ᠲᠡᠷᠢᠭᠦᠨ ᠨᠢᠭᠤᠷ>ᠰᠢᠨ᠎ᠡ ᠬᠦᠳᠡᠭᠡ>ᠬᠥᠳᠡᠭᠡ ᠨᠣᠳᠣᠭ

2026-11-10 10:40:44

ᠵᠣᠬᠢᠶᠠᠭ᠍ᠴᠢ᠄ ᠬᠠᠢ ᠵᠢᠶᠦ᠋ᠨ ᠣᠩᠱᠢᠭ᠍ᠰᠠᠨ ᠣᠳᠠᠭ᠎ᠠ᠄ 3

11 ᠰᠠᠷ᠎ᠠ ᠵᠢᠨ 7 ᠤ᠋ ᠡᠳᠤᠷ ᠰᠤᠷᠪᠤᠯᠵᠢᠯᠠᠭᠴᠢ ᠶᠤᠸᠠᠨ ᠵᠢᠩ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭᠯᠡᠯ ᠡᠴᠡ ᠤᠢᠯᠡᠭᠠᠭᠰᠠᠨ ᠵᠢᠡᠷ᠂ ᠲᠤᠰ ᠪᠦᠯᠦᠭᠯᠡᠯ ᠤ᠋ᠨ ᠨᠢᠭᠡ ᠴᠣᠭᠴᠠᠵᠢᠭᠰᠠᠨ 800 ᠸᠤᠯᠲ᠎ᠤᠨ ᠥᠨᠳᠥᠷ ᠬᠦᠴᠦᠳᠡᠯᠲᠦ᠍ ᠲᠣᠭᠲᠠᠮᠠᠯ ᠭᠥᠶᠥᠳᠡᠯᠳᠦ ᠴᠠᠬᠢᠯᠭᠠᠨ ᠬᠠᠩᠭᠠᠬᠤ ᠰᠢᠰᠲ᠋ᠧᠮ᠎ᠶᠤᠸᠠᠨ ᠵᠢᠩ ᠪᠦᠯᠦᠭᠯᠡᠯ᠎ᠤᠨ ᠤᠯᠠᠭᠠᠨᠴᠠᠪ᠎ᠤᠨ ᠰᠢᠩ ᠾᠧ ᠳ᠋ᠡᠬᠢ ᠰᠠᠭᠤᠷᠢᠨ᠎ᠳᠤ ᠠᠰᠢᠭᠯᠠᠯᠳᠠ ᠳ᠋ᠤ ᠤᠷᠤᠵᠠᠢ᠃ᠲᠤᠮᠤ ᠬᠡᠯᠪᠡᠷᠢ ᠵᠢᠨ AI ᠳ᠋ᠠᠶ᠋ᠢᠲ᠋ᠠ᠎ᠶᠢᠨ ᠲᠥᠪ᠎ᠲᠦ᠍ ᠬᠤᠳᠠᠯᠳᠤᠭᠠᠴᠢᠯᠠᠭᠰᠠᠨ ᠠᠵᠢᠯᠯᠠᠭᠠᠨ᠎ᠳᠤ ᠣᠷᠣᠭᠤᠯᠤᠭᠰᠠᠨ  ᠲᠡᠯᠡᠬᠡᠢ ᠲᠡᠭᠡᠷᠡᠬᠢ ᠠᠡᠭᠬᠠᠳᠠᠭᠴᠢ  800 ᠸᠤᠯᠲ᠎ᠤᠨ ᠥᠨᠳᠥᠷ ᠬᠦᠴᠦᠳᠡᠯᠲᠦ᠍ ᠲᠣᠭᠲᠠᠮᠠᠯ ᠭᠥᠶᠥᠳᠡᠯᠳᠦ ᠴᠠᠬᠢᠯᠭᠠᠨ ᠬᠠᠩᠭᠠᠬᠤ ᠨᠢᠭᠡ ᠴᠣᠭᠴᠠᠵᠢᠭᠰᠠᠨ ᠰᠢᠰᠲ᠋ᠧᠮ ᠪᠤᠯᠬᠤ ᠲᠤᠰ ᠰᠢᠰᠲᠸᠮ  ᠨᠢ ᠶᠤᠸᠠᠨ ᠵᠢᠩ ᠲᠢᠶᠠᠨ ᠱᠤ᠌ ᠡᠵᠡᠮᠰᠢᠭᠦᠷ᠂ ᠬᠠᠲᠠᠭᠤ ᠲᠦᠯᠦᠪᠳᠦ ᠬᠦᠴᠦᠳᠡᠯ ᠥᠭᠡᠷᠡᠴᠢᠯᠡᠭᠴᠢ︵SST︶᠂ ᠲᠣᠭᠲᠠᠮᠠᠯ ᠭᠥᠶᠥᠳᠡᠯᠳᠦ ᠡᠨᠧᠷᠭᠢ ᠬᠠᠳᠠᠭᠠᠯᠠᠬᠤ︵BESS︶ᠵᠢᠴᠢ DC / DC ᠵᠢᠡᠷ ᠪᠦᠷᠢᠯᠳᠦᠵᠦ᠍᠂ AI ᠳ᠋ᠠᠶ᠋ᠢᠲ᠋ᠠ᠎ᠶᠢᠨ ᠲᠥᠪ᠎ᠦᠨ ᠴᠠᠬᠢᠯᠭᠠᠨ ᠬᠠᠩᠭᠠᠵᠤ ᠲᠤᠬᠢᠷᠠᠭᠤᠯᠬᠤ ᠰᠢᠨ᠎ᠡ ᠵᠠᠭᠪᠤᠷ᠎ᠢ ᠡᠭᠦᠳᠴᠡᠶ᠃

ᠶᠤᠸᠠᠨ ᠵᠢᠡᠭ ᠪᠦᠯᠦᠭᠯᠡᠯ᠎ᠤᠨ ᠤᠯᠠᠭᠠᠨᠴᠠᠪ ᠎ᠤᠨ ᠰᠢᠩ ᠾᠧ ᠳ᠋ᠡᠬᠢ ᠰᠠᠭᠤᠷᠢᠨ ᠡᠨᠡ ᠵᠢᠯ᠎ᠦᠨ 8 ᠰᠠᠷ᠎ᠠ᠎ᠳᠤ ᠠᠰᠢᠭᠯᠠᠯᠲᠠ᠎ᠳᠤ ᠣᠷᠣᠵᠤ᠂ ᠲᠥᠯᠥᠪᠵᠢᠭᠦᠯᠭᠡ᠎ᠶᠢᠨ ᠪᠠᠭᠲᠠᠭᠠᠮᠵᠢ᠎ᠨᠢ 3GW ᠪᠠᠢᠵᠤ᠂ ᠪᠦᠲᠦᠬᠡᠨ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠵᠠᠭᠤᠨ ᠲᠦᠮᠡᠨ ᠺᠠᠷᠲ᠎ᠢ ᠬᠠᠮᠲᠤ ᠳ᠋ᠤᠨᠢ ᠠᠵᠢᠯᠯᠠᠭᠤᠯᠬᠤ᠂ ᠵᠠᠭᠤᠨ ᠲᠦᠮᠡᠨ P ᠪᠤᠳᠤᠯᠳᠠ ᠵᠢᠨ ᠬᠦᠴᠦᠨ᠎ᠦ ᠬᠡᠪᠴᠢᠶ᠎ᠡ᠎ᠶᠢ ᠠᠴᠢᠶᠠᠯᠠᠵᠤ᠂ ᠪᠤᠬᠢᠷᠳᠤᠯ ᠦᠭᠡᠢ ᠴᠠᠬᠢᠯᠭᠠᠨ ᠢ᠋ ᠰᠢᠭᠤᠳ ᠬᠣᠯᠪᠣᠬᠤ ᠬᠠᠷᠢᠴᠠᠯ᠎ᠨᠢ 80%᠎ᠶᠢ ᠳᠠᠪᠠᠬᠤ ᠪᠣᠯᠤᠨ᠎ᠠ᠃

AI ᠪᠤᠳᠤᠯᠳᠠ ᠵᠢᠨ ᠬᠦᠴᠦᠨ᠎ᠦ ᠨᠢᠭᠲᠠᠴᠠ ᠦᠷᠭᠦᠯᠵᠢᠯᠡᠨ ᠳᠡᠭᠡᠭᠰᠢᠯᠡᠬᠦ᠌᠎ᠶᠢ ᠳᠠᠭᠠᠯᠳᠤᠨ᠂ ᠤᠯᠠᠮᠵᠢᠯᠠᠯᠲᠤ᠌ ᠳ᠋ᠠᠶ᠋ᠢᠲ᠋ᠠ᠎ᠶᠢᠨ ᠲᠥᠪ᠎ᠦᠨ ᠴᠠᠬᠢᠯᠭᠠᠨ ᠬᠠᠩᠭᠠᠵᠤ ᠲᠣᠬᠢᠷᠠᠭᠤᠯᠬᠤ ᠪᠦᠲᠦᠴᠡ ᠶᠠᠭ ᠦᠷ᠎ᠡ ᠪᠦᠲᠦᠮᠵᠢ᠂ ᠣᠷᠣᠨ ᠵᠠᠶ᠎ᠶᠢ ᠡᠵᠡᠯᠡᠨ ᠬᠡᠷᠡᠭᠯᠡᠬᠦ᠌ ᠪᠠ ᠬᠥᠳᠡᠯᠦᠩᠭᠦᠶ ᠳᠠᠭᠠᠭᠠᠴᠠ᠎ᠶᠢ ᠳᠠᠭᠠᠬᠤ ᠵᠡᠷᠭᠡ ᠣᠯᠠᠨ ᠳᠠᠪᠬᠤᠷ ᠥᠷᠢᠰᠥᠯᠳᠦᠭᠡᠨ᠎ᠳᠦ ᠲᠤᠯᠭᠠᠷᠠᠵᠤ᠂ 800 ᠸᠤᠯᠲ᠎ᠤᠨ ᠥᠨᠳᠥᠷ ᠬᠦᠴᠦᠳᠡᠯᠲᠦ᠍ ᠲᠣᠭᠲᠠᠮᠠᠯ ᠭᠦᠶᠦᠳᠡᠯ᠎ᠢᠶᠡᠷ ᠴᠠᠬᠢᠯᠭᠠᠨ ᠬᠠᠩᠭᠠᠬᠤ ᠨᠢ ᠲᠠᠷᠠᠭᠠᠴᠢ᠎ᠶᠢᠨ ᠦᠶ᠎ᠡ᠎ᠶᠢᠨ AI ᠰᠠᠭᠤᠷᠢ ᠲᠦᠭᠦᠭᠡᠷᠤᠮᠵᠢ᠎ᠶᠢᠨ ᠴᠢᠬᠤᠯᠠ ᠮᠡᠷᠭᠡᠵᠢᠯ᠎ᠦᠨ ᠴᠢᠭᠯᠡᠯ ᠪᠣᠯᠪᠠ᠃ AI ᠴᠠᠬᠢᠯᠭᠠᠨ ᠬᠠᠩᠭᠠᠬᠤ ᠥᠷᠢᠰᠥᠯᠳᠦᠭᠡᠨ ᠨᠢ ᠴᠦ᠍ ᠲᠡᠡᠭ ᠭᠠᠭᠴᠠ ᠲᠥᠬᠥᠭᠡᠷᠦᠮᠵᠢ᠎ᠶᠢᠨ ᠰᠣᠯᠢᠭᠳᠠᠯ ᠠᠰᠢᠭᠯᠠᠮᠵᠢ᠎ᠠᠴᠠ ᠪᠦᠬᠦᠶ᠋ᠢᠯᠡ ᠴᠠᠬᠢᠯᠭᠠᠨ ᠬᠠᠩᠭᠠᠬᠤ ᠰᠢᠰᠲ᠋ᠧᠮ᠎ᠦᠨ ᠦᠨᠡᠨ ᠪᠤᠳᠠᠲᠠᠢ ᠳᠠᠭᠠᠭᠠᠴᠠ ᠳᠣᠣᠷᠠᠬᠢ ᠲᠣᠭᠲᠠᠪᠤᠷᠢᠲᠤ᠌ ᠴᠢᠨᠠᠷ᠂ ᠤᠶᠠᠨ ᠬᠠᠳᠡᠠ ᠴᠢᠨᠠᠷ ᠪᠣᠯᠤᠨ ᠬᠠᠮᠵᠢᠯᠴᠠᠨ ᠡᠵᠡᠮᠰᠢᠬᠦ᠌ ᠴᠢᠳᠠᠪᠤᠷᠢ᠎ᠳᠤ ᠰᠢᠯᠵᠢᠵᠦ᠍ ᠪᠠᠶ᠋ᠢᠨ᠎ᠠ᠃

ᠳᠡᠭᠡᠷ᠎ᠡ ᠳᠤᠷᠠᠳᠤᠭᠰᠠᠨ ᠥᠷᠢᠰᠥᠯᠳᠦᠭᠡᠨ ᠎ᠢ ᠠᠷᠭᠠᠴᠠᠭᠠᠬᠤ᠎ᠶᠢᠨ ᠲᠥᠯᠥᠭᠡ᠂ ᠶᠤᠸᠠᠨ ᠵᠢᠩ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠯᠦᠭᠯᠡᠯ 《ᠲᠢᠶᠠᠨ ᠱᠤ᠌ ᠡᠵᠡᠮᠰᠢᠭᠦᠷ + SST + BESS + DC / DC》 ᠵᠢᠡᠷ ᠭᠣᠣᠯ ᠪᠣᠯᠭᠠᠭᠰᠠᠨ ᠰᠢᠨ᠎ᠡ ᠬᠡᠯᠪᠡᠷᠢ᠎ᠶᠢᠨ ᠥᠨᠳᠥᠷ ᠬᠦᠴᠦᠳᠡᠯᠲᠦ᠍ ᠲᠣᠭᠲᠠᠮᠠᠯ ᠭᠥᠶᠥᠳᠡᠯᠳᠦ ᠴᠠᠬᠢᠯᠭᠠᠨ ᠲᠤᠬᠢᠷᠠᠭᠤᠯᠬᠤ ᠵᠢ ᠡᠵᠡᠮᠰᠢᠬᠦ ᠪᠠ ᠬᠠᠮᠠᠭᠠᠯᠠᠬᠤ ᠰᠢᠰᠲ᠋ᠧᠮ᠎ᠢ ᠪᠠᠶ᠋ᠢᠭᠤᠯᠪᠠ᠃ ᠴᠠᠬᠢᠯᠭᠠᠨ ᠬᠦᠴᠦᠨ᠎ᠦ ᠡᠯᠧᠺᠲ᠋ᠷᠣᠨ ᠰᠢᠰᠲ᠋ᠧᠮ᠎ᠦᠨ ᠳᠠᠭᠤᠷᠢᠶᠠᠮᠠᠯ ᠵᠠᠭᠪᠤᠷ ᠪᠠᠶ᠋ᠢᠭᠤᠯᠬᠤ᠂ ᠲᠣᠭᠲᠠᠪᠤᠷᠢᠲᠤ᠌ ᠴᠢᠨᠠᠷ᠎ᠤᠨ ᠵᠠᠳᠠᠯᠤᠯᠲᠠ ᠵᠢᠴᠢ ᠡᠨᠧᠷᠭᠢ᠎ᠶᠢᠨ ᠡᠵᠡᠮᠳᠡᠯ᠎ᠦᠨ ᠠᠷᠭ᠎ᠠ ᠪᠣᠳᠣᠯᠭ᠎ᠠ᠎ᠶᠢ ᠰᠢᠯᠢᠳᠡᠭᠵᠢᠭᠦᠯᠬᠦ᠌ ᠳ᠋ᠤ ᠲᠦᠰᠢᠭᠯᠡᠨ᠂ ᠲᠢᠶᠠᠨ ᠱᠤ᠌ ᠡᠵᠡᠮᠰᠢᠭᠦᠷ SST ᠬᠢᠭᠡᠳ ᠡᠨᠧᠷᠭᠢ ᠬᠠᠳᠠᠭᠠᠯᠠᠬᠤ ᠰᠢᠰᠲ᠋ᠧᠮ ᠢ᠋ ᠵᠤᠬᠢᠴᠠᠭᠤᠯᠤᠨ᠂ ᠴᠠᠬᠢᠯᠭᠠᠨ ᠬᠦᠴᠦᠨ ᠎ᠦ ᠬᠠᠩᠭᠠᠯᠭ᠎ᠠ ᠬᠢᠭᠡᠳ ᠪᠤᠳᠤᠯᠲᠠ ᠵᠢᠨ ᠬᠦᠴᠤᠨ ᠤ᠋ ᠳᠠᠭᠠᠭᠠᠴᠠ᠎ᠶᠢ ᠬᠥᠳᠡᠯᠦᠩᠭᠦᠶ ᠠᠪᠴᠠᠯᠳᠤᠭᠤᠯᠵᠤ᠂ GPU ᠵᠢᠨ ᠭᠱᠠᠨ ᠵᠠᠭᠤᠷ᠎ᠠ᠎ᠶᠢᠨ ᠴᠢᠳᠠᠯ᠎ᠤᠨ ᠬᠡᠯᠪᠡᠯᠵᠡᠯ ᠳ᠋ᠤ ᠲᠦᠷᠭᠡᠨ ᠬᠠᠷᠢᠭᠤ ᠲᠤᠰᠬᠠᠯ ᠭᠠᠷᠭᠠᠵᠤ᠂ ᠴᠠᠬᠢᠯᠭᠠᠨ ᠬᠠᠩᠭᠠᠬᠤ ᠰᠢᠰᠲ᠋ᠧᠮ᠎ᠦᠨ ᠲᠣᠭᠲᠠᠭᠤᠨ᠎ᠢᠶᠠᠷ ᠠᠵᠢᠯᠯᠠᠬᠤ᠎ᠶᠢ ᠪᠠᠲᠤᠯᠠᠨ᠎ᠠ᠃

ᠶᠤᠸᠠᠨ ᠵᠢᠩ ᠡᠨᠧᠷᠭᠢ ᠵᠢᠨ ᠬᠢᠵᠠᠭᠠᠷᠲᠤ ᠺᠤᠮᠫᠠᠨᠢ ᠵᠢᠨ ᠳᠡᠭᠡᠳᠦ ᠲᠡᠰ᠎ᠤᠨ ᠳᠡᠳ᠋ ᠶᠡᠷᠦᠩᠬᠡᠶ ᠵᠠᠬᠢᠷᠤᠯ᠂ ᠡᠨᠧᠷᠭᠢ ᠬᠠᠳᠠᠭᠠᠯᠠᠬᠤ ᠵᠢᠴᠢ AIDC ᠴᠠᠬᠢᠯᠭᠠᠨ ᠬᠦᠴᠦᠨ᠎ᠦ ᠰᠢᠰᠲ᠋ᠧᠮ᠎ᠦᠨ ᠤᠢᠯᠡᠳᠬᠦᠨ᠎ᠦ ᠱᠤᠭᠤᠮ᠎ᠤᠨ ᠶᠡᠷᠦᠩᠬᠡᠶ ᠵᠠᠬᠢᠷᠤᠯ ᠬᠤᠸᠠᠩ ᡁᠢ ᠶᠦᠩ᠄《AI ᠳ᠋ᠠᠶ᠋ᠢᠲ᠋ᠠ᠎ᠶᠢᠨ ᠲᠥᠪ᠎ᠰᠢᠨᠡᠳᠴᠤ ᠪᠣᠯᠬᠤ ᠡᠨᠧᠷᠭᠢ᠂ ᠡᠨᠧᠷᠭᠢ ᠬᠠᠳᠠᠭᠠᠯᠠᠬᠤ᠂ ᠴᠠᠬᠢᠯᠭᠠᠨ ᠲᠤᠤᠷ᠎ᠢ ᠲᠣᠬᠢᠷᠠᠭᠤᠯᠬᠤ ᠪᠠ ᠪᠤᠳᠤᠯᠳᠠ ᠵᠢᠨ ᠬᠦᠴᠦᠨ᠎ᠦ ᠳᠠᠭᠠᠭᠠᠴᠠ᠎ᠲᠠᠶ ᠬᠠᠮᠵᠢᠯᠴᠠᠬᠤ AIDC ᠴᠠᠬᠢᠯᠭᠠᠨ ᠬᠦᠴᠦᠨ᠎ᠦ ᠰᠢᠰᠲ᠋ᠧᠮ᠎ᠢ ᠬᠡᠷᠡᠭᠰᠡᠨ᠎ᠡ᠃ ᠲᠣᠰ ᠤᠳᠠᠭᠠᠨ᠎ᠤ ᠨᠢᠭᠡ ᠴᠤᠭᠴᠠᠵᠢᠭᠰᠠᠨ 800 ᠸᠤᠯᠲ᠎ᠤᠨ ᠥᠨᠳᠥᠷ ᠬᠦᠴᠦᠳᠡᠯᠲᠦ᠍ ᠲᠣᠭᠲᠠᠮᠠᠯ ᠭᠥᠶᠥᠳᠡᠯᠳᠦ ᠴᠠᠬᠢᠯᠭᠠᠨ ᠬᠠᠩᠭᠠᠬᠤ ᠰᠢᠰᠲ᠋ᠧᠮ IT ᠠᠴᠢᠶᠠᠯᠠᠪᠤᠷᠢ᠎ᠳᠤ ᠴᠠᠬᠢᠯᠭᠠᠨ ᠬᠠᠩᠭᠠᠭᠰᠠᠨ ᠨᠢ ᠶᠤᠸᠠᠨ ᠵᠢᠩ AIDC ᠴᠠᠬᠢᠯᠭᠠᠨ ᠬᠦᠴᠦᠨ᠎ᠦ ᠰᠢᠰᠲ᠋ᠧᠮ᠎ᠦᠨ ᠪᠤᠬᠢᠷᠳᠤᠯ ᠦᠭᠡᠢ ᠴᠠᠬᠢᠯᠭᠠᠨ ᠤᠢᠯᠡᠳᠪᠤᠷᠢᠯᠡᠬᠦ᠎ᠡᠴᠡ ᠪᠤᠳᠤᠯᠳᠠ ᠵᠢᠨ ᠬᠦᠴᠦᠨ ᠤ᠋ ᠲᠠᠭᠠᠭᠠᠴᠠ ᠬᠦᠷᠲᠡᠯ᠎ᠡ ᠪᠦᠷᠢᠨ ᠪᠦᠲᠦᠨ ᠪᠢᠲᠡᠭᠦᠦ ᠴᠠᠭᠠᠷᠢᠭ ᠵᠢᠡᠷ ᠨᠡᠪᠲᠡᠷᠡᠭᠰᠡᠨ᠎ᠢ ᠬᠠᠷᠠᠭᠤᠯᠵᠤ ᠪᠠᠶ᠋ᠢᠨ᠎ᠠ᠃ ᠡᠨᠡ ᠨᠢ ᠪᠤᠳᠤᠯᠳᠠ ᠵᠢᠨ ᠬᠦᠴᠤᠨ ᠴᠠᠬᠢᠯᠭᠠᠨ᠎ᠤ ᠬᠠᠮᠵᠢᠯᠴᠠᠭ᠎ᠠ ᠲᠦᠷᠦ᠎ᠶᠢᠨ ᠪᠤᠳᠤᠯᠭ᠎ᠠ ᠡᠴᠠ ᠨᠠᠢᠲᠠᠪᠤᠷᠢᠵᠢᠬᠳᠠᠬᠤ ᠬᠦᠷᠲᠡᠯᠡᠬᠢ ᠵᠠᠩᠭᠢᠯᠠᠭ᠎ᠠ᠎ᠶᠢᠨ ᠠᠯᠬᠤᠮ ᠪᠣᠯᠤᠨ᠎ᠠ》 ᠬᠡᠵᠡᠢ᠃

ᠳᠡᠯᠡᠬᠡᠶ ᠲᠡᠭᠡᠷᠡᠬᠢ ᠠᠡᠭᠬᠠᠳᠠᠭᠴᠢ ᠨᠢᠭᠡ ᠴᠣᠭᠴᠠᠵᠢᠭᠰᠠᠨ 800 ᠸᠤᠯᠲ᠎ᠤᠨ ᠥᠨᠳᠥᠷ ᠬᠦᠴᠦᠳᠡᠯᠲᠦ᠍ ᠲᠣᠭᠲᠠᠮᠠᠯ ᠭᠥᠶᠥᠳᠡᠯᠳᠦ ᠴᠠᠬᠢᠯᠭᠠᠨ ᠬᠠᠩᠭᠠᠬᠤ ᠰᠢᠰᠲ᠋ᠧᠮ᠎ᠢ ᠬᠤᠳᠠᠯᠳᠤᠭᠠᠴᠢᠯᠠᠬᠰᠠᠨ ᠠᠵᠢᠯᠯᠠᠭᠠᠨ ᠳ᠋ᠦ ᠤᠷᠤᠭᠤᠯᠤᠬᠰᠠᠨ ᠨᠢ ᠲᠣᠰ ᠪᠦᠲᠦᠴᠡ᠎ᠳᠦ ᠲᠣᠮᠣ ᠬᠡᠯᠪᠡᠷᠢ᠎ᠶᠢᠨ AI ᠳ᠋ᠠᠶ᠋ᠢᠲ᠋ᠠ᠎ᠶᠢᠨ ᠲᠥᠪ᠎ᠦᠨ ᠢᠨᠵᠧᠨᠧᠷᠢᠩ᠎ᠦᠨ ᠬᠡᠷᠡᠭᠯᠡᠭᠡᠨ᠎ᠦ ᠵᠢᠱ᠌ᠢᠶ᠎ᠡ ᠬᠠᠩᠭᠠᠭᠰᠠᠨ᠎ᠢᠶᠠᠷ ᠪᠠᠷᠠᠬᠤ ᠥᠬᠡᠶ᠂ ᠪᠠᠰᠠ ᠪᠤᠳᠤᠯᠳᠠ ᠵᠢᠨ ᠬᠦᠴᠤᠨ ᠴᠠᠬᠢᠯᠭᠠᠨ ᠤ᠋ ᠬᠠᠮᠵᠢᠯᠴᠠᠭ᠎ᠠ ᠵᠢ ᠬᠡᠪᠴᠢᠶᠡᠵᠢᠭᠦᠯᠦᠨ ᠨᠠᠶ᠋ᠢᠳᠠᠪᠤᠷᠢᠵᠢᠭᠤᠯᠬᠤ᠎ᠳᠤ ᠳᠠᠭᠤᠷᠢᠶᠠᠵᠤ ᠪᠣᠯᠬᠤᠢᠴᠠ ᠲᠤᠷᠰᠢᠯᠭ᠎ᠠ ᠬᠠᠩᠭᠠᠭᠰᠠᠨ ᠪᠠᠶ᠋ᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面