2026-10-21 11:56:33
ᠠᠯᠲᠠᠨ ᠨᠠᠮᠤᠷ᠎ᠤᠨ ᠠᠷᠪᠠᠨ ᠰᠠᠷ᠎ᠠ᠎ᠳᠤ ᠂ ᠰᠤᠷᠪᠤᠯᠵᠢᠯᠠᠭᠴᠢ ᠤᠯᠠᠭᠠᠨᠬᠠᠳᠠ ᠬᠤᠲᠠ᠎ᠶ᠋ᠢᠨ ᠬᠠᠷᠠᠴᠢᠨ ᠬᠤᠰᠢᠭᠤᠨ᠎ᠤ ᠮᠡᠢᠷᠡᠨ ᠪᠠᠯᠭᠠᠰᠤᠨ᠎ᠤ ᠬᠤᠸᠠ ᠶᠢᠩ ᠲᠠᠷᠢᠮᠠᠯ᠎ᠤᠨ ᠲᠤᠰᠭᠠᠢ ᠬᠤᠷᠰᠢᠶ᠎ᠠ᠎ᠶ᠋ᠢᠨ ᠡᠳ᠋ᠰᠢᠭᠦᠯᠬᠦ᠌ ᠲᠠᠰᠤᠭ᠎ᠲᠤ ᠬᠦᠷᠬᠦ ᠳ᠋ᠤ᠂ ᠮᠥᠭᠦ᠎ᠶ᠋ᠢᠨ ᠠᠩᠬᠢᠯᠤᠮ᠎ᠠ ᠦᠨᠦᠷ ᠰᠡᠩᠭᠢᠨᠡᠵᠦ᠂ ᠠᠵᠢᠯᠴᠢᠳ ᠬᠤᠷᠢᠶᠠᠵᠤ ᠠᠪᠴᠢᠷᠠᠭᠰᠠᠨ ᠤᠯᠠᠭᠠᠨ ᠨᠠᠷᠠᠰᠤᠨ ᠮᠦᠭᠦ ᠵᠢ ᠢᠯᠭᠠᠨ ᠰᠠᠯᠭᠠᠬᠤ᠂ ᠬᠠᠢᠷᠴᠠᠭᠯᠠᠨ ᠪᠤᠭᠤᠳᠠᠯᠯᠠᠬᠤ᠂ ᠵᠦᠰᠦᠵᠦ ᠬᠡᠷᠴᠢᠬᠦ᠂ ᠬᠠᠳᠠᠭᠠᠬᠤ ᠭᠡᠬᠦᠴᠢᠯᠡᠨ ᠦᠪᠡᠷ ᠦᠪᠡᠷ᠎ᠤᠨ ᠬᠤᠪᠢᠳᠠᠭᠰᠠᠨ ᠠᠵᠢᠯ ᠵᠢᠡᠨ ᠶᠠᠭᠠᠷᠠᠯᠲᠠᠢ ᠪᠦᠭᠡᠳ ᠡᠮᠬᠢ ᠴᠡᠭᠴᠡ ᠲᠠᠢ ᠬᠢᠵᠡᠭᠡᠨ᠎ᠡ᠃
《ᠪᠢᠳᠡ ᠪᠥᠬᠦ᠌ ᠪᠠᠯᠭᠠᠰᠤᠨ᠎ᠳᠤ ᠲᠠᠷᠢᠭᠰᠠᠨ ᠤᠯᠠᠭᠠᠨ ᠨᠠᠷᠠᠰᠤᠨ ᠮᠦᠬᠦ ᠵᠢ ᠨᠢᠭᠡᠳᠦᠯᠲᠡᠢ ᠪᠡᠷᠲᠤᠰᠬᠠᠢ ᠬᠤᠷᠰᠢᠶ᠎ᠠ᠎ᠳᠤ ᠬᠦᠷᠭᠡᠵᠦ᠍᠂ ᠲᠤᠰᠬᠠᠢ ᠬᠤᠷᠰᠢᠶ᠎ᠠ ᠡᠴᠡ ᠲᠥᠪᠯᠡᠷᠡᠭᠦᠯᠦᠨ ᠪᠤᠯᠪᠠᠰᠤᠷᠠᠭᠤᠯᠵᠤ᠂ ᠨᠢᠭᠡᠳᠦᠯᠲᠡᠢ ᠪᠣᠷᠤᠯᠠᠭᠤᠯᠵᠤ ᠪᠤᠢ᠃ ᠡᠨᠡ ᠵᠢᠯ ᠨᠢᠭᠡᠨᠲᠡ 800 ᠭᠠᠷᠤᠢ ᠲᠦᠮᠡᠨ ᠵᠢᠩ ᠬᠤᠷᠢᠶᠠᠨ ᠠᠪᠴᠤ᠌᠂ ᠦᠨᠳᠦᠰᠦᠨ᠎ᠳᠡᠭᠡᠨ ᠬᠤᠳᠠᠯᠳᠤᠵᠤ ᠪᠠᠷᠠᠪᠠ᠃ ᠢᠯᠭᠠᠵᠤ ᠪᠣᠯᠪᠠᠰᠤᠷᠠᠭᠤᠯᠤᠭᠰᠠᠨ ᠤᠯᠠᠭᠠᠨ ᠨᠠᠷᠠᠰᠤᠨ ᠮᠦᠭᠦ ᠵᠢ ᠪᠡᠭᠡᠵᠢᠩ᠂ ᠱᠠᠩᠬᠠᠢ᠂ ᠮᠦᠭᠳᠡᠨ ᠵᠡᠷᠭᠡ ᠭᠠᠵᠠᠷ᠎ᠲᠤ᠌ ᠪᠣᠷᠤᠯᠠᠭᠤᠯᠵᠤ ᠂ ᠵᠢᠯ ᠪᠤᠯᠭᠠᠨ ᠬᠡᠳᠦᠢ ᠪᠠᠢᠪᠠᠯ ᠬᠡᠳᠦᠢ ᠬᠤᠳᠠᠯᠳᠤᠵᠤ ᠂ ᠦᠨᠳᠦᠰᠦᠨ᠎ᠳᠡᠭᠡᠨ ᠦᠯᠡᠳᠡᠳᠡᠭ》 ᠭᠡᠵᠦ ᠬᠤᠸᠠ ᠶᠢᠩ ᠲᠠᠷᠢᠮᠠᠯ᠎ᠤᠨ ᠲᠤᠰᠭᠠᠢ ᠬᠤᠷᠰᠢᠶ᠎ᠠ᠎ᠶ᠋ᠢᠨ ᠬᠡᠷᠡᠭ ᠡᠷᠬᠢᠯᠡᠭᠴᠢᠳ᠎ᠤᠨ ᠳᠠᠷᠤᠭ᠎ᠠ ᠵᠠᠩ ᠶᠦᠩ ᠬᠤᠸᠠ ᠲᠠᠨᠢᠯᠴᠠᠭᠤᠯᠤᠨ᠎ᠠ᠃
《ᠪᠠᠯᠭᠠᠰᠤᠨ ᠳ᠋ᠤ ᠲᠤᠰᠬᠠᠢ ᠬᠤᠷᠰᠢᠶ᠎ᠠ ᠪᠠᠢᠭᠤᠯᠤᠭᠰᠠᠨ ᠡᠴᠡ ᠨᠠᠭᠠᠰᠢ᠂ ᠲᠠᠷᠢᠮᠠᠯ᠎ᠤᠨ ᠡᠷᠦᠬᠡ ᠪᠣᠷᠤᠯᠠᠭᠤᠯᠬᠤ ᠵᠠᠮ᠎ᠳᠤ ᠰᠠᠨᠠᠭ᠎ᠠ ᠵᠣᠪᠠᠬᠤ ᠬᠡᠷᠡᠭ᠎ᠦᠭᠡᠢ ᠪᠤᠯᠵᠠᠢ᠂ ᠨᠠᠳᠠ ᠰᠢᠭ᠋ ᠪᠠᠶ᠋ᠢᠩᠭᠤ ᠭᠠᠳᠠᠭᠰᠢ ᠬᠥᠯᠦᠰᠦᠨ ᠠᠵᠢᠯ ᠬᠢᠳᠡᠭ ᠬᠥᠮᠦᠰᠴᠤ᠌ ᠭᠡᠷ᠎ᠤᠨ ᠡᠭᠦᠳᠡᠨ᠎ᠳᠡᠭᠡᠨ ᠠᠵᠢᠯᠯᠠᠵᠤ ᠪᠣᠯᠬᠤ ᠪᠤᠯᠪᠠ᠃ ᠤᠳᠤ ᠰᠠᠷ᠎ᠠ ᠪᠦᠷᠢ 5000 ᠲᠥᠭᠦᠷᠢᠭ᠎ᠤᠨ ᠴᠠᠯᠢᠩ ᠣᠯᠵᠤ᠂ ᠣᠷᠤᠯᠭ᠎ᠠ᠎ᠪᠠᠨ ᠨᠡᠮᠡᠭᠳᠡᠭᠦᠯᠬᠦ᠌ ᠮᠥᠷᠲᠡᠭᠡᠨ ᠪᠠᠰᠠ ᠬᠡᠷ᠎ᠢᠶᠠᠨ ᠬᠠᠷᠠᠭᠠᠯᠵᠠᠬᠤ᠎ᠳᠤ ᠳᠥᠭᠦᠮ ᠪᠠᠢᠵᠤ᠂ ᠠᠮᠢᠳᠤᠷᠠᠯ ᠤᠯᠠᠮ ᠡᠴᠡ ᠤᠯᠠᠮ ᠰᠠᠢᠵᠢᠷᠠᠵᠤ ᠪᠤᠢ》 ᠭᠡᠵᠦ ᠪᠠᠷᠠᠭ᠎ᠠ ᠲᠣᠬᠢᠷᠠᠭᠤᠯᠵᠤ ᠪᠠᠶ᠋ᠢᠭ᠎ᠠ ᠬᠤᠸᠠ ᠶᠢᠩ ᠲᠠᠷᠢᠮᠠᠯ᠎ᠤᠨ ᠲᠤᠰᠭᠠᠢ ᠬᠤᠷᠰᠢᠶ᠎ᠠ᠎ᠶ᠋ᠢᠨ ᠬᠥᠮᠦᠷᠭᠡ᠎ᠶ᠋ᠢᠨ ᠬᠠᠮᠢᠶᠠᠷᠤᠬᠴᠢ ᠯᠸᠢ ᠯᠢ ᠰᠢᠨ ᠶᠠᠷᠢᠪᠠ᠃
ᠮᠡᠢᠷᠡᠨ ᠪᠠᠯᠭᠠᠰᠤᠨ᠎ᠤ ᠣᠶ᠋ᠢᠲᠤ᠌ ᠭᠠᠵᠠᠷ᠎ᠤᠨ ᠡᠬᠢ ᠰᠤᠷᠪᠤᠯᠵᠢ ᠡᠯᠪᠡᠭ᠂ ᠠᠮᠢ ᠠᠬᠤᠢ᠎ᠶ᠋ᠢᠨ ᠨᠥᠬᠦᠴᠡᠯ ᠳᠠᠪᠠᠭᠤᠯᠢᠭ᠂ ᠥᠩᠭᠡᠷᠡᠭᠡᠭᠰᠡᠨ᠎ᠳᠦ ᠶᠡᠭᠡ ᠬᠡᠮᠵᠢᠶᠡᠨ᠎ᠤ ᠣᠢ᠎ᠶ᠋ᠢᠨ ᠬᠤᠷᠮᠤᠢ᠎ᠶ᠋ᠢᠨ ᠣᠷᠤᠨ ᠵᠠᠢ᠎ᠶ᠋ᠢ ᠣᠷᠳᠤ ᠬᠤᠭᠤᠴᠠᠭ᠎ᠠ᠎ᠪᠠᠷ ᠰᠤᠯᠠ ᠲᠠᠯᠪᠢᠵᠤ᠂ ᠴᠢᠨᠠᠷ ᠰᠠᠶ᠋ᠢᠲᠠᠢ ᠠᠮᠢ ᠠᠬᠤᠢ᠎ᠶ᠋ᠢᠨ ᠡᠬᠢ ᠪᠠᠶᠠᠯᠢᠭ᠎ᠤᠨ ᠦᠨ᠎ᠡ ᠥᠷᠲᠡᠭ ᠢ᠋ᠭᠦᠢᠴᠡᠳ ᠪᠠᠳᠠᠷᠠᠭᠤᠯᠵᠤ ᠳᠡᠢᠯᠬᠦ ᠦᠭᠡᠢ ᠪᠠᠢᠵᠠᠢ᠃
ᠬᠥᠬᠡᠮᠳᠦᠭ ᠨᠣᠭᠤᠭᠠᠨ ᠠᠭᠤᠯᠠ ᠤᠰᠤ᠎ᠶ᠋ᠢ ᠬᠡᠷᠬᠢᠨ ᠠᠯᠲᠠ ᠮᠥᠩᠭᠦᠨ ᠠᠭᠤᠯᠠ ᠪᠣᠯᠭᠠᠨ ᠬᠤᠪᠢᠷᠠᠭᠤᠯᠬᠤ ᠪᠤᠢ? ᠮᠡᠶ᠋ᠢᠷᠡᠨ ᠪᠠᠯᠭᠠᠰᠤ ᠭᠠᠵᠠᠷ ᠣᠷᠤᠨ᠎ᠤ ᠪᠠᠶ᠋ᠢᠳᠠᠯ᠎ᠳᠠᠭᠠᠨ ᠳᠣᠭᠢᠷᠠᠭᠤᠯᠤᠨ ᠣᠢ᠎ᠶ᠋ᠢᠨ ᠬᠤᠷᠮᠤᠢ᠎ᠶ᠋ᠢᠨ ᠰᠤᠯᠠ ᠲᠠᠯᠪᠢᠭᠰᠠᠨ ᠣᠷᠤᠨ ᠵᠠᠢ᠎ᠶ᠋ᠢ ᠠᠮᠢᠯᠠᠭᠤᠯᠵᠤ᠂ ᠦᠶᠡᠯᠡᠯ᠎ᠤᠨ ᠬᠤᠭᠤᠴᠠᠭ᠎ᠠ᠎ᠪᠠᠷ ᠣᠬᠤᠷ᠂ ᠦᠷ᠎ᠡ ᠠᠰᠢᠭ ᠤᠯᠬᠤ ᠨᠢ ᠲᠦᠷᠭᠡᠨ᠂ ᠲᠤᠬᠠᠢ᠎ᠵᠢᠨ ᠭᠠᠵᠠᠷ ᠣᠷᠤᠨ᠎ᠤ ᠳᠠᠷᠢᠬᠤ ᠨᠦᠭᠦᠴᠡᠯ ᠳ᠋ᠤ ᠳᠣᠭᠢᠷᠠᠬᠤ ᠪᠥᠭᠡᠳ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭᠠᠷᠳᠠᠯᠭ᠎ᠠ ᠦᠨᠳᠦᠷ ᠣᠢ᠎ᠶ᠋ᠢᠨ ᠬᠤᠷᠮᠤᠢ᠎ᠶ᠋ᠢᠨ ᠤᠯᠠᠭᠠᠨ ᠨᠠᠷᠠᠰᠤᠨ ᠮᠦᠭᠦ ᠵᠢᠨ ᠠᠵᠤ ᠦᠢᠯᠡᠰ᠎ᠢ ᠶᠡᠭᠡ᠎ᠪᠠᠷ ᠬᠥᠭᠵᠢᠭᠦᠯᠵᠡᠢ᠃ ᠡᠭᠦᠨ᠎ᠤ ᠬᠠᠮᠲᠤ᠌᠂ ᠲᠥᠷᠦ᠎ᠶ᠋ᠢᠨ ᠪᠣᠳᠤᠯᠭ᠎ᠠ᠎ᠪᠠᠷ ᠲᠡᠳᠬᠦᠬᠦ᠂ ᠮᠡᠷᠭᠡᠵᠢᠯ᠎ᠢᠶᠠᠷ ᠬᠦᠴᠦᠨ ᠣᠯᠭᠤᠬᠤ᠂ ᠦᠨᠳᠦᠰᠦᠨ ᠵᠦᠢᠯ᠎ᠢ ᠪᠠᠲᠤᠯᠠᠬᠤ᠎ᠳᠤ ᠦᠢᠯᠡᠴᠢᠯᠡᠬᠦ᠎ᠪᠠᠷ ᠳᠠᠮᠵᠢᠭᠤᠯᠤᠨ᠂ ᠤᠯᠠᠭᠠᠨ ᠨᠠᠷᠠᠰᠤᠨ ᠮᠦᠭᠦ᠎ᠵᠢᠨ ᠠᠵᠤ ᠦᠢᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠶ᠋ᠢ ᠪᠥᠬᠦ᠌ ᠲᠠᠯ᠎ᠠ᠎ᠪᠠᠷ ᠬᠠᠮᠠᠭᠠᠯᠠᠵᠤ᠂ ᠠᠮᠢ ᠠᠬᠤᠢ᠎ᠶ᠋ᠢᠨ ᠳᠠᠪᠠᠭᠤᠯᠢᠭ᠎ᠢ ᠦᠷᠭᠦᠯᠵᠢᠯᠡᠨ ᠬᠥᠭᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠠᠢ᠃
《ᠪᠢᠳᠡ ᠣᠢ ᠰᠢᠭᠤᠢ᠎ᠶ᠋ᠢᠨ ᠤᠷᠭᠤᠮᠠᠯ᠎ᠤᠨ ᠬᠤᠴᠢᠯᠭ᠎ᠠ᠎ᠶ᠋ᠢ ᠬᠠᠮᠠᠭᠠᠯᠠᠵᠤ᠂ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠠᠲᠤ᠌ ᠰᠠᠬᠢᠭᠰᠠᠨ ᠤᠷᠢᠲᠠᠯ ᠳᠣᠤᠷ᠎ᠠ᠂ ᠤᠢ ᠵᠢᠨ ᠬᠤᠷᠮᠤᠢ ᠵᠢᠨ ᠤᠯᠠᠭᠠᠨ ᠨᠠᠷᠠᠰᠤᠨ ᠮᠦᠭᠦ ᠶ᠋ᠢ ᠬᠡᠪᠴᠢᠶᠡᠵᠢᠭᠦᠯᠦᠨ ᠲᠠᠷᠢᠵᠤ᠂ ᠰᠤᠯᠠ ᠪᠠᠶ᠋ᠢᠭ᠎ᠠ ᠣᠶ᠋ᠢᠲᠤ᠌ ᠭᠠᠵᠠᠷ᠎ᠢ ᠭᠦᠢᠴᠡᠳ ᠠᠰᠢᠭᠯᠠᠵᠠᠢ 》 ᠭᠡᠵᠦ ᠮᠡᠢᠷᠡᠨ ᠪᠠᠯᠭᠠᠰᠤᠨ᠎ᠤ ᠳᠡᠳ᠋ ᠳᠠᠷᠤᠭ᠎ᠠ ᠡᠤ ᠶᠠᠨ ᠬᠡᠯᠡᠪᠡ᠃ ᠡᠸ᠋ ᠶᠠᠨ᠎ᠤ ᠲᠠᠨᠢᠯᠴᠠᠭᠤᠯᠤᠭᠰᠠᠨ ᠵᠢᠡᠷ᠂ ᠲᠤᠬᠠᠢ᠎ᠶ᠋ᠢᠨ ᠭᠠᠵᠠᠷ᠎ᠤᠨ᠎ᠬᠢᠨ ᠵᠠᠬᠢᠶᠠᠯᠠᠭ᠎ᠠ᠎ᠶ᠋ᠢᠨ ᠬᠡᠯᠪᠡᠷᠢ᠎ᠶ᠋ᠢᠨ ᠲᠠᠷᠢᠮᠠᠯ᠎ᠤᠨ ᠵᠠᠭᠪᠤᠷ᠎ᠢ ᠬᠡᠷᠡᠭᠵᠢᠭᠦᠯᠵᠦ᠍᠂ ᠬᠤᠳᠠᠯᠳᠤᠭᠠᠴᠢᠨ᠎ᠲᠠᠢ ᠤᠷᠢᠳᠴᠢᠯᠠᠨ ᠵᠣᠯᠭᠠᠭᠤᠯᠵᠤ᠂ ᠪᠣᠷᠤᠯᠠᠭᠤᠯᠭ᠎ᠠ᠎ᠶ᠋ᠢᠨ ᠵᠠᠮ᠎ᠢ ᠲᠣᠭᠲᠠᠭᠠᠵᠤ᠂ ᠠᠵᠤ ᠦᠢᠯᠡᠰ᠎ᠤᠨ ᠠᠶᠤᠯ ᠲᠦᠭᠰᠢᠭᠦᠷᠢ᠎ᠶ᠋ᠢ ᠪᠦᠲᠦᠮᠵᠢᠲᠡᠢ ᠪᠠᠭᠤᠷᠠᠭᠤᠯᠵᠤ᠂ 《ᠪᠣᠷᠤᠯᠠᠭᠤᠯᠤᠯᠲᠠ᠎ᠪᠠᠷ ᠦᠢᠯᠡᠳᠪᠦᠷᠢᠯᠡᠯ᠎ᠢ ᠲᠣᠭᠲᠠᠭᠠᠬᠤ᠂ ᠦᠢᠯᠡᠳᠪᠦᠷᠢᠯᠡᠯ ᠪᠣᠷᠤᠯᠠᠭᠤᠯᠭ᠎ᠠ ᠬᠤᠶᠠᠷ᠎ᠢ ᠬᠥᠭᠵᠢᠭᠦᠯᠬᠦ᠌ 》 ᠶ᠋ᠢ ᠪᠡᠶᠡᠯᠡᠭᠦᠯᠪᠡ᠃
ᠮᠡᠶ᠋ᠢᠷᠡᠨ ᠪᠠᠯᠭᠠᠰᠤᠨ᠎ᠤ ᠤᠯᠠᠭᠠᠨ ᠨᠠᠷᠠᠰᠤᠨ ᠮᠦᠭᠦ᠎ᠵᠢᠨ ᠠᠵᠤ ᠦᠢᠯᠡᠰ ᠲᠣᠭᠲᠠᠭᠤᠨ᠎ᠢᠶᠠᠷ ᠬᠥᠭᠵᠢᠵᠦ᠍᠂ ᠠᠯᠬᠤᠮ ᠠᠯᠬᠤᠮ᠎ᠢᠶᠠᠷ ᠬᠡᠪᠴᠢᠶᠡᠵᠢᠬᠦ᠎ᠶ᠋ᠢ ᠳᠠᠭᠠᠯᠳᠤᠨ᠂ ᠲᠣᠰ ᠭᠠᠵᠠᠷ᠎ᠤᠨ ᠲᠠᠷᠢᠮᠠᠯ᠎ᠤᠨ ᠡᠷᠦᠬᠡ ᠵᠢᠵᠢᠭ ᠮᠥᠭᠦ᠎ᠳᠤ ᠲᠦᠰᠢᠭᠯᠡᠨ ᠤᠷᠤᠯᠭ᠎ᠠ ᠪᠠᠨ ᠶᠡᠬᠡᠪᠡᠷ ᠨᠡᠮᠡᠭᠳᠡᠬᠦᠯᠪᠡ᠃
ᠣᠯᠠᠨ ᠵᠢᠯ ᠮᠦᠭᠦ ᠲᠠᠷᠢᠭᠰᠠᠨ ᠲᠤᠷᠰᠢᠯᠭ᠎ᠠ᠎ᠲᠠᠢ ᠯᠢᠦ ᠬᠦᠢ ᠫᠢᠩ ᠪᠣᠯ ᠲᠤᠬᠠᠢ᠎ᠶ᠋ᠢᠨ ᠭᠠᠵᠠᠷ᠎ᠤᠨ ᠣᠢ᠎ᠶ᠋ᠢᠨ ᠬᠤᠷᠮᠤᠢ᠎ᠵᠢᠨ ᠤᠯᠠᠭᠠᠨ ᠨᠠᠷᠠᠰᠤᠨ ᠮᠦᠭᠦ ᠡᠴᠡ ᠠᠰᠢᠭ ᠬᠦᠷᠲᠡᠭᠴᠢ ᠪᠣᠯᠤᠨ᠎ᠠ᠃《ᠣᠢ ᠳᠣᠲᠤᠷᠠᠭᠢ ᠰᠡᠷᠢᠭᠦᠨ ᠴᠢᠭᠢᠭᠯᠢᠭ ᠣᠷᠴᠢᠨ ᠲᠣᠭᠤᠷᠢᠨ᠎ᠨᠢ ᠤᠯᠠᠭᠠᠨ ᠨᠠᠷᠠᠰᠤᠨ ᠮᠦᠭᠦ᠎ᠵᠢᠨ ᠤᠷᠭᠤᠯᠲᠠ ᠳᠤ ᠮᠠᠰᠢ ᠲᠣᠬᠢᠷᠠᠨ᠎ᠠ᠂ ᠬᠠᠮᠢᠶᠠᠷᠴᠤ᠌ ᠬᠠᠮᠠᠭᠠᠯᠠᠬᠤ᠎ᠳ᠋ᠤ ᠳᠥᠭᠦᠮ᠂ ᠡᠳᠡᠭᠡᠷᠡᠯᠲᠡ᠎ᠶ᠋ᠢᠨ ᠨᠣᠷᠮ᠎ᠠ᠎ᠨᠢ ᠥᠨᠳᠦᠷ᠂ ᠬᠦᠴᠦ᠍ ᠪᠠᠷᠠᠬᠤ ᠬᠡᠷᠡᠭ᠎ᠦᠭᠡᠢ᠃ ᠲᠠᠷᠢᠬᠤ᠂ ᠲᠠᠷᠢᠶᠠᠨ ᠭᠠᠵᠠᠷ᠎ᠢ ᠬᠠᠮᠢᠶᠠᠷᠤᠨ ᠬᠠᠮᠠᠭᠠᠯᠠᠬᠤ᠎ᠡᠴᠠ ᠲᠡᠭᠦᠵᠦ᠍ ᠬᠤᠷᠢᠶᠠᠬᠤ ᠬᠦᠷᠲᠡᠯ᠎ᠡ ᠪᠦᠷ ᠲᠤᠰᠬᠠᠢ ᠮᠡᠷᠭᠡᠵᠢᠯᠲᠡᠨ ᠵᠢᠭᠠᠨ ᠵᠢᠯᠤᠭᠤᠳᠴᠤ᠌᠂ ᠥᠪᠡᠷ᠎ᠢᠶᠠᠨ ᠰᠦᠪᠡᠭᠴᠢᠯᠡᠬᠦ᠌ ᠬᠡᠷᠡᠭ᠎ᠦᠭᠡᠢ᠃ ᠪᠢ ᠡᠨᠡ ᠵᠢᠯ 50 ᠭᠠᠷᠤᠢ ᠮᠦ᠍ ᠤᠯᠠᠭᠠᠨ ᠨᠠᠷᠠᠰᠤᠨ ᠮᠦᠭᠦ ᠲᠠᠷᠢᠵᠤ᠂ ᠮᠥᠭᠦ᠎ᠶ᠋ᠢᠨ ᠦᠷ᠎ᠡ᠂ ᠬᠠᠮᠢᠶᠠᠷᠤᠨ ᠬᠠᠮᠠᠭᠠᠯᠠᠬᠤ ᠵᠡᠷᠭᠡ ᠡᠯ᠎ᠡ ᠵᠦᠢᠯ᠎ᠤᠨ ᠥᠪᠡᠷ᠎ᠤᠨ ᠥᠷᠲᠡᠭ᠎ᠢ ᠭᠠᠷᠭᠠᠪᠠᠯ ᠮᠥ᠍ ᠪᠦᠷᠢ ᠵᠢᠨ ᠤᠯᠠᠭᠠᠨ ᠨᠠᠷᠠᠰᠤᠨ ᠮᠦᠬᠦ᠎ᠵᠢᠨ ᠴᠡᠪᠡᠷ ᠣᠷᠤᠯᠭ᠎ᠠ 2 ᠲᠦᠮᠡᠨ ᠲᠥᠭᠦᠷᠢᠭ ᠣᠷᠴᠢᠮ ᠬᠦᠷᠴᠦ᠍᠂ ᠤᠯᠠᠮᠵᠢᠯᠠᠯᠲᠤ᠌ ᠲᠠᠷᠢᠮᠠᠯ᠎ᠤᠨ ᠠᠰᠢᠭ ᠣᠷᠤᠯᠭ᠎ᠠ᠎ᠠᠴᠠ ᠬᠤᠯᠠ ᠥᠨᠳᠦᠷ ᠪᠤᠯᠵᠠᠢ》 ᠭᠡᠵᠦ ᠯᠢᠦ ᠬᠦᠢ ᠫᠢᠩ ᠤᠯᠠᠭᠠᠨ ᠨᠠᠷᠠᠰᠤᠨ ᠮᠦᠭᠦ᠎ᠵᠢᠨ ᠲᠠᠷᠢᠮᠠᠯ᠎ᠤᠨ ᠠᠵᠤ ᠦᠢᠯᠡᠰ᠎ᠢ ᠡᠷᠬᠢᠯᠡᠭᠰᠡᠨ ᠲᠤᠷᠰᠢᠯᠭ᠎ᠠ ᠪᠠᠨ ᠲᠠᠨᠢᠯᠴᠠᠭᠤᠯᠪᠠ᠃
ᠵᠢᠵᠢᠭ ᠮᠦᠬᠦ᠎ᠨᠢ ᠲᠣᠮᠤ ᠠᠵᠤ ᠦᠢᠯᠡᠰ᠎ᠢ ᠲᠤᠯᠭᠠᠭᠤᠷᠢᠯᠠᠨ᠎ᠠ᠃ ᠡᠳᠦᠭᠡ᠂ ᠮᠡᠶ᠋ᠢᠷᠡᠨ ᠪᠠᠯᠭᠠᠰᠤᠨ᠎ᠤ ᠣᠢ᠎ᠶ᠋ᠢᠨ ᠬᠤᠷᠮᠤᠢ᠎ᠳᠡᠬᠢ ᠮᠥᠭᠦ᠌᠎ᠵᠢᠨ ᠲᠠᠷᠢᠶ᠎ᠠ ᠵᠠᠯᠭᠠᠯᠳᠤᠨ ᠬᠥᠭᠵᠢᠵᠦ᠍᠂ ᠡᠯᠪᠡᠭ ᠬᠤᠷᠢᠶᠠᠯᠲᠠ ᠣᠯᠵᠤ᠂ ᠤᠯᠠᠭᠠᠨ ᠨᠠᠷᠠᠰᠤᠨ ᠮᠦᠭᠦ᠎ᠵᠢᠨ ᠲᠠᠷᠢᠬᠤ ᠲᠠᠯᠠᠪᠠᠢ ᠨᠢ 9000 ᠮᠸ᠋ᠳᠤ ᠬᠦᠷᠴᠦ᠍᠂ ᠠᠵᠤ ᠦᠢᠯᠡᠰ᠎ᠤᠨ ᠨᠥᠯᠦᠭᠡᠯᠡᠨ ᠳᠠᠶ᠋ᠢᠴᠢᠯᠠᠬᠤ ᠦᠢᠯᠡᠳᠦᠯ ᠦᠷᠭᠦᠯᠵᠢᠯᠡᠨ ᠲᠣᠪᠤᠶ᠋ᠢᠵᠤ᠂ ᠨᠡᠶ᠋ᠢᠲᠡ1000 ᠭᠠᠷᠤᠢ ᠲᠣᠬᠠᠢ᠎ᠵᠢᠨ ᠭᠠᠵᠠᠷ᠎ᠤᠨ ᠣᠯᠠᠨ ᠲᠦᠮᠡᠨ᠎ᠢ ᠳᠠᠶ᠋ᠢᠴᠢᠯᠠᠨ ᠣᠶ᠋ᠢᠷ᠎ᠠ ᠬᠠᠪᠢᠳ᠋ᠤᠨᠢ ᠠᠵᠢᠯ ᠣᠯᠭᠤᠵᠤ᠂ ᠮᠦᠭᠦ ᠲᠠᠷᠢᠵᠤ ᠲᠡᠭᠦᠬᠦ᠎ᠳᠤ ᠣᠷᠤᠯᠴᠠᠭᠰᠠᠨ ᠲᠠᠷᠢᠶᠠᠴᠢᠳ᠎ᠤᠨ ᠵᠢᠯ᠎ᠤᠨ ᠣᠷᠤᠯᠭ᠎ᠠ ᠳᠤᠮᠳᠠᠴᠢ ᠪᠡᠷ 2 ᠲᠦᠮᠡᠨ ᠲᠥᠭᠦᠷᠢᠭ ᠨᠡᠮᠡᠭᠳᠡᠵᠦ᠂ ᠠᠮᠢ ᠠᠬᠤᠢ᠎ᠶ᠋ᠢᠨ ᠦᠷ᠎ᠡ ᠠᠰᠢᠭ᠂ ᠠᠵᠤ ᠠᠬᠤᠢ᠎ᠶ᠋ᠢᠨ ᠦᠷ᠎ᠡ ᠠᠰᠢᠭ᠂ ᠨᠡᠶ᠋ᠢᠭᠡᠮ᠎ᠤᠨ ᠦᠷ᠎ᠡ ᠠᠰᠢᠭ᠎ᠤᠨ ᠣᠷᠭᠠᠨᠢᠭ ᠨᠢᠭᠡᠳᠦᠯ᠎ᠢ ᠪᠡᠶᠡᠯᠡᠭᠦᠯᠪᠡ᠃
ᠤᠢ᠎ᠶ᠋ᠢᠨ ᠬᠤᠷᠮᠤᠢ ᠳ᠋ᠤ ᠤᠯᠠᠭᠠᠨ ᠨᠠᠷᠠᠰᠤᠨ ᠮᠦᠭᠦ ᠲᠠᠷᠢᠵᠤ᠂ ᠠᠮᠢ ᠠᠬᠤᠢ᠎ᠶ᠋ᠢᠨ ᠳᠠᠪᠠᠭᠤᠯᠢᠭ᠎ᠢ ᠠᠷᠠᠳ᠎ᠢ ᠪᠠᠶᠠᠵᠢᠭᠤᠯᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠪᠠ᠃ ᠮᠡᠢᠷᠡᠨ ᠪᠠᠯᠭᠠᠰᠤ ᠣᠢ᠎ᠶ᠋ᠢᠨ ᠬᠤᠷᠮᠤᠢ᠎ᠶ᠋ᠢᠨ ᠠᠵᠤ ᠠᠬᠤᠢ᠎ᠶ᠋ᠢ ᠦᠷᠭᠦᠯᠵᠢᠯᠡᠨ ᠬᠦᠭᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤᠨ᠎ᠤ ᠳᠤᠮᠳᠠ ᠬᠥᠳᠡᠭᠡ ᠲᠣᠰᠭᠤᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭᠯᠡᠨ᠎ᠡ᠃
[ᠰᠤᠷᠪᠤᠯᠵᠢᠯᠠᠭᠴᠢ᠎ᠶ᠋ᠢᠨ ᠡᠪᠦᠷ ᠲᠡᠮᠳᠡᠭᠯᠡᠯ]
ᠮᠡᠢᠷᠡᠨ ᠪᠠᠯᠭᠠᠰᠤᠨ᠎ᠳᠤ ᠬᠦᠷᠬᠦ ᠳᠤ᠂ ᠤᠢ᠎ᠵᠢᠨ ᠬᠤᠷᠮᠤᠢ᠎ᠶ᠋ᠢᠨ ᠠᠵᠤ ᠠᠬᠤᠢ ᠪᠣᠯ ᠴᠠᠭᠠᠰᠤᠨ ᠳᠡᠭᠡᠷᠡᠬᠢ ᠤᠬᠠᠭᠳᠠᠬᠤᠨ ᠪᠢᠰᠢ᠂ ᠬᠠᠷᠢᠨ ᠨᠢᠳᠦᠨ ᠳᠤ ᠦᠵᠡᠭᠳᠡᠵᠦ ᠭᠠᠷ᠎ᠲᠤ᠌ ᠪᠠᠷᠢᠭᠳᠠᠮ᠎ᠠ ᠣᠷᠤᠯᠭ᠎ᠠ᠎ᠶ᠋ᠢᠨ ᠨᠡᠮᠡᠭᠳᠡᠯ ᠪᠤᠯᠤᠨ᠎ᠠ ᠭᠡᠰᠡᠨ᠎ᠢ ᠰᠠᠢᠳᠤᠷ ᠣᠶ᠋ᠢᠯᠠᠭᠠᠪᠠ᠃ ᠥᠩᠭᠡᠷᠡᠭᠡᠭᠰᠡᠨ᠎ᠳᠦ ᠰᠤᠯᠠ ᠳᠠᠯᠪᠢᠬᠳᠠᠵᠥ ᠪᠠᠢᠭᠰᠠᠨ ᠣᠢᠵᠢᠨ ᠬᠤᠷᠮᠤᠢ᠎ᠳᠤ ᠣᠳᠤ ᠤᠯᠠᠭᠠᠨ ᠨᠠᠷᠠᠰᠤᠨ ᠮᠦᠭᠦ ᠲᠠᠷᠢᠵᠤ ᠪᠤᠢ᠃ ᠮᠡᠢᠷᠡᠨ ᠪᠠᠯᠭᠠᠰᠤ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠰᠠᠶ᠋ᠢᠲᠤᠷ ᠬᠢᠵᠦ᠍᠂ ᠬᠤᠷᠰᠢᠶ᠎ᠠ ᠡᠴᠡ ᠪᠣᠷᠤᠯᠠᠭᠤᠯᠬᠤ ᠵᠠᠮ᠎ᠢ ᠬᠠᠷᠢᠭᠤᠴᠠᠵᠤ ᠂ ᠮᠡᠷᠭᠡᠵᠢᠯᠲᠡᠨ ᠭᠡᠷ᠎ᠲᠤ᠎ᠨᠢ ᠬᠦᠷᠴᠦ ᠵᠢᠭᠠᠨ ᠵᠢᠯᠤᠭᠤᠳᠴᠤ ᠂ ᠣᠯᠠᠨ ᠳᠠᠪᠬᠤᠷ ᠪᠠᠲᠤᠯᠠᠭ᠎ᠠ ᠳᠣᠤᠷ᠎ᠠ᠂ ᠵᠢᠵᠢᠭ ᠮᠥᠭᠦ ᠨᠢ ᠲᠣᠰᠭᠤᠨ᠎ᠤ ᠠᠷᠠᠳ᠎ᠤᠨ ᠭᠡᠷ ᠤᠨ ᠡᠭᠦᠳᠡᠨ᠎ᠳᠡᠭᠡᠨ ᠠᠵᠢᠯ ᠬᠢᠵᠦ᠍ ᠣᠷᠤᠯᠭ᠎ᠠ᠎ᠪᠠᠨ ᠨᠡᠮᠡᠭᠳᠡᠭᠦᠯᠬᠦ ᠵᠢ ᠪᠡᠶᠡᠯᠡᠭᠦᠯᠪᠡ᠃ ᠬᠥᠬᠡᠮᠳᠦᠭ ᠨᠣᠭᠤᠭᠠᠨ ᠠᠭᠤᠯᠠ ᠤᠰᠤᠨ᠎ᠤ ᠦᠨ᠎ᠡ ᠥᠷᠲᠡᠭ ᠨᠢ ᠢᠩᠭᠢᠵᠦ᠍ ᠣᠢ᠎ᠶ᠋ᠢᠨ ᠳᠤᠮᠳᠠ ᠭᠦᠢᠴᠡᠳ ᠢᠯᠡᠷᠡᠵᠠᠢ᠃
ᠮᠠᠶ᠋ᠢᠷᠡᠨ ᠪᠠᠯᠭᠠᠰᠤᠨ ᠤ ᠤᠯᠠᠭᠠᠨ ᠨᠠᠷᠠᠰᠤᠨ ᠮᠦᠭᠦ᠎ᠵᠢᠨ ᠦᠯᠢᠭᠡᠷ ᠪᠢᠳᠡᠨ᠎ᠳᠤ ᠭᠠᠭᠴᠠᠬᠦ᠌ ᠲᠤᠬᠠᠢ ᠵᠢᠨ ᠭᠠᠵᠠᠷ᠎ᠤᠨ ᠡᠬᠢ ᠪᠠᠶᠠᠯᠢᠭ᠎ᠲᠠᠭᠠᠨ ᠰᠠᠭᠤᠷᠢᠯᠠᠵᠤ ᠂ ᠭᠠᠵᠠᠷ ᠣᠷᠤᠨ᠎ᠤ ᠪᠠᠶ᠋ᠢᠳᠠᠯ᠎ᠳᠠᠭᠠᠨ ᠲᠤᠬᠢᠷᠠᠭᠤᠯᠤᠨ ᠤᠨᠴᠠᠯᠢᠭᠳᠤ ᠠᠵᠤ ᠦᠢᠯᠡᠰ᠎ᠢ ᠬᠥᠭᠵᠢᠭᠦᠯᠪᠡᠯ ᠰᠠᠶᠢ ᠠᠮᠢ ᠠᠬᠤᠢ᠎ᠶ᠋ᠢᠨ ᠳᠠᠪᠠᠭᠤᠯᠢᠭ᠎ᠢ ᠦᠷᠭᠦᠯᠵᠢᠯᠡᠨ ᠠᠵᠤ ᠠᠬᠤᠢ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠤᠯᠠᠨ ᠲᠦᠮᠡᠨ᠎ᠳᠤ ᠦᠨᠡᠨ ᠪᠣᠳᠠᠲᠠᠢ ᠠᠰᠢᠭ ᠬᠦᠷᠲᠡᠭᠡᠵᠦ᠍ ᠴᠢᠳᠠᠨ᠎ᠠ ᠭᠡᠳᠡᠭ᠎ᠢ ᠰᠡᠩᠬᠡᠷᠡᠭᠦᠯᠵᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃