2026-10-26 11:37:02
ᠡᠨᠡ ᠵᠢᠯ ᠦᠪᠡᠷᠳᠡᠭᠡᠨ ᠵᠠᠰᠠᠬᠤ ᠤᠷᠤᠨᠤ ᠤᠰᠤᠨ ᠠᠰᠢᠭᠯᠠᠯᠲᠠ ᠢ᠋ᠢᠨ ᠰᠠᠯᠠᠭ᠎ᠠ ᠮᠦᠴᠢᠷᠤᠨ ᠬᠢᠨ ᠲᠣᠭᠲᠠᠭᠠᠯ ᠡᠴᠡ ᠵᠥᠷᠢᠴᠡᠨ ᠤᠰᠤ ᠲᠠᠲᠠᠵᠤ ᠬᠡᠷᠡᠭᠯᠡᠬᠦ᠌ ᠦᠢᠯᠡ ᠠᠵᠢᠯᠯᠠᠭ᠎ᠠ ᠢ᠋ᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠵᠦ᠍᠂ ᠲᠣᠭᠲᠠᠭᠠᠯ ᠡᠴᠡ ᠵᠥᠷᠢᠴᠡᠨ ᠤᠰᠤ ᠲᠠᠲᠠᠵᠤ ᠬᠡᠷᠡᠭᠯᠡᠭᠰᠡᠨ 1017 ᠠᠰᠠᠭᠤᠳᠠᠯ ᠢ᠋ ᠴᠡᠭᠴᠡᠯᠡᠨ ᠰᠠᠶ᠋ᠢᠵᠢᠷᠠᠭᠤᠯᠵᠤ᠂ ᠤᠰᠤᠨ ᠤ᠋ ᠠᠮᠢ ᠠᠬᠤᠢ ᠢ᠋ᠢᠨ ᠲᠡᠡᠭᠴᠡᠬᠦᠷᠢ ᠢ᠋ᠢ ᠪᠠᠲᠤᠯᠠᠨ᠂ ᠤᠰᠤᠨ ᠤ᠋ ᠡᠬᠢ ᠪᠠᠶᠠᠯᠢᠭ ᠢ᠋ ᠵᠦᠢ ᠵᠤᠬᠢᠰᠲᠡᠢ ᠲᠤᠬᠢᠷᠠᠭᠤᠯᠪᠠ ᠃
ᠡᠨᠡ ᠵᠢᠯ ᠦᠪᠡᠷᠳᠡᠭᠡᠨ ᠵᠠᠰᠠᠬᠤ ᠤᠷᠤᠨᠤ ᠤᠰᠤᠨ ᠠᠰᠢᠭᠯᠠᠯᠲᠠ ᠢ᠋ᠢᠨ ᠰᠠᠯᠠᠭ᠎ᠠ ᠮᠦᠴᠢᠷᠤᠨ ᠬᠢᠨ ᠴᠢᠬᠤᠯᠠ ᠶᠡᠬᠡ ᠲᠥᠷᠥᠯ ᠵᠦᠢᠯ ᠤ᠋ᠨ ᠬᠠᠮᠲᠤᠷᠠᠨ ᠬᠢᠨᠠᠨ ᠵᠥᠪᠰᠢᠶᠡᠷᠡᠬᠦ᠌ ᠲᠣᠭᠲᠠᠴᠠ ᠢ᠋ᠢ ᠭᠦᠢᠴᠡᠳ ᠪᠠᠳᠠᠷᠠᠭᠤᠯᠵᠤ᠂ ᠴᠢᠬᠤᠯᠠ ᠶᠡᠬᠡ ᠲᠥᠷᠥᠯ ᠵᠦᠢᠯ ᠤ᠋ᠨ ᠤᠰᠤᠨ ᠤ᠋ ᠡᠬᠢ ᠪᠠᠶᠠᠯᠢᠭ ᠤ᠋ᠨ ᠨᠤᠲᠠᠯᠠᠯᠲᠠ᠂ ᠬᠥᠷᠥᠰᠥ᠍ ᠰᠢᠷᠣᠶ ᠢ᠋ᠢ ᠬᠠᠮᠠᠭᠠᠯᠠᠬᠤ ᠲᠥᠰᠦᠯ ᠵᠡᠷᠭᠡ ᠤᠰᠤ ᠲᠠᠶ ᠬᠣᠯᠪᠣᠭᠳᠠᠭᠰᠠᠨ ᠵᠠᠰᠠᠭ ᠵᠠᠬᠢᠷᠭᠠᠨ ᠤ᠋ ᠬᠢᠨᠠᠨ ᠵᠥᠪᠰᠢᠶᠡᠷᠡᠯ ᠢ᠋ ᠥᠨᠳᠥᠷ ᠪᠦᠲᠦᠮᠵᠢᠲᠡᠶ ᠪᠡᠷ ᠵᠣᠬᠢᠴᠠᠭᠤᠯᠤᠨ ᠰᠢᠢᠳᠪᠦᠷᠢᠯᠡᠵᠤ᠂ ᠣᠲᠣᠬᠠᠨ ᠪᠣᠯᠲᠠᠯ᠎ᠠ ᠤᠰᠤ ᠲᠠᠢ ᠬᠣᠯᠪᠣᠭᠳᠠᠭᠰᠠᠨ ᠨᠡᠢᠳᠡ 256 ᠲᠥᠷᠥᠯ ᠵᠦᠢᠯ ᠤ᠋ᠨ ᠤᠰᠤ ᠲᠠᠲᠠᠬᠤ ᠵᠥᠪᠰᠢᠶᠡᠷᠡᠯ ᠢ᠋ ᠬᠢᠨᠠᠨ ᠵᠥᠪᠰᠢᠶᠡᠷᠡᠵᠦ᠍᠂ ᠪᠡᠶᠡᠯᠡᠭᠦᠯᠦᠭᠰᠡᠨ ᠨᠣᠷᠮ᠎ᠠ ᠨᠢ 97% ᠳ᠋ᠤ ᠬᠦᠷᠪᠠ᠃ ᠪᠠᠰᠠ ᠪᠠᠷᠠᠭᠤᠨ ᠯᠢᠶᠣᠤᠾᠧ ᠭᠤᠤᠯ ᠤ᠋ᠨ ᠤᠰᠤᠨ ᠤ᠋ ᠡᠬᠢ ᠪᠠᠶᠠᠯᠢᠭ ᠤ᠋ᠨ ᠲᠣᠬᠢᠷᠠᠭᠤᠯᠤᠯᠲᠠ ᠳ᠋ᠤ 100 ᠭᠠᠷᠤᠶ ᠨᠠᠮ ᠤ᠋ᠨ ᠭᠡᠰᠢᠭᠦᠨ ᠮᠡᠷᠭᠡᠵᠢᠯ ᠤ᠋ᠨ ᠭᠤᠤᠯᠯᠠᠭᠴᠢ ᠢ᠋ᠢ ᠲᠣᠮᠢᠯᠠᠨ ᠭᠤᠤᠯ ᠤ᠋ᠨ ᠭᠤᠯᠳᠤᠷᠢᠯ ᠢ᠋ ᠴᠠᠭᠳᠠᠨ ᠪᠠᠶ᠋ᠢᠴᠠᠭᠠᠬᠤ᠂ ᠪᠠᠴᠢᠮ ᠪᠠᠶ᠋ᠢᠳᠠᠯ ᠢ᠋ ᠠᠷᠭᠠᠴᠠᠭᠠᠵᠤ ᠬᠢᠨᠠᠨ ᠬᠡᠮᠵᠢᠬᠦ᠌ ᠵᠡᠷᠭᠡ ᠭᠤᠤᠯᠳᠠᠯᠭ᠎ᠠ ᠲᠠᠶ ᠡᠭᠦᠷᠭᠡ ᠢ᠋ᠢ ᠡᠭᠦᠷᠭᠡᠯᠡᠭᠦᠯᠵᠦ᠍᠂ ᠪᠠᠷᠠᠭᠤᠨ ᠯᠢᠶᠣᠤᠾᠧ ᠭᠤᠤᠯ ᠤ᠋ᠨ ᠭᠤᠤᠯ ᠤᠷᠤᠰᠬᠠᠯ ᠢ᠋ ᠨᠡᠪᠲᠡᠷᠡᠭᠦᠯᠬᠦ᠌ᠳᠦ ᠬᠦᠴᠦᠨ ᠨᠡᠮᠡᠷᠢᠯᠡᠪᠡ; ᠭᠤᠤᠯ ᠦᠶᠡᠷ ᠤ᠋ᠨ ᠬᠤᠭᠤᠴᠠᠭᠠᠨ ᠳ᠋ᠤ ᠤᠰᠤᠨ ᠴᠥᠭᠥᠷᠥᠮ ᠢ᠋ ᠴᠠᠭᠳᠠᠨ ᠪᠠᠶ᠋ᠢᠴᠠᠭᠠᠬᠤ᠂ ᠬᠠᠰᠢᠯᠭ᠎ᠠ ᠳᠠᠯᠠᠩ ᠢ᠋ ᠪᠠᠶ᠋ᠢᠴᠠᠭᠠᠬᠤ᠂ ᠲᠦᠭᠰᠢᠭᠦᠷᠢ ᠢ᠋ᠢᠨ ᠴᠡᠭ ᠢ᠋ ᠠᠵᠢᠭᠯᠠᠨ ᠬᠡᠮᠵᠢᠬᠦ ᠵᠡᠷᠭᠡ ᠦᠶᠡᠷ ᠢ᠋ ᠰᠡᠷᠭᠡᠶ᠋ᠢᠯᠡᠵᠦ᠍ ᠭᠠᠩ ᠬᠠᠭᠰᠠᠷᠠᠭᠠᠨ ᠲᠠᠶ ᠲᠡᠮᠡᠴᠡᠬᠦ᠌ ᠠᠵᠢᠯ ᠢ᠋ ᠰᠠᠢᠲᠤᠷ ᠬᠢᠵᠤ᠂ ᠠᠷᠠᠳ ᠣᠯᠠᠨ ᠤ᠋ ᠠᠮᠢ ᠨᠠᠰᠤ ᠪᠣᠯᠤᠨ ᠡᠳ᠋ ᠬᠦᠷᠦᠡᠭᠭᠡ ᠢ᠋ᠢᠨ ᠠᠮᠤᠷ ᠲᠦᠪᠰᠢᠨ ᠢ᠋ ᠬᠦᠴᠦᠲᠡᠶ ᠪᠠᠲᠤᠯᠠᠪᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃