2026-11-23 16:52:58
ᠡᠪᠤᠯ ᠪᠤᠯᠵᠤ ᠠᠭᠠᠷ ᠤ᠋ᠨ ᠳᠤᠯᠠᠭᠠᠨ ᠡᠳᠦᠷ ᠡᠴᠡ ᠡᠳᠦᠷ ᠳᠤᠷᠤᠭᠰᠢᠯᠠᠨ᠎ᠠ᠃ ᠤᠯᠠᠭᠠᠨᠬᠠᠳᠠ ᠬᠤᠳᠠ ᠶ᠋ᠢᠨ ᠯᠢᠨᠰᠢ ᠰᠢᠶᠠᠨ ᠤ᠋ ᠯᠢᠨᠰᠢ ᠪᠠᠯᠭᠠᠰᠤ ᠵᠢᠨ ᠲᠠᠷᠢᠶᠠᠨ ᠦᠵᠦᠭᠦᠷ ᠬᠢᠭᠡᠳ ᠲᠡᠵᠢᠭᠡᠯ ᠡᠪᠡᠰᠦ ᠪᠤᠯᠪᠠᠰᠤᠷᠠᠭᠤᠯᠬᠤ ᠦᠷᠳᠡᠭᠡ ᠳ᠋ᠤ ᠬᠦᠮᠦᠰ ᠲᠤᠭᠤᠰᠤ ᠰᠢᠷᠤᠢ ᠪᠤᠵᠢᠬᠢᠨᠠᠭᠤᠯᠤᠨ᠂ ᠡᠰᠢ ᠰᠦᠷᠡᠯ ᠢ᠋ ᠬᠡᠮᠬᠡᠷᠡᠭᠦᠯᠬᠦ᠂ ᠪᠤᠭᠤᠳᠠᠯᠯᠠᠬᠤ᠂ ᠤᠪᠤᠭᠠᠯᠠᠬᠤ ᠵᠡᠷᠭᠡ ᠠᠵᠢᠯ ᠢ᠋ ᠠᠮᠵᠢᠭᠤᠯᠵᠤ᠂ ᠮᠠᠯ ᠤᠨᠤᠭ᠎ᠠ ᠪᠠᠨ ᠮᠡᠨᠳᠦ ᠡᠪᠤᠯᠵᠢᠬᠦᠯᠬᠦ ᠪᠡᠯᠡᠳᠭᠡᠯ ᠬᠢᠵᠦ ᠶᠠᠭᠠᠷᠠᠯᠳᠤᠨ᠎ᠠ᠃

ᠴᠠᠭ ᠢ᠋ ᠵᠠᠪᠳᠤᠨ ᠠᠵᠢᠯᠯᠠᠨ᠎ᠠ

ᠲᠡᠵᠢᠭᠡᠯ ᠡᠪᠡᠰᠦ ᠪᠡᠨ ᠤᠪᠤᠭᠠᠯᠠᠨ᠎ᠠ
ᠤᠢᠷ᠎ᠠ ᠶ᠋ᠢᠨ ᠵᠢᠯ ᠳ᠋ᠤ ᠯᠢᠨᠰᠢ ᠪᠠᠯᠭᠠᠰᠤ ᠲᠠᠷᠢᠵᠤ ᠲᠡᠵᠢᠭᠡᠬᠦ ᠶ᠋ᠢ ᠤᠶᠠᠯᠳᠤᠭᠤᠯᠵᠤ ᠪᠤᠯᠬᠤ ᠠᠵᠤ ᠦᠢᠯᠡᠰ ᠤ᠋ᠨ ᠳᠠᠪᠠᠭᠤᠯᠢᠭ ᠲᠠᠭᠠᠨ ᠰᠠᠭᠤᠷᠢᠯᠠᠨ᠂ ᠮᠠᠯᠴᠢᠨ ᠲᠠᠷᠢᠶᠠᠴᠢᠨ ᠢ᠋ ᠬᠦᠲᠦᠯᠦᠨ ᠵᠢᠯᠤᠭᠤᠳᠴᠤ᠂ ᠨᠠᠷᠢᠮᠦ ᠶ᠋ᠢᠨ ᠡᠪᠡᠰᠦ ᠵᠡᠷᠭᠡ ᠲᠠᠷᠢᠶᠠᠨ ᠤ᠋ ᠡᠰᠢ ᠰᠦᠷᠡᠯ ᠢ᠋ ᠡᠬᠢ ᠪᠠᠶᠠᠯᠢᠭᠵᠢᠭᠤᠯᠤᠨ ᠠᠰᠢᠭᠯᠠᠵᠤ᠂ ᠰᠦᠯ ᠰᠠᠢᠳᠠᠢ ᠲᠡᠵᠢᠭᠡᠯ ᠡᠪᠡᠰᠦ ᠦᠢᠯᠡᠳᠪᠤᠷᠢᠯᠡᠨ᠂ ᠡᠰᠢ ᠰᠦᠷᠡᠯ ᠢ᠋ ᠰᠢᠳᠠᠭᠠᠬᠤ ᠡᠴᠡ ᠪᠤᠯᠤᠭᠰᠠᠨ ᠠᠮᠢ ᠠᠬᠤᠢ ᠶ᠋ᠢᠨ ᠪᠤᠬᠢᠷᠳᠦᠯ ᠢ᠋ ᠪᠠᠭᠠᠰᠬᠠᠬᠤ ᠶ᠋ᠢᠨ ᠬᠠᠮᠳᠤ ᠲᠡᠵᠢᠭᠡᠨ ᠦᠷᠡᠵᠢᠭᠦᠯᠬᠦ ᠦᠢᠯᠡᠰ ᠡᠷᠬᠢᠯᠡᠬᠦ ᠦᠪᠡᠷ ᠤ᠋ᠨ ᠦᠷᠳᠡᠭ ᠢ᠋ ᠵᠤᠬᠢᠬᠤ ᠬᠡᠮᠵᠢᠶ᠎ᠠ ᠪᠡᠷ ᠪᠠᠭᠤᠷᠠᠭᠤᠯᠵᠠᠢ᠃ ᠡᠭᠦᠨ ᠳ᠋ᠤ ᠪᠠᠯᠭᠠᠰᠤ ᠡᠴᠡ ᠮᠡᠷᠭᠡᠵᠢᠯ ᠤ᠋ᠨ ᠠᠵᠢᠯᠳᠠᠨ ᠲᠤᠮᠢᠯᠠᠨ ᠲᠤᠬᠠᠢ ᠶ᠋ᠢᠨ ᠲᠠᠯᠠᠪᠠᠢ ᠳ᠋ᠤ ᠰᠢᠨᠵᠢᠯᠡᠬᠦ ᠤᠬᠠᠭᠠᠨᠴᠢ ᠪᠡᠷ ᠲᠡᠵᠢᠭᠡᠯ ᠪᠤᠷᠳᠤᠭ᠎ᠠ ᠪᠤᠯᠪᠠᠰᠤᠷᠠᠭᠤᠯᠬᠤ᠂ ᠳᠦᠷᠢᠮᠵᠢᠭᠦᠨ ᠬᠠᠳᠠᠭᠠᠯᠠᠬᠤ ᠠᠷᠭ᠎ᠠ ᠶ᠋ᠢ ᠵᠢᠭᠠᠵᠤ ᠦᠭᠬᠦ ᠶ᠋ᠢᠨ ᠬᠠᠮᠳᠤ ᠮᠠᠯᠵᠢᠬᠤ ᠲᠠᠷᠢᠶᠠᠯᠠᠬᠤ ᠡᠷᠦᠬᠡ ᠶ᠋ᠢᠨ ᠬᠠᠰᠢᠶ᠎ᠠ ᠰᠠᠷᠠᠪᠴᠢ ᠪᠡᠨ ᠰᠠᠢᠳᠦᠷ ᠪᠡᠬᠢᠯᠡᠬᠦ ᠶ᠋ᠢ ᠰᠠᠨᠠᠭᠤᠯᠵᠤ ᠶᠠᠪᠤᠨ᠎ᠠ᠃

ᠲᠡᠵᠢᠭᠡᠯ ᠡᠪᠡᠰᠦ ᠪᠡᠨ ᠪᠤᠭᠤᠳᠠᠯᠯᠠᠨᠠ
(ᠭᠡᠷᠡᠯ ᠵᠢᠷᠤᠭᠤᠳᠢ ᠯᠢ ᠹᠦ ᠰᠡᠭᠦᠳᠡᠷᠯᠡᠪᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃