2026-09-28 11:24:50
ᠬᠥᠯᠥᠨ ᠨᠠᠭᠤᠷ ᠤ᠋ᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠨᠢᠭᠡᠨᠲᠡ 2026 ᠣᠨ ᠤ᠋ ᠵᠣᠨ ᠤ᠋ ᠤᠯᠠᠷᠢᠯ ᠤ᠋ᠨ ᠰᠢᠪᠠᠭᠤᠨ ᠤ᠋ ᠲᠥᠷᠥᠯᠢ ᠬᠢᠨᠠᠨ ᠬᠡᠮᠵᠢᠬᠦ ᠠᠵᠢᠯᠢ ᠪᠡᠶᠡᠯᠡᠭᠦᠯᠵᠦ᠂ ᠨᠡᠶ᠋ᠢᠲᠡ 80 ᠲᠦᠷᠦᠯ ᠤ᠋ᠨ 66185 ᠰᠢᠪᠠᠭᠤ ᠶ᠋ᠢ ᠬᠢᠨᠠᠨ ᠬᠡᠮᠵᠢᠵᠤ᠂ ᠠᠳᠠᠯᠢ ᠬᠤᠭᠤᠴᠠᠭᠠᠨ ᠤ᠋ ᠬᠢ ᠡᠴᠡ 6.3% ᠪᠡᠷ ᠨᠡᠮᠡᠭᠳᠡᠪᠡ᠃
ᠲᠣᠰ ᠤᠳᠠᠭᠠᠨ ᠤ᠋ ᠬᠢᠨᠠᠨ ᠬᠡᠮᠵᠢᠯᠲᠡ ᠳ᠋ᠤ᠂ ᠤᠯᠤᠰ ᠤ᠋ᠨ ᠨᠢᠭᠡᠳᠦᠭᠡᠷ ᠳᠡᠰ ᠤ᠋ᠨ ᠬᠠᠮᠠᠭᠠᠯᠠᠯᠳᠠ ᠵᠢᠨ ᠠᠮᠢᠳᠠᠨ 4 ᠲᠦᠷᠦᠯ ᠤ᠋ᠨ 19 ᠠᠮᠢᠳᠠᠨ ᠢ᠋ ᠳᠡᠮᠳᠡᠭᠯᠡᠵᠤ᠂ ᠤᠯᠤᠰ ᠤ᠋ᠨ ᠬᠣᠶᠠᠳᠤᠭᠠᠷ ᠳᠡᠰ ᠤ᠋ᠨ ᠬᠠᠮᠠᠭᠠᠯᠠᠯᠳᠠ ᠵᠢᠨ ᠠᠮᠢᠲᠠᠨ 13 ᠲᠦᠷᠦᠯ ᠤ᠋ᠨ 39083 ᠠᠮᠢᠳᠠᠨ ᠪᠤᠢ᠃ ᠬᠢᠨᠠᠨ ᠬᠡᠮᠵᠢᠯᠳᠠ ᠵᠢᠨ ᠦᠷ᠎ᠡ ᠳ᠋ᠦᠩ ᠡᠴᠡ ᠦᠵᠡᠪᠡᠯ᠂ ᠣᠯᠠᠩᠬᠢ ᠬᠠᠷᠠᠯᠲᠠᠲᠤ ᠰᠢᠪᠠᠭᠤᠨ ᠤ᠋ ᠲᠥᠷᠥᠯ ᠨᠢ ᠨᠢᠭᠡᠨᠲᠡ ᠠᠩᠭᠠᠬᠠᠢ ᠳᠡᠭᠳᠡᠭᠡᠭᠡᠢ ᠨᠡᠪᠴᠢᠵᠤ᠂ ᠦᠷᠡᠵᠢᠯᠲᠡ ᠵᠢᠨ ᠬᠤᠭᠤᠴᠠᠭᠠᠨ ᠳ᠋ᠤ ᠤᠷᠤᠭᠰᠠᠨ ᠰᠢᠪᠠᠭᠤᠨ ᠤ᠋ ᠲᠥᠷᠥᠯ ᠳ᠋ᠤ ᠭᠣᠣᠯᠳᠠᠭᠤ ᠭᠠᠯᠠᠭᠤ ᠨᠤᠭᠤᠰᠤᠨ ᠤ᠋ ᠲᠦᠷᠦᠯ᠂ ᠬᠠᠯᠪᠠᠭᠠᠳᠤ ᠦᠷᠪᠢᠯᠳᠠᠢ᠂ ᠬᠥᠬᠡ ᠳᠡᠭᠡᠯᠡᠢ ᠵᠡᠷᠭᠡ ᠤᠰᠤᠨ ᠤ᠋ ᠰᠢᠪᠠᠭᠤ ᠪᠤᠢ᠂ ᠪᠠᠰᠠ ᠠᠭᠤᠯᠠ ᠵᠢᠨ ᠰᠠᠷ᠂ ᠨᠠᠴᠢᠨ ᠵᠡᠷᠭᠡ ᠳᠣᠭ᠍ᠰᠢᠨ ᠵᠢᠭᠦᠷᠲᠡᠨ ᠵᠢᠴᠢ ᠬᠡᠰᠡᠭ ᠪᠢᠯᠵᠤᠤᠬᠠᠢ ᠵᠢᠨ ᠪᠠᠭ ᠤ᠋ᠨ ᠰᠢᠪᠠᠭᠤᠨ ᠤ᠋ ᠲᠥᠷᠥᠯ ᠪᠠᠭᠲᠠᠵᠠᠢ᠃
ᠤᠢᠯᠠᠭᠠᠭᠰᠠᠨ ᠵᠢᠡᠷ᠂ ᠬᠥᠯᠥᠨ ᠨᠠᠭᠤᠷ ᠤ᠋ᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠰᠢᠪᠠᠭᠤᠨ ᠤ᠋ ᠲᠥᠷᠥᠯ ᠦᠨ ᠲᠠᠷᠬᠠᠯᠲᠠ ᠬᠢᠭᠡᠳ ᠨᠡᠭᠦᠳᠡᠯ ᠠᠵᠢᠯᠯᠠᠭ᠎ᠠ ᠵᠢ ᠬᠢᠨᠠᠨ ᠬᠡᠮᠵᠢᠬᠦ ᠠᠵᠢᠯ ᠢ ᠦᠷᠭᠦᠯᠵᠢᠯᠡᠨ ᠪᠠᠢᠩᠭᠤᠵᠢᠭᠤᠯᠤᠨ ᠥᠷᠨᠢᠭᠦᠯᠵᠦ᠂ ᠣᠷᠣᠨ ᠪᠦᠰᠡ ᠳ᠋ᠡᠬᠢ ᠰᠢᠪᠠᠭᠤᠨ ᠤ᠋ ᠲᠥᠷᠥᠯᠦᠨ ᠨᠡᠭᠦᠳᠡᠯᠯᠡᠬᠦ ᠴᠠᠭ ᠤ᠋ᠨ ᠵᠢᠮ᠎ᠡ ᠶᠣᠰᠣ᠌᠂ ᠦᠷᠡᠵᠢᠵᠦ ᠲᠦᠯᠵᠢᠬᠦ ᠵᠡᠷᠭᠡ ᠪᠠᠢᠳᠠᠯ ᠢ ᠲᠣᠳᠣᠷᠬᠠᠢ ᠣᠢᠯᠠᠭᠠᠨ᠂ ᠰᠢᠪᠠᠭᠤᠨ ᠤ᠋ ᠲᠥᠷᠥᠯᠦᠨ ᠣᠷᠣᠰᠢᠨ ᠠᠮᠢᠳᠤᠷᠠᠬᠤ ᠣᠷᠴᠢᠨ ᠨᠥᠬᠥᠴᠡᠯ ᠦᠨ ᠬᠤᠪᠢᠷᠠᠯᠲᠠ ᠵᠢᠨ ᠪᠠᠢᠳᠠᠯᠢ ᠬᠥᠳᠡᠯᠦᠩᠭᠦᠢᠪᠡᠷ ᠡᠵᠡᠮᠰᠢᠨ᠂ ᠰᠢᠪᠠᠭᠤᠨ ᠤ᠋ ᠲᠥᠷᠥᠯᠢ ᠬᠠᠮᠠᠭᠠᠯᠠᠬᠤ ᠠᠷᠭ᠎ᠠ ᠪᠣᠳᠣᠯᠭ᠎ᠠᠶᠢ ᠰᠢᠯᠢᠳᠡᠭᠵᠢᠭᠦᠯᠬᠦ᠂ ᠠᠮᠢ ᠠᠬᠤᠢ ᠵᠢᠨ ᠬᠠᠮᠢᠶᠠᠷᠤᠯᠲᠠ ᠬᠠᠮᠠᠭᠠᠯᠠᠯᠲᠠ ᠵᠢᠨ ᠰᠢᠰᠲᠧᠮᠢ ᠲᠡᠭᠦᠯᠳᠡᠷᠵᠢᠭᠦᠯ᠂ ᠤᠨᠤᠴᠠᠲᠠᠢ ᠪᠠᠷ ᠠᠮᠢ ᠠᠬᠤᠢᠶᠢ ᠵᠠᠰᠠᠨ ᠰᠡᠷᠭᠦᠭᠡᠬᠦ ᠵᠡᠷᠭᠡ ᠬᠠᠮᠠᠭᠠᠯᠠᠯᠲᠠ ᠬᠠᠮᠢᠶᠠᠷᠤᠯᠲᠠ ᠵᠢᠨ ᠠᠵᠢᠯ ᠢ ᠥᠷᠨᠢᠭᠦᠯᠬᠦ ᠳ᠋ᠤ ᠪᠠᠲᠤ ᠪᠡᠬᠢ᠂ ᠰᠢᠨᠵᠢᠯᠡᠬᠦ ᠤᠬᠠᠭᠠᠨᠴᠢ᠂ ᠨᠠᠢᠳᠠᠪᠤᠷᠢᠲᠠᠢ ᠲᠣᠭ᠎ᠠ ᠪᠠᠷᠢᠮᠲᠠ ᠵᠢᠨ ᠲᠤᠯᠭᠠᠭᠤᠷᠢᠯᠠᠯ ᠪᠠ ᠣᠨᠣᠯ ᠤ᠋ᠨ ᠦᠨᠳᠦᠰᠦᠯᠡᠯ ᠬᠠᠩᠭᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃