ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-10-24 17:38:13

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠤᠳᠤ ᠦᠶ᠎ᠠ ᠶ᠋ᠢᠨ ᠮᠠᠯ ᠠᠵᠤ ᠠᠬᠤᠢ ᠶ᠋ᠢᠨ ᠪᠦᠯᠦᠭᠯᠡᠯ ᠺᠤᠮᠫᠠᠨᠢ ᠶ᠋ᠢᠨ ᠲᠦᠩᠯᠢᠶᠤᠤ ᠳ᠋ᠡᠬᠢ ᠮᠠᠯᠵᠢᠯ ᠤ᠋ᠨ ᠲᠠᠯᠠᠪᠠᠢ ᠶ᠋ᠢᠨ 5000 ᠲᠡᠭᠰᠢ ᠳᠦᠷᠪᠡᠯᠵᠢᠨ ᠮᠧᠲᠷ ᠤ᠋ᠨ ᠲᠠᠯᠠᠪᠠᠢ ᠪᠦᠬᠦᠢ ᠪᠠᠷᠢᠮᠵᠢᠶᠠᠵᠢᠭᠰᠠᠨ ᠦᠭᠡᠷ ᠤ᠋ᠨ ᠰᠠᠷᠠᠪᠴᠢ ᠶ᠋ᠢᠨ ᠪᠦᠲᠦᠭᠡᠨ ᠪᠠᠢᠭᠤᠯᠤᠯᠳᠠ ᠡᠳᠦᠷ ᠤ᠋ᠨ ᠲᠤᠯᠠᠭᠠᠨ ᠢ᠋ ᠠᠮᠵᠢᠨ ᠢᠳᠡ ᠬᠦᠭ ᠲᠠᠢ ᠶᠠᠪᠤᠭᠳᠠᠵᠤ ᠪᠠᠢᠨ᠎ᠠ᠃

ᠲᠤᠰ ᠰᠠᠷᠠᠪᠴᠢ ᠨᠢ ᠡᠩ ᠤ᠋ᠨ ᠦᠭᠡᠷ ᠤ᠋ᠨ ᠰᠠᠷᠠᠪᠴᠢ ᠪᠢᠰᠢ᠂ ᠬᠠᠷᠢᠨ ᠭᠡᠷᠡᠯ ᠤ᠋ᠨ ᠲᠤᠰᠤᠯᠳᠠ᠂ ᠠᠭᠠᠷ ᠰᠠᠯᠬᠢ ᠨᠡᠪᠳᠡᠷᠡᠭᠦᠯᠬᠦ᠂ ᠬᠡᠮ ᠬᠢᠵᠢᠭ ᠢ᠋ ᠰᠡᠷᠭᠡᠢᠯᠡᠬᠦ᠂ ᠳᠤᠯᠠᠭᠠᠨ ᠢ᠋ ᠡᠵᠡᠮᠳᠡᠬᠦ ᠵᠡᠷᠭᠡ ᠡᠯ᠎ᠠ ᠵᠦᠢᠯ ᠤ᠋ᠨ ᠴᠢᠳᠠᠮᠵᠢ ᠶ᠋ᠢ ᠨᠡᠢᠳᠭᠡᠭᠰᠡᠨ᠂ ᠬᠦᠪᠤᠷᠡᠯ ᠰᠢᠯᠵᠢᠭᠦᠯᠬᠦ ᠮᠡᠷᠭᠡᠵᠢᠯ ᠶ᠋ᠢᠡᠷ ᠪᠤᠢᠵᠢᠭᠤᠯᠤᠭᠰᠠᠨ ᠰᠢᠯᠢᠳᠡᠭ ᠡᠭᠦᠯᠳᠡᠷ ᠤ᠋ᠨ ᠦᠭᠡᠷ ᠤ᠋ᠨ ᠮᠠᠯᠵᠢᠯᠭ᠎ᠠ ᠵᠢᠨ ᠲᠤᠰᠬᠠᠢ ᠰᠠᠷᠠᠪᠴᠢ ᠶᠤᠮ ᠃ 《ᠲᠤᠰ ᠰᠠᠷᠠᠪᠴᠢ ᠶ᠋ᠢ ᠡᠨᠡ ᠵᠢᠯ ᠤ᠋ᠨ 7 ᠰᠠᠷ᠎ᠠ ᠡᠴᠡ ᠡᠬᠢᠯᠡᠨ ᠪᠠᠷᠢᠵᠤ᠂ 10 ᠰᠠᠷ᠎ᠠ ᠶ᠋ᠢᠨ ᠰᠡᠭᠦᠯᠴᠢ ᠪᠡᠷ ᠠᠰᠢᠭᠯᠠᠯᠳᠠ ᠳ᠋ᠤ ᠤᠷᠤᠭᠤᠯᠬᠤ ᠪᠡᠷ ᠲᠦᠯᠦᠪᠯᠡᠵᠦ ᠪᠠᠢᠨ᠎ᠠ᠂ 500 ᠰᠠᠭᠠᠯᠢ ᠶ᠋ᠢᠨ ᠦᠨᠢᠶ᠎ᠠ ᠲᠡᠵᠢᠭᠡᠬᠦ ᠬᠡᠪᠴᠢᠶ᠎ᠠ ᠪᠡᠷ ᠪᠠᠢᠭᠤᠯᠵᠠᠢ》 ᠭᠡᠵᠦ ᠮᠠᠯᠵᠢᠯ ᠤ᠋ᠨ ᠲᠠᠯᠠᠪᠠᠢ ᠶ᠋ᠢᠨ ᠤᠯᠠᠨ ᠨᠡᠢᠳᠡ ᠶ᠋ᠢᠨ ᠬᠡᠷᠡᠭ ᠶᠠᠪᠤᠳᠠᠯ ᠤ᠋ᠨ ᠬᠡᠯᠳᠡᠰ ᠤ᠋ᠨ ᠵᠠᠬᠢᠷᠤᠯ ᠵᠠᠩ ᠳ᠋ᠦᠩ ᠳ᠋ᠦᠩ ᠲᠠᠨᠢᠯᠴᠠᠭᠤᠯᠤᠨ᠎ᠠ᠃

ᠦᠷ᠎ᠠ ᠡᠳ᠋ ᠤ᠋ᠨ ᠡᠬᠢ ᠪᠠᠶᠠᠯᠢᠭ ᠪᠤᠯ ᠰᠦ ᠶ᠋ᠢᠨ ᠦᠢᠯᠡᠰ ᠤ᠋ᠨ ᠴᠢᠨᠠᠷ ᠰᠠᠢᠳᠠᠢ ᠬᠦᠭᠵᠢᠯᠳᠡ ᠶ᠋ᠢᠨ ᠭᠤᠤᠯᠯᠠᠬᠤ ᠦᠷᠢᠰᠦᠯᠳᠦᠬᠦ ᠬᠦᠴᠦᠨ ᠪᠤᠯᠤᠨ᠎ᠠ᠃ ᠤᠢᠷ᠎ᠠ ᠶ᠋ᠢᠨ ᠵᠢᠯ ᠳ᠋ᠤ ᠲᠤᠰ ᠮᠠᠯᠵᠢᠯ ᠤ᠋ᠨ ᠲᠠᠯᠠᠪᠠᠢ ᠶ᠋ᠢᠨ ᠬᠢᠨ ᠤᠷᠤᠨ ᠨᠤᠳᠤᠭ ᠤ᠋ᠨ ᠲᠦᠷᠦ ᠶ᠋ᠢᠨ ᠪᠤᠳᠤᠯᠭ᠎ᠠ ᠶ᠋ᠢᠨ ᠳᠡᠮᠵᠢᠯᠭᠡ ᠬᠢᠭᠡᠳ ᠪᠦᠯᠦᠭᠯᠡᠯ ᠺᠤᠮᠫᠠᠨᠢ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠲᠤ᠌ ᠲᠦᠰᠢᠭᠯᠡᠨ᠂ ᠤᠯᠤᠰ ᠤ᠋ᠨ ᠳᠡᠰ ᠤ᠋ᠨ ᠰᠠᠭᠠᠯᠢ ᠶ᠋ᠢᠨ ᠦᠨᠢᠶ᠎ᠠ ᠶ᠋ᠢᠨ ᠭᠤᠤᠯᠳᠠᠯᠭᠠᠳᠤ ᠡᠭᠦᠯᠳᠡᠷ ᠪᠤᠢᠵᠢᠭᠤᠯᠬᠤ ᠲᠠᠯᠠᠪᠠᠢ ᠶ᠋ᠢ ᠪᠦᠳᠦᠬᠡᠨ ᠪᠠᠢᠭᠤᠯᠵᠤ᠂ ᠭᠤᠤᠯᠳᠠᠯᠭᠠᠳᠤ ᠡᠬᠡ ᠮᠠᠯ ᠢ᠋ ᠰᠢᠭᠰᠢᠨ ᠰᠤᠩᠭᠤᠬᠤ᠂ ᠭᠧᠨ ᠤ᠋ ᠪᠦᠯᠦᠭ ᠢ᠋ ᠰᠢᠯᠭᠠᠨ ᠪᠠᠢᠴᠠᠭᠠᠬᠤ᠂ ᠬᠦᠪᠤᠷᠡᠯ ᠪᠤᠢᠵᠢᠭᠤᠯᠤᠨ ᠬᠦᠪᠤᠷᠡᠯ ᠰᠢᠯᠵᠢᠭᠦᠯᠬᠦ ᠡᠴᠡ ᠦᠷ᠎ᠠ ᠲᠦᠯ ᠢ᠋ ᠨᠢ ᠮᠦᠷᠳᠡᠵᠦ ᠰᠢᠯᠢᠨ ᠪᠤᠢᠵᠢᠭᠤᠯᠬᠤ᠂ ᠤᠳᠤᠮᠯᠠᠯ ᠤ᠋ᠨ ᠴᠢᠨᠠᠷ ᠢ᠋ ᠨᠢ ᠦᠨᠡᠯᠡᠨ ᠵᠢᠱ᠌ᠢᠬᠦ ᠬᠦᠷᠳᠡᠯᠡᠬᠢ ᠪᠦᠷᠢᠨ ᠪᠦᠲᠦᠨ ᠪᠡᠶ᠎ᠠ ᠪᠡᠨ ᠳᠠᠭᠠᠭᠠᠭᠰᠠᠨ ᠡᠭᠦᠯᠳᠡᠷ ᠪᠤᠢᠵᠢᠭᠤᠯᠬᠤ ᠬᠡᠯᠬᠢᠶ᠎ᠠ ᠶ᠋ᠢ ᠪᠠᠢᠭᠤᠯᠪᠠ᠃ ᠡᠨᠡ ᠵᠢᠯ ᠲᠤᠰ ᠮᠠᠯᠵᠢᠯ ᠤ᠋ᠨ ᠲᠠᠯᠠᠪᠠᠢ ᠶ᠋ᠢᠨ ᠪᠤᠢᠵᠢᠭᠤᠯᠤᠭᠰᠠᠨ ᠾᠧᠰᠲ᠋ᠠᠨ ᠡᠭᠦᠯᠳᠡᠷ ᠤ᠋ᠨ ᠨᠢᠭᠡᠨ ᠰᠠᠭᠠᠯᠢ ᠶ᠋ᠢᠨ ᠦᠨᠢᠶ᠎ᠠ ᠨᠢ ᠠᠮᠧᠷᠢᠺᠠ ᠶ᠋ᠢᠨ ᠰᠢᠯᠢᠳᠡᠭ ᠡᠭᠦᠯᠳᠡᠷ ᠤ᠋ᠨ ᠰᠠᠭᠠᠯᠢ ᠶ᠋ᠢᠨ ᠦᠨᠢᠶ᠎ᠠ ᠶ᠋ᠢᠨ ᠰᠢᠯᠭᠠᠷᠠᠭᠤᠯᠤᠯᠳᠠ ᠳ᠋ᠤ ᠳᠤᠮᠳᠠᠳᠤ ᠤᠯᠤᠰ ᠤ᠋ᠨ ᠲᠤᠭᠤᠢᠯᠠᠩ ᠤ᠋ᠨ ᠨᠢᠭᠡᠳᠦᠭᠡᠷ ᠨᠡᠷᠡᠰ ᠲᠤ᠌ ᠳᠤᠳᠤᠷᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤᠨ ᠮᠣᠩᠭᠣᠯ ᠬᠡᠯᠡᠨ᠎ᠦ ᠰᠣᠨᠢᠨ ᠮᠡᠳᠡᠭᠡ᠎ᠶᠢᠨ ᠰᠦᠯᠵᠢᠶ᠎ᠡ
兼容浏览器的HTML页面