ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-09-02 10:10:32

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠲᠦᠷᠦᠬᠦᠬᠡᠨ ᠶᠠᠪᠤᠭᠳᠠᠭᠰᠠᠨ 2026 ᠪᠤᠬᠢᠷᠳᠤᠯ ᠦᠭᠡᠢ ᠪᠤᠳᠤᠯᠲᠠ ᠶ᠋ᠢᠨ ᠬᠦᠴᠦᠨ(ᠵᠤᠬᠢᠶᠠᠮᠠᠯ ᠤᠶᠤᠨ ᠴᠢᠳᠠᠪᠤᠷᠢ) ᠤ᠋ ᠶᠡᠬᠡ ᠬᠤᠷᠠᠯ ᠤ᠋ᠨ 《ᠴᠢᠨᠠᠷ ᠰᠠᠢᠲᠠᠢ ᠳ᠋ᠡᠢᠲ᠋ᠠ ᠶ᠋ᠢᠨ ᠴᠤᠭᠯᠠᠷᠠᠯ ᠬᠢᠭᠡᠳ ᠳ᠋ᠠᠢᠲ᠋ᠠ ᠶ᠋ᠢᠨ ᠵᠡᠭᠦᠯᠲᠡ ᠬᠠᠳᠠᠭᠰᠠᠨ ᠠᠵᠤ ᠦᠢᠯᠡᠰ ᠤ᠋ᠨ ᠬᠠᠡᠭᠭᠠᠯᠭ᠎ᠠ ᠬᠡᠷᠡᠭᠴᠡᠭᠡ ᠵᠢ ᠵᠤᠯᠭᠠᠭᠤᠯᠬᠤ ᠠᠵᠢᠯᠯᠠᠭ᠎ᠠ》 ᠳᠡᠭᠡᠷ᠎ᠡ ᠬᠦᠬᠡᠬᠤᠲᠠ ᠶ᠋ᠢᠨ ᠳ᠋ᠡᠢᠲ᠋ᠠ ᠬᠢᠭᠡᠳ ᠵᠠᠭᠪᠤᠷ ᠢ᠋ ᠨᠢᠭᠡ ᠴᠤᠭᠴᠠᠵᠢᠭᠤᠯᠬᠤ ᠲᠤᠷᠰᠢᠯᠲᠠ ᠶ᠋ᠢᠨ ᠲᠠᠰᠤᠭ ᠫᠠᠢᠰᠠ ᠰᠡᠭᠦᠵᠦ ᠠᠵᠢᠯ ᠵᠢᠡᠨ ᠡᠬᠢᠯᠡᠬᠦᠯᠪᠡ᠃

ᠬᠦᠬᠡᠬᠤᠲᠠ ᠶ᠋ᠢᠨ ᠳ᠋ᠡᠢᠲ᠋ᠠ ᠬᠢᠭᠡᠳ ᠵᠠᠭᠪᠤᠷ ᠢ᠋ ᠨᠢᠭᠡ ᠴᠤᠭᠴᠠᠵᠢᠭᠤᠯᠬᠤ ᠲᠤᠷᠰᠢᠯᠲᠠ ᠶ᠋ᠢᠨ ᠲᠠᠰᠤᠭ ᠨᠢ ᠸᠠᠨ ᠶᠢᠦ ᠤᠶᠤᠨᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠤᠮᠫᠠᠨᠢ ᠶ᠋ᠢᠨ ᠰᠤᠳᠤᠯᠤᠨ ᠨᠡᠬᠡᠭᠡᠭᠰᠡᠨ VanorOS ᠤᠶᠤᠨᠳᠤ ᠴᠤᠭᠴᠠ ᠶ᠋ᠢᠨ ᠰᠠᠭᠤᠷᠢ ᠳ᠋ᠦ ᠲᠦᠰᠢᠭᠯᠡᠨ᠂ 《ᠠᠵᠢᠯ ᠲᠦᠷᠦᠯ ᠤ᠋ᠨ ᠤᠶᠤᠨᠳᠤ ᠴᠤᠭᠴᠠ ᠵᠢ ᠰᠤᠳᠤᠯᠬᠤ ᠡᠴᠡ ᠨᠠᠢᠳᠠᠪᠤᠷᠢᠵᠢᠭᠤᠯᠬᠤ ᠬᠦᠷᠲᠡᠯᠡᠬᠢ ᠤᠯᠠᠨ ᠨᠡᠢᠲᠡ ᠶ᠋ᠢᠨ ᠲᠤᠷᠰᠢᠯᠲᠡ ᠶ᠋ᠢᠨ ᠲᠠᠯᠠᠪᠤᠷ》 ᠲᠦ᠍ ᠬᠡᠷᠡᠭᠯᠡᠬᠦ ᠪᠡᠷ ᠪᠠᠢᠷᠢ ᠲᠤᠭᠲᠠᠭᠠᠯᠲᠠ ᠪᠠᠨ ᠪᠤᠯᠭᠠᠵᠤ᠂ ᠳ᠋ᠡᠢᠲ᠋ᠠ ᠪᠤᠯᠤᠨ ᠤᠶᠤᠨᠳᠤ ᠴᠤᠭᠴᠠ ᠵᠢ ᠠᠭᠤᠰᠤᠯᠴᠠᠭᠤᠯᠤᠨ ᠬᠡᠷᠡᠭᠯᠡᠬᠦ ᠪᠤᠭᠤᠮᠢ ᠵᠢ ᠡᠪᠳᠡᠨ᠂ ᠮᠡᠷᠭᠡᠵᠢᠯ ᠤ᠋ᠨ ᠦᠷ᠎ᠡ ᠪᠦᠲᠦᠭᠡᠯ ᠢ᠋ ᠠᠵᠤ ᠦᠢᠯᠡᠰ ᠤ᠋ᠨ ᠬᠡᠷᠡᠭᠯᠡᠭᠡᠨ ᠲᠡᠢᠰᠢ ᠤᠨᠳᠤᠤᠰᠢᠭᠤᠯᠬᠤ ᠵᠠᠡᠭᠬᠢᠯᠠᠭ᠎ᠠ ᠶ᠋ᠢᠨ ᠵᠠᠮ ᠢ᠋ ᠨᠡᠪᠲᠡᠷᠡᠭᠦᠯᠵᠦ᠂ ᠠᠵᠢᠯ ᠲᠦᠷᠦᠯ ᠤ᠋ᠨ ᠬᠠᠨᠳᠤᠯᠭᠠᠳᠤ ᠴᠢᠨᠠᠷᠲᠠᠢ ᠤᠶᠤᠨᠴᠢᠯᠠᠯᠲᠠ ᠪᠠ ᠳᠡᠰ ᠳᠡᠪᠰᠢᠯᠲᠡ ᠳ᠋ᠦ ᠳᠠᠪᠲᠠᠨ ᠬᠡᠷᠡᠭᠯᠡᠵᠦ ᠪᠤᠯᠬᠤ ᠠᠷᠭ᠎ᠠ ᠶ᠋ᠢᠨ ᠤᠨᠤᠯ ᠪᠤᠯᠤᠨ ᠰᠠᠭᠤᠷᠢ ᠲᠦᠬᠦᠭᠡᠷᠦᠮᠵᠢ ᠬᠠᠡᠭᠭᠠᠬᠤ ᠵᠢ ᠵᠤᠷᠢᠵᠤ ᠪᠠᠢᠨ᠎ᠠ᠃

ᠲᠤᠷᠰᠢᠯᠲᠠ ᠶ᠋ᠢᠨ ᠲᠠᠰᠤᠭ ᠨᠢ ᠬᠦᠬᠡᠬᠤᠲᠠ ᠶ᠋ᠢᠨ ᠪᠤᠬᠢᠷᠳᠤᠯ ᠦᠭᠡᠢ ᠪᠤᠳᠤᠯᠲᠠ ᠶ᠋ᠢᠨ ᠬᠦᠴᠦᠨ ᠤ᠋ ᠳᠠᠪᠠᠭᠤᠯᠢᠭ ᠪᠠ ᠤᠯᠤᠰ ᠤ᠋ᠨ ᠪᠤᠳᠤᠯᠲᠠ ᠶ᠋ᠢᠨ ᠬᠦᠴᠦᠨ ᠤ᠋ ᠬᠦᠢᠰᠦ ᠴᠡᠭ ᠤ᠋ᠨ ᠡᠬᠢ ᠪᠠᠶᠠᠯᠢᠭ ᠲᠦ᠍ ᠲᠦᠰᠢᠭᠯᠡᠨ ᠳ᠋ᠡᠢᠲ᠋ᠠ᠂ ᠵᠠᠭᠪᠤᠷ᠂ ᠤᠶᠤᠨᠳᠤ ᠴᠤᠭᠴᠠ ᠪᠤᠯᠤᠨ ᠠᠬᠤᠢ ᠲᠠᠯᠠᠪᠠᠢ ᠵᠢ ᠨᠢᠭᠡ ᠴᠤᠭᠴᠠᠵᠢᠭᠤᠯᠤᠭᠰᠠᠨ ᠦᠢᠯᠡᠴᠢᠯᠡᠭᠡᠨ ᠤ᠋ ᠰᠢᠰᠲᠸᠮ ᠢ᠋ ᠪᠠᠢᠭᠤᠯᠪᠠ᠃ ᠡᠭᠦᠨ ᠳ᠋ᠦ ᠭᠤᠤᠯᠳᠠᠭᠤ ᠵᠠᠰᠠᠭ ᠤ᠋ᠨ ᠶᠠᠪᠤᠳᠠᠯ᠂ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ᠂ ᠨᠡᠢᠯᠡᠮᠡᠯ ᠠᠮᠢᠳᠤ ᠪᠤᠳᠠᠰ ᠵᠡᠷᠭᠡ ᠬᠦᠷᠢᠶᠡᠨ ᠳ᠋ᠦ ᠠᠡᠭᠬᠠᠷᠤᠯ ᠶ᠋ᠢᠡᠨ ᠲᠦᠪᠯᠡᠷᠡᠭᠦᠯᠵᠦ᠂ ᠵᠦᠪᠰᠢᠶᠡᠷᠡᠨ ᠤᠷᠤᠭᠤᠯᠬᠤ᠂ ᠮᠡᠳᠡᠯᠭᠡ ᠬᠤᠷᠠᠮᠳᠤᠭᠤᠯᠬᠤ᠂ ᠬᠡᠷᠡᠭᠯᠡᠭᠡᠨ ᠤ᠋ ᠰᠤᠷᠢᠯᠲᠠ ᠬᠢᠬᠦ᠂ ᠠᠮᠤᠷ ᠲᠦᠪᠰᠢᠨ ᠢ᠋ ᠰᠢᠯᠭᠠᠨ ᠦᠨᠡᠯᠡᠬᠦ ᠵᠡᠷᠭᠡ ᠠᠵᠢᠯ ᠲᠦᠷᠦᠯ ᠤ᠋ᠨ ᠤᠶᠤᠨᠳᠤ ᠴᠤᠭᠴᠠ ᠵᠢ ᠨᠡᠬᠡᠭᠡᠨ ᠬᠦᠭᠵᠢᠭᠦᠯᠬᠦ ᠪᠦᠬᠦ ᠶᠠᠪᠤᠴᠠ ᠶ᠋ᠢᠨ ᠲᠤᠭᠤᠷᠢᠨ ᠳ᠋ᠦ ᠬᠠᠨᠳᠤᠯᠭᠠᠲᠤ ᠴᠢᠨᠠᠷᠲᠠᠢ ᠬᠤᠪᠤᠷ ᠴᠤᠬᠠᠭ ᠲᠤᠭ᠎ᠠ ᠪᠠᠷᠢᠮᠳᠠ ᠪᠡᠷ ᠳᠤᠲᠠᠮᠠᠭ᠂ ᠦᠪᠡᠷ ᠤ᠋ᠨ ᠦᠷᠳᠡᠭ ᠦᠨᠳᠦᠷ᠂ ᠪᠤᠳᠠᠲᠠᠢ ᠤᠷᠴᠢᠨ ᠲᠤᠭᠤᠷᠢᠨ ᠢ᠋ ᠰᠢᠯᠭᠠᠨ ᠪᠠᠲᠤᠯᠠᠬᠤ ᠳ᠋ᠦ ᠬᠦᠴᠢᠷ ᠵᠡᠷᠭᠡ ᠠᠵᠢᠯ ᠲᠦᠷᠦᠯ ᠤ᠋ᠨ ᠡᠪᠡᠷᠰᠢᠶᠡᠯ ᠤ᠋ᠨ ᠠᠰᠠᠭᠤᠳᠠᠯ ᠢ᠋ ᠰᠢᠢᠳᠪᠦᠷᠢᠯᠡᠵᠦ᠂ ᠬᠦᠬᠡᠬᠤᠲᠠ ᠴᠢᠨᠠᠭᠰᠢᠯᠠᠨ ᠪᠦᠬᠦ ᠤᠯᠤᠰ ᠤ᠋ᠨ ᠳ᠋ᠠᠢᠲ᠋ᠠ ᠵᠢᠨ ᠲᠠᠰᠤᠯᠪᠤᠷᠢ ᠵᠢᠨ ᠠᠵᠤ ᠠᠬᠤᠢ ᠶ᠋ᠢᠨ ᠴᠢᠨᠠᠷ ᠰᠠᠢᠲᠠᠢ ᠬᠦᠭᠵᠢᠯᠲᠡ ᠳ᠋ᠦ ᠰᠢᠨ᠎ᠡ ᠬᠦᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面