2026-09-18 11:22:02
— ᠶᠢᠰᠦᠳᠡᠬᠢ 《ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ》 ᠲᠦ᠍ ᠵᠤᠷᠢᠭᠤᠯᠪᠠ᠋
ᠡᠪᠡᠰᠦᠨ ᠤ᠋ ᠰᠤᠷ ᠱᠢᠷᠭᠠᠯᠳᠦᠨ᠂ ᠦᠳᠭᠡᠨ ᠵᠡᠷᠭᠡᠯᠬᠡᠨ ᠦᠶᠡᠯᠵᠠᠵᠦ᠍᠂ ᠲᠠᠷᠢᠶᠠᠨ ᠲᠦᠷᠦᠭᠦᠦ ᠢᠳᠡᠭᠡᠰᠢᠨ᠂ ᠮᠠᠯ ᠰᠦᠷᠦᠭ ᠲᠠᠷᠭᠤ ᠠᠪᠴᠤ᠂ ᠦᠷᠦᠮ᠎ᠡ ᠵᠦᠭᠡᠬᠡᠢ ᠵᠤᠵᠠᠭᠠᠷᠠᠨ᠎ᠠ ᠁ ᠪᠠᠶᠠᠨ ᠨᠠᠮᠤᠷ ᠤ᠋ᠨ ᠲᠠᠩᠰᠤᠭ ᠤᠯᠠᠷᠢᠯ ᠦᠪᠦᠷ ᠮᠤᠡᠭᠭᠤᠯ ᠤ᠋ᠨ ᠡᠬᠡ ᠭᠠᠵᠠᠷ ᠲᠦ᠍ ᠲᠠᠢᠪᠤᠡᠭ ᠠᠮᠤᠭᠤᠯᠠᠡᠭ ᠰᠠᠭᠠᠳᠠᠵᠤ᠂ ᠦᠷᠭᠡᠨ ᠤᠯᠠᠨ ᠮᠠᠯᠴᠢᠨ ᠲᠠᠷᠢᠶᠠᠴᠢᠨ ᠡᠯᠪᠡᠭ ᠬᠤᠷᠢᠶᠠᠯᠲᠠ ᠶ᠋ᠢᠨ ᠪᠠᠶᠠᠷ ᠪᠠᠬᠠᠳᠤᠯ ᠳ᠋ᠦ ᠰᠤᠭᠲᠤᠭᠤᠷᠠᠨᠠ᠃
ᠦᠪᠦᠷ ᠮᠤᠩᠭᠤᠯ ᠤ᠋ᠨ ᠠᠮᠤ ᠪᠤᠳᠠᠭᠠᠨ ᠤ᠋ ᠵᠢᠯ ᠤ᠋ᠨ ᠤᠨᠠᠯᠳᠠ ᠬᠠᠮᠤᠭ ᠤ᠋ᠨ ᠦᠨᠳᠦᠷ ᠲᠡᠭᠡᠨ 840 ᠳ᠋ᠦᠩᠰᠢᠭᠤᠷ ᠵᠢᠩ ᠢ᠋ ᠳᠠᠪᠠᠵᠤ᠂ ᠪᠦᠬᠦ ᠤᠯᠤᠰ ᠤ᠋ᠨ 5 ᠳ᠋ᠤᠭᠠᠷ ᠲᠤ᠌ ᠪᠠᠢᠷᠢᠯᠠᠨ᠂ ᠦᠨᠢᠶᠡᠨ ᠰᠦ᠂ ᠦᠭᠡᠷ ᠤ᠋ᠨ ᠮᠢᠬ᠎ᠠ᠂ ᠬᠤᠨᠢᠨ ᠮᠢᠬ᠎ᠠ᠂ ᠲᠡᠵᠢᠭᠡᠯ ᠡᠪᠡᠰᠦ᠂ ᠢᠮᠠᠭᠠᠨ ᠨᠤᠤᠯᠤᠭᠤᠷ ᠵᠡᠷᠭᠡ ᠶ᠋ᠢᠨ ᠭᠠᠷᠤᠯᠳᠠ ᠯᠠᠪᠳᠠᠭᠤᠨ ᠶ᠋ᠢᠡᠷ ᠪᠦᠬᠦ ᠤᠯᠤᠰ ᠤ᠋ᠨ ᠲᠡᠷᠢᠭᠦᠨ ᠳ᠋ᠤ ᠪᠠᠢᠷᠢᠯᠠᠵᠤ ᠪᠠᠢᠨ᠎ᠠ᠃ ᠡᠢᠨ ᠬᠦ᠌ ᠡᠯᠪᠡᠭ ᠬᠤᠷᠢᠶᠠᠯᠳᠠ ᠨᠢ ᠦᠪᠦᠷ ᠮᠤᠩᠭᠤᠯ ᠢ᠋ ᠪᠦᠬᠦ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠤᠷᠢᠯᠡᠯ ᠤ᠋ᠨ ᠰᠠᠭᠤᠷᠢᠨ ᠪᠤᠯᠭᠠᠬᠤ ᠶ᠋ᠢᠨ ᠬᠠᠮᠳᠤ ᠰᠦ᠂ ᠡᠷᠳᠡᠨᠢ ᠰᠢᠰᠢ᠂ ᠮᠢᠬᠠᠨ ᠤ᠋ ᠬᠤᠨᠢ ᠵᠡᠷᠭᠡ ᠪᠦᠬᠦ ᠠᠵᠤ ᠦᠢᠯᠡᠰ ᠤ᠋ᠨ ᠬᠡᠯᠬᠢᠶᠡᠨ ᠤ᠋ ᠦᠢᠯᠡᠳᠬᠦᠨ ᠤ᠋ ᠦᠷᠳᠡᠭ ᠨᠢ 1000 ᠳ᠋ᠦᠡᠭᠰᠢᠭᠤᠷ ᠲᠦᠭᠦᠷᠢᠭ ᠢ᠋ ᠳᠠᠪᠠᠭᠰᠠᠨ ᠭᠤᠷᠪᠠᠨ ᠠᠵᠤ ᠦᠢᠯᠡᠰ ᠵᠢᠴᠢ ᠮᠢᠬᠠᠨ ᠤ᠋ ᠦᠬᠡᠷ᠂ ᠲᠡᠵᠢᠭᠡᠯ ᠡᠪᠡᠰᠤ ᠵᠡᠷᠭᠡ ᠪᠦᠬᠦ ᠠᠵᠤ ᠦᠢᠯᠡᠰ ᠤ᠋ᠨ ᠬᠡᠯᠬᠢᠶᠡᠨ ᠤ᠋ ᠦᠢᠯᠡᠳᠬᠦᠨ ᠤ᠋ ᠦᠷᠳᠡᠭ ᠨᠢ 500 ᠳ᠋ᠦᠡᠭᠰᠢᠭᠤᠷ ᠲᠦᠭᠦᠷᠢᠭ ᠢ᠋ ᠳᠠᠪᠠᠭᠰᠠᠨ ᠬᠤᠶᠠᠷ ᠠᠵᠤ ᠦᠢᠯᠡᠰ ᠢ᠋ ᠪᠤᠢ ᠪᠤᠯᠭᠠᠵᠠᠢ᠃
ᠰᠦ ᠶ᠋ᠢᠨ ᠠᠵᠤ ᠦᠢᠯᠡᠰ
ᠦᠷᠭᠡᠨ ᠠᠭᠤᠳᠠᠮ ᠦᠪᠦᠷ ᠮᠤᠩᠭᠤᠯ ᠳᠡᠯᠡᠬᠡᠢ ᠨᠡᠢᠲᠡ ᠳ᠋ᠦ ᠮᠡᠳᠡᠷᠡᠭᠳᠡᠭᠰᠡᠨ 《ᠰᠦ ᠶ᠋ᠢᠨ ᠢᠷᠡᠯᠲᠡ》 ᠶ᠋ᠢᠨ ᠰᠢᠵᠢᠷ ᠠᠯᠲᠠᠨ ᠪᠦᠰᠡ ᠳ᠋ᠦ ᠤᠷᠤᠰᠢᠵᠤ᠂ ᠰᠠᠭᠠᠯᠢ ᠶ᠋ᠢᠨ ᠦᠨᠢᠶ᠎ᠠ ᠶ᠋ᠢᠨ ᠲᠤᠭ᠎ᠠ᠂ ᠰᠦ ᠶ᠋ᠢᠨ ᠭᠠᠷᠤᠯᠳᠠ ᠪᠠ ᠴᠠᠭᠠᠨ ᠢᠳᠡᠭᠡᠨ ᠤ᠋ ᠭᠠᠷᠤᠯᠳᠠ ᠪᠡᠷ ᠴᠦᠮ ᠪᠦᠬᠦ ᠤᠯᠤᠰ ᠲᠤ᠌ ᠮᠠᠩᠯᠠᠢᠯᠠᠨ᠂ ᠪᠦᠬᠦ ᠤᠯᠤᠰ ᠤ᠋ᠨ ᠠᠷᠠᠳ ᠲᠦᠮᠡᠨ 6 ᠴᠤᠮᠤ ᠰᠦ ᠤᠤᠭᠤᠬᠤ ᠪᠦᠷᠢ 1 ᠴᠤᠮᠤ ᠢᠯᠡᠭᠦᠦ ᠨᠢ ᠦᠪᠦᠷ ᠮᠤᠩᠭᠤᠯ ᠡᠴᠡ ᠢᠷᠡᠯᠳᠡ ᠲᠠᠢ ᠶᠤᠮ᠃

ᠰᠦ ᠰᠠᠭᠠᠬᠤ ᠦᠷᠳᠡᠬᠡ
ᠰᠢᠨᠬᠤᠸᠠ ᠬᠤᠷᠢᠶ᠎ᠠ ᠶ᠋ᠢᠨ ᠰᠤᠷᠪᠤᠯᠵᠢᠯᠠᠭᠴᠢ ᠯᠢᠶᠡᠨ ᠵᠧᠨ ᠰᠡᠭᠦᠳᠡᠷᠯᠡᠪᠡ
ᠦᠪᠦᠷ ᠮᠤᠩᠭᠤᠯ ᠠᠯᠢ ᠡᠷᠲᠡ ᠡᠴᠡ ᠰᠦ ᠶ᠋ᠢᠨ ᠦᠢᠯᠡᠰ ᠢ᠋ ᠠᠷᠠᠳ ᠢ᠋ ᠪᠠᠶᠠᠵᠢᠭᠤᠯᠬᠤ ᠰᠠᠭᠤᠷᠢ ᠠᠵᠤ ᠦᠢᠯᠡᠰ ᠪᠤᠯᠭᠠᠨ ᠴᠢᠬᠤᠯᠠᠴᠢᠯᠠᠨ ᠬᠦᠭᠵᠢᠭᠦᠯᠦᠭᠰᠡᠭᠡᠷ ᠢᠷᠡᠵᠤ᠂ ᠤᠳᠤ ᠨᠢᠭᠡᠨᠳᠡ ᠰᠦᠯ ᠰᠠᠢᠲᠠᠢ ᠲᠡᠵᠢᠭᠡᠯ ᠡᠪᠡᠰᠦ ᠲᠡᠷᠢᠬᠤ᠂ ᠰᠢᠯᠢᠳᠡᠭ ᠡᠭᠦᠯᠳᠡᠷ ᠤ᠋ᠨ ᠰᠠᠭᠠᠯᠢ ᠶ᠋ᠢᠨ ᠦᠨᠢᠶ᠎ᠡ ᠪᠤᠢᠵᠢᠭᠤᠯᠬᠤ᠂ ᠬᠡᠪᠴᠢᠶᠠᠵᠢᠭᠦᠯᠵᠤ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠡᠴᠡ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ᠂ ᠲᠦᠷᠦᠯ ᠲᠡᠮᠲᠡᠭ ᠢ᠋ ᠴᠤᠭᠴᠠᠯᠠᠬᠤ᠂ ᠰᠤᠶᠤᠯ ᠵᠢᠭᠤᠯᠴᠢᠯᠠᠯ ᠲᠠᠢ ᠠᠭᠤᠰᠤᠯᠴᠠᠭᠤᠯᠤᠨ ᠬᠦᠭᠵᠢᠬᠦᠯᠬᠦ ᠬᠦᠷᠲᠡᠯᠡᠬᠢ ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠡ ᠵᠢ ᠪᠦᠷᠢᠯᠳᠦᠭᠦᠯᠵᠠᠢ᠃ 2025 ᠤᠨ ᠳ᠋ᠤ᠂ ᠪᠦᠬᠦ ᠤᠷᠤᠨ ᠤ᠋ ᠦᠨᠢᠶᠡᠨ ᠰᠦ ᠶ᠋ᠢᠨ ᠭᠠᠷᠤᠯᠲᠠ 758.5 ᠲᠦᠮᠡᠨ ᠳᠤᠨ ᠳ᠋ᠦ ᠬᠦᠷᠴᠦ᠂ ᠪᠦᠬᠦ ᠤᠯᠤᠰ ᠤ᠋ᠨ ᠶᠡᠷᠦᠡᠭᠬᠡᠢ ᠭᠠᠷᠤᠯᠲᠠ ᠶ᠋ᠢᠨ 1/5 ᠰᠢᠬᠠᠮ ᠢ᠋ ᠡᠵᠡᠯᠡᠨ᠂ 8 ᠵᠢᠯ ᠳᠠᠷᠠᠭᠠᠯᠠᠨ ᠪᠦᠬᠦ ᠤᠯᠤᠰ ᠲᠦ᠍ ᠲᠦᠷᠦᠭᠦᠯᠡᠪᠡ; ᠪᠦᠬᠦ ᠤᠷᠤᠨ ᠤ᠋ ᠬᠡᠪᠴᠢᠶᠡᠵᠢᠯ ᠡᠴᠡ ᠳᠡᠭᠡᠭᠰᠢᠬᠢ ᠠᠵᠤ ᠠᠬᠤᠢᠯᠠᠯ ᠤ᠋ᠨ ᠴᠠᠭᠠᠨ ᠢᠳᠡᠭᠡᠨ ᠤ᠋ ᠭᠠᠷᠤᠯᠲᠠ 473.6 ᠲᠦᠮᠡᠨ ᠳᠤᠨ ᠳ᠋ᠦ ᠬᠦᠷᠴᠦ᠂ 4 ᠵᠢᠯ ᠳᠠᠷᠠᠭᠠᠯᠠᠨ ᠪᠦᠬᠦ ᠤᠯᠤᠰ ᠲᠦ᠍ ᠲᠦᠷᠦᠭᠦᠯᠡᠪᠡ; ᠪᠦᠬᠦ ᠤᠷᠤᠨ ᠤ᠋ ᠴᠠᠭᠠᠨ ᠢᠳᠡᠭᠡᠨ ᠤ᠋ ᠦᠢᠯᠡᠳᠪᠤᠷᠢᠯᠡᠯ ᠤ᠋ᠨ ᠦᠢᠯᠡᠳᠬᠦᠨ ᠤ᠋ ᠦᠷᠳᠡᠭ 2000 ᠳ᠋ᠦ᠋ᠡᠭᠰᠢᠭᠤᠷ ᠲᠦᠭᠦᠷᠢᠭ ᠢ᠋ ᠳᠠᠪᠠᠵᠤ᠂ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠦᠢᠯᠡᠳᠬᠦᠨ ᠤ᠋ ᠦᠷᠳᠡᠭ ᠨᠢ 3000 ᠳ᠋ᠦ᠋ᠡᠭᠰᠢᠭᠤᠷ ᠲᠦᠭᠦᠷᠢᠭ ᠢ᠋ ᠳᠠᠪᠠᠪᠠ᠃
ᠰᠦ ᠶ᠋ᠢᠨ ᠦᠨᠦᠷ ᠬᠠᠩᠬᠤᠯᠤᠭᠰᠠᠨ ᠦᠪᠦᠷ ᠮᠤᠩᠭᠤᠯ ᠪᠤᠯ ᠪᠦᠬᠦ ᠤᠯᠤᠰ ᠤ᠋ᠨ ᠴᠢᠬᠤᠯᠠ 《ᠰᠦ ᠶ᠋ᠢᠨ ᠬᠦᠨᠦᠭ》 ᠪᠤᠯᠬᠤ ᠪᠦᠭᠡᠳ ᠤᠢᠷ᠎ᠠ ᠶ᠋ᠢᠨ ᠵᠢᠯ ᠳ᠋ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠠ ᠶ᠋ᠢ ᠡᠭᠦᠳᠬᠦ ᠶ᠋ᠢ ᠲᠠᠰᠤᠷᠠᠯᠳᠠ ᠦᠭᠡᠢ ᠠᠬᠢᠭᠤᠯᠤᠨ ᠪᠦᠬᠦ ᠳᠡᠯᠡᠬᠡᠢ ᠶ᠋ᠢᠨ ᠴᠢᠬᠤᠯᠠ 《ᠰᠦ ᠶ᠋ᠢᠨ ᠬᠦᠨᠦᠭ》 ᠢ᠋ ᠴᠤᠭᠴᠠᠯᠬᠠᠤ ᠪᠡᠷ ᠬᠦᠴᠦᠯᠡᠨ ᠴᠢᠷᠮᠠᠢᠵᠤ᠂ ᠢᠯᠢ ᠪᠦᠯᠦᠭᠯᠠᠯ ᠪᠤᠯᠤᠨ ᠮᠸᠡᠭ ᠨᠢᠦ ᠪᠦᠯᠦᠭᠯᠡᠯ ᠳᠡᠯᠡᠬᠡᠢ ᠶ᠋ᠢᠨ ᠴᠠᠭᠠᠨ ᠢᠳᠡᠭᠡᠨ ᠤ᠋ ᠠᠵᠤ ᠠᠬᠤᠢᠯᠠᠯ ᠤ᠋ᠨ 10 ᠬᠦᠴᠦᠷᠬᠡᠭ ᠲᠤ᠌ ᠵᠢᠭᠰᠠᠨ᠂ ᠬᠦᠬᠡᠬᠤᠲᠠ ᠲᠦᠷᠦᠭᠦᠬᠡᠨ 《 ᠳᠡᠯᠡᠬᠡᠢ ᠶ᠋ᠢᠨ ᠴᠠᠭᠠᠨ ᠢᠳᠡᠭᠡᠨ ᠤ᠋ ᠬᠤᠲᠠ》 ᠪᠡᠷ ᠴᠤᠯᠠᠯᠠᠭᠳᠠᠵᠠᠢ᠃
ᠦᠪᠦᠷ ᠮᠤᠩᠭᠤᠯ ᠦᠪᠡᠷᠮᠢᠴᠠ ᠤᠨᠴᠠᠯᠢᠭ ᠲᠠᠢ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠰᠠᠭᠤᠷᠢᠯᠠᠨ ᠬᠤᠷᠤᠳ᠂ ᠰᠢᠷ᠎ᠠ ᠲᠤᠰᠤ᠂ ᠵᠦᠭᠡᠭᠡᠢ ᠵᠡᠷᠭᠡ ᠤᠯᠠᠮᠵᠢᠯᠠᠯᠲᠤ ᠴᠠᠭᠠᠨ ᠢᠳᠡᠭᠡᠨ ᠶ᠋ᠢᠡᠨ ᠤᠯᠠᠮᠵᠢᠯᠠᠨ ᠳᠡᠯᠭᠡᠷᠡᠭᠦᠯᠬᠦ ᠶ᠋ᠢᠨ ᠬᠠᠮᠳᠤ ᠢᠡᠭᠭᠡᠨ ᠰᠦ᠂ ᠢᠮᠠᠭᠠᠨ ᠰᠦ᠂ ᠴᠡᠭᠡ ᠵᠡᠷᠭᠡ ᠤᠨᠴᠠᠯᠢᠭᠲᠦ ᠰᠦ ᠰᠠᠭᠠᠯᠢ ᠶ᠋ᠢᠨ ᠠᠵᠤ ᠦᠢᠯᠡᠰ ᠢ᠋ ᠢᠳᠡᠪᠬᠢᠲᠡᠢ ᠪᠤᠢᠵᠢᠭᠤᠯᠤᠨ᠂ ᠦᠷᠦᠮ᠎ᠡ ᠲᠠᠢ ᠡᠭᠡᠳᠡᠭᠰᠡᠨ ᠰᠦ᠂ ᠦᠷᠦᠮ᠎ᠡ ᠲᠠᠢ ᠺᠤᠹᠸ ᠵᠡᠷᠭᠡ ᠪᠦᠲᠦᠭᠡᠭᠳᠡᠭᠦᠨ ᠢ᠋ ᠰᠢᠨ᠎ᠡ ᠵᠢ ᠡᠭᠦᠳᠦᠨ ᠬᠦᠭᠵᠢᠭᠦᠯᠵᠦ᠂ 2025 ᠤᠨ ᠤ᠋ ᠰᠡᠭᠦᠯᠴᠢ ᠪᠤᠯᠲᠠᠯ᠎ᠠ ᠪᠦᠬᠦ ᠤᠷᠤᠨ ᠤ᠋ ᠤᠨᠴᠠᠯᠢᠭᠲᠦ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠢᠯᠠᠯ 79 ᠪᠤᠯᠵᠤ᠂ ᠭᠠᠷ ᠦᠢᠯᠡᠳᠭᠡᠯ ᠤ᠋ᠨ ᠭᠠᠵᠠᠷ 2053 ᠳ᠋ᠦ ᠬᠦᠷᠴᠦ᠂ ᠦᠢᠯᠡᠳᠬᠦᠨ ᠤ᠋ ᠦᠷᠳᠡᠭ ᠨᠢ 50 ᠳ᠋ᠦᠡᠭᠰᠢᠭᠤᠷ ᠲᠦᠭᠦᠷᠢᠭ ᠢ᠋ ᠳᠠᠪᠠᠨ᠂ ᠰᠦ ᠶ᠋ᠢᠨ ᠦᠢᠯᠡᠰ ᠤ᠋ᠨ ᠤᠯᠠᠨ ᠡᠰᠢᠵᠢᠭᠰᠡᠨ ᠪᠠᠢᠷᠢᠰᠢᠯ ᠢ᠋ ᠠᠡᠭᠬ᠎ᠠ ᠠᠯᠬᠤᠮ ᠪᠦᠷᠢᠯᠳᠦᠭᠦᠯᠪᠡ᠃
ᠡᠨᠡ ᠵᠢᠯ ᠡᠴᠡ ᠡᠬᠢᠯᠡᠨ ᠦᠪᠦᠷ ᠮᠤᠩᠭᠤᠯ ᠰᠦ ᠶ᠋ᠢᠨ ᠦᠢᠯᠡᠰ ᠢ᠋ ᠬᠦᠭᠵᠢᠭᠦᠯᠦᠨ ᠮᠠᠨᠳᠤᠭᠤᠯᠬᠤ ᠢᠨᠵᠧᠨᠧᠷᠢᠩ ᠤ᠋ᠨ ᠰᠢᠨ᠎ᠠ ᠨᠢᠭᠡᠨ ᠡᠭᠡᠯᠵᠢ ᠶ᠋ᠢᠨ ᠲᠦᠷᠦ ᠶ᠋ᠢᠨ ᠪᠤᠳᠤᠯᠭ᠎ᠠ ᠶ᠋ᠢ ᠬᠡᠷᠡᠭᠵᠢᠭᠦᠯᠵᠦ᠂ ᠮᠦᠡᠭᠭᠦᠨ ᠭᠦᠢᠯᠭᠡᠭᠡᠨ ᠵᠢᠡᠷ ᠳᠡᠮᠵᠢᠬᠦ ᠡᠷᠴᠢᠮ ᠶ᠋ᠢᠡᠨ ᠴᠢᠡᠭᠭᠠᠷᠠᠭᠤᠯᠤᠭᠰᠠᠨ ᠶ᠋ᠢᠡᠷ ᠳᠡᠭᠡᠷ᠎ᠡ ᠬᠠᠭᠠᠰ ᠵᠢᠯ ᠳ᠋ᠦ ᠪᠦᠬᠦ ᠤᠷᠤᠨ ᠤ᠋ ᠦᠨᠢᠶᠡᠨ ᠰᠦ ᠶ᠋ᠢᠨ ᠭᠠᠷᠤᠯᠲᠠ 300 ᠲᠦᠮᠡᠨ ᠳᠤᠨ ᠤᠷᠴᠢᠮ ᠳ᠋ᠦ ᠬᠦᠷᠴᠦ᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 3.6% ᠪᠡᠷ ᠳᠡᠭᠡᠭᠰᠢᠯᠡᠭᠰᠡᠨ ᠪᠠᠢᠨ᠎ᠠ᠃
ᠡᠷᠳᠡᠨᠢ ᠰᠢᠰᠢ ᠶ᠋ᠢᠨ ᠠᠵᠤ ᠦᠢᠯᠡᠰ
ᠵᠢᠯ ᠪᠦᠷᠢ ᠶ᠋ᠢᠨ 9 ᠰᠠᠷ᠎ᠠ ᠶ᠋ᠢᠨ ᠰᠡᠭᠦᠯᠴᠢ ᠡᠴᠡ 10 ᠰᠠᠷ᠎ᠠ ᠶ᠋ᠢᠨ ᠳᠤᠮᠳᠠᠴᠢ ᠪᠤᠯᠳᠠᠯ᠎ᠠ ᠪᠤᠯ ᠦᠪᠦᠷ ᠮᠤᠩᠭᠤᠯ ᠤ᠋ᠨ ᠡᠯ᠎ᠠ ᠭᠠᠵᠠᠷ ᠤ᠋ᠨ ᠡᠷᠳᠡᠨᠢ ᠰᠢᠰᠢ ᠲᠦᠪᠯᠡᠷᠡᠨ ᠪᠤᠯᠪᠠᠰᠤᠷᠬᠠᠤ ᠬᠤᠭᠤᠴᠠᠭ᠎ᠠ ᠪᠠᠢᠵᠤ᠂ ᠪᠤᠷᠤᠳᠤᠬᠤᠢ ᠶ᠋ᠢᠨ ᠲᠠᠯ᠎ᠠ ᠭᠠᠵᠠᠷ ᠡᠴᠡ ᠶᠡᠬᠡ ᠬᠢᠩᠭᠠᠨ ᠳᠠᠪᠠᠭ᠎ᠠ ᠬᠦᠷᠳᠡᠯ᠎ᠠ᠂ ᠠᠯᠠᠭᠯᠠᠨ ᠰᠢᠷᠭᠠᠯᠳᠤᠭᠰᠠᠨ ᠡᠷᠳᠡᠨᠢ ᠰᠢᠰᠢ ᠶ᠋ᠢᠨ ᠲᠠᠷᠢᠶᠠᠨ ᠳ᠋ᠦ ᠮᠠᠰᠢᠨ ᠲᠷᠠᠺᠲ᠋ᠤᠷ ᠬᠦᠷᠴᠢᠭᠢᠨᠡᠨ᠂ ᠮᠠᠯᠴᠢᠨ ᠲᠠᠷᠢᠶᠠᠴᠢᠳ ᠡᠷᠳᠡᠨᠢ ᠰᠢᠰᠢ ᠪᠡᠨ ᠬᠤᠷᠢᠶᠠᠬᠤ ᠭᠡᠳ ᠤᠨᠠᠭᠰᠠᠨ ᠮᠠᠯᠠᠭᠠᠢ ᠪᠡᠨ ᠠᠪᠬᠤ ᠵᠠᠪ ᠦᠭᠡᠢ ᠶᠠᠭᠠᠷᠠᠯᠳᠤᠳᠠᠭ᠃

ᠠᠯᠳᠠᠨ ᠰᠢᠷᠭᠠᠯ ᠡᠷᠳᠡᠨᠢ ᠰᠢᠰᠢ
ᠰᠢᠨᠬᠤᠸᠠ ᠬᠤᠷᠢᠶ᠎ᠠ ᠶ᠋ᠢᠨ ᠰᠤᠷᠪᠤᠯᠵᠢᠯᠠᠭᠴᠢ ᠯᠢᠶᠠᠨ ᠵᠧᠨ ᠰᠡᠭᠦᠳᠡᠷᠯᠡᠪᠡ
ᠦᠪᠦᠷ ᠮᠤᠩᠭᠤᠯ ᠤ᠋ᠨ ᠠᠯᠢ ᠤᠯᠠᠨ ᠭᠠᠵᠠᠷ ᠳᠡᠯᠡᠬᠡᠢ ᠨᠡᠢᠳᠡ ᠳ᠋ᠤ ᠮᠡᠳᠡᠷᠡᠭᠳᠡᠭᠰᠡᠨ 《ᠡᠷᠳᠡᠨᠢ ᠰᠢᠰᠢ ᠲᠠᠷᠢᠬᠤ ᠰᠢᠵᠢᠷ ᠠᠯᠲᠠᠨ ᠪᠦᠰ》 ᠳ᠋ᠦ ᠤᠷᠤᠰᠢᠵᠤ᠂ ᠪᠦᠬᠦ ᠤᠷᠤᠨ ᠤ᠋ ᠵᠢᠯ ᠤ᠋ᠨ ᠡᠷᠳᠡᠨᠢ ᠱᠢᠰᠢ ᠶ᠋ᠢᠨ ᠲᠠᠷᠢᠮᠠᠯ ᠤ᠋ᠨ ᠲᠠᠯᠠᠪᠠᠢ 6600 ᠲᠦᠮᠡᠨ ᠮᠦ᠍ ᠳ᠋ᠦ ᠬᠦᠷᠴᠦ᠍᠂ ᠪᠦᠬᠦ᠌ ᠤᠯᠤᠰ ᠤ᠋ᠨ ᠲᠠᠷᠢᠮᠠᠯ ᠤ᠋ᠨ ᠲᠠᠯᠠᠪᠠᠢ ᠶ᠋ᠢᠨ 10% ᠤᠷᠴᠢᠮ ᠢ᠋ ᠡᠵᠡᠯᠡᠨ᠂ ᠪᠦᠬᠦ ᠤᠯᠤᠰ ᠤ᠋ᠨ ᠡᠷᠳᠡᠨᠢ ᠰᠢᠰᠢ ᠶ᠋ᠢᠨ ᠭᠤᠤᠯ ᠭᠠᠷᠤᠯᠲᠠ ᠶ᠋ᠢᠨ ᠤᠷᠤᠨ ᠤ᠋ ᠨᠢᠭᠡ ᠶ᠋ᠢᠨ ᠬᠤᠪᠢ ᠪᠡᠷ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠳᠤᠯᠠᠬᠤ ᠳ᠋ᠤ ᠴᠢᠬᠤᠯᠡ ᠦᠢᠯᠡᠳᠦᠯ ᠦᠵᠡᠭᠦᠯᠵᠦ ᠪᠠᠢᠨ᠎ᠠ᠃
ᠤᠢᠷ᠎ᠠ ᠶ᠋ᠢᠨ ᠵᠢᠯ ᠳ᠋ᠤ ᠦᠪᠦᠷ ᠮᠤᠩᠭᠤᠯ 《ᠲᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠤᠷᠢᠯᠡᠯ ᠤ᠋ᠨ ᠴᠢᠳᠠᠪᠤᠷᠢ ᠶ᠋ᠢ ᠪᠠᠳᠤᠯᠠᠵᠤ᠂ ᠲᠸᠭᠨᠢᠭ ᠮᠡᠷᠭᠡᠵᠢᠯ ᠶ᠋ᠢᠡᠷ ᠠᠮᠤ ᠪᠤᠳᠠᠭᠠᠨ ᠤ᠋ ᠤᠨᠠᠯᠳᠠ ᠶ᠋ᠢ ᠨᠡᠮᠡᠭᠳᠡᠭᠦᠯᠬᠦ》 ᠪᠠᠢᠯᠳᠤᠬᠤ ᠪᠤᠳᠤᠯᠭ᠎ᠠ ᠶ᠋ᠢ ᠡᠷᠴᠢᠮᠳᠠᠢ ᠨᠠᠢᠳᠠᠪᠤᠷᠢᠵᠢᠭᠤᠯᠵᠤ᠂ ᠡᠷᠳᠡᠨᠢ ᠱᠢᠰᠢ ᠵᠢ ᠨᠢᠭ᠍ᠲᠠ ᠳᠠᠷᠢᠬᠤ ᠮᠡᠷᠭᠡᠵᠢᠯ ᠢ᠋ ᠭᠤᠤᠯᠴᠢᠯᠠᠨ ᠳᠡᠯᠭᠡᠷᠡᠭᠦᠯᠬᠦ ᠪᠡᠷ ᠳᠠᠮᠵᠢᠨ ᠪᠦᠬᠦ ᠤᠷᠤᠨ ᠤ᠋ ᠡᠷᠳᠡᠨᠢ ᠰᠢᠰᠢ ᠶ᠋ᠢᠨ ᠮᠦ᠍ ᠨᠢᠭᠡᠴᠢ ᠶ᠋ᠢᠨ ᠳᠤᠮᠳᠠᠴᠢ ᠤᠨᠠᠯᠲᠠ ᠶ᠋ᠢ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠰᠡᠭᠦᠯᠴᠢ ᠶ᠋ᠢᠨ 956.2 ᠵᠢᠩ ᠪᠠᠢᠭᠰᠠᠨ ᠡᠴᠡ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠡᠭᠦᠯᠴᠢ ᠶ᠋ᠢᠨ 1017 ᠵᠢᠩ ᠪᠤᠯᠳᠠᠯ᠎ᠠ ᠨᠡᠮᠡᠭᠳᠡᠭᠦᠯᠵᠤ᠂ 100 ᠮᠤ᠌ ᠶ᠋ᠢᠨ ᠵᠢᠱ᠌ᠢᠶᠠ ᠦᠵᠡᠭᠦᠯᠬᠦ ᠲᠠᠷᠢᠶ᠎ᠠ ᠡᠴᠡ 200 ᠲᠦᠮᠡᠨ ᠮᠤ᠌ ᠶ᠋ᠢᠨ ᠶᠡᠬᠡ ᠬᠡᠪᠴᠢᠶ᠎ᠠ ᠪᠡᠷ ᠲᠠᠷᠢᠭᠰᠠᠨ ᠲᠠᠷᠢᠶ᠎ᠠ ᠬᠦᠷᠳᠡᠯ᠎ᠠ ᠮᠤ᠌ ᠨᠢᠭᠡᠴᠢ ᠶ᠋ᠢᠨ ᠤᠨᠠᠯᠳᠠ ᠵᠠᠯᠭᠠᠭ᠎ᠠ ᠪᠡᠷ ᠰᠢᠨ᠎ᠠ ᠳᠡᠮᠳᠡᠭᠯᠡᠯ ᠢ᠋ ᠡᠭᠦᠳᠴᠤ᠂ ᠪᠦᠬᠦ ᠤᠯᠤᠰ ᠤ᠋ᠨ ᠶᠡᠬᠡ ᠬᠡᠪᠴᠢᠶ᠎ᠠ ᠪᠡᠷ ᠲᠠᠷᠢᠭᠰᠠᠨ ᠡᠷᠳᠡᠨᠢ ᠰᠢᠰᠢ ᠶ᠋ᠢᠨ ᠮᠤ᠌ ᠨᠢᠭᠡᠴᠢ ᠶ᠋ᠢᠨ ᠤᠨᠠᠯᠲᠠ ᠵᠢ ᠲᠡᠡᠭᠴᠡᠭᠦᠷᠢᠲᠡᠢ ᠨᠡᠮᠡᠭᠳᠡᠭᠦᠯᠬᠦ ᠳ᠋ᠦ ᠬᠠᠭᠤᠯᠪᠤᠷᠢᠯᠠᠵᠤ ᠪᠤᠯᠬᠤᠢᠴᠠ 《ᠦᠪᠦᠷ ᠮᠤᠡᠭᠭᠤᠯ ᠤ᠋ᠨ ᠲᠦᠰᠦᠯ》 ᠢ᠋ ᠬᠠᠡᠭᠭᠠᠵᠠᠢ᠃
ᠤᠰᠤᠨ ᠳ᠋ᠦ ᠴᠢᠨᠠᠵᠤ ᠭᠠᠯ ᠳ᠋ᠦ ᠰᠢᠷᠠᠵᠤ ᠢᠳᠡᠬᠦ᠂ ᠬᠠᠭᠤᠷᠴᠤ ᠲᠠᠯᠬᠠᠳᠠᠭᠠᠳ ᠵᠠᠷᠮ᠎ᠠ ᠪᠤᠯᠭᠠᠨ ᠢᠳᠡᠬᠦ ᠭᠡᠳ ᠦᠡᠭᠭᠡᠷᠡᠭᠰᠡᠨ ᠳ᠋ᠦ ᠡᠷᠳᠡᠨᠢ ᠰᠢᠰᠢ ᠨᠢ ᠦᠪᠦᠷ ᠮᠤᠩᠭᠤᠯ ᠤ᠋ᠨ ᠠᠷᠠᠳ ᠢᠷᠭᠡᠳ ᠤ᠋ᠨ ᠠᠮᠤ ᠬᠦᠨᠡᠰᠦ ᠶ᠋ᠢᠨ ᠭᠤᠤᠯ ᠢᠷᠡᠯᠳᠡ ᠪᠤᠯᠵᠤ ᠪᠠᠢᠭᠰᠠᠨ ᠪᠤᠯ ᠤᠢᠷ᠎ᠠ ᠶ᠋ᠢᠨ ᠵᠢᠯ ᠳ᠋ᠤ ᠠᠵᠤ ᠦᠢᠯᠡᠳᠪᠦᠷᠢ ᠶ᠋ᠢᠨ ᠲᠦᠬᠦᠭᠡᠢ ᠮᠠᠲᠧᠷᠢᠶᠠᠯ ᠶ᠋ᠢᠡᠷ ᠦᠷᠭᠡᠨ ᠲᠠᠯᠬᠡᠷ ᠬᠡᠷᠡᠭᠯᠡᠭᠳᠡᠬᠦ ᠪᠤᠯᠵᠤ᠂ ᠲᠠᠷᠢᠵᠤ ᠤᠷᠭᠤᠭᠤᠯᠬᠤ ᠡᠴᠡ ᠡᠳ᠋ᠰᠢᠭᠦᠯᠦᠨ ᠪᠤᠯᠪᠠᠰᠤᠷᠠᠭᠤᠯᠬᠤ᠂ ᠲᠦᠷᠦᠯ ᠲᠡᠮᠳᠡᠭ ᠡᠭᠦᠳᠬᠦ᠂ ᠪᠤᠷᠤᠯᠠᠭᠤᠯᠬᠤ ᠬᠦᠷᠳᠡᠯᠡᠬᠢ ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠠ ᠶ᠋ᠢ ᠪᠦᠷᠢᠯᠳᠦᠭᠦᠯᠦᠨ᠂ ᠢᠳᠡᠭᠡᠨ᠂ ᠲᠡᠵᠢᠭᠡᠯ ᠪᠤᠷᠳᠤᠭ᠎ᠠ᠂ ᠡᠮ ᠡᠮᠨᠡᠯᠭᠡ᠂ ᠨᠡᠬᠡᠮᠡᠯ ᠬᠡᠭᠦᠴᠢᠯᠡᠨ ᠤᠯᠠᠨ ᠲᠦᠷᠦᠯ ᠵᠦᠢᠯ ᠳ᠋ᠦ ᠠᠰᠢᠭᠯᠠᠵᠤ᠂ ᠪᠦᠬᠦ ᠠᠵᠤ ᠦᠢᠯᠡᠰ ᠤ᠋ᠨ ᠬᠡᠯᠬᠢᠶᠡᠨ ᠤ᠋ ᠦᠢᠯᠡᠳᠬᠦᠨ ᠤ᠋ ᠦᠷᠳᠡᠭ ᠨᠢ 1000 ᠳ᠋ᠦᠡᠭᠰᠢᠭᠤᠷ ᠲᠦᠭᠦᠷᠢᠭ ᠢ᠋ ᠳᠠᠪᠠᠭᠰᠠᠨ ᠪᠠᠢᠨ᠎ᠠ᠃
ᠡᠨᠡ ᠵᠢᠯ ᠦᠪᠦᠷ ᠮᠤᠩᠭᠤᠯ ᠭᠤᠤᠯ ᠪᠤᠯᠬᠤ ᠠᠮᠤ ᠲᠤᠰᠤᠨ ᠤ᠋ ᠲᠠᠷᠢᠮᠠᠯ ᠤ᠋ᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭᠰᠢᠯᠡᠭᠦᠯᠬᠦ ᠪᠦᠲᠦᠭᠡᠨ ᠪᠠᠢᠭᠤᠯᠤᠯᠲᠠ ᠶ᠋ᠢᠨ ᠤᠨ ᠤ᠋ ᠠᠵᠢᠯᠯᠠᠭ᠎ᠠ ᠶ᠋ᠢ ᠦᠷᠨᠢᠭᠦᠯᠦᠨ᠂ ᠵᠡᠭᠦᠨ ᠪᠡᠶ᠎ᠡ ᠳ᠋ᠦ ᠲᠦᠡᠭᠯᠢᠶᠤᠤ ᠬᠤᠲᠠ ᠪᠡᠷ ᠭᠤᠤᠯ ᠪᠤᠯᠭᠠᠨ ᠪᠠᠷᠠᠭᠤᠨ ᠪᠡᠶ᠎ᠡ ᠳ᠋ᠦ ᠪᠠᠶᠠᠨᠨᠠᠭᠤᠷ ᠬᠤᠲᠠ ᠪᠡᠷ ᠭᠤᠤᠯ ᠪᠤᠯᠭᠠᠭᠰᠠᠨ ᠮᠢᠡᠭᠭᠠᠨ ᠲᠦᠮᠡᠨ ᠮᠦ᠍ ᠶ᠋ᠢᠨ ᠡᠷᠳᠡᠨᠢ ᠰᠢᠰᠢ ᠵᠢ ᠨᠢᠭᠳᠠ ᠲᠠᠷᠢᠵᠤ ᠨᠠᠷᠢᠯᠢᠭ ᠤᠨᠤᠴᠠᠲᠠᠢ ᠲᠤᠬᠢᠷᠠᠭᠤᠯᠤᠨ ᠡᠵᠡᠮᠳᠡᠬᠦ ᠮᠡᠷᠭᠡᠵᠢᠯ ᠢ᠋ ᠪᠤᠳᠠᠳᠠᠢᠵᠢᠭᠤᠯᠬᠤ ᠵᠢ ᠳᠡᠮᠵᠢᠵᠦ᠂ ᠪᠦᠬᠦ ᠤᠷᠤᠨ ᠤ᠋ ᠡᠷᠳᠡᠨᠢ ᠰᠢᠰᠢ ᠵᠢᠨ ᠡᠯᠪᠡᠭ ᠬᠤᠷᠢᠶᠠᠯᠲᠠ ᠤᠯᠬᠤ ᠳ᠋ᠤ ᠪᠠᠳᠤ ᠰᠠᠭᠤᠷᠢ ᠲᠠᠯᠪᠢᠵᠠᠢ᠃
ᠮᠢᠬᠠᠨ ᠤ᠋ ᠬᠤᠨᠢ ᠵᠢᠨ ᠠᠵᠤ ᠦᠢᠯᠡᠰ
ᠦᠪᠦᠷ ᠮᠤᠩᠭᠤᠯ ᠤ᠋ᠨ ᠬᠤᠨᠢᠳ ᠪᠤᠯ 《ᠡᠮᠳᠦ ᠡᠪᠡᠰᠦᠨ ᠤ᠋ ᠢᠳᠡᠰᠢ ᠲᠠᠢ᠂ ᠷᠠᠰᠢᠶᠠᠨ ᠪᠤᠯᠠᠭ ᠤ᠋ᠨ ᠤᠮᠳᠠ ᠲᠠᠢ》 ᠬᠡᠯᠴᠡᠵᠦ᠂ ᠦᠪᠦᠷ ᠮᠤᠡᠭᠭᠤᠯ ᠤ᠋ᠨ ᠬᠤᠨᠢᠨ ᠮᠢᠬ᠎ᠠ 《ᠪᠤᠬᠢᠷᠳᠤᠯ ᠦᠭᠡᠢ᠂ ᠰᠢᠮ᠎ᠡ ᠰᠢᠭᠦᠰᠦ ᠰᠠᠢᠲᠠᠢ》 ᠪᠡᠷ ᠶ᠋ᠢᠡᠨ ᠪᠦᠬᠦ ᠤᠯᠤᠰ ᠲᠠᠷᠠᠴᠢᠯᠡᠨ ᠪᠦᠬᠦ ᠳᠡᠯᠡᠬᠡᠢ ᠳ᠋ᠦ ᠠᠯᠳᠠᠷᠰᠢᠪᠠ᠃ 2025 ᠤᠨ ᠳ᠋ᠦ ᠦᠪᠦᠷ ᠮᠤᠩᠭᠤᠯ ᠤ᠋ᠨ ᠬᠤᠨᠢᠨ ᠮᠢᠬᠠᠨ ᠤ᠋ ᠭᠠᠷᠤᠯᠲᠠ 102.9 ᠲᠦᠮᠡᠨ ᠳᠤᠨ ᠳ᠋ᠦ ᠬᠦᠷᠴᠦ᠂ ᠪᠦᠬᠦ ᠤᠯᠤᠰ ᠤ᠋ᠨ ᠶᠡᠷᠦᠡᠭᠬᠡᠢ ᠬᠡᠮᠵᠢᠶ᠎ᠡ ᠶ᠋ᠢᠨ 20.7% ᠵᠢ ᠡᠵᠡᠯᠡᠨ᠂ 9 ᠵᠢᠯ ᠳᠠᠷᠠᠭᠠᠯᠠᠨ ᠵᠠᠭᠤᠨ ᠲᠦᠮᠡᠨ ᠳᠤᠨ ᠢ᠋ ᠳᠠᠪᠠᠵᠤ᠂ ᠯᠠᠪᠳᠠᠭᠤᠨ ᠳᠤᠭᠳᠠᠭᠤᠨ ᠶ᠋ᠢᠡᠷ ᠪᠦᠬᠦ ᠤᠯᠤᠰ ᠤ᠋ᠨ ᠲᠦᠷᠦᠭᠦᠨ ᠳ᠋ᠤ ᠵᠢᠭᠰᠠᠨ᠂ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠦᠢᠯᠡᠳᠬᠦᠨ ᠤ᠋ ᠦᠷᠳᠡᠭ ᠨᠢ 1100 ᠳ᠋ᠦᠡᠭᠰᠢᠭᠤᠷ ᠲᠦᠭᠦᠷᠢᠭ ᠢ᠋ ᠳᠠᠪᠠᠵᠠᠢ᠃

ᠳᠠᠪᠠᠳᠠᠢ ᠢᠳᠡᠰᠢᠯᠡᠬᠦ ᠬᠤᠨᠢᠳ
ᠰᠢᠨᠬᠤᠸᠠ ᠬᠤᠷᠢᠶ᠎ᠠ ᠶ᠋ᠢᠨ ᠰᠤᠷᠪᠤᠯᠵᠢᠯᠠᠭᠴᠢ ᠮᠠ ᠵᠢᠨ ᠷᠦᠢ ᠰᠡᠭᠦᠳᠡᠷᠯᠡᠪᠡ
ᠤᠢᠷ᠎ᠠ ᠶ᠋ᠢᠨ ᠵᠢᠯ ᠳ᠋ᠤ ᠦᠪᠦᠷ ᠮᠤᠩᠭᠤᠯ ᠮᠢᠬᠠᠨ ᠤ᠋ ᠬᠣᠨᠢ ᠵᠢᠨ ᠠᠵᠤ ᠦᠢᠯᠡᠰ ᠤ᠋ᠨ ᠪᠠᠶ᠋ᠢᠷᠢᠰᠢᠭᠤᠯᠤᠯᠲᠠ ᠶ᠋ᠢ ᠲᠠᠰᠤᠷᠠᠯᠳᠠ ᠦᠭᠡᠢ ᠰᠢᠯᠢᠳᠡᠭᠵᠢᠭᠦᠯᠵᠦ᠍᠂《ᠲᠡᠷᠢᠭᠦᠨ ᠲᠤᠰᠬᠠᠶ ᠮᠡᠷᠭᠡᠵᠢᠯᠲᠡᠨ + ᠰᠢᠨ᠎ᠡ ᠶ᠋ᠢ ᠡᠭᠦᠳᠬᠦ᠌ ᠪᠦᠯᠬᠦᠮ + ᠳᠠᠭᠠᠭᠤᠯᠤᠭᠴᠢ ᠠᠵᠤ ᠠᠬᠤᠶ᠋ᠢᠯᠠᠯ》 ᠤ᠋ᠨ ᠡᠭᠦᠯᠳᠡᠷ ᠪᠣᠶ᠋ᠢᠵᠢᠭᠤᠯᠬᠤ ᠰᠢᠰᠲ᠋ᠧᠮ ᠢ᠋ ᠪᠠᠶ᠋ᠢᠭᠤᠯᠤᠨ᠂ ᠪᠥᠬᠥ᠌ ᠤᠯᠤᠰ ᠤ᠋ᠨ ᠴᠣᠷ ᠤ᠋ᠨ ᠭᠠᠭᠴᠠ ᠤᠯᠤᠰ ᠤ᠋ᠨ ᠬᠣᠨᠢᠨ ᠤ᠋ ᠤᠳᠤᠮᠯᠠᠯ ᠢ᠋ ᠦᠨᠡᠯᠡᠨ ᠵᠢᠱ᠌ᠢᠬᠦ᠌ ᠲᠥᠪ ᠢ᠋ ᠪᠠᠶ᠋ᠢᠭᠤᠯᠵᠤ᠂ ᠵᠢᠯ ᠤ᠋ᠨ 20 ᠲᠦᠮᠡᠨ ᠬᠤᠴᠠ ᠬᠠᠡᠭᠭᠠᠬᠤ ᠴᠢᠳᠠᠪᠤᠷᠢ ᠵᠢ ᠪᠦᠷᠢᠯᠳᠦᠭᠦᠯᠤᠨ᠂ ᠰᠦᠨᠢᠳ ᠬᠤᠨᠢ᠂ ᠦᠵᠦᠮᠦᠴᠢᠨ ᠬᠤᠨᠢ᠂ ᠬᠦᠯᠦᠨ ᠪᠤᠢᠷ ᠤ᠋ᠨ ᠬᠤᠨᠢ ᠵᠡᠷᠭᠡ ᠤᠷᠤᠨ ᠨᠤᠲᠤᠭ ᠤ᠋ᠨ ᠰᠢᠯᠢᠳᠡᠭ ᠬᠤᠨᠢᠨ ᠤ᠋ ᠡᠭᠦᠯᠳᠡᠷ ᠢ᠋ ᠬᠠᠮᠠᠭᠠᠯᠠᠬᠤ ᠶ᠋ᠢᠨ ᠬᠠᠮᠳᠤ ᠵᠤᠤ ᠤᠳᠠ ᠬᠤᠨᠢ᠂ ᠲᠠᠯ᠎ᠠ ᠨᠤᠲᠤᠭ ᠤ᠋ᠨ ᠤᠬᠤᠷ ᠰᠡᠭᠦᠯᠲᠦ ᠬᠤᠨᠢ ᠵᠡᠷᠭᠡ 17 ᠡᠭᠦᠯᠳᠡᠷ ᠢ᠋ ᠪᠤᠢᠵᠢᠭᠤᠯᠵᠤ᠂ ᠡᠭᠦᠯᠳᠡᠷ ᠪᠤᠢᠵᠢᠭᠤᠯᠤᠭᠰᠠᠨ ᠲᠤᠭ᠎ᠠ ᠪᠡᠷ ᠪᠦᠬᠦ ᠤᠯᠤᠰ ᠲᠦ᠍ ᠲᠦᠷᠦᠭᠦᠯᠡᠵᠤ ᠪᠠᠢᠨ᠎ᠠ᠃ ᠡᠭᠦᠨ ᠤ᠋ ᠬᠠᠮᠳᠤ ᠭᠠᠳᠠᠷ ᠮᠤᠵᠢ ᠤᠷᠤᠨ ᠡᠴᠡ ᠬᠤᠨᠢᠨ ᠮᠢᠬ᠎ᠠ ᠪᠤᠯᠪᠠᠰᠤᠷᠠᠭᠤᠯᠬᠤ ᠲᠤᠮᠤ ᠠᠵᠤ ᠠᠬᠤᠢᠯᠠᠯ ᠤ᠋ᠳ ᠢ᠋ ᠤᠷᠤᠭᠤᠯᠤᠨ ᠠᠪᠴᠢᠷᠠᠵᠤ᠂ ᠲᠦᠮᠡᠳ ᠪᠠᠷᠠᠭᠤᠨ ᠬᠤᠰᠢᠭᠤ᠂ ᠦᠤᠰᠢᠨ ᠬᠤᠰᠢᠭᠤ᠂ ᠳᠦᠷᠪᠡᠳ ᠬᠤᠰᠢᠭᠤ ᠵᠡᠷᠭᠡ ᠭᠠᠵᠠᠷ ᠲᠤ᠌ 6 ᠤᠷᠤᠨ ᠤ᠋ ᠳᠡᠰ ᠤ᠋ᠨ ᠮᠢᠬᠠᠨ ᠤ᠋ ᠬᠤᠨᠢ ᠵᠢᠨ ᠠᠵᠤ ᠦᠢᠯᠡᠰ ᠤ᠋ᠨ ᠬᠦᠷᠢᠶᠡᠯᠡᠡᠭ ᠢ᠋ ᠪᠠᠢᠭᠤᠯᠪᠠ᠃
ᠦᠪᠦᠷ ᠮᠤᠩᠭᠤᠯ ᠤ᠋ᠨ ᠮᠢᠬᠠᠨ ᠤ᠋ ᠬᠤᠨᠢ ᠵᠢᠨ ᠠᠵᠤ ᠦᠢᠯᠡᠰ ᠨᠢ ᠪᠦᠬᠦ ᠤᠯᠤᠰ ᠤ᠋ᠨ ᠬᠡᠪᠴᠢᠶ᠎ᠠ ᠪᠡᠷ ᠬᠠᠮᠤᠭ ᠤ᠋ᠨ ᠶᠡᠬᠡ᠂ ᠴᠢᠨᠠᠷ ᠶ᠋ᠢᠡᠷ ᠬᠠᠮᠤᠭ ᠤ᠋ᠨ ᠰᠠᠢᠨ᠂ ᠠᠵᠤ ᠦᠢᠯᠡᠰ ᠤ᠋ᠨ ᠬᠡᠯᠬᠢᠶ᠎ᠠ ᠪᠡᠷ ᠬᠠᠮᠤᠭ ᠤ᠋ᠨ ᠪᠦᠷᠢᠨ ᠪᠦᠲᠦᠨ ᠪᠠᠢᠳᠠᠭ᠃ ᠡᠭᠦᠨ ᠳ᠋ᠤ ᠪᠠᠶᠠᠨᠨᠠᠭᠤᠷ ᠬᠤᠳᠠ 《ᠳᠤᠮᠳᠠᠳᠤ ᠤᠯᠤᠰ ᠤ᠋ᠨ ᠮᠢᠬᠠᠨ ᠤ᠋ ᠬᠤᠨᠢᠨ ᠤ᠋ ᠬᠤᠳᠠ》 ᠬᠡᠮᠡᠭᠳᠡᠵᠦ᠂ ᠰᠢᠯᠢᠳᠡᠭ ᠡᠭᠦᠯᠳᠡᠷ ᠢ᠋ ᠰᠤᠩᠭᠤᠨ ᠪᠤᠢᠵᠢᠭᠤᠯᠬᠤ᠂ ᠬᠡᠪᠴᠢᠶᠡᠵᠢᠭᠦᠯᠦᠨ ᠲᠡᠵᠢᠭᠡᠬᠦ ᠡᠴᠡ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠵᠤ ᠬᠦᠢᠳᠡᠨ ᠬᠡᠯᠬᠢᠶ᠎ᠠ ᠪᠡᠷ ᠬᠦᠷᠭᠡᠬᠦ ᠬᠦᠷᠳᠡᠯ᠎ᠠ᠂ ᠳᠠᠬᠢᠨ ᠲᠦᠷᠦᠯ ᠲᠡᠮᠳᠡᠭᠳᠤ ᠪᠤᠷᠤᠯᠠᠭᠤᠯᠭ᠎ᠠ ᠬᠢᠵᠦ᠂ ᠭᠠᠳᠠᠭᠠᠳᠤ ᠳ᠋ᠤ ᠭᠠᠷᠭᠠᠬᠤ ᠬᠦᠷᠳᠡᠯᠡᠬᠢ ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠠ ᠶ᠋ᠢ ᠪᠠᠢᠭᠤᠯᠤᠨ᠂ ᠵᠢᠯ ᠳ᠋ᠤ 2400 ᠲᠦᠮᠡ ᠭᠠᠷᠤᠢ ᠮᠢᠬᠠᠨ ᠤ᠋ ᠬᠤᠨᠢ ᠲᠡᠵᠢᠭᠡᠨ᠂ 2030 ᠲᠦᠮᠡ ᠭᠠᠷᠤᠢ ᠬᠤᠨᠢ ᠶ᠋ᠢ ᠡᠳ᠋ᠰᠢᠭᠦᠯᠦᠨ ᠪᠤᠯᠪᠠᠰᠤᠷᠠᠭᠤᠯᠬᠤ ᠴᠢᠳᠠᠪᠤᠷᠢ ᠶ᠋ᠢ ᠪᠦᠷᠢᠯᠳᠦᠭᠦᠯᠵᠤ᠂ ᠵᠢᠯ ᠤ᠋ᠨ 293 ᠳ᠋ᠦᠩᠰᠢᠭᠤᠷ ᠲᠦᠭᠦᠷᠢᠭ ᠤ᠋ᠨ ᠦᠢᠯᠡᠳᠭᠦᠨ ᠤ᠋ ᠦᠷᠳᠡᠭ ᠡᠭᠦᠳᠴᠤ ᠪᠠᠢᠨ᠎ᠠ᠃
ᠡᠨᠡ ᠵᠢᠯ ᠦᠪᠦᠷ ᠮᠤᠩᠭᠤᠯ 《ᠦᠢᠯᠡᠳᠪᠦᠷᠢᠯᠡᠯ ᠤ᠋ᠨ ᠴᠢᠳᠠᠪᠤᠷᠢ ᠵᠢ ᠲᠤᠭᠲᠠᠪᠤᠷᠢᠵᠢᠭᠤᠯᠵᠤ᠂ ᠪᠤᠳᠠᠭᠠᠯᠢ ᠪᠡᠶ᠎ᠡ ᠶ᠋ᠢᠨ ᠭᠠᠷᠤᠯᠲᠠ ᠵᠢ ᠳᠡᠭᠡᠭᠰᠢᠯᠡᠭᠦᠯᠤᠨ᠂ ᠦᠪᠡᠷ ᠤ᠋ᠨ ᠦᠷᠳᠡᠭ ᠢ᠋ ᠪᠠᠭᠤᠷᠠᠭᠤᠯᠵᠤ᠂ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠬᠤ》 ᠪᠡᠷ ᠭᠤᠤᠯ ᠴᠢᠭᠯᠡᠯᠲᠡ ᠪᠤᠯᠭᠠᠨ᠂ ᠮᠢᠬᠠᠨ ᠤ᠋ ᠬᠤᠨᠢ ᠵᠢᠨ ᠠᠵᠤ ᠦᠢᠯᠡᠰ ᠤ᠋ᠨ ᠬᠦᠭᠵᠢᠯᠳᠡ ᠶ᠋ᠢ ᠰᠢᠰᠲᠸᠮ ᠲᠠᠢ ᠠᠬᠢᠭᠤᠯᠤᠭᠰᠠᠨ ᠶ᠋ᠢᠡᠷ ᠳᠡᠭᠡᠷ᠎ᠡ ᠬᠠᠭᠠᠰ ᠵᠢᠯ ᠳ᠋ᠦ ᠪᠦᠬᠦ ᠤᠷᠤᠨ ᠶ᠋ᠢᠡᠷ ᠶ᠋ᠢᠡᠨ 5851.6 ᠲᠦᠮᠡᠨ ᠬᠤᠨᠢ ᠲᠡᠵᠢᠭᠡᠵᠦ ᠪᠠᠢᠭᠰᠠᠨ ᠡᠴᠡ ᠪᠡᠨ 2359.1 ᠲᠦᠮᠡ ᠶ᠋ᠢ ᠨᠢ ᠪᠤᠷᠤᠯᠠᠭᠤᠯᠵᠤ᠂ ᠨᠡᠢᠳᠡ 37 ᠲᠦᠮᠡᠨ ᠳᠤᠨ ᠬᠤᠨᠢᠨ ᠮᠢᠬ᠎ᠠ ᠪᠤᠷᠤᠯᠠᠭᠤᠯᠵᠠᠢ᠃
ᠮᠢᠬᠠᠨ ᠤ᠋ ᠦᠬᠡᠷ ᠤ᠋ᠨ ᠠᠵᠤ ᠦᠢᠯᠡᠰ
《ᠦᠪᠦᠷ ᠮᠤᠩᠭᠤᠯ ᠮᠢᠬᠠᠨ ᠤ᠋ ᠦᠭᠡᠷ ᠮᠠᠯᠵᠢᠬᠤ ᠰᠢᠵᠢᠷ ᠠᠯᠳᠠᠨ ᠪᠦᠰᠡ ᠳ᠋ᠤ ᠤᠷᠤᠰᠢᠵᠤ᠂ ᠦᠭᠡᠷ ᠤ᠋ᠨ ᠮᠢᠬ᠎ᠠ ᠨᠢ ᠰᠢᠮ᠎ᠠ ᠰᠢᠭᠦᠰᠦ ᠦᠨᠦᠷ ᠠᠮᠳᠠ ᠪᠡᠷ ᠰᠠᠢᠨ ᠪᠠᠢᠳᠠᠭ》 ᠭᠡᠵᠦ ᠳᠡᠯᠡᠬᠡᠢ ᠶ᠋ᠢᠨ ᠮᠠᠯ ᠠᠵᠤ ᠠᠬᠤᠢ ᠶ᠋ᠢᠨ ᠲᠤᠰᠬᠠᠢ ᠮᠡᠷᠭᠡᠵᠢᠯᠳᠡᠨ ᠦᠨᠡᠯᠡᠭᠰᠡᠨ ᠶᠤᠮ᠃ 2025 ᠣᠨ ᠳ᠋ᠤ᠂ ᠪᠥᠬᠥ᠌ ᠣᠷᠣᠨ ᠶ᠋ᠢᠡᠷ ᠶ᠋ᠢᠡᠨ 873.4 ᠲᠦᠮᠡᠨ ᠮᠢᠬᠠᠨ ᠤ᠋ ᠦᠬᠡᠷ ᠲᠡᠵᠢᠭᠡᠵᠦ ᠪᠠᠢᠭᠰᠠᠨ ᠡᠴᠡ ᠪᠠᠨ 594.7 ᠲᠦᠮᠡ ᠵᠢ ᠨᠢ ᠪᠤᠷᠤᠯᠠᠭᠤᠯᠵᠤ᠂ ᠦᠬᠡᠷᠦᠨ ᠮᠢᠬᠠᠨ ᠤ᠋ ᠭᠠᠷᠤᠯᠲᠠ 101.7 ᠲᠦᠮᠡᠨ ᠲᠣᠨ ᠳ᠋ᠤ ᠬᠦᠷᠴᠤ᠂ ᠪᠥᠬᠥ᠌ ᠤᠯᠤᠰ ᠤ᠋ᠨ ᠦᠬᠡᠷ ᠤ᠋ᠨ ᠮᠢᠬᠠᠨ ᠤ᠋ ᠶᠡᠷᠦᠡᠭᠬᠡᠢ ᠭᠠᠷᠤᠯᠲᠠ ᠶ᠋ᠢᠨ 12.7% ᠵᠢ ᠡᠵᠡᠯᠡᠨ᠂ 2020 ᠤᠨ ᠡᠴᠡ ᠨᠠᠭᠠᠰᠢ ᠵᠢᠷᠭᠤᠭᠠᠨ ᠵᠢᠯ ᠳᠠᠷᠠᠭᠠᠯᠠᠨ ᠪᠥᠬᠥ᠌ ᠤᠯᠤᠰ ᠲᠤ᠌ ᠲᠦᠷᠦᠭᠦᠯᠡᠪᠡ᠃

ᠲᠠᠷᠭᠤ ᠰᠠᠢᠳᠠᠢ ᠦᠭᠡᠷ ᠤ᠋ᠳ
ᠯᠢ ᠴᠢ ᠰᠡᠭᠦᠳᠡᠷᠯᠡᠪᠡ
ᠮᠢᠬᠠᠨ ᠤ᠋ ᠦᠭᠡᠷ ᠪᠤᠯ ᠦᠪᠦᠷ ᠮᠤᠩᠭᠤᠯ ᠤ᠋ᠨ ᠮᠠᠯᠴᠢᠨ ᠲᠠᠷᠢᠶᠠᠴᠢᠳ ᠤ᠋ᠨ ᠤᠷᠤᠯᠭ᠎ᠠ ᠶ᠋ᠢᠨ ᠭᠤᠤᠯ ᠢᠷᠡᠯᠳᠡ ᠶ᠋ᠢᠨ ᠨᠢᠭᠡ ᠮᠦᠨ᠃ ᠤᠢᠷ᠎ᠠ ᠶ᠋ᠢᠨ ᠵᠢᠯ ᠳ᠋ᠤ ᠦᠪᠦᠷ ᠮᠤᠩᠭᠤᠯ ᠭᠠᠵᠠᠷ ᠣᠷᠣᠨ ᠤ᠋ ᠪᠠᠶ᠋ᠢᠳᠠᠯ ᠳ᠋ᠠᠭᠠᠨ ᠲᠣᠬᠢᠷᠠᠭᠤᠯᠤᠨ ᠮᠢᠬᠠᠨ ᠤ᠋ ᠦᠬᠡᠷᠦᠨ ᠠᠵᠤ ᠦᠢᠯᠡᠰ ᠢ᠋ ᠪᠠᠶ᠋ᠢᠷᠢᠰᠢᠭᠤᠯᠵᠤ᠂ ᠰᠢᠯᠢᠳᠡᠭ ᠡᠭᠦᠯᠳᠡᠷ ᠢ᠋ ᠰᠤᠩᠭᠤᠨ ᠪᠣᠶ᠋ᠢᠵᠢᠭᠤᠯᠬᠤ ᠰᠢᠰᠲᠸᠮ ᠢ᠋ ᠲᠠᠰᠤᠷᠠᠯᠲᠠ ᠦᠭᠡᠢ ᠲᠡᠭᠦᠯᠳᠡᠷᠵᠢᠭᠦᠯᠤᠨ᠂ ᠰᠢᠨᠵᠢᠯᠡᠬᠦ᠌ ᠤᠬᠠᠭᠠᠨᠴᠢ ᠪᠠᠷ ᠪᠤᠷᠳᠤᠨ ᠳᠠᠷᠭᠤᠯᠠᠭᠤᠯᠬᠤ ᠮᠡᠷᠭᠡᠵᠢᠯ ᠢ᠋ ᠲᠦᠭᠡᠮᠡᠯᠵᠢᠭᠦᠯᠵᠤ᠂ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠌ ᠵᠠᠭᠪᠤᠷ ᠢ᠋ ᠪᠥᠬᠥ᠌ ᠲᠠᠯ᠎ᠠ ᠪᠠᠷ ᠲᠠᠰ ᠳᠡᠪᠰᠢᠭᠦᠯᠤᠨ᠂ ᠮᠢᠬᠠᠨ ᠤ᠋ ᠦᠬᠡᠷ ᠦ᠋ᠨ ᠦᠢᠯᠡᠳᠪᠦᠷᠢᠯᠡᠯ ᠤ᠋ᠨ ᠴᠢᠳᠠᠪᠤᠷᠢ ᠪᠠ ᠪᠣᠷᠣᠯᠠᠭᠤᠯᠭ᠎ᠠ ᠶ᠋ᠢᠨ ᠶᠠᠰᠤ ᠴᠢᠨᠠᠷ ᠢ᠋ ᠲᠣᠭᠲᠠᠭᠤᠨ ᠶ᠋ᠢᠡᠷ ᠳᠡᠭᠡᠭᠰᠢᠯᠡᠭᠦᠯᠵᠠᠢ᠃ ᠪᠠᠰᠠ ᠲᠤᠰᠬᠠᠢ ᠮᠢᠬᠠᠨ ᠤ᠋ ᠦᠬᠡᠷᠦᠨ ᠠᠵᠤ ᠦᠢᠯᠡᠰ ᠤ᠋ᠨ ᠪᠦᠯᠦᠭᠯᠡᠯ ᠢ᠋ ᠪᠠᠢᠭᠤᠯᠵᠤ᠂ ᠤᠯᠠᠮᠵᠢᠯᠠᠯᠲᠤ᠌ ᠡᠷᠦᠬᠡ ᠪᠡᠷ ᠨᠢᠭᠡᠴᠢ ᠪᠤᠯᠭᠠᠨ ᠲᠠᠷᠠᠬᠠᠶ ᠪᠤᠲᠠᠷᠬᠠᠶ ᠪᠡᠷ ᠲᠡᠵᠢᠭᠡᠨ ᠦᠷᠡᠵᠢᠭᠦᠯᠵᠤ ᠪᠠᠢᠭᠰᠠᠨ ᠢ᠋ ᠬᠡᠪᠴᠢᠶᠡᠵᠢᠭᠰᠡᠨ ᠡᠷᠴᠢᠮᠵᠢᠭᠰᠡᠨ ᠪᠠᠷᠢᠮᠵᠢᠶᠠᠵᠢᠭᠰᠡᠨ ᠲᠡᠢᠰᠢ ᠬᠤᠪᠢᠷᠠᠭᠤᠯᠬᠤ ᠶ᠋ᠢᠨ ᠬᠠᠮᠲᠤ ᠵᠠᠭᠤᠨ ᠲᠦᠮᠡᠨ ᠮᠢᠬᠠᠨ ᠤ᠋ ᠦᠬᠡᠷ ᠢ᠋ ᠪᠣᠷᠳᠣᠨ ᠲᠠᠷᠭᠤᠯᠠᠭᠤᠯᠬᠤ ᠠᠵᠢᠯᠯᠠᠭ᠎ᠠ ᠶ᠋ᠢ ᠨᠠᠶ᠋ᠢᠳᠠᠪᠤᠷᠢᠵᠢᠭᠤᠯᠵᠤ᠂ ᠲᠡᠵᠢᠭᠡᠨ ᠦᠷᠡᠵᠢᠭᠦᠯᠬᠦ᠌ ᠥᠪᠡᠷᠦᠨ ᠥᠷᠲᠡᠭ ᠢ᠋ ᠪᠠᠭᠤᠷᠠᠭᠤᠯᠤᠨ᠂ ᠲᠡᠵᠢᠭᠡᠨ ᠦᠷᠡᠵᠢᠭᠦᠯᠬᠦ᠌ ᠦᠷ᠎ᠡ ᠠᠰᠢᠭ ᠢ᠋ ᠳᠡᠭᠡᠭᠰᠢᠯᠡᠭᠦᠯᠵᠦ᠍᠂ ᠮᠢᠬᠠᠨ ᠤ᠋ ᠦᠬᠡᠷ ᠦ᠋ᠨ ᠪᠤᠳᠠᠭᠠᠯᠢ ᠪᠡᠶ᠎ᠡ ᠶ᠋ᠢᠨ ᠳᠤᠮᠳᠠᠴᠢ ᠭᠠᠷᠤᠯᠲᠠ ᠵᠢ 171 ᠺᠢᠯᠣᠭ᠌ᠷᠠᠮ ᠳ᠋ᠤ ᠬᠦᠷᠭᠡᠪᠡ᠃
ᠦᠪᠦᠷ ᠮᠤᠩᠭᠤᠯ ᠪᠠᠰᠠ ᠦᠭᠡᠷ ᠤ᠋ᠨ ᠮᠢᠬ᠎ᠠ ᠶ᠋ᠢ ᠨᠠᠷᠢᠯᠢᠭ ᠪᠤᠯᠪᠠᠰᠤᠷᠠᠭᠤᠯᠬᠤ ᠠᠵᠤ ᠠᠬᠤᠶ᠋ᠢᠯᠠᠯ ᠤ᠋ᠨ ᠦᠢᠯᠡᠳᠪᠦᠷᠢᠯᠡᠯᠦᠨ ᠱᠤᠭᠤᠮ ᠢ᠋ ᠲᠠᠰ ᠳᠡᠪᠰᠢᠭᠦᠯᠬᠦ ᠶ᠋ᠢ ᠡᠷᠴᠢᠮᠳᠠᠢ ᠳᠡᠮᠵᠢᠵᠤ᠂ ᠳᠡᠭᠡᠳᠦ ᠲᠠᠰ ᠤ᠋ᠨ ᠰᠢᠨ᠎ᠡ ᠰᠣᠷᠭᠣᠭ ᠦᠬᠡᠷ ᠦ᠋ᠨ ᠮᠢᠬ᠎ᠠ᠂ ᠦᠬᠡᠷ ᠦ᠋ᠨ ᠮᠢᠬᠠᠨ ᠤ᠋ ᠪᠡᠯᠡᠨ ᠵᠠᠭᠤᠰᠢ᠂ ᠤᠨᠴᠠᠯᠢᠭᠲᠦ ᠪᠤᠯᠭᠤᠭᠰᠠᠨ ᠢᠳᠡᠭᠡᠨ ᠵᠡᠷᠭᠡ ᠣᠯᠠᠨ ᠡᠰᠢᠲᠦ᠍ ᠪᠦᠲᠦᠭᠡᠭᠳᠡᠬᠦᠨ ᠢ᠋ ᠰᠤᠳᠤᠯᠤᠨ ᠨᠡᠬᠡᠭᠡᠪᠡ᠃ ᠡᠭᠦᠨ ᠤ᠋ ᠬᠠᠮᠲᠤ᠌ ᠦᠢᠯᠡᠳᠪᠦᠷᠢᠯᠡᠯ ᠪᠣᠷᠣᠯᠠᠭᠤᠯᠭ᠎ᠠ ᠶ᠋ᠢ ᠪᠥᠬᠥ᠌ ᠬᠦᠴᠦᠨ ᠶ᠋ᠢᠡᠷ ᠵᠢᠡᠨ ᠰᠢᠯᠤᠭᠤᠳᠬᠠᠵᠤ᠂ 《ᠤᠮᠠᠷᠠᠲᠤ᠌ ᠣᠷᠣᠨ ᠤ᠋ ᠦᠬᠡᠷ ᠢ᠋ ᠡᠮᠦᠨᠡᠰᠢ ᠵᠥᠭᠡᠭᠡᠪᠦᠷᠢᠯᠡᠬᠦ᠌᠂ ᠰᠢᠨ᠎ᠡ ᠰᠤᠷᠭᠤᠭ ᠮᠢᠬ᠎ᠠ ᠵᠢ ᠭᠤᠸᠠᠩᠳᠦ᠋ᠩ ᠳ᠋ᠤ ᠣᠷᠣᠭᠤᠯᠬᠤ》 ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠤᠨ᠂ ᠵᠢᠯ ᠪᠦᠷᠢ ᠭᠤᠸᠠᠩᠳᠦ᠋ᠩ ᠰᠢᠶᠠᠩᠭᠠᠩ ᠣᠣᠮᠧᠨ ᠤ᠋ ᠶᠡᠬᠡ ᠪᠤᠯᠤᠩ ᠤ᠋ᠨ ᠣᠷᠣᠨ ᠳ᠋ᠤ 100 ᠲᠦᠮᠡ ᠭᠠᠷᠤᠶ ᠳᠡᠭᠡᠳᠦ ᠲᠠᠰ ᠤ᠋ᠨ ᠮᠢᠬᠠᠨ ᠤ᠋ ᠦᠬᠡᠷ ᠬᠠᠡᠭᠭᠠᠬᠤ ᠪᠡᠷ ᠲᠤᠭᠲᠠᠵᠤ᠂ ᠪᠡᠭᠡᠵᠢᠩ ᠲᠢᠶᠠᠨᠵᠢᠨ ᠾᠧᠪᠧᠢᠳᠦ ᠦᠬᠡᠷ ᠬᠣᠨᠢᠨ ᠮᠢᠬ᠎ᠠ ᠵᠢ ᠤᠷᠢᠳᠴᠢᠯᠠᠨ ᠨᠦᠬᠡᠴᠡᠯᠡᠵᠦ ᠨᠢᠳᠤᠯᠵᠤ ᠪᠤᠯᠪᠠᠰᠤᠷᠠᠭᠤᠯᠬᠤ ᠲᠥᠪ ᠪᠠᠶ᠋ᠢᠭᠤᠯᠵᠤ᠂ ᠳᠠᠷᠤᠶ᠋ᠢᠬᠠᠨ ᠨᠢᠳᠤᠯᠵᠤ ᠰᠢᠨ᠎ᠡ ᠰᠣᠷᠭᠣᠭ ᠶ᠋ᠢᠡᠷ ᠲᠤᠬᠢᠷᠠᠭᠤᠯᠤᠨ ᠬᠦᠷᠭᠡᠬᠦ᠌ ᠥᠨᠳᠥᠷ ᠪᠦᠲᠦᠮᠵᠢᠲᠡᠢ ᠬᠠᠩᠭᠠᠨ ᠪᠣᠷᠣᠯᠠᠭᠤᠯᠬᠤ ᠰᠢᠰᠲᠸᠮ ᠢ᠋ ᠪᠠᠢᠭᠤᠯᠤᠭᠰᠠᠨ ᠪᠠᠢᠨ᠎ᠠ᠃
ᠤᠳᠤ ᠦᠪᠦᠷ ᠮᠤᠩᠭᠤᠯ ᠤ᠋ᠨ ᠮᠢᠬᠠᠨ ᠤ᠋ ᠦᠬᠡᠷ ᠤ᠋ᠨ ᠠᠵᠤ ᠦᠢᠯᠡᠰ ᠨᠢᠭᠡᠨᠲᠡ ᠡᠭᠦᠯᠳᠡᠷ ᠪᠤᠢᠵᠢᠭᠤᠯᠬᠤ᠂ ᠲᠡᠵᠢᠭᠡᠨ ᠦᠷᠡᠵᠢᠭᠦᠯᠬᠦ᠂ ᠨᠠᠷᠢᠯᠢᠭ ᠪᠤᠯᠪᠠᠰᠤᠷᠠᠭᠤᠯᠬᠤ ᠡᠴᠡ ᠭᠦᠢᠲᠡᠨ ᠬᠡᠯᠬᠢᠶ᠎ᠠ ᠪᠡᠷ ᠬᠦᠷᠭᠡᠵᠤ ᠪᠤᠷᠤᠯᠠᠭᠤᠯᠬᠤ ᠬᠦᠷᠳᠡᠯᠡᠬᠢ ᠪᠦᠷᠢᠨ ᠪᠦᠲᠦᠨ ᠠᠵᠤ ᠦᠢᠯᠡᠰ ᠤ᠋ᠨ ᠬᠡᠯᠬᠢᠶ᠎ᠡ ᠵᠢ ᠪᠦᠷᠢᠯᠳᠦᠬᠦᠯᠵᠤ᠂ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠦᠢᠯᠡᠳᠬᠦᠨ ᠤ᠋ ᠦᠷᠳᠡᠭ ᠨᠢ 500 ᠳ᠋ᠦᠡᠭᠰᠢᠭᠤᠷ ᠳᠦᠭᠦᠷᠢᠭ ᠢ᠋ ᠳᠠᠪᠠᠨ᠂ ᠮᠢᠩᠭᠠᠨ ᠳ᠋ᠦᠩᠰᠢᠭᠤᠷ ᠲᠠᠰ ᠤ᠋ᠨ ᠠᠵᠤ ᠦᠢᠯᠡᠰ ᠤ᠋ᠨ ᠬᠡᠯᠬᠢᠶ᠎ᠡ ᠵᠢ ᠪᠠᠢᠭᠤᠯᠬᠤ ᠪᠡᠷ ᠬᠦᠴᠦᠯᠡᠨ ᠴᠢᠷᠮᠠᠢᠵᠤ ᠪᠠᠢᠨ᠎ᠠ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠦ᠂ ᠪᠦᠬᠦ ᠤᠷᠤᠨ ᠶ᠋ᠢᠡᠷ ᠶ᠋ᠢᠡᠨ 1108.5 ᠲᠦᠮᠡᠨ ᠦᠭᠡᠷ ᠲᠡᠵᠢᠭᠡᠵᠦ ᠪᠠᠢᠭᠰᠠᠨ ᠡᠴᠡ ᠪᠠᠨ 124.6 ᠲᠦᠮᠡ ᠵᠢ ᠨᠢ ᠪᠤᠷᠤᠯᠠᠭᠤᠯᠵᠤ᠂ 22.4 ᠲᠦᠮᠡᠨ ᠳᠤᠨ ᠦᠬᠡᠷ ᠤ᠋ᠨ ᠮᠢᠬ᠎ᠠ ᠪᠤᠷᠤᠯᠠᠭᠤᠯᠵᠠᠢ᠃
ᠲᠡᠵᠢᠭᠡᠯ ᠡᠪᠡᠰᠦᠨ ᠤ᠋ ᠠᠵᠤ ᠦᠢᠯᠡᠰ
ᠠᠯᠲᠠᠨ ᠨᠠᠮᠤᠷ ᠤ᠋ᠨ ᠦᠭᠭᠢᠶᠡᠮᠦᠷ ᠤᠯᠠᠷᠢᠯ ᠶ᠋ᠢᠡᠷ ᠦᠷᠭᠡᠨ ᠠᠭᠤᠳᠠᠮ ᠦᠪᠦᠷ ᠮᠤᠡᠭᠭᠤᠯ ᠤ᠋ᠨ ᠰᠢᠯᠢ ᠲᠠᠯ᠎ᠠ ᠠᠭᠤᠯᠠ ᠬᠠᠡᠭᠭᠠᠢ ᠤᠭᠤᠷᠠᠭ ᠰᠢᠷ᠎ᠠ ᠨᠠᠷᠠᠨ ᠤ᠋ ᠲᠤᠶᠠᠭᠠᠨ ᠳ᠋ᠦ ᠨᠠᠮᠶᠠᠷᠠᠳᠤᠨ ᠴᠡᠯᠡᠢᠭᠡᠳ᠂ ᠰᠡᠪᠡᠯᠵᠡᠬᠦ ᠰᠠᠯᠬᠢᠨ ᠤ᠋ ᠠᠶᠠᠰ ᠶ᠋ᠢᠡᠷ ᠡᠪᠡᠰᠦᠨ ᠤ᠋ ᠲᠤᠯᠤᠭᠠᠢ ᠪᠦᠬᠦᠯᠵᠡᠨᠡ᠃ ᠡᠳᠦᠷ ᠬᠤᠨᠤᠭ ᠨᠢᠰᠬᠦ ᠮᠡᠳᠦ ᠤᠷᠴᠢᠵᠤ᠂ ᠬᠠᠳᠤᠯᠠᠡᠭᠴᠢᠳ ᠤ᠋ᠨ ᠨᠠᠮᠤᠷ ᠠᠬᠢᠨ ᠰᠠᠭᠠᠲᠠᠯ᠎ᠠ᠃

ᠬᠠᠳᠤᠵᠤ ᠪᠤᠭᠤᠵᠢᠯᠠᠭᠰᠠᠨ ᠡᠪᠡᠰᠦ
ᠰᠢᠨᠬᠤᠸᠠ ᠬᠤᠷᠢᠶ᠎ᠠ ᠶ᠋ᠢᠨ ᠰᠤᠷᠪᠤᠯᠵᠢᠯᠠᠭᠴᠢ ᠪᠦᠬᠡ ᠰᠡᠭᠦᠳᠡᠷᠯᠡᠪᠡ
ᠲᠡᠵᠢᠭᠡᠯ ᠡᠪᠡᠰᠦ ᠪᠤᠯ ᠮᠠᠯ ᠠᠵᠤ ᠠᠬᠤᠢ ᠶ᠋ᠢᠨ ᠰᠠᠭᠤᠷᠢ ᠠᠵᠤ ᠦᠢᠯᠡᠰ ᠮᠦᠨ᠃ ᠮᠠᠯ ᠠᠵᠤ ᠠᠬᠤᠢ ᠶ᠋ᠢᠨ ᠲᠤᠮᠤ ᠤᠷᠤᠨ ᠪᠤᠯᠤᠭᠰᠠᠨ ᠤ᠋ ᠬᠤᠪᠢ ᠳ᠋ᠤ ᠦᠪᠦᠷ ᠮᠤᠩᠭᠤᠯ ᠤ᠋ᠨ ᠡᠪᠡᠰᠦᠨ ᠲᠡᠵᠢᠭᠡᠯᠳᠦ ᠭᠡᠷ ᠤ᠋ᠨ ᠲᠡᠵᠢᠭᠡᠪᠤᠷᠢ 1.4 ᠳ᠋ᠦᠩᠰᠢᠭᠤᠷ ᠢ᠋ ᠲᠠᠪᠠᠨ᠂ ᠲᠡᠵᠢᠭᠡᠯ ᠡᠪᠡᠰᠦᠨ ᠤ᠋ ᠬᠡᠷᠡᠭᠴᠡᠭᠡ ᠪᠡᠷ ᠯᠤᠳᠤ ᠶᠡᠬᠡ ᠶᠤᠮ᠃ ᠤᠢᠷ᠎ᠠ ᠶ᠋ᠢᠨ ᠵᠢᠯ ᠳ᠋ᠤ ᠮᠠᠨ ᠤ᠋ ᠤᠷᠤᠨ ᠪᠠᠶᠠᠨᠨᠠᠭᠤᠷ ᠬᠤᠳᠠ᠂ ᠬᠦᠬᠡᠬᠤᠳᠠ ᠪᠤᠯᠤᠨ ᠲᠦᠩᠯᠢᠶᠤᠤ ᠬᠤᠳᠠ ᠵᠡᠷᠭᠡ ᠭᠠᠵᠠᠷ ᠲᠤ᠌ ᠲᠠᠷᠢᠮᠠᠯ ᠡᠪᠡᠰᠦ ᠲᠠᠷᠢᠬᠤ᠂ ᠪᠠᠢᠭᠠᠯᠢ ᠶ᠋ᠢᠨ ᠪᠡᠯᠴᠢᠭᠡᠷ ᠢ᠋ ᠰᠡᠷᠭᠦᠭᠡᠬᠦ᠂ ᠬᠦᠭᠡ ᠳᠠᠷᠤᠰᠢ ᠵᠢᠨ ᠡᠷᠳᠡᠨᠢ ᠰᠢᠰᠢ ᠲᠠᠷᠢᠬᠤ ᠵᠡᠷᠭᠡ ᠠᠷᠭ᠎ᠠ ᠵᠠᠮ ᠶ᠋ᠢᠡᠷ ᠤᠳᠤ ᠦᠶ᠎ᠠ ᠶ᠋ᠢᠨ ᠡᠪᠡᠰᠦᠨ ᠤ᠋ ᠦᠢᠯᠡᠰ ᠢ᠋ ᠬᠦᠭᠵᠢᠭᠦᠯᠵᠤ᠂ ᠮᠠᠯ ᠡᠪᠡᠰᠦ ᠶ᠋ᠢ ᠨᠢᠭᠡ ᠴᠤᠭᠴᠠᠵᠢᠭᠤᠯᠤᠨ ᠬᠦᠭᠵᠢᠭᠦᠯᠬᠦ ᠵᠠᠮ ᠢ᠋ ᠰᠦᠪᠡᠭᠴᠢᠯᠡᠨ ᠨᠡᠭᠡᠭᠡᠪᠡ᠃ 2025 ᠤᠨ ᠳ᠋ᠤ᠂ ᠪᠦᠬᠦ ᠤᠷᠤᠨ ᠤ᠋ ᠲᠠᠷᠢᠮᠠᠯ ᠡᠪᠡᠰᠦᠨ ᠤ᠋ ᠲᠠᠯᠠᠪᠠᠶ 2090 ᠲᠦᠮᠡᠨ ᠮᠥ᠍ ᠵᠢ ᠳᠠᠪᠠᠨ᠂ ᠪᠠᠶ᠋ᠢᠭᠠᠯᠢ ᠶ᠋ᠢᠨ ᠪᠡᠯᠴᠢᠭᠡᠷ ᠤ᠋ᠨ ᠡᠪᠡᠰᠦ᠂ ᠲᠠᠷᠢᠮᠠᠯ ᠡᠪᠡᠰᠦ᠂ ᠪᠣᠷᠳᠣᠭᠠᠨ ᠳ᠋ᠤ ᠬᠡᠷᠡᠭᠯᠡᠬᠦ᠌ ᠡᠰᠢ ᠰᠦᠷᠡᠯ ᠦ᠋ᠨ ᠶᠡᠷᠦᠩᠬᠡᠶ ᠭᠠᠷᠤᠯᠲᠠ 7500 ᠲᠦᠮᠡᠨ ᠲᠣᠨ ᠢ᠋ ᠳᠠᠪᠠᠵᠤ᠂ ᠪᠦᠷᠢᠨ ᠭᠦᠢᠴᠡᠳ ᠲᠡᠵᠢᠭᠡᠯ ᠡᠪᠡᠰᠦᠨ ᠤ᠋ ᠦᠢᠯᠡᠳᠪᠦᠷᠢᠯᠡᠯ ᠦ᠋ᠨ ᠴᠢᠳᠠᠪᠤᠷᠢ ᠪᠡᠷ ᠰᠦ ᠶ᠋ᠢᠨ ᠦᠢᠯᠡᠰ᠂ ᠮᠢᠬᠠᠨ ᠤ᠋ ᠦᠭᠡᠷ ᠤ᠋ᠨ ᠠᠵᠤ ᠦᠢᠯᠡᠰ ᠵᠡᠷᠭᠡ ᠪᠦᠬᠦ ᠤᠷᠤᠨ ᠤ᠋ 5000 ᠳ᠋ᠦ᠋ᠡᠭᠰᠢᠭᠤᠷ ᠰᠢᠬᠠᠮ ᠲᠦᠭᠦᠷᠢᠭ ᠤ᠋ᠨ ᠮᠠᠯ ᠠᠵᠤ ᠠᠬᠤᠢ ᠶ᠋ᠢᠨ ᠭᠤᠤᠯᠳᠠᠯᠭᠠᠳᠤ ᠠᠵᠤ ᠦᠢᠯᠡᠰ ᠤ᠋ᠨ ᠬᠡᠯᠬᠢᠶ᠎ᠡ ᠵᠢ ᠲᠤᠯᠭᠠᠭᠤᠷᠢᠯᠠᠨ᠂ ᠲᠡᠵᠢᠭᠡᠯ ᠡᠪᠡᠰᠦᠨ ᠤ᠋ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠦᠢᠯᠡᠳᠬᠦᠨ ᠤ᠋ ᠦᠷᠳᠡᠭ 500 ᠳ᠋ᠦᠡᠭᠰᠢᠭᠤᠷ ᠲᠦᠭᠦᠷᠢᠭ ᠢ᠋ ᠳᠠᠪᠠᠵᠤ᠂ ᠮᠢᠩᠭᠠᠨ ᠳ᠋ᠦᠩᠰᠢᠭᠤᠷ ᠲᠦᠭᠦᠷᠢᠭ ᠲᠤ᠌ ᠤᠢᠷᠠᠳᠴᠠᠢ᠃
ᠤᠢᠷ᠎ᠡ ᠶ᠋ᠢᠨ ᠵᠢᠯ ᠳ᠋ᠦ᠂ ᠦᠪᠦᠷ ᠮᠤᠩᠭᠤᠯ ᠲᠡᠵᠢᠭᠡᠯ ᠡᠪᠡᠰᠦᠨ ᠤ᠋ ᠠᠵᠤ ᠦᠢᠯᠡᠰ ᠢ᠋ ᠲᠡᠳᠬᠦᠬᠦ᠌ ᠡᠷᠴᠢᠮ ᠶ᠋ᠢᠡᠨ ᠦᠷᠭᠦᠯᠵᠢᠯᠡᠨ ᠴᠢᠡᠭᠭᠠᠷᠠᠭᠤᠯᠵᠤ᠂ ᠵᠢᠯ ᠪᠦᠷᠢ 10 ᠳ᠋ᠦᠩᠰᠢᠭᠤᠷ ᠲᠥᠭᠥᠷᠢᠭᠦᠨ ᠲᠤᠰᠬᠠᠶ ᠪᠡᠯᠡ ᠮᠥᠩᠭᠥ᠌ ᠳᠤᠬᠢᠷᠠᠭᠤᠯᠵᠤ ᠠᠵᠤ ᠦᠢᠯᠡᠰᠦᠨ ᠶᠠᠰᠤ ᠴᠢᠨᠠᠷ ᠢ᠋ ᠳᠡᠭᠡᠭᠰᠢᠯᠡᠭᠦᠯᠦᠨ ᠳᠡᠰ ᠳᠡᠪᠰᠢᠭᠦᠯᠬᠦ᠌ ᠶ᠋ᠢᠨ ᠬᠠᠮᠳᠤ 277 ᠵᠦᠢᠯ ᠤ᠋ᠨ ᠰᠦᠯ ᠰᠠᠶ᠋ᠢᠲᠠᠶ ᠡᠪᠡᠰᠦᠨ ᠤ᠋ ᠡᠭᠦᠯᠳᠡᠷ ᠢ᠋ ᠬᠢᠨᠠᠨ ᠲᠣᠭᠲᠠᠭᠠᠵᠤ᠂ ᠪᠠᠷᠢᠮᠵᠢᠶᠠᠵᠢᠭᠰᠠᠨ ᠡᠪᠡᠰᠦᠨ ᠦᠷ᠎ᠡ ᠪᠣᠶ᠋ᠢᠵᠢᠭᠤᠯᠬᠤ ᠰᠠᠭᠤᠷᠢᠨ ᠢ᠋ 56 ᠲᠦᠮᠡᠨ ᠮᠦ᠍ ᠪᠠᠶ᠋ᠢᠭᠤᠯᠵᠤ᠂ ᠵᠢᠯ ᠤ᠋ᠨ ᠡᠪᠡᠰᠦᠨ ᠦᠷ᠎ᠡ ᠵᠢᠨ ᠦᠢᠯᠡᠳᠪᠤᠷᠢᠯᠡᠯ ᠤ᠋ᠨ ᠴᠢᠳᠠᠪᠤᠷᠢ 800 ᠲᠦᠮᠡᠨ ᠺᠢᠯᠣᠭ᠌ᠷᠠᠮ ᠳ᠋ᠤ ᠬᠦᠷᠴᠠᠢ᠃ ᠣᠳᠣᠬᠠᠨ ᠳ᠋ᠤ ᠪᠦᠬᠦ᠌ ᠣᠷᠣᠨ ᠳ᠋ᠤ 377 ᠡᠪᠡᠰᠦᠨ ᠤ᠋ ᠦᠢᠯᠡᠰ ᠤ᠋ᠨ ᠠᠵᠤ ᠠᠬᠤᠶ᠋ᠢᠯᠠᠯ ᠲᠠᠢ ᠪᠠᠢᠵᠤ᠂ ᠰᠤᠳᠤᠯᠤᠨ ᠨᠡᠭᠡᠭᠡᠬᠦ ᠡᠴᠡ ᠠᠪᠤᠭᠠᠳ ᠬᠡᠪᠴᠢᠶᠡᠵᠢᠭᠦᠯᠦᠨ ᠲᠠᠷᠢᠬᠤ᠂ ᠮᠠᠰᠢᠨ ᠶ᠋ᠢᠡᠷ ᠬᠠᠳᠤᠵᠤ ᠬᠤᠷᠢᠶᠠᠬᠤ᠂ ᠲᠠᠸᠠᠷᠴᠢᠯᠠᠨ ᠪᠣᠷᠣᠯᠠᠭᠤᠯᠬᠤ ᠬᠦᠷᠳᠡᠯᠡᠬᠢ ᠪᠦᠷᠢᠨ ᠪᠦᠲᠦᠨ ᠠᠵᠤ ᠦᠢᠯᠡᠰ ᠦ᠋ᠨ ᠬᠡᠯᠬᠢᠶ᠎ᠠ ᠶ᠋ᠢ ᠪᠠᠢᠭᠤᠯᠪᠠ᠃ ᠡᠭᠦᠨᠦ ᠬᠠᠮᠲᠤ᠌ ᠪᠥᠬᠥ᠌ ᠣᠷᠣᠨ ᠳ᠋ᠤ 1459 ᠰᠠᠭᠤᠷᠢ ᠪᠠᠴᠢᠮ ᠪᠠᠶ᠋ᠢᠳᠠᠯ ᠢ᠋ ᠠᠷᠭᠠᠴᠠᠭᠠᠬᠤ ᠲᠡᠵᠢᠭᠡᠯ ᠡᠪᠡᠰᠦ ᠨᠥᠭᠡᠴᠡᠯᠡᠬᠦ᠌ ᠬᠥᠮᠥᠷᠭᠡ ᠪᠠᠶ᠋ᠢᠭᠤᠯᠵᠤ᠂ 28.9 ᠲᠦᠮᠡᠨ ᠡᠷᠦᠬᠡ ᠬᠤᠪᠢ ᠶ᠋ᠢᠨ ᠲᠡᠵᠢᠭᠡᠯ ᠡᠪᠡᠰᠦ ᠨᠥᠭᠡᠴᠡᠯᠡᠬᠦ᠌ ᠬᠥᠮᠥᠷᠭᠡ ᠪᠠᠶ᠋ᠢᠭᠤᠯᠤᠨ᠂ ᠲᠡᠵᠢᠭᠡᠯ ᠡᠪᠡᠰᠦ ᠨᠥᠭᠡᠴᠡᠯᠡᠬᠦ᠌ ᠶᠡᠷᠦᠩᠬᠡᠢ ᠴᠢᠳᠠᠪᠤᠷᠢ 1800 ᠲᠦᠮᠡᠨ ᠲᠣᠨ ᠳ᠋ᠤ ᠬᠦᠷᠴᠦ᠍᠂ ᠮᠠᠯ ᠠᠵᠤ ᠠᠬᠤᠶ ᠶ᠋ᠢᠨ ᠦᠢᠯᠡᠳᠪᠦᠷᠢᠯᠡᠯ ᠳ᠋ᠤ ᠡᠷᠴᠢᠮᠳᠠᠢ ᠪᠠᠳᠤᠯᠠᠭ᠎ᠠ ᠬᠠᠩᠭᠠᠵᠤ ᠪᠠᠢᠨ᠎ᠠ᠃
ᠦᠪᠦᠷ ᠮᠤᠩᠭᠤᠯ ᠤᠳᠤ ᠲᠡᠵᠢᠭᠡᠯ ᠡᠪᠡᠰᠦ ᠬᠠᠩᠭᠠᠬᠤ ᠰᠢᠰᠲᠧᠮ ᠤ᠋ᠨ ᠪᠠᠢᠭᠤᠯᠤᠯᠳᠠ ᠶ᠋ᠢ ᠪᠡᠯᠴᠢᠭᠡᠷ ᠤ᠋ᠨ ᠮᠠᠯ ᠠᠵᠤ ᠠᠬᠤᠢ ᠶ᠋ᠢᠨ ᠬᠡᠯᠪᠡᠷᠢ ᠶ᠋ᠢ ᠬᠤᠪᠢᠷᠠᠭᠤᠯᠤᠨ ᠳᠡᠰ ᠳᠡᠪᠰᠢᠭᠦᠯᠬᠦ ᠴᠢᠬᠤᠯᠠ ᠭᠠᠷᠳᠠᠴᠠ ᠪᠤᠯᠭᠠᠨ ᠠᠳᠬᠤᠵᠤ᠂ ᠮᠠᠯ ᠤ᠋ᠨ ᠠᠰᠢᠭ ᠰᠢᠮ᠎ᠠ ᠶ᠋ᠢᠨ ᠭᠠᠷᠤᠯᠳᠠ ᠶ᠋ᠢ ᠳᠤᠭᠳᠠᠪᠤᠷᠢᠵᠢᠭᠤᠯᠤᠨ ᠬᠠᠩᠭᠠᠯᠭ᠎ᠠ ᠶ᠋ᠢ ᠪᠠᠳᠤᠯᠠᠬᠤ ᠶ᠋ᠢᠨ ᠬᠠᠮᠳᠤ ᠨᠤᠳᠤᠭ ᠪᠡᠯᠴᠢᠬᠡᠷ ᠤ᠋ᠨ ᠠᠮᠢ ᠠᠬᠤᠢ ᠶ᠋ᠢ ᠬᠠᠮᠠᠭᠠᠯᠠᠬᠤ ᠪᠡᠷ ᠬᠦᠴᠦᠯᠡᠨ ᠴᠢᠷᠮᠠᠢᠵᠤ ᠪᠤᠢ᠃ ᠡᠨᠡ ᠵᠢᠯ ᠦᠪᠦᠷ ᠮᠤᠩᠭᠤᠯ ᠲᠡᠵᠢᠭᠡᠯ ᠡᠪᠡᠰᠦᠨ ᠤ᠋ ᠬᠠᠩᠭᠠᠯᠭ᠎ᠠ ᠶ᠋ᠢ ᠨᠡᠮᠡᠭᠳᠡᠭᠦᠯᠬᠦ ᠢᠨᠵᠧᠨᠧᠷᠢᠩ ᠢ᠋ ᠬᠡᠷᠡᠭᠵᠢᠭᠦᠯᠦᠨ᠂ ᠪᠦᠬᠦ ᠤᠷᠤᠨ ᠶ᠋ᠢᠡᠷ ᠶ᠋ᠢᠡᠨ ᠬᠦᠭᠡ ᠲᠠᠷᠤᠰᠢ ᠶ᠋ᠢᠨ ᠡᠷᠳᠡᠨᠢ ᠰᠢᠰᠢ ᠡᠴᠡ ᠭᠠᠳᠠᠨ᠎ᠠ 160 ᠲᠦᠮᠡᠨ ᠮᠤ᠌ ᠲᠡᠵᠢᠭᠡᠯ ᠤ᠋ᠨ ᠪᠤᠷᠤᠭ᠂ 9 ᠲᠦᠮᠡᠨ ᠮᠤ᠌ ᠴᠠᠷᠭᠠᠰᠤ ᠲᠠᠷᠢᠵᠤ᠂ ᠲᠠᠷᠢᠮᠠᠯ ᠲᠡᠵᠢᠭᠡᠯ ᠡᠪᠡᠰᠦᠨ ᠤ᠋ ᠲᠠᠯᠠᠪᠠᠢ ᠶ᠋ᠢ 2000 ᠲᠦᠮᠡᠨ ᠮᠤ᠌ ᠡᠴᠡ ᠳᠡᠭᠡᠭᠰᠢ ᠳ᠋ᠤ ᠳᠤᠭᠳᠠᠪᠤᠷᠢᠵᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃