋ᠨ ᠰᠦᠯᠢᠶᠤᠤ ᠪᠦᠷᠬᠦᠪᠴᠢ᠂ ᠲᠠᠷᠢᠶᠠᠨ ᠡᠮ ᠤ᠋ᠨ ᠪᠣᠭᠤᠳᠠᠯ ᠪᠠᠭᠯᠠᠭ᠎ᠠ ᠵᠢ ᠡᠭᠡᠭᠦᠯᠦᠨ ᠬᠤᠷᠢᠶᠠᠵᠤ ᠰᠢᠢᠳᠪᠦᠷᠢᠯᠡᠬᠦ ᠠᠵᠢᠯᠯᠠᠭ᠎ᠠ ᠥᠷᠨᠢᠭᠦᠯᠦᠨ᠂ ᠮᠠᠯ ᠵᠢᠭᠦᠷᠲᠡᠨ ᠤ᠋ ᠢᠯᠭᠠᠳᠠᠰᠤ᠂ ᠡᠰᠢ ᠰᠦᠷᠡᠯ ᠵᠡᠷᠭᠡ ᠵᠢ ᠣᠯᠠᠨ ᠡᠰᠢᠵᠢᠭᠦᠯᠦᠨ ᠠᠰᠢᠭᠯᠠᠬᠤ ᠵᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠦᠢᠯᠡᠳᠪᠦᠷᠢᠯᠡᠯ ᠤ᠋ᠨ ᠬᠠᠶᠠᠭᠳᠠᠮᠠᠯ ᠪᠣᠳᠠᠰ ᠢ᠋ ᠠᠮᠢᠳᠤᠷᠠᠯ ᠤ᠋ᠨ ᠬᠤᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ᠌ ᠬᠡᠯᠬᠢᠶ᠎ᠡ ᠳ᠋ᠤ ᠬᠣᠯᠢᠯᠳᠤᠭᠤᠯᠤᠨ ᠣᠷᠤᠭᠤᠯᠬᠤ ᠵᠢ ᠡᠬᠢ ᠦᠨᠳᠦᠰᠦ ᠡᠴᠡ ᠨᠢ ᠪᠠᠭᠠᠰᠭᠠᠨᠠ᠃
《ᠠᠷᠭ᠎ᠠ ᠬᠡᠮᠵᠢᠶ᠎ᠠ ᠨᠤᠬᠦᠳ》 ᠲᠦ᠍᠂ ᠬᠤᠭ ᠨᠣᠪᠰᠢ ᠶ᠋ᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠬᠦ᠌ ᠲᠣᠭᠲᠠᠴᠠ ᠵᠢ ᠪᠦᠷᠢᠨᠰᠢᠭᠦᠯᠵᠤ᠂ ᠭᠠᠵᠠᠷ ᠣᠷᠤᠨ ᠤ᠋ ᠪᠠᠶ᠋ᠢᠳᠠᠯ ᠳ᠋ᠤᠨᠢ ᠳᠣᠭᠢᠷᠠᠭᠤᠯᠵᠤ ᠰᠢᠯᠵᠢᠭᠦᠯᠦᠨ ᠲᠡᠭᠡᠭᠡᠪᠦᠷᠢᠯᠡᠬᠦ᠌ ᠲᠡᠷᠭᠡ ᠬᠥᠰᠬᠡ ᠪᠠ ᠴᠡᠪᠡᠷᠯᠡᠬᠦ ᠠᠵᠢᠯᠲᠠᠨ ᠢ᠋ ᠳᠣᠭᠢᠷᠠᠭᠤᠯᠤᠨ᠂ ᠰᠤᠮᠤ ᠰᠢᠶᠠᠩ ᠪᠠᠯᠭᠠᠰᠤ ᠶ᠋ᠢᠨ ᠬᠤᠭ ᠨᠤᠪᠰᠢ ᠶ᠋ᠢ ᠴᠡᠪᠡᠷᠯᠡᠨ ᠲᠡᠭᠡᠭᠡᠪᠦᠷᠢᠯᠡᠬᠦ᠌ ᠴᠢᠳᠠᠪᠤᠷᠢ ᠵᠢ ᠳᠡᠭᠡᠭᠰᠢᠯᠡᠭᠦᠯᠵᠤ᠂ ᠬᠤᠭ ᠨᠣᠪᠰᠢ ᠵᠢ ᠬᠤᠷᠢᠶᠠᠨ ᠴᠤᠭᠯᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠍᠂ ᠬᠠᠷᠢᠶ᠎ᠠ ᠭᠠᠴᠠᠭ᠎ᠠ ᠲᠣᠰᠭᠤᠨ ᠤ᠋ ᠬᠤᠭ ᠨᠣᠪᠰᠢ ᠵᠢ ᠭᠠᠷᠠᠭ ᠪᠦᠷᠢ ᠨᠠᠭᠠᠳᠤ ᠵᠠᠬ᠎ᠠ ᠳ᠋ᠠᠭᠠᠨ 1 — 2 ᠤᠳᠠᠭ᠎ᠠ ᠲᠥᠪᠯᠡᠷᠡᠭᠦᠯᠦᠨ ᠰᠢᠯᠵᠢᠭᠦᠯᠦᠨ ᠲᠡᠭᠡᠭᠡᠪᠦᠷᠢᠯᠡᠨ᠎ᠡ; ᠡᠳᠦᠷ ᠲᠤᠲᠤᠮ ᠤ᠋ᠨ ᠬᠢᠨᠠᠯᠲᠠ ᠬᠠᠮᠢᠶᠠᠷᠤᠯᠲᠠ ᠵᠢ ᠴᠢᠩᠭᠠᠳᠭᠠᠨ᠂ ᠸᠢᠳᠢᠣ᠋ ᠪᠡᠷ ᠬᠢᠨᠠᠨ ᠡᠵᠡᠮᠳᠡᠬᠦ᠂ ᠣᠯᠠᠨ ᠲᠦᠮᠡᠨ ᠭᠠᠷ ᠤ᠋ᠨ ᠠᠶ᠎ᠠ ᠪᠠᠷ ᠰᠡᠭᠦᠳᠡᠷᠯᠡᠨ ᠮᠡᠳᠡᠭᠳᠡᠬᠦ᠂ 12345 ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠠᠷᠠᠳ ᠲᠦ᠍ ᠲᠥᠬᠦᠮ ᠦᠵᠡᠭᠦᠯᠬᠦ᠌ ᠬᠠᠯᠠᠮᠰᠢᠯ ᠤᠲᠠᠰᠤ ᠪᠡᠷ ᠲᠤᠰᠬᠠᠬᠤ ᠵᠡᠷᠭᠡ ᠣᠯᠠᠨ ᠠᠷᠭ᠎ᠠ ᠵᠠᠮ ᠤ᠋ᠨ ᠬᠢᠨᠠᠯᠲᠠ ᠲᠠᠯᠪᠢᠬᠤ ᠲᠣᠭᠲᠠᠴᠠ ᠵᠢ ᠳᠡᠯᠭᠡᠷᠡᠭᠦᠯᠵᠦ᠍᠂ ᠲᠣᠭᠲᠠᠭᠠᠯ ᠡᠴᠡ ᠵᠥᠷᠢᠴᠡᠨ ᠬᠤᠭ ᠨᠣᠪᠰᠢ ᠬᠠᠶᠠᠬᠤ᠂ ᠬᠤᠭ ᠨᠣᠪᠰᠢ ᠵᠢ ᠴᠠᠭ ᠲᠤᠬᠠᠢ ᠳ᠋ᠤᠨᠢ ᠰᠢᠯᠵᠢᠭᠦᠯᠦᠨ ᠲᠡᠭᠡᠭᠡᠪᠦᠷᠢᠯᠡᠭᠰᠡᠨ ᠦᠭᠡᠢ ᠵᠡᠷᠭᠡ ᠠᠰᠠᠭᠤᠳᠠᠯ ᠢ᠋ ᠴᠠᠭ ᠲᠤᠬᠠᠢ ᠳ᠋ᠤᠨᠢ ᠢᠯᠡᠷᠡᠭᠦᠯᠬᠦ ᠶ᠋ᠢᠨ ᠬᠠᠮᠲᠤ᠌ ᠲᠤᠢᠯᠪᠤᠷᠢᠳᠠᠢ ᠴᠡᠭᠴᠡᠯᠡᠨ ᠵᠠᠰᠠᠬᠤ ᠶ᠋ᠢ ᠱᠠᠯᠠᠪᠳᠠᠭᠤᠯᠤᠨ᠎ᠠ᠃ ᠬᠤᠷᠢᠶᠠᠨ ᠲᠡᠭᠡᠭᠡᠪᠦᠷᠢᠯᠡᠵᠦ᠍ ᠰᠢᠢᠳᠪᠦᠷᠢᠯᠡᠬᠦ᠌ ᠵᠠᠭᠪᠤᠷ ᠢ᠋ ᠰᠢᠨᠵᠢᠯᠡᠬᠦ᠌ ᠤᠬᠠᠭᠠᠨᠴᠢ ᠪᠡᠷ ᠰᠣᠩᠭᠤᠨ ᠬᠡᠷᠡᠭᠯᠡᠵᠤ᠂ ᠪᠦᠭᠡᠮᠨᠡᠷᠡᠨ ᠬᠦᠭᠵᠢᠬᠦ᠂ ᠲᠣᠭᠲᠠᠭᠤᠨ ᠢ᠋ᠶ᠋ᠡᠷ ᠬᠥᠭᠵᠢᠭᠦ᠂ ᠬᠢᠯᠢ ᠬᠢᠵᠠᠭᠠᠷ ᠢ᠋ ᠰᠠᠬᠢᠨ ᠬᠠᠮᠠᠭᠠᠯᠠᠬᠤ᠂ ᠨᠡᠢᠳᠭᠡᠨ ᠬᠥᠭᠵᠢᠭᠦ ᠵᠡᠷᠭᠡ ᠠᠳᠠᠯᠢ ᠪᠤᠰᠤ ᠲᠥᠷᠦᠯ ᠤ᠋ᠨ ᠭᠠᠴᠠᠭ᠎ᠠ ᠲᠣᠰᠭᠤᠨ ᠤ᠋ ᠠᠳᠠᠯᠢ ᠪᠤᠰᠤ ᠣᠨᠴᠠᠯᠢᠭ ᠢ᠋ ᠦᠨᠳᠦᠰᠦᠯᠡᠨ᠂ ᠭᠠᠵᠠᠷ ᠣᠷᠤᠨ ᠤ᠋ ᠪᠤᠳᠠᠳᠤ ᠪᠠᠶ᠋ᠢᠳᠠᠯ ᠳ᠋ᠤ ᠲᠣᠬᠢᠷᠠᠭᠤᠯᠤᠨ ᠬᠤᠭ ᠨᠤᠪᠰᠢ ᠶ᠋ᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ᠌ ᠵᠠᠭᠪᠤᠷ ᠢ᠋ ᠰᠢᠨᠵᠢᠯᠡᠬᠦ᠌ ᠤᠬᠠᠭᠠᠨᠴᠢ ᠪᠡᠷ ᠰᠣᠩᠭᠤᠨ ᠬᠡᠷᠡᠭᠯᠡᠨ᠎ᠠ; ᠠᠶ᠋ᠢᠮᠠᠭ ᠬᠤᠲᠠ᠂ ᠬᠤᠰᠢᠭᠤ ᠰᠢᠶᠠᠨ(ᠬᠤᠲᠠ᠂ ᠲᠣᠭᠤᠷᠢᠭ ) ᠤ᠋ ᠠᠮᠢᠳᠤᠷᠠᠯ ᠤ᠋ᠨ ᠬᠤᠭ ᠨᠣᠪᠰᠢ ᠰᠢᠢᠳᠪᠦᠷᠢᠯᠡᠬᠦ᠌ ᠲᠠᠯᠠᠪᠠᠢ ᠵᠢᠨ ᠬᠠᠮᠤᠷᠴᠤ᠌ ᠳᠡᠶ᠋ᠢᠯᠬᠦ᠌ ᠭᠠᠴᠠᠭ᠎ᠠ ᠲᠣᠰᠭᠤᠨ ᠳ᠋ᠤ ᠬᠤᠲᠠ ᠬᠥᠳᠡᠭᠡ ᠵᠢ ᠨᠢᠭᠡ ᠴᠣᠭᠴᠠᠵᠢᠭᠤᠯᠤᠨ ᠰᠢᠢᠳᠪᠦᠷᠢᠯᠡᠬᠦ᠌ ᠵᠠᠭᠪᠤᠷ ᠢ᠋ ᠬᠡᠷᠡᠭᠯᠡᠵᠦ᠍᠂ ᠠᠶ᠋ᠢᠮᠠᠭ ᠬᠤᠲᠠ᠂ ᠬᠤᠰᠢᠭᠤ ᠰᠢᠶᠠᠨ(ᠬᠤᠲᠠ᠂ ᠲᠣᠭᠤᠷᠢᠭ) ᠤ᠋ ᠠᠮᠢᠳᠤᠷᠠᠯ ᠤ᠋ᠨ ᠬᠤᠭ ᠨᠣᠪᠰᠢ ᠰᠢᠢᠳᠪᠦᠷᠢᠯᠡᠬᠦ᠌ ᠲᠠᠯᠠᠪᠠᠢ ᠡᠴᠡ ᠨᠡᠯᠢᠶᠡᠳ ᠬᠤᠯᠠ ᠪᠠᠶ᠋ᠢᠭ᠎ᠠ ᠭᠠᠴᠠᠭ᠎ᠠ ᠲᠣᠰᠭᠤᠨ ᠳ᠋ᠤ ᠰᠤᠮᠤ ᠰᠢᠶᠠᠩ ᠪᠠᠯᠭᠠᠰᠤᠨ ᠳ᠋ᠤ ᠲᠥᠪᠯᠡᠷᠡᠭᠦᠯᠦᠨ ᠰᠢᠢᠳᠪᠦᠷᠢᠯᠡᠬᠦ᠌ ᠵᠠᠭᠪᠤᠷ ᠢ᠋ ᠬᠡᠷᠡᠭᠯᠡᠵᠦ᠍᠂ ᠲᠡᠭᠡᠭᠡᠪᠦᠷᠢ ᠶ᠋ᠢᠨ ᠵᠠᠢ ᠨᠢ 70 ᠺᠢᠯᠤᠮᠧᠲᠷ ᠡᠴᠡ ᠬᠡᠲᠦᠷᠡᠬᠦ ᠪᠤᠶᠤ ᠲᠡᠭᠡᠭᠡᠪᠦᠷᠢ ᠶ᠋ᠢᠨ ᠴᠠᠭ ᠨᠢ 1.5 ᠴᠠᠭ ᠡᠴᠡ ᠬᠡᠲᠦᠷᠡᠬᠦ ᠪᠤᠶ᠋ᠢᠳᠠ ᠪᠥᠭᠯᠡᠭᠦᠦ ᠭᠠᠴᠠᠭ᠎ᠠ ᠲᠣᠰᠭᠤᠨ ᠳ᠋ᠤ ᠲᠤᠬᠠᠢ ᠶ᠋ᠢᠨ ᠭᠠᠵᠠᠷ ᠣᠷᠤᠨ ᠤ᠋ ᠪᠠᠶ᠋ᠢᠳᠠᠯ ᠳ᠋ᠤᠨᠢ ᠲᠤᠬᠢᠷᠠᠭᠤᠯᠤᠨ ᠤᠢᠷ᠎ᠠ ᠬᠠᠪᠢ ᠳ᠋ᠠᠭᠠᠨ ᠠᠰᠢᠭᠯᠠᠬᠤ ᠪᠤᠶᠤ ᠲᠣᠬᠢᠲᠠᠢ ᠰᠢᠢᠳᠪᠦᠷᠢᠯᠡᠬᠦ ᠠᠷᠭ᠎ᠠ ᠠᠪᠤᠨ᠎ᠠ ᠬᠡᠵᠤ ᠲᠤᠭᠳᠠᠵᠠᠢ᠃
《ᠠᠷᠭ᠎ᠠ ᠬᠡᠮᠵᠢᠶ᠎ᠠ ᠨᠤᠬᠦᠳ》 ᠢ᠋ ᠦᠨᠳᠤᠰᠤᠯᠡᠪᠡᠯ᠂ ᠮᠠᠨ ᠤ᠋ ᠤᠷᠤᠨ ᠬᠤᠭ ᠨᠣᠪᠰᠢ ᠵᠢ ᠰᠢᠢᠳᠪᠦᠷᠢᠯᠡᠬᠦ᠌ ᠲᠦᠬᠦᠭᠡᠷᠦᠮᠵᠢ ᠶ᠋ᠢᠨ ᠪᠦᠲᠦᠭᠡᠨ ᠪᠠᠶ᠋ᠢᠭᠤᠯᠤᠯᠲᠠ ᠵᠢ ᠴᠢᠩᠭᠠᠳᠭᠠᠵᠤ᠂ ᠠᠮᠢᠳᠤᠷᠠᠯ ᠤ᠋ᠨ ᠬᠤᠭ ᠨᠣᠪᠰᠢ ᠶ᠋ᠢ ᠲᠦᠪᠯᠡᠷᠡᠭᠦᠯᠦᠨ ᠰᠢᠢᠳᠪᠦᠷᠢᠯᠡᠬᠦ᠌ ᠡᠴᠤᠰ ᠤ᠋ᠨ ᠦᠷᠳᠡᠭᠡᠨ ᠤ᠋ ᠲᠦᠬᠦᠭᠡᠷᠦᠮᠵᠢ ᠵᠢ ᠰᠢᠨᠵᠢᠯᠡᠬᠦ᠌ ᠤᠬᠠᠭᠠᠨᠴᠢ ᠪᠡᠷ ᠪᠠᠶ᠋ᠢᠷᠢᠯᠠᠭᠤᠯᠤᠨ ᠲᠣᠬᠢᠷᠠᠭᠤᠯᠵᠤ᠂ ᠬᠤᠰᠢᠭᠤ ᠰᠢᠶᠠᠨ(ᠬᠤᠲᠠ᠂ᠲᠣᠭᠤᠷᠢᠭ) ᠠᠯᠤᠰᠯᠠᠨ᠂ ᠰᠤᠮᠤ ᠰᠢᠶᠠᠩ ᠪᠠᠯᠭᠠᠰᠤ ᠠᠯᠤᠰᠯᠠᠨ ᠬᠠᠮᠲᠤ ᠪᠠᠷ ᠪᠠᠶ᠋ᠢᠭᠤᠯᠵᠤ ᠬᠠᠮᠲᠤ ᠪᠠᠷ ᠡᠳ᠋ᠯᠡᠬᠦ ᠵᠢ ᠵᠣᠷᠢᠭᠵᠢᠭᠤᠯᠤᠨ᠎ᠠ; ᠬᠤᠭ ᠨᠤᠪᠰᠢ ᠶ᠋ᠢ ᠰᠢᠲᠠᠭᠠᠬᠤ ᠦᠢᠯᠡᠳᠪᠤᠷᠢ ᠬᠢᠭᠡᠳ ᠪᠤᠯᠠᠬᠤ ᠳᠠᠯᠠᠪᠠᠢ ᠶ᠋ᠢᠨ ᠰᠢᠢᠤᠡᠪᠤᠷᠢᠯᠡᠬᠦ ᠠᠵᠢᠯᠯᠠᠭᠠᠨ ᠤ᠋ ᠵᠤᠯᠭᠠᠯᠴᠠᠭ᠎ᠠ ᠵᠢ ᠰᠢᠯᠢᠳᠡᠭᠵᠢᠭᠦᠯᠤᠨ᠂ ᠤᠯᠠᠮᠵᠢᠯᠠᠯᠲᠤ᠌ ᠪᠤᠯᠠᠬᠤ ᠲᠠᠯᠠᠪᠠᠢ ᠶ᠋ᠢᠨ ᠦᠨᠳᠦᠰᠦᠨ ᠵᠤᠶ᠋ᠢᠯ ᠢ᠋ ᠪᠠᠲᠤᠯᠠᠬᠤ ᠰᠢᠢᠤᠡᠪᠤᠷᠢᠯᠡᠬᠦ᠌ ᠲᠠᠯᠠᠪᠠᠢ ᠳᠡᠢᠰᠢ ᠬᠤᠪᠢᠷᠠᠬᠤ ᠵᠢ ᠠᠬᠢᠭᠤᠯᠵᠤ᠂ ᠬᠥᠮᠦᠨ ᠠᠮᠠ ᠰᠡᠢᠷᠡᠭ᠂ ᠲᠡᠭᠡᠭᠡᠪᠦᠷᠢ ᠶ᠋ᠢᠨ ᠵᠠᠢ ᠨᠢ ᠨᠡᠯᠢᠶᠡᠳ ᠬᠤᠯᠠ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠭᠤᠨ ᠳ᠋ᠤ ᠪᠠᠭ᠎ᠠ ᠬᠡᠯᠪᠡᠷᠢ ᠶ᠋ᠢᠨ ᠲᠠᠷᠬᠠᠮᠠᠯ ᠮᠠᠶ᠍ᠢᠭ ᠤ᠋ᠨ ᠥᠨᠳᠦᠷ ᠳᠤᠯᠠᠭᠠᠨ ᠤ᠋ ᠰᠢᠲᠠᠭᠠᠬᠤ ᠲᠦᠬᠦᠭᠡᠷᠦᠮᠵᠢ ᠵᠢ ᠳᠦᠷᠢᠮ ᠶᠤᠰᠤᠭᠠᠷ ᠪᠠᠶ᠋ᠢᠭᠤᠯᠤᠨ᠎ᠠ᠃ ᠬᠤᠷᠢᠶᠠᠨ ᠲᠡᠭᠡᠭᠡᠪᠦᠷᠢᠯᠡᠵᠦ᠍ ᠰᠢᠢᠳᠪᠦᠷᠢᠯᠡᠬᠦ᠌ ᠪᠡᠯᠡ ᠮᠦᠩᠭᠦᠨ ᠤ᠋ ᠪᠠᠲᠤᠯᠠᠭ᠎ᠠ ᠵᠢ ᠴᠢᠩᠭᠠᠳᠬᠠᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠭᠤᠨ ᠤ᠋ ᠱᠠᠲᠤᠨ ᠤ᠋ ᠣᠷᠴᠢᠨ ᠲᠣᠭᠤᠷᠢᠨ ᠤ᠋ ᠠᠷᠢᠭᠤᠨ ᠴᠡᠪᠡᠷ ᠢ᠋ ᠬᠠᠮᠠᠭᠠᠯᠠᠬᠤ ᠲᠦᠬᠦᠭᠡᠷᠦᠮᠵᠢ ᠵᠢ ᠰᠢᠨᠡᠳᠬᠡᠨ ᠵᠠᠰᠠᠬᠤ᠂ ᠬᠤᠭ ᠨᠣᠪᠰᠢ ᠵᠢ ᠰᠢᠯᠵᠢᠭᠦᠯᠦᠨ ᠲᠡᠭᠡᠭᠡᠪᠦᠷᠢᠯᠡᠵᠦ᠍ ᠰᠢᠢᠳᠪᠦᠷᠢᠯᠡᠬᠦ᠂ ᠴᠡᠪᠡᠷᠯᠡᠬᠦ ᠠᠵᠢᠯᠲᠠᠨ ᠤ᠋ ᠴᠠᠯᠢᠩ᠂ ᠮᠠᠯᠵᠢᠬᠤ ᠲᠠᠷᠢᠶᠠᠯᠠᠬᠤ ᠣᠷᠤᠨ ᠤ᠋ ᠣᠷᠴᠢᠨ ᠨᠦᠬᠦᠴᠡᠯ ᠢ᠋ ᠴᠡᠭᠴᠡᠯᠡᠨ ᠵᠠᠰᠠᠵᠤ ᠰᠠᠢᠵᠢᠷᠠᠭᠤᠯᠬᠤ ᠵᠡᠷᠭᠡ ᠠᠵᠢᠯ ᠢ᠋ ᠨᠢᠭᠡᠳᠦᠯᠲᠡᠢ ᠲᠥᠯᠦᠪᠵᠢᠭᠦᠯᠬᠦ ᠪᠠ ᠪᠠᠲᠤᠯᠠᠭ᠎ᠠ ᠬᠠᠩᠭᠠᠬᠤ ᠶ᠋ᠢ ᠴᠢᠩᠭᠠᠳᠭᠠᠨ᠎ᠠ; ᠮᠠᠯᠴᠢᠨ ᠲᠠᠷᠢᠶᠠᠴᠢᠨ ᠵᠤᠬᠢᠬᠤ ᠬᠡᠮᠵᠢᠶ᠎ᠠ ᠪᠡᠷ ᠰᠦᠢᠳᠭᠡᠯ ᠲᠤᠰᠢᠶᠠᠬᠤ᠂ ᠭᠠᠴᠠᠭ᠎ᠠ ᠲᠤᠰᠭᠤᠨ ᠡᠴᠡ ᠵᠣᠬᠢᠶᠠᠨ ᠪᠠᠶ᠋ᠢᠭᠤᠯᠵᠤ ᠨᠢᠭᠡᠳᠦᠯᠲᠡᠢ ᠲᠦᠯᠦᠪᠵᠢᠭᠦᠯᠬᠦ᠂ ᠵᠠᠰᠠᠭ ᠤ᠋ᠨ ᠣᠷᠳᠤᠨ ᠡᠴᠡ ᠵᠣᠬᠢᠬᠤ ᠨᠥᠬᠦᠪᠦᠷᠢ ᠣᠯᠭᠤᠬᠤ ᠡᠵᠡᠨᠭᠨᠡᠯᠲᠡ ᠬᠠᠮᠢᠶᠠᠷᠤᠯᠲᠠ ᠪᠠ ᠬᠠᠮᠠᠭᠠᠯᠠᠯᠲᠠ ᠶ᠋ᠢᠨ ᠵᠠᠷᠤᠳᠠᠯ ᠤ᠋ᠨ ᠪᠠᠲᠤᠯᠠᠭ᠎ᠠ ᠶ᠋ᠢᠨ ᠳᠦᠷᠢᠮ ᠢ᠋ ᠰᠦᠪᠡᠭᠴᠢᠯᠡᠨ ᠪᠠᠶ᠋ᠢᠭᠤᠯᠵᠤ᠂ ᠡᠯ᠎ᠡ ᠠᠶ᠋ᠢᠮᠠᠭ ᠤ᠋ᠨ ᠵᠠᠬᠢᠷᠭ᠎ᠠ᠂ ᠬᠤᠲᠠ ᠶ᠋ᠢᠨ ᠠᠷᠠᠳ ᠤ᠋ᠨ ᠵᠠᠰᠠᠭ ᠤ᠋ᠨ ᠣᠷᠳᠤᠨ᠂ ᠡᠯ᠎ᠡ ᠬᠤᠰᠢᠭᠤ ᠰᠢᠶᠠᠨ( ᠬᠤᠲᠠ᠂ ᠲᠣᠭᠤᠷᠢᠭ) ᠤ᠋ ᠠᠷᠠᠳ ᠤ᠋ᠨ ᠵᠠᠰᠠᠭ ᠤ᠋ᠨ ᠣᠷᠳᠤᠨ ᠨᠢ ᠮᠠᠯᠵᠢᠬᠤ ᠲᠠᠷᠢᠶᠠᠯᠠᠬᠤ ᠣᠷᠤᠨ ᠤ᠋ ᠣᠷᠤᠰᠢᠨ ᠰᠠᠭᠤᠷᠢᠰᠢᠬᠤ ᠣᠷᠴᠢᠨ ᠨᠦᠬᠦᠴᠡᠯ ᠤ᠋ᠨ ᠡᠵᠡᠨᠭᠨᠡᠯᠲᠡ ᠬᠠᠮᠢᠶᠠᠷᠤᠯᠲᠠ ᠪᠠ ᠬᠠᠮᠠᠭᠠᠯᠠᠯᠲᠠ ᠶ᠋ᠢᠨ ᠵᠠᠷᠤᠳᠠᠯ ᠢ᠋ ᠡᠳ᠋ ᠤ᠋ᠨ ᠵᠠᠰᠠᠭ ᠤ᠋ᠨ ᠲᠥᠰᠦᠪ ᠲᠡᠬᠡᠨ ᠣᠷᠤᠭᠤᠯᠵᠤ᠂ ᠥᠪᠡᠷᠲᠡᠭᠡᠨ ᠵᠠᠰᠠᠬᠤ ᠣᠷᠤᠨ ᠡᠴᠡ ᠡᠯ᠎ᠡ ᠭᠠᠵᠠᠷ ᠣᠷᠤᠨ ᠤ᠋ ᠡᠳ᠋ ᠤ᠋ᠨ ᠬᠦᠴᠦᠨ ᠤ᠋ ᠪᠠᠶ᠋ᠢᠳᠠᠯ ᠢ᠋ ᠦᠨᠳᠦᠰᠦᠯᠡᠨ ᠡᠳ᠋ ᠤ᠋ᠨ ᠵᠠᠰᠠᠭ ᠡᠴᠡ ᠰᠢᠯᠵᠢᠭᠦᠯᠦᠨ ᠥᠭᠬᠦ ᠬᠡᠯᠪᠡᠷᠢ ᠪᠡᠷ ᠲᠥᠷᠦᠯ ᠬᠤᠪᠢᠶᠠᠨ ᠱᠠᠲᠤ᠌ ᠬᠤᠪᠢᠶᠠᠨ ᠳᠡᠮᠵᠢᠯᠭᠡ ᠦᠵᠡᠭᠦᠯᠬᠦ ᠪᠤᠯᠤᠨ᠎ᠠ᠃
《ᠠᠷᠭ᠎ᠠ ᠬᠡᠮᠵᠢᠶ᠎ᠠ ᠨᠤᠬᠦᠳ》 ᠲᠦ᠍᠂ ᠡᠯ᠎ᠡ ᠠᠶ᠋ᠢᠮᠠᠭ ᠤ᠋ᠨ ᠵᠠᠬᠢᠷᠭ᠎ᠠ᠂ ᠬᠤᠲᠠ ᠶ᠋ᠢᠨ ᠠᠷᠠᠳ ᠤ᠋ᠨ ᠵᠠᠰᠠᠭ ᠤ᠋ᠨ ᠣᠷᠳᠤᠨ ᠨᠢ ᠵᠣᠬᠢᠶᠠᠨ ᠪᠠᠶ᠋ᠢᠭᠤᠯᠵᠤ ᠤᠳᠤᠷᠢᠳᠭᠤ ᠂ ᠨᠢᠭᠡᠳᠦᠯᠲᠡᠢ ᠲᠥᠯᠦᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠪᠡᠨ ᠴᠢᠩᠭᠠᠳᠭᠠᠬᠤ ᠬᠡᠷᠡᠭᠲᠡᠢ᠃ ᠡᠯ᠎ᠡ ᠬᠤᠰᠢᠭᠤ ᠰᠢᠶᠠᠨ(ᠬᠤᠲᠠ᠂ ᠲᠣᠭᠤᠷᠢᠭ)ᠤ᠋ ᠠᠷᠠᠳ ᠤ᠋ᠨ ᠵᠠᠰᠠᠭ ᠤ᠋ᠨ ᠣᠷᠳᠤᠨ ᠨᠢ ᠭᠤᠤᠯ ᠴᠣᠭᠴᠠ ᠶ᠋ᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠨᠠᠶ᠋ᠢᠳᠠᠪᠤᠷᠢᠵᠢᠭᠤᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠭᠤᠨ ᠤ᠋ ᠠᠵᠢᠯ ᠤ᠋ᠨ ᠬᠠᠷᠢᠭᠤᠴᠠᠯᠭ᠎ᠠ ᠵᠢ ᠪᠦᠬᠦ᠌ ᠲᠠᠯ᠎ᠠ ᠪᠡᠷ ᠪᠣᠳᠠᠲᠠᠶ᠋ᠢᠵᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠤᠨ ᠤ᠋ ᠬᠤᠭ ᠨᠣᠪᠰᠢ ᠵᠢ ᠴᠡᠭᠴᠡᠯᠡᠨ ᠵᠠᠰᠠᠬᠤ ᠠᠵᠢᠯ ᠢ᠋ ᠪᠦᠬᠦ᠌ ᠣᠷᠤᠨ ᠤ᠋ ᠠᠮᠢ ᠠᠬᠤᠢ ᠣᠷᠴᠢᠨ ᠲᠣᠭᠤᠷᠢᠨ ᠤ᠋ ᠬᠠᠮᠠᠭᠠᠯᠠᠯᠲᠠ ᠵᠢ ᠱᠠᠯᠠᠪᠳᠠᠭᠤᠯᠤᠨ ᠪᠠᠶ᠋ᠢᠴᠠᠭᠠᠬᠤ ᠪᠠ ᠬᠥᠳᠡᠭᠡ ᠲᠣᠰᠭᠤᠨ ᠢ᠋ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠤᠯᠭ᠎ᠠ ᠶ᠋ᠢᠨ ᠪᠣᠳᠠᠲᠤ᠌ ᠠᠮᠵᠢᠯᠲᠠ ᠵᠢ ᠰᠢᠯᠭᠠᠨ ᠬᠢᠨᠠᠬᠤ ᠠᠭᠤᠯᠭ᠎ᠠ ᠳ᠋ᠤ ᠣᠷᠤᠭᠤᠯᠵᠤ᠂ ᠬᠤᠢᠷᠭᠤᠰᠢᠵᠤ ᠠᠬᠢᠭᠤᠯᠤᠭᠰᠠᠨ᠂ ᠴᠡᠭᠴᠡᠯᠡᠨ ᠰᠠᠶ᠋ᠢᠵᠢᠷᠠᠭᠤᠯᠤᠭᠰᠠᠨ ᠨᠢ ᠬᠦᠷᠦᠯᠴᠡᠬᠦ ᠦᠭᠡᠢ ᠪᠤᠯ ᠵᠢᠷᠦᠮ ᠶᠤᠰᠤᠭᠠᠷ ᠥᠪᠡᠷᠲᠡᠭᠡᠨ ᠵᠠᠰᠠᠬᠤ ᠣᠷᠤᠨ ᠤ᠋ ᠨᠠᠮ ᠤ᠋ᠨ ᠬᠤᠷᠢᠶ᠎ᠠ ᠶ᠋ᠢᠨ ᠬᠢᠨᠠᠯᠲᠠ ᠲᠠᠯᠪᠢᠵᠤ ᠵᠣᠬᠢᠴᠠᠭᠤᠯᠬᠤ ᠲᠠᠪᠴᠠᠩ ᠳ᠋ᠤ ᠰᠢᠯᠵᠢᠭᠦᠯᠦᠨ ᠰᠢᠢᠳᠪᠤᠷᠢᠯᠡᠬᠦ ᠬᠡᠷᠡᠭᠳᠠᠢ ᠬᠡᠵᠤ ᠴᠢᠬᠤᠯᠠᠴᠢᠯᠠᠭᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃