ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-10-24 17:38:34

ᠵᠣᠬᠢᠶᠠᠭ᠍ᠴᠢ᠄ ᠡᠷᠳᠡᠨᠢᠬᠤᠸᠠᠷ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠺᠠᠨᠠᠳᠠ ᠡᠴᠡ ᠤᠷᠤᠭᠤᠯᠵᠤ ᠠᠪᠴᠢᠷᠠᠭᠰᠠᠨ 1.8 ᠲᠦᠮᠡ ᠭᠠᠷᠤᠢ ᠰᠢᠷᠬᠡᠭ ᠦᠭᠡᠷ ᠤ᠋ᠨ ᠢᠴᠡᠭᠡᠯ ᠦᠷ᠎ᠠ ᠬᠦᠬᠡᠬᠤᠳᠠ ᠪᠤᠭᠤᠮᠳᠠ ᠶ᠋ᠢᠨ ᠬᠠᠷᠢᠶ᠎ᠠ ᠰᠠᠢᠬᠠᠨ ᠪᠤᠭᠤᠮᠳᠠ ᠶ᠋ᠢᠨ ᠬᠠᠷᠢᠶᠠᠳᠤ ᠭᠠᠵᠠᠷ ᠤ᠋ᠨ ᠰᠢᠯᠭᠠᠨ ᠪᠠᠢᠴᠠᠭᠠᠯᠳᠠ ᠶ᠋ᠢ ᠤᠷᠤᠭᠰᠢᠳᠠᠢ ᠦᠩᠭᠡᠷᠡᠨ ᠪᠤᠭᠤᠮᠳᠠ ᠪᠡᠷ ᠤᠷᠤᠵᠤ ᠢᠷᠡᠪᠡ᠃ ᠡᠳᠡᠭᠡᠷ ᠢᠴᠡᠭᠡᠯ ᠦᠷ᠎ᠠ ᠶ᠋ᠢ ᠦᠪᠦᠷ ᠮᠤᠩᠭᠤᠯ ᠤ᠋ᠨ ᠰᠠᠢ ᠺᠧ ᠰᠢᠩ ᠭᠡᠷ ᠤ᠋ᠨ ᠲᠡᠵᠢᠭᠡᠪᠤᠷᠢ ᠶ᠋ᠢᠨ ᠦᠷ᠎ᠠ ᠶ᠋ᠢᠨ ᠦᠢᠯᠡᠰ ᠬᠢᠭᠡᠳ ᠦᠷᠡᠵᠢᠭᠦᠯᠦᠨ ᠪᠤᠢᠵᠢᠭᠤᠯᠬᠤ ᠠᠮᠢᠳᠤ ᠪᠤᠳᠠᠰ ᠤ᠋ᠨ ᠮᠡᠷᠭᠡᠵᠢᠯ ᠤ᠋ᠨ ᠰᠤᠳᠤᠯᠭᠠᠨ ᠤ᠋ ᠬᠦᠷᠢᠶᠡᠯᠡᠩ ᠤ᠋ᠨ ᠬᠢᠵᠠᠭᠠᠷᠳᠦ ᠺᠤᠮᠫᠠᠨᠢ ᠶ᠋ᠢᠨ ᠰᠢᠯᠢᠳᠡᠭ ᠡᠭᠦᠯᠳᠡᠷ ᠢ᠋ ᠦᠷᠡᠵᠢᠭᠦᠯᠦᠨ ᠪᠤᠢᠵᠢᠭᠤᠯᠬᠤ ᠠᠵᠢᠯ ᠳ᠋ᠤ ᠬᠡᠷᠡᠭᠯᠡᠬᠦ ᠪᠤᠯᠤᠨ᠎ᠠ᠃ ᠡᠨᠡ ᠪᠤᠯ ᠦᠪᠦᠷ ᠮᠤᠩᠭᠤᠯ ᠤ᠋ᠨ ᠴᠢᠯᠦᠭᠡᠳᠦ ᠠᠷᠠᠯᠵᠢᠶᠠᠨ ᠤ᠋ ᠲᠤᠷᠰᠢᠯᠳᠠ ᠶ᠋ᠢᠨ ᠤᠷᠤᠨ ᠤ᠋ ᠠᠵᠤ ᠠᠬᠤᠢᠯᠠᠯ ᠠᠩᠬ᠎ᠠ ᠤᠳᠠᠭ᠎ᠠ ᠭᠠᠳᠠᠭᠠᠳᠤ ᠡᠴᠡ ᠦᠷ᠎ᠠ ᠡᠳ᠋ ᠤ᠋ᠨ ᠡᠬᠢ ᠪᠠᠶᠠᠯᠢᠭ ᠢ᠋ ᠤᠷᠤᠭᠤᠯᠤᠨ ᠠᠪᠴᠢᠷᠠᠵᠤ ᠪᠠᠢᠭ᠎ᠠ ᠶᠠᠪᠤᠳᠠᠯ ᠪᠤᠯᠤᠨ᠎ᠠ᠃

ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠤ᠋ ᠦᠢᠯᠡᠳᠪᠤᠷᠢᠯᠡᠯ ᠤ᠋ᠨ ᠰᠠᠭᠤᠷᠢᠨ ᠪᠤᠯᠤᠭᠰᠠᠨ ᠤ᠋ ᠬᠤᠪᠢ ᠳ᠋ᠤ᠂ ᠰᠠᠭᠠᠯᠢ ᠶ᠋ᠢᠨ ᠦᠨᠢᠶ᠎ᠠ ᠬᠢᠭᠡᠳ ᠮᠢᠬᠠᠨ ᠤ᠋ ᠦᠭᠡᠷ ᠵᠡᠷᠭᠡ ᠶ᠋ᠢᠨ ᠰᠢᠯᠢᠳᠡᠭ ᠰᠠᠢᠨ ᠦᠷ᠎ᠠ ᠡᠳ᠋ ᠤ᠋ᠨ ᠡᠬᠢ ᠪᠠᠶᠠᠯᠢᠭ ᠢ᠋ ᠤᠷᠤᠭᠤᠯᠤᠨ ᠠᠪᠴᠢᠷᠠᠬᠤ ᠪᠤᠯ ᠦᠪᠦᠷ ᠮᠤᠩᠭᠤᠯ᠂ ᠲᠡᠭᠦᠨᠴᠢᠯᠡᠨ ᠦᠪᠦᠷ ᠮᠤᠩᠭᠤᠯ ᠤ᠋ᠨ ᠴᠢᠯᠦᠭᠡᠳᠦ ᠠᠷᠠᠯᠵᠢᠶᠠᠨ ᠤ᠋ ᠲᠤᠷᠰᠢᠯᠳᠠ ᠶ᠋ᠢᠨ ᠤᠷᠤᠨ ᠤ᠋ ᠬᠢᠨ ᠳᠦᠷᠢᠮ ᠤ᠋ᠨ ᠰᠢᠨ᠎ᠠ ᠡᠭᠦᠳᠦᠯᠳᠡ ᠪᠡᠷ ᠤᠳᠤ ᠦᠶ᠎ᠠ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠬᠦᠭᠵᠢᠯᠳᠡ ᠳ᠋ᠤ ᠦᠢᠯᠡᠴᠢᠯᠡᠬᠦ ᠴᠢᠬᠤᠯᠠ ᠭᠠᠷᠳᠠᠴᠠ ᠪᠤᠯᠤᠨ᠎ᠠ᠃ ᠡᠨᠡ ᠵᠢᠯ ᠤ᠋ᠨ 4 ᠰᠠᠷ᠎ᠠ ᠶ᠋ᠢᠨ ᠦᠶᠡᠰ ᠲᠤ᠌ ᠨᠡᠢᠳᠡᠯᠡᠭᠰᠡᠨ 《ᠳᠤᠮᠳᠠᠳᠤ ᠤᠯᠤᠰ (ᠦᠪᠦᠷ ᠮᠤᠩᠭᠤᠯ) ᠤ᠋ᠨ ᠴᠢᠯᠦᠭᠡᠳᠦ ᠠᠷᠠᠯᠵᠢᠶᠠᠨ ᠤ᠋ ᠲᠤᠷᠰᠢᠯᠳᠠ ᠶ᠋ᠢᠨ ᠤᠷᠤᠨ ᠤ᠋ ᠶᠡᠷᠦᠩᠬᠡᠢ ᠲᠦᠰᠦᠯ》 ᠢ᠋ ᠦᠨᠳᠦᠰᠦᠯᠡᠪᠡᠯ᠂ ᠦᠪᠦᠷ ᠮᠤᠩᠭᠤᠯ ᠰᠠᠭᠠᠯᠢ ᠶ᠋ᠢᠨ ᠦᠨᠢᠶ᠎ᠠ᠂ ᠮᠢᠬᠠᠨ ᠤ᠋ ᠦᠭᠡᠷ᠂ ᠮᠢᠬᠠᠨ ᠤ᠋ ᠭᠠᠬᠠᠢ ᠵᠡᠷᠭᠡ ᠶ᠋ᠢᠨ ᠦᠷ᠎ᠠ ᠡᠳ᠋ ᠤ᠋ᠨ ᠡᠬᠢ ᠪᠠᠶᠠᠯᠢᠭ ᠢ᠋ ᠶᠡᠬᠡ ᠪᠡᠷ ᠤᠷᠤᠭᠤᠯᠤᠨ ᠠᠪᠴᠢᠷᠠᠬᠤ ᠶ᠋ᠢᠨ ᠬᠠᠮᠳᠤ ᠪᠤᠭᠤᠮᠳᠠ ᠪᠡᠷ ᠰᠠᠭᠠᠳ ᠦᠭᠡᠢ ᠨᠡᠪᠳᠡᠷᠡᠬᠦ ᠵᠠᠮ ᠭᠠᠷᠭᠠᠨ ᠪᠤᠭᠤᠮᠳᠠ ᠪᠡᠷ ᠦᠩᠭᠡᠷᠡᠬᠦ ᠦᠷ᠎ᠠ ᠪᠦᠲᠦᠮᠵᠢ ᠶ᠋ᠢ ᠪᠠᠳᠤᠯᠠᠨ᠎ᠠ᠃ ᠡᠭᠦᠨ ᠳ᠋ᠤ ᠬᠦᠬᠡᠬᠤᠳᠠ ᠪᠤᠯ ᠲᠤᠰ ᠠᠵᠢᠯ ᠢ᠋ ᠭᠦᠢᠴᠡᠳᠭᠡᠬᠦ ᠭᠤᠤᠯᠯᠠᠬᠤ ᠤᠷᠤᠨ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面