2026-11-06 16:57:33
— ᠬᠠᠷᠠᠬᠦᠦ ᠪᠤᠯᠤᠨ ᠤᠷᠭᠤᠮᠠᠯ ᠤ᠋ᠨ ᠨᠤᠲᠤᠭ ᠲᠠᠭᠠᠨ ᠪᠤᠴᠠᠵᠤ ᠦᠢᠯᠡᠰ ᠪᠤᠰᠬᠠᠭᠰᠠᠨ ᠦᠯᠢᠭᠡᠷ
ᠤᠯᠠᠭᠠᠨᠬᠠᠳᠠ ᠬᠤᠳᠠ ᠶ᠋ᠢᠨ ᠠᠷᠤ ᠬᠤᠷᠴᠢᠨ ᠬᠤᠰᠢᠭᠤᠨ ᠳ᠋ᠤ ᠨᠠᠶᠠᠭᠠᠳ ᠣᠨ ᠳ᠋ᠤ ᠲᠦᠷᠦᠭᠰᠡᠨ ᠡᠭᠡᠯ ᠵᠢᠷ ᠦ᠋ᠨ ᠪᠦᠭᠡᠳ ᠶᠡᠷᠦ ᠪᠤᠰᠤ ᠶ᠋ᠢᠨ ᠠᠮᠠᠷᠠᠭ ᠬᠣᠣᠰ ᠵᠠᠯᠠᠭᠤ ᠬᠠᠷᠠᠬᠦᠦ ᠪᠣᠯᠣᠨ ᠤᠷᠭᠤᠮᠠᠯ ᠭᠡᠵᠦ ᠪᠠᠢᠳᠠᠭ᠃ ᠬᠠᠷᠠᠬᠦᠦ ᠭᠡᠭᠴᠢ ᠴᠣᠬᠣᠮ ᠴᠤ᠌ ᠴᠣᠭ ᠵᠢᠪᠬᠤᠭ᠎ᠠ ᠲᠡᠭᠦᠯᠳᠡᠷ᠂ ᠬᠤᠷᠴᠠ ᠰᠠᠮᠪᠠᠭᠠᠯᠢᠭ᠋᠂ ᠠᠮᠢᠵᠢᠷᠠᠯ ᠤ᠋ᠨ ᠬᠦᠴᠦᠨ ᠶ᠋ᠢᠡᠷ ᠪᠢᠯᠬᠠᠮ᠎ᠠ ᠭᠠᠩᠭᠠᠩ ᠬᠠᠷ᠎ᠠ ᠵᠠᠯᠠᠭᠤ ᠶᠤᠮ᠃ ᠤᠷᠭᠤᠮᠠᠯ ᠪᠣᠯ ᠭᠣᠶᠣ᠌ ᠴᠡᠪᠡᠷᠬᠡᠨ ᠲᠦᠷᠦᠭᠰᠡᠨ᠂ ᠰᠡᠴᠡᠨ ᠰᠡᠷᠭᠦᠯᠡᠩ᠂ ᠠᠵᠢᠯᠴᠢ ᠬᠥᠳᠡᠯᠮᠥᠷᠢᠴᠢ᠂ ᠴᠠᠢᠯᠭᠠᠨ ᠰᠡᠳᠬᠢᠯ ᠲᠠᠢ ᠮᠤᠩᠭᠤᠯ ᠬᠡᠦᠬᠡᠨ ᠪᠢᠯᠡ᠃ ᠲᠡᠳᠡᠨ ᠤ᠋ ᠦᠯᠢᠭᠡᠷ ᠤᠶᠠᠩᠭᠠᠯᠢᠭ᠋ ᠰᠠᠢᠬᠠᠨ ᠤᠷᠲᠤ ᠶ᠋ᠢᠨ ᠳᠠᠭᠤᠤ ᠮᠡᠳᠦ ᠲᠠᠯ᠎ᠠ ᠨᠤᠲᠤᠭ ᠲᠤ᠌ ᠴᠤᠤᠷᠢᠶᠠᠳᠤᠨ ᠰᠢᠨ᠎ᠡ ᠴᠠᠭ ᠦᠶ᠎ᠡ ᠶ᠋ᠢᠨ ᠮᠠᠯᠴᠢᠳ ᠤ᠋ᠨ ᠦᠢᠯᠡᠰ ᠪᠤᠰᠬᠠᠬᠤ ᠲᠡᠮᠡᠴᠡᠯ ᠦ᠋ᠨ ᠬᠠᠭᠤᠳᠠᠰᠤᠨ ᠳ᠋ᠤ ᠳᠤᠷᠠᠢᠨ᠎ᠠ᠃

ᠠᠩᠬ᠎ᠠ ᠳᠤᠮᠳᠠᠳᠤ ᠪᠠᠨ ᠲᠡᠭᠦᠰᠦᠭᠰᠡᠨ ᠤ᠋ ᠳᠠᠷᠠᠭ᠎ᠠ᠂ ᠭᠠᠳᠠᠭᠰᠢ ᠭᠠᠷᠴᠤ ᠨᠢᠳᠦ ᠨᠡᠭᠡᠭᠡᠬᠦ ᠶ᠋ᠢ ᠬᠦᠰᠡᠭᠰᠡᠨ ᠬᠠᠷᠠᠬᠦᠦ ᠪᠣᠯᠣᠨ ᠤᠷᠭᠤᠮᠠᠯ ᠨᠤᠲᠤᠭ ᠤᠰᠤᠨ ᠡᠴᠡ ᠪᠠᠨ ᠰᠠᠯᠵᠤ ᠶᠡᠬᠡ ᠬᠣᠲᠠ ᠳ᠋ᠤ ᠬᠥᠯᠥᠰᠦᠨ ᠠᠵᠢᠯ ᠬᠢᠬᠦ ᠪᠡᠷ ᠶᠠᠪᠤᠵᠠᠢ ᠃ ᠬᠥᠭᠵᠢᠶᠡᠨ ᠨᠠᠷᠭᠢᠶᠠᠨ ᠲᠠᠢ ᠶᠡᠬᠡ ᠬᠣᠲᠠ ᠳ᠋ᠤ ᠲᠡᠳᠡ ᠬᠤᠪᠢ ᠬᠤᠪᠢ ᠪᠠᠷ ᠶ᠋ᠢᠡᠨ ᠲᠡᠮᠡᠴᠡᠵᠦ᠂ 5 ᠵᠢᠯ ᠦ᠋ᠨ ᠳᠠᠪᠲᠠᠯᠲᠠ ᠶ᠋ᠢ ᠥᠩᠭᠡᠷᠡᠭᠦᠯᠪᠠ ᠃ ᠵᠠᠶᠠᠭ᠎ᠠ ᠲᠠᠢ ᠬᠥᠮᠥᠨ ᠵᠠᠮ ᠳᠡᠭᠡᠷ᠎ᠡ ᠭᠡᠭᠴᠢ ᠪᠡᠷ ᠲᠡᠷᠡ ᠬᠦ᠌ ᠬᠠᠲᠠᠭᠤ ᠪᠡᠷᠬᠡᠰᠢᠶᠡᠯᠲᠦ ᠣᠨ ᠰᠠᠷ᠎ᠠ ᠳ᠋ᠤ ᠬᠤᠪᠢ ᠵᠠᠶᠠᠭ᠎ᠠ ᠨᠢ ᠲᠡᠳᠡᠨ ᠢ᠋ ᠤᠢᠷᠠᠳᠤᠭᠤᠯᠵᠤ ᠬᠠᠢᠷᠠᠯᠠᠯᠴᠠᠭᠤᠯᠵᠠᠢ᠃

ᠬᠤᠯᠠ ᠶᠠᠪᠤᠵᠤ ᠬᠤᠲᠠ ᠳ᠋ᠤ ᠰᠠᠭᠤᠭᠰᠠᠨ ᠴᠤ᠌ ᠬᠣᠣᠰ ᠵᠢᠷᠦᠬᠡ ᠵᠠᠶᠠᠭᠠᠭᠰᠠᠨ ᠨᠤᠲᠤᠭ ᠲᠠᠭᠠᠨ ᠲᠡᠮᠡᠦᠯᠦᠨ᠎ᠡ᠃ ᠶᠡᠬᠡ ᠬᠤᠲᠠ ᠶ᠋ᠢᠨ ᠦᠢᠮᠡᠭᠡᠨ ᠱᠤᠤᠭᠢᠶᠠᠨ ᠪᠣᠯᠣᠨ ᠲᠦᠷᠭᠡᠨ ᠠᠢᠵᠠᠮ ᠤ᠋ᠨ ᠡᠮᠦᠨ᠎ᠠ ᠲᠡᠳᠡ ᠲᠠᠯ᠎ᠠ ᠨᠤᠲᠤᠭ ᠶ᠋ᠢᠡᠨ ᠰᠠᠨᠠᠵᠤ᠂ ᠲᠠᠯ᠎ᠠ ᠨᠤᠲᠤᠭ ᠲᠠᠭᠠᠨ ᠬᠠᠷᠢᠵᠤ ᠠᠮᠢᠳᠤᠷᠡᠶᠠ ᠭᠡᠰᠡᠨ ᠬᠠᠮᠳᠤ ᠶ᠋ᠢᠨ ᠬᠦᠰᠡᠯᠡᠩ ᠳ᠋ᠡᠭᠡᠨ ᠬᠦᠲᠦᠯᠦᠭᠳᠡᠨ ᠨᠤᠲᠤᠭ ᠲᠠᠭᠠᠨ ᠬᠠᠷᠢᠬᠤ ᠪᠠᠷ ᠰᠢᠢᠳᠴᠠᠢ ᠃ 2012 ᠣᠨ ᠳ᠋ᠤ᠂ ᠲᠡᠳᠡ ᠭᠠᠷ ᠭᠠᠷ ᠶ᠋ᠢᠡᠨ ᠬᠣᠯᠪᠣᠯᠴᠠᠨ ᠪᠠᠯᠴᠢᠷᠤᠳ ᠰᠤᠮᠤ ᠵᠢᠨ ᠲᠦᠩᠰᠢ ᠭᠠᠴᠠᠭ᠎ᠠ ᠳ᠋ᠠᠭᠠᠨ ᠪᠤᠴᠠᠵᠤ᠂ ᠠᠢᠯ ᠭᠡᠷ ᠪᠣᠯᠵᠤ ᠠᠳᠠᠯ ᠠᠮᠢᠳᠤᠷᠠᠯ ᠶ᠋ᠢᠡᠨ ᠪᠣᠰᠬᠠᠨ᠂ ᠲᠦᠷᠦᠵᠤ ᠦᠰᠦᠭᠰᠡᠨ ᠬᠠᠯᠠᠭᠤᠨ ᠨᠤᠲᠤᠭ ᠤ᠋ᠨ ᠵᠢᠡᠨ ᠬᠦᠷᠦᠰᠤᠨ ᠲᠠᠬᠡᠷ᠎ᠠ ᠠᠵᠢᠯᠴᠢ ᠬᠤᠶᠠᠷ ᠭᠠᠷ ᠶ᠋ᠢᠡᠷ ᠶ᠋ᠢᠡᠨ ᠦᠢᠯᠡᠰ ᠪᠣᠰᠬᠠᠬᠤ ᠪᠠᠷ ᠵᠣᠷᠢᠭ᠋ ᠰᠢᠭᠤᠳᠴᠠᠢ᠃

ᠦᠢᠯᠡᠰ ᠪᠤᠰᠬᠠᠬᠤ ᠵᠠᠮ ᠡᠬᠢᠯᠡᠩᠭᠦᠲᠡ ᠪᠡᠨ ᠰᠠᠭᠠᠳ ᠲᠣᠳᠬᠠᠷ ᠶ᠋ᠢᠡᠷ ᠳᠦᠭᠦᠷᠡᠩ ᠪᠠᠢᠪᠠ᠃ ᠡᠬᠢᠨ ᠤ᠋ ᠬᠤᠶᠠᠷ ᠵᠢᠯ ᠳ᠋ᠤ ᠲᠡᠳᠡ ᠭᠠᠵᠠᠷ ᠲᠦᠷᠢᠶᠡᠰᠦᠯᠡᠨ ᠠᠪᠴᠤ ᠲᠠᠷᠢᠶ᠎ᠠ ᠲᠠᠷᠢᠶᠠᠯᠠᠬᠤ ᠪᠠᠷ ᠲᠤᠷᠰᠢᠵᠠᠢ᠃ ᠭᠡᠪᠡᠴᠦ ᠤᠯᠠᠮᠵᠢᠯᠠᠯᠲᠤ ᠲᠠᠷᠢᠮᠠᠯ ᠤ᠋ᠨ ᠦᠢᠯᠡᠰ ᠲᠤ᠌ ᠯᠡ ᠲᠦᠰᠢᠭᠯᠡᠭᠡᠳ ᠨᠡᠩ ᠶᠡᠬᠡ ᠬᠥᠭᠵᠢᠯᠲᠡ ᠶ᠋ᠢ ᠪᠡᠶᠡᠯᠡᠭᠦᠯᠬᠦ ᠳ᠋ᠤ ᠪᠡᠷᠬᠡ ᠭᠡᠳᠡᠭ ᠢ᠋ ᠲᠡᠳᠡ ᠬᠤᠶᠠᠷ ᠮᠡᠳᠡᠵᠤ ᠪᠠᠢᠯ᠎ᠠ᠃ ᠲᠡᠭᠦᠨᠴᠢᠯᠡᠨ ᠨᠠᠷᠢᠨ ᠨᠢᠮᠪᠠᠢ ᠪᠣᠳᠣᠯᠬᠢᠯᠠᠬᠤ ᠪᠠᠷ ᠳᠠᠮᠵᠢᠨ ᠠᠢᠯ ᠡᠴᠡ ᠪᠠᠨ 15 ᠺᠢᠯᠣᠮᠧᠲᠷ ᠬᠤᠯᠠ ᠪᠠᠢᠭ᠎ᠠ ᠭᠡᠰᠡᠷ ᠦ᠋ᠨ ᠵᠣ ᠳ᠋ᠤ ᠨᠡᠭᠦᠨ ᠣᠴᠢᠵᠠᠢ᠃ ᠲᠡᠨᠳᠡ ᠨᠡᠩ ᠥᠷᠭᠡᠨ ᠠᠭᠤᠳᠠᠮ ᠣᠷᠣᠨ ᠵᠠᠢ ᠲᠠᠢ᠂ ᠲᠡᠵᠢᠭᠡᠨ ᠦᠷᠡᠵᠢᠭᠦᠯᠬᠦ ᠦᠢᠯᠡᠰ ᠢ᠋ ᠬᠥᠭᠵᠢᠭᠦᠯᠬᠦ ᠳ᠋ᠤ ᠨᠡᠩ ᠲᠣᠬᠢᠷᠠᠮᠵᠢᠲᠠᠢ ᠪᠠᠢᠪᠠ᠃
ᠬᠡᠰᠡᠷ ᠤ᠋ᠨ ᠵᠤ ᠳ᠋ᠤ ᠲᠡᠳᠡ ᠭᠡᠷ ᠪᠦᠯᠢ ᠶ᠋ᠢᠨ ᠮᠠᠯᠵᠢᠯ ᠤ᠋ᠨ ᠲᠠᠯᠠᠪᠠᠢ ᠳᠠᠩᠰᠠᠯᠠᠭᠤᠯᠤᠨ ᠪᠠᠢᠭᠤᠯᠤᠭᠰᠠᠨ ᠪᠣᠯᠪᠠᠴᠤ ᠪᠡᠯᠡ ᠮᠥᠩᠭᠥ ᠳᠤᠲᠠᠭᠳᠠᠭᠰᠠᠨ ᠠᠩᠬᠠᠨ ᠤ᠋ ᠪᠡᠷᠬᠡ ᠪᠣᠭᠣᠮᠲᠠ ᠳ᠋ᠤ ᠲᠤᠯᠭᠠᠷᠠᠯ᠎ᠠ᠃ ᠦᠢᠯᠡᠰ ᠶ᠋ᠢᠡᠨ ᠡᠬᠢᠯᠡᠭᠦᠯᠬᠦ ᠪᠡᠯᠡ ᠮᠥᠩᠭᠥ ᠴᠤᠭᠯᠠᠭᠤᠯᠬᠤ ᠶ᠋ᠢᠨ ᠲᠥᠯᠥᠭᠡ ᠲᠡᠳᠡ ᠨᠠᠭᠠᠰᠢ ᠴᠠᠭᠠᠰᠢ ᠶᠠᠪᠤᠵᠤ᠂ ᠠᠷᠭ᠎ᠠ ᠪᠦᠬᠦᠨ ᠢ᠋ ᠰᠦᠪᠡᠭᠴᠢᠯᠡᠨ ᠵᠢᠭᠡᠯᠡᠯᠭᠡ ᠵᠢᠭᠡᠯᠡᠵᠦ᠂ ᠡᠴᠦᠰ ᠲᠡᠭᠡᠨ 100 ᠭᠠᠷᠤᠢ ᠲᠦᠮᠡᠨ ᠲᠦᠭᠦᠷᠢᠭ ᠴᠤᠭᠯᠠᠭᠤᠯᠵᠠᠢ᠃
ᠪᠡᠯᠡ ᠮᠥᠩᠭᠥ ᠲᠠᠢ ᠪᠣᠯᠣᠭᠰᠠᠨ ᠤ᠋ ᠳᠠᠷᠠᠭ᠎ᠠ᠂ ᠲᠡᠳᠡ ᠳᠠᠷᠤᠢᠬᠠᠨ ᠮᠠᠯᠵᠢᠯ ᠤ᠋ᠨ ᠲᠠᠯᠠᠪᠠᠢ ᠶ᠋ᠢᠨ ᠪᠦᠲᠦᠭᠡᠨ ᠪᠠᠢᠭᠤᠯᠤᠯᠲᠠ ᠪᠠᠨ ᠡᠬᠢᠯᠡᠭᠦᠯᠪᠡ᠃ ᠴᠠᠬᠢᠯᠭᠠᠨ ᠲᠠᠲᠠᠵᠤ ᠬᠤᠳᠳᠤᠭ ᠥᠷᠥᠮᠳᠡᠵᠤ ᠤᠰᠤ ᠴᠠᠬᠢᠯᠭᠠᠨ ᠤ᠋ ᠠᠰᠠᠭᠤᠳᠠᠯ ᠢ᠋ ᠰᠢᠢᠳᠪᠦᠷᠢᠯᠡᠪᠡ᠃ ᠭᠡᠷ ᠪᠠᠢᠰᠢᠩ ᠪᠠᠷᠢᠵᠤ ᠭᠡᠷ ᠪᠦᠯᠢ ᠪᠠ ᠠᠵᠢᠯᠴᠢᠨ ᠳ᠋ᠠᠭᠠᠨ ᠣᠷᠣᠰᠢᠨ ᠠᠮᠢᠳᠤᠷᠠᠬᠤ ᠣᠷᠣᠨ ᠰᠠᠭᠤᠴᠠ ᠲᠥᠪᠬᠢᠨᠡᠭᠦᠯᠪᠡ᠃ 500 ᠲᠡᠭᠰᠢ ᠳᠥᠷᠪᠡᠯᠵᠢᠨ ᠮᠧᠲᠷ ᠦ᠋ᠨ ᠤᠷᠲᠤᠮᠵᠢ ᠶ᠋ᠢᠨ ᠴᠢᠨᠠᠷ ᠲᠠᠢ ᠫᠧᠩ ᠰᠠᠷᠠᠪᠴᠢ ᠪᠠᠷᠢᠵᠤ ᠮᠠᠯ ᠰᠦᠷᠦᠭ ᠶ᠋ᠢᠡᠨ ᠰᠠᠯᠬᠢ ᠪᠣᠷᠣᠭᠠᠨ ᠢ᠋ ᠬᠠᠯᠬᠠᠯᠠᠵᠤ ᠵᠤᠳ ᠬᠠᠪᠰᠠᠷᠭᠠᠨ ᠢ᠋ ᠠᠮᠤᠷ ᠮᠡᠨᠳᠦ ᠲᠤᠭᠤᠯᠬᠤ ᠬᠠᠰᠢᠶ᠎ᠠ ᠬᠦᠷᠢᠶ᠎ᠡ ᠲᠠᠢ ᠪᠣᠯᠭᠠᠪᠠ᠃ 1200 ᠲᠡᠭᠰᠢ ᠳᠦᠷᠪᠡᠯᠵᠢᠨ ᠮᠧᠲᠷ ᠦ᠋ᠨ ᠲᠡᠵᠢᠭᠡᠯ ᠪᠣᠷᠳᠣᠭᠠᠨ ᠤ᠋ ᠬᠥᠮᠥᠷᠭᠡ ᠪᠠᠢᠭᠤᠯᠵᠤ᠂ ᠲᠡᠵᠢᠭᠡᠯ ᠡᠪᠡᠰᠦ ᠪᠣᠷᠳᠣᠭ᠎ᠠ ᠶ᠋ᠢ ᠭᠦᠢᠴᠡᠳ ᠨᠥᠭᠡᠴᠡᠯᠡᠬᠦ ᠶ᠋ᠢ ᠪᠠᠲᠤᠯᠠᠪᠠ᠃ ᠡᠭᠦᠨ ᠤ᠋ ᠬᠠᠮᠲᠤ ᠪᠠᠰᠠ ᠪᠤᠰᠤᠳ ᠡᠴᠡ ᠤᠷᠲᠤ ᠬᠤᠭᠤᠴᠠᠭ᠎ᠠ ᠪᠠᠷ ᠲᠠᠷᠢᠶᠠᠨ ᠭᠠᠵᠠᠷ ᠳᠦᠷᠢᠶᠡᠰᠦᠯᠡᠨ ᠠᠪᠴᠤ 1000 ᠮᠦ᠍ ᠶ᠋ᠢᠨ ᠰᠦᠯ ᠰᠠᠢᠲᠠᠢ ᠲᠡᠵᠢᠭᠡᠯ ᠡᠪᠡᠰᠦ ᠲᠠᠷᠢᠵᠤ᠂ 500 ᠮᠦ᠍ ᠶ᠋ᠢᠨ ᠪᠣᠷᠳᠣᠭᠠᠨ ᠰᠠᠭᠤᠷᠢᠨ ᠭᠠᠷᠭᠠᠨ᠂ ᠲᠡᠵᠢᠭᠡᠨ ᠦᠷᠡᠵᠢᠭᠦᠯᠬᠦ ᠦᠢᠯᠡᠰ ᠲᠡᠭᠡᠨ ᠪᠠᠲᠤ ᠪᠡᠬᠢ ᠰᠠᠭᠤᠷᠢ ᠲᠠᠯᠪᠢᠭ᠍ᠰᠠᠨ ᠪᠠᠢᠨ᠎ᠠ᠃
ᠲᠡᠳᠡᠨ ᠤ᠋ ᠬᠢ ᠬᠠᠮᠤᠭ ᠠᠩᠬᠠᠨ ᠳ᠋ᠠᠭᠠᠨ 30 ᠭᠠᠷᠤᠢ ᠦᠬᠡᠷ ᠲᠠᠢ ᠪᠠᠢᠭᠰᠠᠨ ᠡᠴᠡ ᠪᠠᠨ 50 ᠭᠠᠷᠤᠢ ᠦᠬᠡᠷ ᠲᠠᠢ ᠪᠤᠯᠵᠤ᠂ ᠳᠠᠬᠢᠭᠠᠳ 100 ᠭᠠᠷᠤᠢ ᠪᠤᠯᠵᠤ᠂ ᠣᠳᠣ᠌ ᠨᠢᠭᠡᠨᠲᠡ 200 ᠭᠠᠷᠤᠢ ᠦᠬᠡᠷ ᠲᠠᠢ ᠪᠣᠯᠵᠤ᠂ ᠵᠢᠯ ᠤ᠋ᠨ 100 ᠭᠠᠷᠤᠢ ᠦᠬᠡᠷ ᠶ᠋ᠢᠡᠨ ᠭᠠᠷᠭᠠᠯᠲᠠ ᠳ᠋ᠤ ᠵᠠᠷᠤᠴᠠᠭᠤᠯᠵᠤ ᠪᠠᠢᠨ᠎ᠠ᠃ ᠡᠭᠦᠨ ᠤ᠋ ᠠᠷᠤ ᠳ᠋ᠤ ᠬᠠᠷᠠᠬᠦᠦ ᠪᠤᠯᠤᠨ ᠤᠷᠭᠤᠮᠠᠯ ᠤ᠋ᠨ ᠤᠢᠭ᠎ᠠ ᠦᠭᠡᠢ ᠬᠦᠴᠦ ᠬᠦᠳᠡᠯᠮᠦᠷᠢ ᠰᠢᠩᠭᠡᠵᠦ ᠪᠠᠢᠬᠤ ᠶᠤᠮ᠃
ᠦᠩᠬᠡᠷᠡᠭᠰᠡᠨ ᠬᠡᠳᠦᠨ ᠵᠢᠯ ᠳ᠋ᠤ ᠦᠬᠡᠷ ᠦ᠋ᠨ ᠵᠠᠬ᠎ᠠ ᠳᠡᠯᠭᠡᠭᠦᠷ ᠦ᠋ᠨ ᠦᠨ᠎ᠡ ᠬᠠᠩᠰᠢ ᠬᠡᠯᠪᠡᠯᠵᠡᠯᠲᠡ ᠶᠡᠬᠡᠳᠠᠢ ᠪᠠᠢᠵᠤ᠂ ᠲᠡᠳᠡᠨ ᠤ᠋ ᠡᠵᠡᠩᠨᠡᠯᠲᠡ ᠳ᠋ᠤ ᠪᠠᠭ᠎ᠠ ᠪᠤᠰᠤ ᠳᠠᠷᠤᠭᠠᠰᠤ ᠤᠴᠠᠷᠠᠭᠤᠯᠤᠭᠰᠠᠨ ᠪᠣᠯᠪᠠᠴᠤ ᠲᠡᠳᠡ ᠬᠤᠶᠠᠷ ᠰᠢᠨᠲᠠᠷᠠᠰᠢ ᠦᠭᠡᠢ ᠬᠠᠳᠠᠨ ᠵᠣᠷᠢᠭ᠋ ᠪᠠ ᠨᠤᠲᠤᠭ ᠤᠰᠤᠨ ᠤ᠋ ᠬᠢ ᠪᠠᠨ ᠬᠠᠯᠠᠭᠤᠨ ᠬᠠᠢᠷ᠎ᠠ ᠪᠠᠨ ᠪᠠᠲᠤ ᠰᠠᠬᠢᠵᠤ ᠶᠡᠷᠦ ᠡᠴᠡ ᠰᠡᠳᠬᠢᠯ ᠴᠦᠬᠦᠵᠦ ᠭᠤᠢᠪᠢᠯᠵᠠᠭᠰᠠᠨ ᠦᠭᠡᠢ᠃ ᠣᠳᠣ᠌ ᠪᠣᠯᠬᠤ ᠳ᠋ᠤ ᠲᠡᠳᠡᠨ ᠤ᠋ ᠦᠢᠯᠡᠰ ᠪᠤᠰᠬᠠᠬᠤ ᠳ᠋ᠤ ᠣᠷᠣᠭᠤᠯᠤᠭᠰᠠᠨ ᠪᠦᠬᠦ ᠪᠡᠯᠡ ᠣᠷᠣᠭᠤᠯᠤᠯᠲᠠ ᠨᠢ ᠨᠢᠭᠡᠨᠲᠡ 500 ᠲᠦᠮᠡᠨ ᠲᠦᠭᠦᠷᠢᠭ ᠢ᠋ ᠲᠠᠪᠠᠪᠠ᠃
ᠲᠡᠳᠡᠨ ᠤ᠋ ᠦᠢᠯᠡ ᠶᠠᠪᠤᠳᠠᠯ ᠨᠢ ᠨᠤᠳᠤᠭ ᠤᠰᠤᠨ ᠳ᠋ᠠᠭᠠᠨ ᠢᠳᠡᠪᠬᠢᠲᠡᠢ ᠳᠠᠢᠴᠢᠯᠠᠬᠤ ᠦᠢᠯᠡᠳᠦᠯ ᠦᠵᠡᠭᠦᠯᠵᠦ ᠂ ᠤᠯᠠᠨ ᠤ᠋ ᠰᠤᠷᠤᠯᠴᠠᠬᠤ ᠳᠠᠭᠤᠷᠢᠶᠠᠯ ᠪᠣᠯᠣᠭᠰᠠᠨ ᠪᠠᠢᠨ᠎ᠠ᠃ ᠪᠠᠯᠴᠢᠷᠤᠳ ᠰᠤᠮᠤ ᠵᠢᠨ ᠨᠠᠮ ᠤ᠋ᠨ ᠬᠣᠷᠢᠶ᠎ᠠ ᠵᠠᠰᠠᠭ ᠤ᠋ᠨ ᠣᠷᠳᠣᠨ ᠴᠤ᠌ ᠲᠡᠳᠡᠨ ᠤ᠋ ᠦᠢᠯᠡᠰ ᠪᠤᠰᠬᠠᠬᠤ ᠲᠦᠷᠦᠯ ᠵᠦᠢᠯ ᠳ᠋ᠤ ᠬᠦᠴᠦᠲᠡᠢ ᠳᠡᠮᠵᠢᠯᠭᠡ ᠦᠵᠡᠭᠦᠯᠤᠨ᠂ ᠢᠳᠡᠪᠬᠢᠲᠡᠢ ᠪᠡᠷ ᠪᠠᠩᠬᠢ ᠶ᠋ᠢᠨ ᠵᠢᠭᠡᠯᠡᠯᠭᠡ ᠪᠠ ᠬᠠᠮᠢᠶ᠎ᠠ ᠪᠦᠬᠦᠢ ᠲᠥᠷᠥᠯ ᠵᠦᠢᠯ ᠦ᠋ᠨ ᠪᠡᠯᠡ ᠮᠥᠩᠭᠥ ᠶ᠋ᠢ ᠨᠠᠢᠳᠠᠪᠤᠷᠢᠵᠢᠭᠤᠯᠤᠨ ᠦᠭᠴᠤ᠂ ᠲᠡᠳᠡᠨ ᠤ᠋ ᠠᠵᠢᠯ ᠦᠢᠯᠡᠰ ᠦ᠋ᠨ ᠬᠥᠭᠵᠢᠯᠲᠡ ᠳ᠋ᠤ ᠪᠠᠲᠤ ᠲᠦᠰᠢᠭ ᠪᠤᠯᠪᠠ᠃
ᠣᠳᠣ᠌ ᠥᠶ᠎ᠡ ᠶ᠋ᠢᠨ ᠲᠡᠵᠢᠭᠡᠨ ᠦᠷᠡᠵᠢᠭᠦᠯᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠦ᠋ᠨ ᠲᠤᠯᠭᠠᠭᠤᠷᠢᠯᠠᠯ ᠡᠴᠡ ᠰᠠᠯᠵᠤ ᠴᠢᠳᠠᠬᠤ ᠦᠭᠡᠢ ᠶᠤᠮ᠃ ᠦᠬᠡᠷ ᠲᠡᠵᠢᠭᠡᠵᠦ ᠲᠠᠷᠭᠤᠯᠠᠭᠤᠯᠬᠤ ᠳ᠋ᠤ ᠡᠷᠬᠡᠪᠰᠢ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ᠋ ᠮᠡᠳᠡᠯᠭᠡ ᠶ᠋ᠢ ᠡᠵᠡᠮᠰᠢᠬᠦ ᠬᠡᠷᠡᠭᠲᠡᠢ ᠭᠡᠳᠡᠭ ᠢ᠋ ᠬᠠᠷᠠᠬᠦᠦ ᠪᠤᠯᠤᠨ ᠤᠷᠭᠤᠮᠠᠯ ᠭᠦᠨ ᠤᠢᠯᠠᠭᠠᠨᠠ᠃ ᠡᠭᠦᠨ ᠳ᠋ᠤ ᠬᠠᠷᠠᠬᠦᠦ ᠦᠬᠡᠷ ᠲᠡᠵᠢᠭᠡᠵᠦ ᠲᠠᠷᠭᠤᠯᠠᠭᠤᠯᠬᠤ᠂ ᠬᠡᠮ ᠬᠢᠵᠢᠭ ᠢ᠋ ᠰᠡᠷᠭᠡᠢᠯᠡᠬᠦ ᠂ ᠮᠠᠯ ᠡᠮᠨᠡᠯᠭᠡ᠂ ᠬᠡᠭᠡᠯᠳᠦᠭᠦᠯᠭᠡ᠂ ᠲᠤᠰᠬᠠᠢ ᠮᠡᠷᠭᠡᠵᠢᠯ ᠦ᠋ᠨ ᠮᠡᠳᠡᠯᠭᠡ ᠵᠢᠴᠢ ᠡᠪᠡᠰᠦ ᠪᠣᠷᠳᠣᠭ᠎ᠠ ᠪᠣᠯᠪᠠᠰᠤᠷᠠᠭᠤᠯᠬᠤ ᠮᠡᠷᠭᠡᠵᠢᠯ ᠢ᠋ ᠰᠢᠰᠲᠧᠮ ᠲᠠᠢ ᠰᠤᠷᠤᠯᠴᠠᠨ ᠪᠦᠬᠦ ᠲᠠᠯ᠎ᠠ ᠪᠠᠷ ᠡᠵᠡᠮᠰᠢᠵᠡᠢ᠃ ᠲᠡᠷᠡ ᠡᠳᠦᠷ ᠲᠡᠭᠡᠨ ᠮᠠᠯᠵᠢᠯ ᠤ᠋ᠨ ᠲᠠᠯᠠᠪᠠᠢ ᠳ᠋ᠠᠭᠠᠨ ᠶᠠᠭᠠᠷᠠᠯᠲᠠᠢ ᠠᠵᠢᠯᠯᠠᠵᠤ᠂ ᠣᠷᠣᠢ ᠳ᠋ᠠᠭᠠᠨ ᠳ᠋ᠧᠩ ᠤ᠋ᠨ ᠳᠣᠣᠷ᠎ᠠ ᠰᠥᠨᠢ ᠳᠤᠮᠳᠠ ᠪᠣᠯᠲᠠᠯ᠎ᠠ ᠨᠣᠮ ᠪᠢᠴᠢᠭ ᠤᠩᠰᠢᠵᠤ᠂ ᠣᠨᠣᠯ ᠤ᠋ᠨ ᠮᠡᠳᠡᠯᠭᠡ ᠪᠣᠯᠣᠨ ᠦᠢᠯᠡᠳᠦᠯᠭᠡ ᠶ᠋ᠢᠨ ᠠᠵᠢᠯᠯᠠᠭ᠎ᠠ ᠶ᠋ᠢ ᠨᠢᠭ᠍ᠲᠠ ᠤᠶᠠᠯᠳᠤᠭᠤᠯᠤᠨ ᠮᠠᠯᠵᠢᠯᠭ᠎ᠠ ᠵᠢᠨ ᠲᠦᠪᠰᠢᠨ ᠶ᠋ᠢᠡᠨ ᠲᠠᠰᠤᠷᠠᠯᠲᠠ ᠦᠭᠡᠢ ᠳᠡᠭᠡᠭᠰᠢᠯᠡᠭᠦᠯᠵᠡᠢ᠃
ᠤᠷᠭᠤᠮᠠᠯ ᠪᠠᠰᠠ ᠲᠡᠵᠢᠭᠡᠯ ᠪᠣᠷᠳᠣᠭ᠎ᠠ ᠶ᠋ᠢᠨ ᠨᠠᠢᠷᠠᠯᠭ᠎ᠠ᠂ ᠡᠪᠡᠰᠦ ᠪᠣᠷᠳᠣᠭ᠎ᠠ ᠪᠣᠯᠪᠠᠰᠤᠷᠠᠭᠤᠯᠬᠤ ᠵᠡᠷᠭᠡ ᠭᠣᠣᠯᠯᠠᠬᠤ ᠮᠡᠷᠭᠡᠵᠢᠯ ᠢ᠋ ᠰᠤᠷᠤᠯᠴᠠᠵᠤ ᠰᠤᠳᠤᠯᠵᠠᠢ᠃ ᠰᠦᠯ ᠰᠠᠢᠲᠠᠢ ᠪᠣᠷᠳᠣᠭ᠎ᠠ ᠪᠣᠯ ᠦᠬᠡᠷ ᠦ᠋ᠨ ᠰᠦᠷᠦᠭ ᠦ᠋ᠨ ᠡᠷᠡᠭᠦᠯ ᠶ᠋ᠢᠡᠷ ᠦᠰᠦᠨ ᠪᠣᠢᠵᠢᠬᠤ ᠶ᠋ᠢ ᠪᠠᠲᠤᠯᠠᠬᠤ ᠵᠠᠩᠭᠢᠯᠠᠭ᠎ᠠ ᠭᠡᠳᠡᠭ ᠢ᠋ ᠲᠡᠷᠡ ᠰᠠᠢᠨ ᠮᠡᠳᠡᠵᠦ ᠪᠠᠢᠯ᠎ᠠ᠃ ᠲᠡᠷᠡ ᠪᠡᠷ ᠲᠡᠵᠢᠭᠡᠯ ᠪᠣᠷᠳᠣᠭ᠎ᠠ ᠶ᠋ᠢ ᠨᠠᠷᠢᠨ ᠨᠢᠮᠪᠠᠢ ᠨᠠᠢᠷᠠᠭᠤᠯᠵᠤ᠂ ᠦᠬᠡᠷ ᠤ᠋ᠨ ᠵᠢᠡᠨ ᠰᠢᠮ᠎ᠡ ᠲᠡᠵᠢᠭᠡᠯ ᠦ᠋ᠨ ᠲᠡᠩᠴᠡᠭᠦᠷᠢ ᠶ᠋ᠢ ᠪᠠᠲᠤᠯᠠᠨ ᠦᠨᠢᠷ ᠦᠰᠤᠯᠳᠡ ᠵᠢ ᠪᠠᠳᠤᠯᠠᠭᠰᠠᠭᠠᠷ ᠢᠷᠡᠵᠠᠢ᠃ ᠡᠢᠨ ᠬᠦ᠌ ᠲᠡᠳᠡ ᠬᠤᠶᠠᠭᠤᠯᠠ ᠬᠠᠷᠢᠯᠴᠠᠨ ᠳᠡᠮᠵᠢᠵᠦ ᠵᠡᠷᠭᠡ ᠪᠡᠷ ᠰᠤᠷᠤᠯᠴᠠᠨ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠵᠠᠮ ᠶ᠋ᠢᠡᠷ ᠲᠡᠮᠡᠤᠯᠤᠨᠠ᠃
ᠠᠮᠢᠳᠤᠷᠠᠯ ᠨᠢ ᠴᠢᠨᠡᠭᠡᠯᠢᠭᠵᠢᠭᠰᠡᠨ ᠬᠠᠷᠠᠬᠦᠦ ᠤᠷᠭᠤᠮᠠᠯ ᠬᠣᠶᠠᠷ ᠨᠤᠲᠤᠭ ᠤᠰᠤᠨ ᠤ᠋ ᠪᠠᠨ ᠠᠬ᠎ᠠ ᠳᠡᠭᠦᠦ ᠨᠠᠷ ᠶ᠋ᠢᠡᠨ ᠶᠡᠷᠦ ᠮᠠᠷᠲᠠᠭ᠎ᠠ ᠦᠭᠡᠢ᠃ ᠲᠡᠳᠡ ᠨᠡᠢᠭᠡᠮ ᠦ᠋ᠨ ᠠᠰᠠᠷᠠᠮᠵᠢ ᠶ᠋ᠢᠨ ᠦᠢᠯᠡᠰ ᠲᠤ᠌ ᠢᠳᠡᠪᠬᠢᠲᠡᠢ ᠣᠷᠣᠯᠴᠠᠵᠤ᠂ ᠣᠢᠷ᠎ᠠ ᠶ᠋ᠢᠨ ᠬᠡᠳᠦᠨ ᠵᠢᠯ ᠳ᠋ᠤ ᠰᠤᠮᠤ ᠶ᠋ᠢᠨ ᠵᠢᠡᠨ ᠪᠠᠭ᠎ᠠ ᠰᠤᠷᠭᠠᠭᠤᠯᠢ᠂ ᠬᠤᠰᠢᠭᠤᠨ ᠤ᠋ ᠪᠠᠨ ᠣᠨᠴᠠᠭᠠᠢ ᠰᠤᠷᠭᠠᠨ ᠬᠦᠮᠦᠵᠢᠯ ᠤ᠋ᠨ ᠰᠤᠷᠭᠠᠭᠤᠯᠢ ᠵᠢᠴᠢ ᠭᠠᠴᠠᠭᠠᠨ ᠤ᠋ ᠪᠠᠨ ᠡᠯ᠎ᠡ ᠵᠦᠢᠯ ᠦ᠋ᠨ ᠠᠵᠢᠯᠯᠠᠭ᠎ᠠ ᠳ᠋ᠤ ᠨᠡᠢᠲᠡ 3 ᠲᠦᠮᠡ ᠭᠠᠷᠤᠢ ᠲᠦᠭᠦᠷᠢᠭ ᠤ᠋ᠨ ᠵᠣᠭᠣᠰ ᠮᠥᠩᠭᠥ ᠪᠠ ᠡᠳ᠋ ᠪᠣᠳᠠᠰ ᠬᠠᠨᠳᠢᠪᠯᠠᠵᠤ᠂ ᠪᠣᠳᠠᠲᠤ ᠠᠵᠢᠯᠯᠠᠭ᠎ᠠ ᠪᠡᠷ ᠶ᠋ᠢᠡᠨ ᠨᠤᠲᠤᠭ ᠤᠰᠤᠨ ᠤ᠋ ᠪᠠᠨ ᠰᠤᠷᠭᠠᠨ ᠬᠥᠮᠥᠵᠢᠯ ᠦ᠋ᠨ ᠦᠢᠯᠡᠰ ᠪᠠ ᠰᠣᠶᠣᠯ ᠤ᠋ᠨ ᠠᠮᠢᠳᠤᠷᠠᠯ ᠢ᠋ ᠬᠠᠯᠠᠮᠵᠢᠯᠠᠨ ᠳᠡᠳᠬᠦᠪᠡ ᠃ ᠡᠭᠦᠨ ᠤ᠋ ᠬᠠᠮᠲᠤ᠂ ᠭᠡᠷ ᠪᠦᠯᠢ ᠶ᠋ᠢᠨ ᠮᠠᠯᠵᠢᠯ ᠤ᠋ᠨ ᠲᠠᠯᠠᠪᠠᠢ ᠳ᠋ᠠᠭᠠᠨ ᠪᠠᠰᠠ 4 ᠬᠦᠮᠦᠨ ᠳ᠋ᠤ ᠠᠵᠢᠯ ᠤᠯᠭᠤᠯᠵᠤ᠂ ᠲᠡᠳᠡᠨ ᠤ᠋ ᠭᠡᠷ ᠤ᠋ᠨ ᠶ᠋ᠢᠡᠨ ᠬᠠᠪᠢ ᠳ᠋ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠵᠢ ᠪᠠᠳᠤᠯᠠᠭᠰᠠᠨ ᠪᠠᠢᠨ᠎ᠠ᠃
ᠤᠷᠭᠤᠮᠠᠯ ᠶᠡᠷᠤ ᠨᠢ ᠨᠡᠢᠭᠡᠮ ᠦ᠋ᠨ ᠠᠵᠢᠯᠯᠠᠭ᠎ᠠ ᠳ᠋ᠤ ᠢᠳᠡᠪᠬᠢᠲᠡᠢ ᠣᠷᠣᠯᠴᠠᠵᠤ᠂ 2018 ᠣᠨ ᠳ᠋ᠤ ᠪᠠᠯᠴᠢᠷᠤᠳ ᠰᠤᠮᠤ ᠪᠣᠯᠣᠨ ᠠᠷᠤ ᠬᠣᠷᠴᠢᠨ ᠬᠣᠰᠢᠭᠤᠨ ᠤ᠋ ᠠᠷᠠᠳ ᠤ᠋ᠨ ᠲᠥᠯᠥᠭᠡᠯᠡᠭᠴᠢ ᠪᠡᠷ ᠰᠣᠩᠭᠤᠭᠳᠠᠪᠠ᠃ ᠲᠡᠷᠡ ᠲᠥᠯᠥᠭᠡᠯᠡᠭᠴᠢ ᠶ᠋ᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠂ ᠦᠨᠳᠦᠰᠦᠨ ᠱᠠᠲᠣᠨ ᠤ᠋ ᠣᠯᠠᠨ ᠲᠦᠮᠡᠨ ᠤ᠋ ᠲᠥᠯᠥᠭᠡ ᠦᠭᠡ ᠬᠡᠯᠡᠵᠦ᠂ ᠨᠤᠲᠤᠭ ᠤᠰᠤᠨ ᠤ᠋ ᠪᠡᠨ ᠬᠥᠭᠵᠢᠯᠲᠡ ᠳ᠋ᠤ ᠠᠷᠭ᠎ᠠ ᠤᠬᠠᠭᠠᠨ ᠭᠠᠷᠭᠠᠵᠤ ᠥᠭᠴᠡᠢ᠃ ᠡᠭᠦᠨ ᠡᠴᠡ ᠭᠠᠳᠠᠨ᠎ᠠ ᠪᠠᠰᠠ ᠭᠠᠴᠠᠭᠠᠨ ᠤ᠋ ᠡᠮᠡᠭᠲᠡᠢᠴᠦᠳ ᠦ᠋ᠨ ᠬᠣᠯᠪᠣᠭᠠᠲᠤ ᠬᠤᠷᠠᠯ ᠤ᠋ᠨ ᠭᠡᠰᠢᠭᠦᠨ ᠤ᠋ ᠲᠤᠰᠢᠶᠠᠯ ᠢ᠋ ᠡᠭᠦᠷᠭᠡᠯᠡᠵᠦ᠂ ᠡᠮᠡᠭᠳᠠᠢᠴᠤᠳ ᠤ᠋ᠨ ᠠᠵᠢᠯᠯᠠᠭ᠎ᠠ ᠶ᠋ᠢ ᠢᠳᠡᠪᠬᠢᠳᠠᠢ ᠵᠣᠬᠢᠶᠠᠨ ᠪᠠᠢᠭᠤᠯᠤᠨ ᠣᠷᠣᠯᠴᠠᠳᠠᠭ ᠃ 2025 ᠤᠨ ᠪᠠ 2026 ᠣᠨ ᠤ᠋ 3 ᠰᠠᠷ᠎ᠠ ᠶ᠋ᠢᠨ 8 ᠡᠳᠦᠷ᠂ ᠲᠡᠷᠡ ᠪᠡᠷ ᠬᠣᠶᠠᠷ ᠵᠢᠯ ᠳᠠᠷᠠᠭᠠᠯᠠᠨ ᠪᠦᠬᠦ ᠭᠠᠴᠠᠭ᠎ᠠ ᠶ᠋ᠢᠨ ᠡᠮᠡᠭᠲᠡᠢᠴᠦᠳ ᠢ᠋ ᠵᠤᠬᠢᠶᠠᠨ ᠪᠠᠢᠭᠤᠯᠵᠤ᠂ ᠮᠡᠳᠡᠯᠭᠡ ᠶ᠋ᠢᠨ ᠠᠰᠠᠭᠤᠯᠲᠠ ᠬᠠᠷᠢᠭᠤᠯᠲᠠ᠂ ᠣᠨᠢᠰᠤᠭ᠎ᠠ ᠲᠠᠭᠠᠬᠤ᠂ ᠳᠡᠭᠡᠰᠦ ᠲᠠᠲᠠᠬᠤ ᠂ ᠱᠠᠭ᠎ᠠ ᠨᠠᠭᠠᠳᠬᠤ ᠵᠡᠷᠭᠡ ᠲᠥᠷᠥᠯ ᠵᠦᠢᠯ ᠢ᠋ ᠪᠠᠭᠲᠠᠭᠠᠭᠰᠠᠨ ᠪᠠᠶᠠᠯᠢᠭ᠋ ᠠᠭᠤᠯᠭ᠎ᠠ ᠲᠠᠢ ᠠᠵᠢᠯᠯᠠᠭ᠎ᠠ ᠥᠷᠨᠢᠭᠦᠯᠦᠭᠰᠡᠨ ᠪᠦᠬᠡᠳ ᠡᠳᠡᠭᠡᠷ ᠠᠵᠢᠯᠯᠠᠭ᠎ᠠ ᠳ᠋ᠤ ᠲᠦᠮᠡ ᠭᠠᠷᠤᠢ ᠲᠦᠭᠦᠷᠢᠭ ᠵᠠᠷᠤᠴᠠᠭᠤᠯᠵᠤ᠂ ᠤᠯᠠᠨ ᠲᠦᠮᠡᠨ ᠢ᠋ ᠱᠠᠩᠨᠠᠨ ᠵᠤᠷᠢᠭᠵᠢᠭᠤᠯᠵᠤ ᠪᠠᠶᠠᠰᠬᠠᠪᠠ᠃ ᠡᠳᠡᠭᠡᠷ ᠠᠵᠢᠯᠯᠠᠭ᠎ᠠ ᠨᠢ ᠲᠤᠬᠠᠢ ᠶ᠋ᠢᠨ ᠭᠠᠵᠠᠷ ᠦ᠋ᠨ ᠡᠮᠡᠭᠲᠡᠢᠴᠦᠳ ᠦ᠋ᠨ ᠣᠶᠣᠨ ᠰᠠᠨᠠᠭ᠎ᠠ ᠰᠣᠶᠣᠯ ᠤ᠋ᠨ ᠠᠮᠢᠳᠤᠷᠠᠯ ᠢ᠋ ᠪᠠᠶᠠᠯᠢᠭ᠍ᠵᠢᠭᠤᠯᠤᠭᠰᠠᠨ ᠶ᠋ᠢᠡᠷ ᠪᠠᠷᠠᠬᠤ ᠦᠭᠡᠢ ᠭᠠᠴᠠᠭ᠎ᠠ ᠶ᠋ᠢᠨ ᠡᠮᠡᠭᠲᠡᠢᠴᠦᠳ ᠦ᠋ᠨ ᠨᠢᠭ᠍ᠲᠠᠷᠠᠯ ᠪᠦᠯᠬᠦᠮᠳᠡᠯ ᠢ᠋ ᠴᠤ᠌ ᠴᠢᠩᠭᠠᠷᠠᠭᠤᠯᠤᠭᠰᠠᠨ ᠪᠠᠢᠨ᠎ᠠ᠃
ᠬᠠᠷᠠᠭᠦᠦ ᠪᠤᠯᠤᠨ ᠤᠷᠭᠤᠮᠠᠯ ᠤ᠋ᠨ ᠰᠢᠷᠭᠠᠭᠤ ᠴᠢᠷᠮᠠᠢᠯᠭ᠎ᠠ ᠪᠠ ᠲᠣᠪᠣᠢᠮ᠎ᠠ ᠬᠤᠪᠢ ᠨᠡᠮᠡᠷᠢ ᠨᠢ ᠨᠡᠢᠭᠡᠮ ᠨᠡᠢᠳᠡ ᠶ᠋ᠢᠨ ᠦᠨᠳᠦᠷ ᠦᠨᠡᠯᠡᠯᠳᠡ ᠶ᠋ᠢ ᠤᠯᠵᠠᠢ᠃ 2015 ᠣᠨ ᠤ᠋ 8 ᠰᠠᠷ᠎ᠠ ᠳ᠋ᠤ ᠪᠠᠯᠴᠢᠷᠤᠳ ᠰᠤᠮᠤ ᠶ᠋ᠢᠨ ᠵᠠᠰᠠᠭ ᠤ᠋ᠨ ᠣᠷᠳᠣᠨ ᠡᠴᠡ ᠬᠠᠷᠠᠬᠦᠦ ᠶ᠋ᠢ 《ᠪᠠᠶᠠᠵᠢᠯ ᠤ᠋ᠨ ᠳᠠᠭᠠᠭᠤᠯᠤᠭ᠍ᠴᠢ》 ᠪᠡᠷ ᠴᠤᠯᠠᠯᠠᠵᠤ᠂ 2022 ᠣᠨ ᠤ᠋ 7 ᠰᠠᠷ᠎ᠠ ᠳ᠋ᠤ ᠪᠠᠯᠴᠢᠷᠤᠳ ᠰᠤᠮᠤ ᠶ᠋ᠢᠨ ᠨᠠᠮ ᠤ᠋ᠨ ᠬᠣᠷᠢᠶ᠎ᠠ ᠡᠴᠡ ᠤᠷᠭᠤᠮᠠᠯ ᠢ᠋ ᠴᠤ᠌《ᠪᠠᠶᠠᠵᠢᠯ ᠤ᠋ᠨ ᠳᠠᠭᠠᠭᠤᠯᠤᠭ᠍ᠴᠢ》 ᠪᠡᠷ ᠴᠤᠯᠠᠯᠠᠪᠠ᠃ 2023 ᠣᠨ ᠤ᠋ 9 ᠰᠠᠷ᠎ᠠ ᠳ᠋ᠤ᠂ ᠲᠡᠳᠡᠨ ᠤ᠋ ᠭᠡᠷ ᠪᠦᠯᠢ ᠶ᠋ᠢᠨ ᠮᠠᠯᠵᠢᠯ ᠤ᠋ᠨ ᠲᠠᠯᠠᠪᠠᠢ ᠨᠢ ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ ᠤ᠋ᠨ 《ᠬᠠᠮᠤᠭ ᠤ᠋ᠨ ᠰᠢᠯᠢᠳᠡᠭ ᠵᠢᠱ᠌ᠢᠶ᠎ᠡ ᠦᠵᠡᠭᠦᠯᠬᠦ ᠡᠷᠦᠬᠡ》 ᠪᠡᠷ ᠦᠨᠡᠯᠡᠭᠳᠡᠵᠠᠢ ᠃ 2025 ᠣᠨ ᠤ᠋ 7 ᠰᠠᠷ᠎ᠠ ᠳ᠋ᠤ᠂ ᠲᠦᠩᠰᠢ ᠭᠠᠴᠠᠭ᠎ᠠ ᠶ᠋ᠢᠨ ᠳᠥᠷᠪᠡᠳᠦᠭᠡᠷ ᠤᠳᠠᠭ᠎ᠠ ᠶ᠋ᠢᠨ ᠮᠠᠯᠴᠢᠳ ᠤ᠋ᠨ ᠨᠠᠭᠠᠳᠤᠮ ᠳᠡᠭᠡᠷ᠎ᠡ ᠲᠡᠳᠡ ᠪᠠᠰᠠ 《ᠮᠠᠯ ᠤ᠋ᠨ ᠡᠭᠦᠯᠳᠡᠷ ᠰᠠᠢᠵᠢᠷᠠᠭᠤᠯᠤᠭᠰᠠᠨ ᠵᠢᠱ᠌ᠢᠶᠡᠴᠢ》 ᠪᠣᠯᠣᠨ 《ᠬᠤᠪᠢ ᠶ᠋ᠢᠨ ᠠᠵᠤ ᠠᠬᠤᠢᠯᠠᠯᠲᠠᠨ》 ᠭᠡᠬᠦ ᠬᠣᠶᠠᠷ ᠵᠦᠢᠯ ᠦ᠋ᠨ ᠣᠨᠴᠠᠭᠠᠢ ᠢᠷᠠᠭᠤ ᠠᠯᠳᠠᠷ ᠢ᠋ ᠬᠦᠷᠲᠡᠪᠡ ᠁
ᠡᠩᠬᠡᠷ ᠢ᠋ ᠨᠢ ᠮᠢᠯᠢᠶᠠᠭᠰᠠᠨ ᠡᠳᠡᠭᠡᠷ ᠣᠯᠠᠨ ᠢᠷᠠᠭᠤ ᠠᠯᠳᠠᠷ ᠨᠢ ᠲᠡᠳᠡᠨ ᠤ᠋ ᠣᠯᠠᠨ ᠵᠢᠯ ᠦ᠋ᠨ ᠲᠤᠷᠰᠢ ᠴᠥᠬᠥᠷᠡᠰᠢ ᠦᠭᠡᠢ ᠲᠡᠮᠡᠴᠡᠭᠰᠡᠨ ᠤ᠋ ᠬᠠᠮᠤᠭ ᠤ᠋ᠨ ᠰᠠᠢᠨ ᠬᠥᠬᠢᠭᠦᠯᠦᠯ ᠰᠠᠢᠰᠢᠶᠠᠯ ᠪᠣᠯᠬᠤ ᠪᠥᠭᠡᠳ ᠲᠡᠳᠡᠨ ᠤ᠋ ᠨᠤᠲᠤᠭ ᠤᠰᠤᠨ ᠳ᠋ᠠᠭᠠᠨ ᠦᠢᠯᠡᠰ ᠪᠦᠲᠦᠭᠡᠬᠦ ᠵᠠᠮ ᠶ᠋ᠢᠡᠷ ᠡᠷᠡᠮᠡᠬᠡᠢᠯᠡᠨ ᠤᠷᠤᠭᠰᠢᠯᠠᠬᠤ ᠶ᠋ᠢ ᠵᠣᠷᠢᠭ᠍ᠵᠢᠭᠤᠯᠵᠤ ᠪᠠᠢᠬᠤ ᠶᠤᠮ᠃ ᠬᠠᠷᠠᠬᠦᠦ ᠪᠣᠯᠣᠨ ᠤᠷᠭᠤᠮᠠᠯ ᠣᠶᠣᠨ ᠤᠬᠠᠭᠠᠨ ᠪᠤᠯᠤᠨ ᠬᠦᠴᠦ ᠬᠦᠳᠡᠯᠮᠦᠷᠢ ᠪᠡᠷ ᠶ᠋ᠢᠠᠨ ᠰᠢᠨ᠎ᠠ ᠴᠠᠭ ᠦᠶ᠎ᠡ ᠵᠢᠨ ᠵᠠᠯᠠᠭᠤᠴᠤᠳ ᠤ᠋ᠨ ᠴᠤᠭ ᠵᠢᠪᠬᠤᠭ᠎ᠠ ᠶ᠋ᠢ ᠢᠯᠡᠷᠡᠭᠦᠯᠵᠤ᠂ ᠲᠠᠯ᠎ᠠ ᠨᠤᠳᠤᠭ ᠤ᠋ᠨ ᠵᠠᠯᠠᠭᠤ ᠮᠠᠯᠴᠢᠳ ᠤ᠋ᠨ ᠦᠢᠯᠡᠰ ᠤ᠋ᠨ ᠵᠠᠮ ᠢ᠋ ᠦᠷᠭᠦᠯᠵᠢᠯᠡᠨ ᠪᠢᠴᠢᠭᠯᠡᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃