ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-09-28 11:27:20

ᠵᠣᠬᠢᠶᠠᠭ᠍ᠴᠢ᠄ ᠦᠨᠢᠷ ᠣᠩᠱᠢᠭ᠍ᠰᠠᠨ ᠣᠳᠠᠭ᠎ᠠ᠄ 3

ᠣᠳᠣᠬᠠᠨ ᠳ᠋ᠤ ᠮᠠᠨ ᠤ᠋ ᠤᠷᠤᠨ ᠤ᠋ ᠳᠥᠷᠥᠭᠡᠨ ᠠᠮᠠᠰᠠᠷ ᠤᠰᠤᠯᠠᠯᠲᠠ ᠢ᠋ᠢᠨ ᠣᠷᠣᠨ ᠤ᠋ ᠤᠰᠤ ᠠᠷᠪᠢᠯᠠᠬᠤ ᠤᠰᠤᠯᠠᠯᠲᠠ ᠢ᠋ᠢᠨ ᠲᠠᠯᠠᠪᠠᠢ 48.6 ᠲᠦᠮᠡᠨ ᠮᠦ᠍ ᠳ᠋ᠤ ᠬᠦᠷᠴᠤ᠂ 63.5 ᠲᠦᠮᠡᠨ ᠮᠦ᠍ ᠤᠰᠤᠯᠠᠯᠲᠠ ᠢ᠋ᠢᠨ ᠲᠠᠷᠢᠶ᠎ᠠ ᠢ᠋ᠢ ᠰᠠᠶ᠋ᠢᠵᠢᠷᠠᠭᠤᠯᠤᠨ᠂ ᠤᠰᠤ ᠠᠷᠪᠢᠯᠠᠬᠤ ᠴᠢᠳᠠᠪᠤᠷᠢ ᠢ᠋ᠢ 5880 ᠲᠦᠮᠡᠨ ᠪᠣᠰᠣᠭ᠎ᠠ ᠳᠥᠷᠪᠡᠯᠵᠢᠨ ᠮᠧᠲ᠋ᠷ ᠰᠢᠨ᠎ᠡ ᠪᠡᠷ ᠨᠡᠮᠡᠭᠳᠡᠭᠦᠯᠪᠠ᠃

ᠣᠶ᠋ᠢᠷ᠎ᠠ ᠢ᠋ᠢᠨ ᠵᠢᠯ ᠳ᠋ᠤ ᠦᠪᠦᠷ ᠮᠤᠡᠭᠭᠤᠯ《ᠲᠦᠬᠦᠭᠡᠷᠦᠮᠵᠢ ᠪᠦᠷᠢᠨ ᠲᠡᠭᠦᠯᠳᠡᠷ᠂ ᠤᠰᠤ ᠠᠷᠪᠢᠯᠠᠬᠤ ᠴᠢᠳᠠᠪᠤᠷᠢ ᠥᠨᠳᠥᠷ ᠪᠦᠲᠦᠮᠵᠢᠲᠡᠶ᠂ ᠬᠠᠮᠢᠶᠠᠷᠤᠯᠲᠠ ᠰᠢᠨᠵᠢᠯᠡᠬᠦ᠌ ᠤᠬᠠᠭᠠᠨᠴᠢ᠂ ᠠᠮᠢ ᠠᠬᠤᠶ ᠭᠤᠢᠳᠠ ᠰᠠᠶ᠋ᠢᠬᠠᠨ》 ᠣᠳᠣᠬᠢᠴᠢᠯᠠᠭᠰᠠᠨ ᠤᠰᠤᠯᠠᠯᠲᠠ ᠢ᠋ᠢᠨ ᠣᠷᠣᠨ ᠢ᠋ ᠪᠦᠲᠦᠭᠡᠨ ᠪᠠᠶ᠋ᠢᠭᠤᠯᠬᠤ ᠪᠡᠷ ᠬᠠᠷᠠᠯᠲᠠ ᠪᠣᠯᠭᠠᠨ ᠳᠥᠷᠥᠭᠡᠨ ᠠᠮᠠᠰᠠᠷ ᠤᠰᠤᠯᠠᠯᠲᠠ ᠢ᠋ᠢᠨ ᠣᠷᠣᠨ ᠤ᠋ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠢ᠋ᠢ ᠪᠦᠬᠦ᠌ ᠲᠠᠯ᠎ᠠ ᠪᠡᠷ ᠠᠬᠢᠭᠤᠯᠪᠠ᠃ ᠪᠠᠶ᠋ᠢᠭᠤᠯᠵᠤ ᠬᠠᠮᠢᠶᠠᠷᠬᠤ ᠢ᠋ᠢ ᠵᠡᠷᠭᠡ ᠪᠡᠷ ᠴᠢᠬᠤᠯᠠᠴᠢᠯᠠᠵᠤ ᠦᠨᠳᠦᠰᠦ ᠰᠠᠭᠤᠷᠢ ᠢ᠋ᠢ ᠴᠢᠩᠭᠠᠳᠬᠠᠵᠤ᠂ ᠨᠠᠷᠢᠯᠢᠭ ᠲᠣᠬᠢᠷᠠᠭᠤᠯᠤᠨ ᠦᠷ᠎ᠡ ᠪᠦᠲᠦᠮᠵᠢ ᠢ᠋ᠢ ᠳᠡᠭᠡᠭᠰᠢᠯᠡᠭᠦᠯᠵᠤ᠂ ᠤᠰᠤᠯᠠᠯᠲᠠ ᠢ᠋ᠢᠨ ᠦᠶᠡᠯᠡᠯ ᠤ᠋ᠨ ᠬᠤᠭᠤᠴᠠᠭ᠎ᠠ ᠢ᠋ᠢ ᠬᠠᠮᠤᠭ ᠤ᠋ᠨ ᠶᠡᠬᠡ ᠬᠡᠮᠵᠢᠶ᠎ᠡ ᠪᠡᠷ ᠪᠠᠭᠠᠰᠬᠠᠵᠤ᠂ ᠪᠥᠬᠥ᠌ ᠣᠷᠣᠨ ᠪᠦᠰᠡ ᠢ᠋ᠢᠨ ᠤᠰᠤᠨ ᠤ᠋ ᠬᠠᠩᠭᠠᠯᠭ᠎ᠠ ᠢ᠋ᠢ ᠲᠡᠩᠴᠡᠭᠦᠷᠢᠲᠡᠶ᠂ ᠡᠮᠬᠢ ᠵᠢᠷᠤᠮ ᠲᠠᠢ ᠪᠥᠭᠡᠳ ᠲᠣᠭᠲᠠᠭᠤᠨ ᠪᠠᠶ᠋ᠢᠯᠭᠠᠬᠤ ᠢ᠋ᠢ ᠪᠠᠲᠤᠯᠠᠪᠠ; 《ᠶᠡᠷᠦᠩᠬᠡᠶ ᠬᠡᠮᠵᠢᠶ᠎ᠡ ᠢ᠋ᠢ ᠬᠢᠵᠠᠭᠠᠷᠯᠠᠵᠤ ᠨᠣᠷᠮ᠎ᠠ ᠲᠣᠭᠲᠠᠭᠠᠨ ᠬᠠᠮᠢᠶᠠᠷᠬᠤ》 ᠢ᠋ᠢ ᠪᠠᠷᠢᠮᠲᠠᠯᠠᠨ᠂ ᠡᠯ᠎ᠡ ᠣᠷᠣᠨ ᠪᠦᠰᠡ ᠢ᠋ᠢᠨ ᠤᠰᠤ ᠬᠡᠷᠡᠭᠯᠡᠬᠦ᠌ ᠬᠡᠷᠡᠭᠴᠡᠭᠡ ᠱᠠᠭᠠᠷᠳᠠᠯᠭ᠎ᠠ ᠢ᠋ᠢ ᠣᠨᠣᠪᠴᠢᠲᠠᠶ ᠤᠶ᠋ᠢᠯᠠᠭᠠᠨ ᠵᠢᠭᠰᠠᠭᠠᠵᠤ᠂ ᠤᠰᠤᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠢ᠋ᠢ ᠰᠢᠨᠵᠢᠯᠡᠬᠦ᠌ ᠤᠬᠠᠭᠠᠨᠴᠢ ᠪᠡᠷ ᠰᠢᠯᠢᠳᠡᠭᠵᠢᠭᠦᠯᠪᠠ; ᠲᠦᠬᠦᠭᠡᠷᠦᠮᠵᠢ ᠢ᠋ᠢ ᠬᠠᠮᠢᠶᠠᠷᠴᠤ᠌ ᠬᠠᠮᠠᠭᠠᠯᠠᠬᠤ ᠠᠵᠢᠯ ᠢ᠋ ᠪᠠᠶ᠋ᠢᠩᠭᠤᠵᠢᠭᠤᠯᠤᠨ ᠥᠷᠨᠢᠭᠦᠯᠵᠦ᠍᠂ ᠲᠤᠰᠬᠠᠶ ᠪᠠᠯᠠ ᠮᠥᠩᠭᠥ᠌ ᠣᠷᠣᠭᠤᠯᠤᠨ ᠳᠤᠨᠤᠭ ᠲᠦᠭᠦᠭᠡᠷᠦᠮᠵᠢ ᠢ᠋ᠢ ᠰᠡᠯᠪᠢᠨ ᠵᠠᠰᠠᠬᠤ ᠂ ᠬᠥᠭᠡᠷᠭᠡ ᠢ᠋ᠢᠨ ᠥᠷᠲᠡᠭᠡ ᠢ᠋ᠢ ᠠᠷᠠᠴᠢᠯᠠᠨ ᠬᠠᠮᠠᠭᠠᠯᠠᠬᠤ ᠵᠢᠴᠢ ᠮᠡᠳᠡᠭᠡ ᠵᠠᠩᠭᠢᠵᠢᠯᠲᠠ ᠢ᠋ᠢᠨ ᠲᠥᠬᠥᠭᠡᠷᠦᠮᠵᠢ ᠢ᠋ᠢ ᠬᠠᠮᠠᠭᠠᠯᠠᠬᠤ᠎ᠠᠵᠢᠯ ᠢ᠋ ᠥᠷᠨᠢᠭᠦᠯᠵᠦ᠍᠂ ᠤᠰᠤᠯᠠᠯᠲᠠ ᠢ᠋ᠢᠨ ᠣᠷᠣᠨ ᠤ᠋ ᠡᠯ᠎ᠡ ᠲᠥᠷᠥᠯ ᠤ᠋ᠨ ᠳᠤᠨᠤᠭ ᠲᠦᠬᠦᠭᠡᠷᠦᠮᠵᠢ ᠢ᠋ᠢᠨ ᠣᠷᠳᠣ ᠬᠤᠭᠤᠴᠠᠭ᠎ᠠ ᠪᠡᠷ ᠲᠣᠭᠲᠠᠭᠤᠨ ᠠᠵᠢᠯᠯᠠᠬᠤ ᠢ᠋ᠢ ᠪᠠᠲᠤᠯᠠᠪᠠ ᠃



  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面