2026-10-26 11:33:59
ᠤᠢᠷ᠎ᠠ ᠳ᠋ᠤ᠂ ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠳ᠋ᠤ ᠬᠠᠤᠯᠢ ᠴᠠᠭᠠᠵᠠ ᠵᠢᠨ ᠬᠠᠮᠠᠭᠠᠯᠠᠯᠲᠠ ᠵᠢᠨ ᠵᠠᠷᠯᠢᠭ᠋ ᠤ᠋ᠨ ᠪᠣᠳᠠᠲᠤ ᠴᠣᠭᠴᠠᠲᠤ ᠫᠠᠢᠰᠠ ᠢᠯᠡᠷᠭᠡᠢᠯᠡᠯ ᠲᠤᠬᠢᠷᠠᠭᠤᠯᠵᠤ᠂ ᠳᠠᠯᠠᠨ ᠬᠠᠷ᠎ᠠ ᠠᠭᠤᠯᠠ ᠵᠢᠨ ᠤᠯᠤᠰ ᠤ᠋ᠨ ᠲᠠᠰ ᠤ᠋ᠨ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠠᠮᠢ ᠠᠬᠤᠢ ᠵᠢᠨ ᠬᠠᠤᠯᠢ ᠪᠡᠷ ᠵᠠᠰᠠᠬᠤ ᠬᠠᠮᠠᠭᠠᠯᠠᠯᠲᠠ ᠵᠢᠨ ᠠᠵᠢᠯ ᠢ᠋ ᠴᠢᠡᠭᠭᠠᠳᠬᠠᠪᠠ᠃ ᠡᠨᠡ ᠨᠢ ᠲᠣᠰ ᠬᠠᠤᠯᠢ ᠴᠠᠭᠠᠵᠠ ᠵᠢᠨ ᠬᠠᠮᠠᠭᠠᠯᠠᠯᠲᠠ ᠵᠢᠨ ᠵᠠᠷᠯᠢᠭ᠋ ᠢ᠋ ᠰᠦᠯᠵᠢᠶᠡᠨ ᠳᠡᠭᠡᠷ᠎ᠡ ᠵᠠᠷᠯᠠᠨ ᠨᠡᠢᠲᠡᠯᠡᠵᠦ ᠪᠠᠢᠭᠰᠠᠨ ᠡᠴᠡ ᠪᠠᠨ ᠠᠭᠤᠯᠠᠨ ᠣᠶᠲᠤᠬᠢᠷᠠᠭᠤᠯᠵᠤ᠂ ᠳᠠᠯᠠᠨ ᠬᠠᠷ᠎ᠠ ᠠᠭᠤᠯᠠ ᠵᠢᠨ ᠠᠮᠢ ᠠᠬᠤᠢ ᠵᠢᠨ ᠬᠠᠤᠯᠢ ᠴᠠᠭᠠᠵᠠ ᠵᠢᠨ ᠬᠠᠮᠠᠭᠠᠯᠠᠯᠲᠠᠳᠤ ᠳᠠᠬᠢᠨ 《ᠰᠢᠨ᠎ᠡ ᠵᠢᠭᠰᠠᠭᠠᠯ ᠤ᠋ᠨ ᠭᠠᠵᠠᠷ》ᠨᠡᠮᠡᠭᠰᠡᠨ ᠭᠡᠳᠡᠭ ᠢ᠋ ᠬᠠᠷᠠᠭᠤᠯᠵᠤ ᠪᠤᠢ᠃
ᠡᠭᠦᠨᠡᠴᠡ ᠡᠮᠦᠨ᠎ᠡ᠂ ᠳᠠᠯᠠᠨ ᠬᠠᠷ᠎ᠠ ᠠᠭᠤᠯᠠ ᠵᠢᠨ ᠬᠠᠤᠯᠢ ᠴᠠᠭᠠᠵᠠ ᠵᠢᠨ ᠬᠠᠮᠠᠭᠠᠯᠠᠯᠲᠠ ᠵᠢᠨ ᠵᠠᠷᠯᠢᠭ᠋ ᠢ᠋ ᠬᠥᠬᠡᠬᠣᠲᠠ ᠵᠢᠨ ᠲᠡᠮᠦᠷ ᠵᠠᠮ ᠤ᠋ᠨ ᠲᠡᠭᠡᠭᠡᠪᠦᠷᠢ ᠵᠢᠨ ᠳᠤᠮᠳᠠ ᠵᠡᠷᠭᠡ ᠵᠢᠨ ᠰᠢᠭᠦᠬᠦ ᠬᠣᠷᠢᠶ᠎ᠠ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠬᠥᠬᠡᠬᠣᠲᠠ ᠵᠢᠨ ᠲᠡᠮᠦᠷ ᠵᠠᠮ ᠤ᠋ᠨ ᠲᠡᠭᠡᠭᠡᠪᠦᠷᠢ ᠵᠢᠨ ᠬᠤᠪᠢᠶᠠᠷᠢ ᠬᠣᠷᠢᠶ᠎ᠠ ᠡᠴᠡ ᠰᠦᠯᠵᠢᠶᠡᠨ ᠳᠡᠭᠡᠷ᠎ᠡ ᠵᠠᠷᠯᠠᠨ ᠨᠡᠢᠲᠡᠯᠡᠵᠦ ᠬᠡᠷᠡᠭᠵᠢᠭᠦᠯᠦᠭᠡᠳ ᠮᠠᠰᠢ ᠰᠠᠢᠨ ᠨᠡᠢᠭᠡᠮᠦᠨ ᠦᠷ᠎ᠡ ᠪᠦᠲᠦᠮᠵᠢ ᠣᠯᠵᠠᠢ᠃ ᠲᠣᠰ ᠤᠳᠠᠭ᠎ᠠ ᠬᠠᠤᠯᠢ ᠴᠠᠭᠠᠵᠠ ᠵᠢᠨ ᠬᠠᠮᠠᠭᠠᠯᠠᠯᠲᠠ ᠵᠢᠨ ᠵᠠᠷᠯᠢᠭ᠋ ᠤ᠋ᠨ ᠪᠣᠳᠠᠲᠤ ᠴᠤᠭᠴᠠᠲᠤ ᠫᠠᠢᠰᠠ ᠢᠯᠡᠷᠬᠡᠢᠯᠡᠯ ᠢ᠋ ᠳᠠᠯᠠᠨ ᠬᠠᠷ᠎ᠠ ᠠᠭᠤᠯᠠ ᠵᠢᠨ ᠭᠣᠣᠯ ᠬᠠᠮᠠᠭᠠᠯᠠᠯᠲᠠ ᠵᠢᠨ ᠣᠷᠣᠨᠳᠤ ᠲᠤᠬᠢᠷᠠᠭᠤᠯᠤᠭᠰᠠᠨ ᠶᠠᠪᠤᠳᠠᠯ ᠨᠢ ᠠᠮᠢ ᠠᠬᠤᠢ ᠵᠢᠨ ᠬᠠᠮᠠᠭᠠᠯᠠᠯᠲᠠ ᠵᠢᠨ《ᠴᠠᠭᠠᠰᠤᠨ ᠳᠡᠭᠡᠷᠡᠬᠢ ᠳᠦᠷᠢᠮ》 ᠡᠴᠡ《ᠪᠣᠳᠠᠲᠤ ᠭᠠᠵᠠᠷ ᠲᠤᠨᠢ ᠰᠠᠬᠢᠨ ᠬᠠᠮᠠᠭᠠᠯᠠᠬᠰᠠᠨ》 ᠵᠠᠩᠭᠢᠯᠠᠭ᠎ᠠ ᠵᠢᠨ ᠨᠢᠭᠡ ᠠᠯᠬᠤᠮ ᠪᠤᠯᠤᠨ᠎ᠠ᠂ ᠨᠠᠩ ᠴᠤ᠌ ᠭᠣᠣᠯ ᠣᠷᠣᠨ ᠪᠦᠰᠡᠳᠦ ᠠᠩᠬᠠᠷᠤᠯ ᠵᠢᠡᠨ ᠲᠥᠪᠯᠡᠷᠡᠭᠦᠯᠦᠨ᠂ ᠵᠠᠩᠭᠢᠯᠠᠭ᠎ᠠ ᠵᠢᠨ ᠵᠢᠭ᠍ᠰᠠᠭᠠᠯ ᠤ᠋ᠨ ᠭᠠᠵᠠᠷ ᠢ᠋ ᠨᠢᠭ᠍ᠲᠠ ᠠᠩᠬᠠᠷᠴᠤ᠂ ᠠᠮᠢ ᠠᠬᠤᠢ ᠵᠢᠨ ᠰᠡᠷᠭᠡᠢᠯᠡᠯᠲᠡ ᠵᠢᠨ ᠱᠤᠭᠤᠮ ᠢ᠋ ᠪᠠᠲᠤ ᠴᠣᠭᠴᠠᠯᠠᠬᠤ ᠴᠢᠬᠤᠯᠠ ᠠᠷᠭ᠎ᠠ ᠬᠡᠮᠵᠢᠶ᠎ᠡ ᠪᠤᠯᠬᠤ ᠠᠵᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃