2026-09-28 11:28:57
ᠲᠦᠩᠯᠢᠶᠣᠣ ᠬᠣᠲᠠ ᠭᠠᠵᠠᠷ ᠤᠷᠤᠨᠤ ᠪᠠᠢᠳᠠᠯ ᠳ᠋ᠠᠭᠠᠨ ᠲᠣᠬᠢᠷᠠᠭᠤᠯᠤᠨ ᠠᠷᠭ᠎ᠠ ᠪᠣᠳᠣᠯᠭ᠎ᠠ ᠶ᠋ᠢ ᠣᠨᠣᠴᠠᠲᠠᠶ ᠬᠡᠷᠡᠭᠵᠢᠭᠦᠯᠵᠦ᠂ ᠪᠥᠬᠥ ᠣᠷᠣᠨ ᠪᠦᠰᠡ ᠳ᠋ᠤ ᠨᠤᠳᠤᠭ ᠪᠡᠯᠴᠢᠭᠡᠷ ᠤ᠋ᠨ ᠬᠦᠨᠦᠭᠡᠯᠲᠤ ᠬᠣᠷᠣᠬᠠᠢ ᠶ᠋ᠢ ᠰᠡᠷᠭᠡᠢᠯᠡᠨ ᠵᠠᠰᠠᠬᠤ ᠠᠵᠢᠯ ᠢ᠋ ᠢᠳᠡᠪᠬᠢᠳᠠᠢ ᠥᠷᠨᠢᠭᠦᠯᠵᠦ᠂ ᠪᠥᠬᠥ ᠬᠣᠲᠠ ᠳ᠋ᠤ ᠨᠡᠢᠲᠡ 61.05 ᠲᠦᠮᠡᠨ ᠮᠦ᠍ ᠪᠡᠯᠴᠢᠭᠡᠷ ᠤ᠋ᠨ ᠬᠣᠷᠣᠬᠠᠢ ᠵᠢᠨ ᠬᠥᠨᠥᠭᠡᠯ ᠢ᠋ ᠰᠡᠷᠭᠡᠢᠯᠡᠨ ᠵᠠᠰᠠᠬᠤ ᠠᠵᠢᠯ ᠢ᠋ ᠪᠡᠶᠡᠯᠡᠭᠦᠯᠵᠦ᠂ ᠪᠦᠬᠦᠨ ᠵᠢᠡᠷ ᠵᠢᠡᠨ ᠪᠤᠬᠢᠷᠳᠤᠯ ᠦᠭᠡᠢ ᠰᠡᠷᠭᠡᠢᠯᠡᠨ ᠡᠵᠡᠮᠳᠡᠬᠦ ᠠᠷᠭ᠎ᠠ ᠪᠠᠷᠢᠯ ᠢ᠋ ᠬᠡᠷᠡᠭᠯᠡᠪᠡ᠃ ᠡᠭᠦᠨ ᠳ᠋ᠤ ᠵᠢᠯᠣᠭᠣᠴᠢ ᠦᠭᠡᠢ ᠨᠢᠰᠬᠡᠯ ᠵᠢᠡᠷ 14.55 ᠲᠦᠮᠡᠨ ᠮᠦ᠍᠂ ᠮᠠᠰᠢᠨ ᠮᠧᠬᠠᠨᠢᠭ᠋ ᠵᠢᠡᠷ 46.5 ᠲᠦᠮᠡᠨ ᠮᠦ᠍ ᠶ᠋ᠢ ᠰᠡᠷᠭᠡᠢᠯᠡᠨ ᠵᠠᠰᠠᠪᠠ᠃
ᠡᠨᠡ ᠵᠢᠯ ᠳ᠋ᠤ ᠪᠦᠬᠦ ᠬᠤᠳᠠ ᠵᠢᠨ ᠡᠯ᠎ᠡ ᠬᠤᠰᠢᠭᠤ ᠰᠢᠶᠠᠨ ᠳ᠋ᠤ ᠨᠤᠳᠤᠭ ᠪᠡᠯᠴᠢᠭᠡᠷ ᠤ᠋ᠨ ᠬᠤᠷᠤᠬᠠᠢ ᠵᠢᠨ ᠬᠦᠨᠦᠭᠡᠯ ᠤ᠋ᠨ ᠭᠠᠮᠰᠢᠭ ᠠᠳᠠᠯᠢ ᠪᠤᠰᠤ ᠬᠡᠮᠵᠢᠶ᠎ᠡ ᠪᠡᠷ ᠡᠭᠦᠰᠴᠠᠢ ᠂ ᠡᠭᠦᠨ ᠳ᠋ᠤ ᠬᠤᠳᠠ ᠬᠤᠰᠢᠭᠤ ᠰᠢᠶᠠᠨ ᠬᠤᠶᠠᠷ ᠱᠠᠳᠤᠨ ᠤ᠋ ᠨᠤᠳᠤᠭ ᠪᠡᠯᠴᠢᠭᠡᠷ ᠤ᠋ᠨ ᠬᠦᠨᠦᠭᠡᠯᠳᠤ ᠬᠤᠷᠤᠬᠠᠢ ᠵᠢ ᠰᠡᠷᠭᠡᠢᠯᠡᠨ ᠵᠠᠰᠠᠬᠤ ᠪᠠᠢᠭᠤᠯᠤᠮᠵᠢ ᠵᠢᠨ ᠬᠠᠮᠳᠤ ᠵᠢᠨ ᠴᠢᠷᠮᠠᠢᠯᠭ᠎ᠠ ᠳᠤᠤᠷ᠎ᠠ ᠬᠠᠮᠤᠭ ᠤ᠋ᠨ ᠶᠡᠭᠡ ᠬᠡᠮᠵᠢᠶ᠎ᠡ ᠪᠡᠷ ᠬᠤᠷᠤᠬᠠᠢ ᠵᠢᠨ ᠬᠦᠨᠦᠭᠡᠯ ᠡᠴᠡ ᠪᠤᠯᠤᠭᠰᠠᠨ ᠠᠮᠢ ᠠᠬᠤᠢ ᠪᠤᠯᠤᠨ ᠠᠵᠤ ᠠᠬᠤᠢ ᠵᠢᠨ ᠬᠤᠬᠢᠷᠠᠯ ᠢ᠋ ᠪᠠᠭᠠᠰᠬᠠᠭᠰᠠᠨ ᠪᠠᠢᠨ᠎ᠠ᠃ ᠬᠦᠨᠦᠭᠡᠯᠲᠤ ᠬᠣᠷᠣᠬᠠᠢ ᠶ᠋ᠢ ᠰᠡᠷᠭᠡᠢᠯᠡᠨ ᠵᠠᠰᠠᠬᠤ ᠠᠵᠢᠯ ᠢ᠋ ᠥᠷᠨᠢᠭᠦᠯᠬᠦ ᠬᠤᠭᠤᠴᠠᠭᠠᠨᠳᠤ᠂ 131 ᠰᠠᠭᠤᠷᠢ ᠡᠮ ᠰᠦᠷᠴᠢᠭᠦ ᠮᠠᠰᠢᠨ ᠲᠡᠷᠭᠡ ᠪᠤᠯᠤᠨ 3502 ᠵᠢᠯᠣᠭᠣᠴᠢ ᠦᠭᠡᠢ ᠨᠢᠰᠬᠡᠯ ᠢ᠋ ᠲᠤᠬᠢᠷᠠᠭᠤᠯᠵᠤ᠂ 220 ᠰᠠᠭᠤᠷᠢ ᠪᠠᠳᠤᠯᠠᠭ᠎ᠠ ᠵᠢᠨ ᠮᠠᠰᠢᠨ ᠮᠧᠬᠠᠨᠢᠭ ᠢ᠋ ᠬᠦᠳᠡᠯᠭᠡᠨ᠂ 300 ᠬᠦᠮᠦᠨ ᠤᠳᠠᠭ᠎ᠠ ᠵᠢᠨ ᠬᠦᠳᠡᠯᠮᠦᠷᠢ ᠬᠦᠴᠦᠨ ᠢ᠋ ᠤᠷᠤᠭᠤᠯᠵᠤ᠂ ᠡᠭᠦᠨ ᠳ᠋ᠤ ᠲᠤᠰᠬᠠᠢ ᠮᠡᠷᠭᠡᠵᠢᠯᠦᠨ ᠠᠵᠢᠯᠲᠠᠨ ᠨᠡᠶ᠋ᠢᠲᠡ 221 ᠬᠥᠮᠥᠨ ᠤᠳᠠᠭ᠎ᠠ ᠤᠷᠤᠯᠴᠠᠵᠤ᠂ 124.7 ᠲᠣᠨ ᠠᠮᠢᠳᠤ ᠪᠣᠳᠠᠰᠤᠨ ᠲᠠᠷᠢᠶᠠᠨ ᠡᠮ ᠢ᠋ ᠬᠡᠷᠡᠭᠯᠡᠪᠡ᠃ ᠡᠭᠦᠨ ᠳ᠋ᠤ ᠤᠯᠠᠮ ᠵᠢᠡᠷ ᠨᠤᠲᠤᠭ ᠪᠡᠯᠴᠢᠭᠡᠷᠦᠨ ᠬᠦᠨᠤᠭᠡᠯᠳᠤ ᠬᠣᠷᠣᠬᠠᠢ ᠵᠢᠨ ᠰᠠᠭᠤᠷᠢ ᠲᠣᠭ᠎ᠠ ᠶ᠋ᠢ ᠪᠦᠲᠦᠮᠵᠢᠲᠡᠶ ᠪᠠᠭᠠᠰᠬᠠᠵᠤ᠂ ᠬᠣᠷᠣᠬᠠᠢ ᠵᠢᠨ ᠭᠠᠮᠰᠢᠭ᠋ᠤᠨ ᠳᠡᠯᠭᠡᠷᠡᠬᠦ ᠪᠠᠢᠳᠠᠯ ᠢ᠋ ᠲᠦᠷᠭᠡᠨ ᠲᠣᠭᠲᠠᠪᠤᠷᠢᠵᠢᠭᠤᠯᠤᠨ᠂ ᠨᠤᠲᠤᠭ ᠪᠡᠯᠴᠢᠭᠡᠷᠦᠨ ᠠᠮᠢ ᠠᠬᠤᠢ ᠵᠢᠨ ᠤᠷᠭᠤᠮᠠᠯᠤᠨ ᠬᠤᠴᠢᠯᠭ᠎ᠠ ᠶ᠋ᠢ ᠬᠠᠮᠠᠭᠠᠯᠠᠬᠤ ᠳ᠋ᠤ ᠬᠦᠴᠦᠨ ᠨᠡᠮᠡᠷᠢᠯᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃