ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-10-29 11:17:59

ᠵᠣᠬᠢᠶᠠᠭ᠍ᠴᠢ᠄ ​ ᠼᠠᠢ ᠬᠤᠡᠭ ᠣᠩᠱᠢᠭ᠍ᠰᠠᠨ ᠣᠳᠠᠭ᠎ᠠ᠄ 3

ᠤᠯᠤᠰ ᠤ᠋ᠨ ᠰᠢᠬᠢᠷ ᠤ᠋ᠨ ᠮᠠᠲ᠋ᠧᠷᠢᠶᠠᠯ ᠤ᠋ᠨ ᠠᠵᠤ ᠦᠢᠯᠡᠰ ᠤ᠋ᠨ ᠮᠡᠷᠭᠡᠵᠢᠯ ᠤ᠋ᠨ ᠰᠢᠰᠲ᠋ᠧᠮ ᠤ᠋ᠨ ᠬᠥᠬᠡᠬᠣᠲᠠ ᠶ᠋ᠢᠨ ᠶᠡᠷᠦᠩᠬᠡᠶ᠋ᠢᠯᠡᠭᠰᠡᠨ ᠲᠤᠷᠰᠢᠯᠲᠠ ᠶ᠋ᠢᠨ ᠥᠷᠲᠡᠭᠡ ᠶ᠋ᠢᠨ ᠬᠢᠨ ᠴᠢ ᠱᠢ ᠰᠦ᠋ ᠶ᠋ᠢᠨ ᠦᠢᠯᠡᠰ ᠤ᠋ᠨ ᠴᠡᠯᠡᠭᠡᠷ ᠲᠠᠯ᠎ᠠ ᠰᠢᠬᠢᠷ ᠤ᠋ᠨ ᠦᠢᠯᠡᠳᠪᠦᠷᠢ ᠵᠢᠨ ᠬᠢᠨ ᠲᠡᠶ ᠬᠠᠮᠲᠤᠷᠠᠨ᠂ ᠤᠢᠷ᠎ᠠ ᠳ᠋ᠤ ᠬᠥᠬᠡᠬᠣᠲᠠ ᠶ᠋ᠢᠨ ᠲᠦᠮᠡᠳ ᠵᠡᠭᠦᠨ ᠬᠣᠰᠢᠭᠤᠨ ᠤ᠋ ᠱᠠᠩᠳᠠ ᠪᠠᠯᠭᠠᠰᠤ ᠵᠢᠨ ᠠᠮᠢᠨ ᠲᠣᠰᠬᠣᠨ ᠪᠤᠯᠤᠨ ᠲᠣᠭᠲᠠᠬᠤ ᠰᠢᠶᠠᠨ ᠤ᠋ ᠭᠦ ᠴᠸᠡᠭ ᠪᠠᠯᠭᠠᠰᠤ ᠵᠢᠨ ᠵᠡᠭᠦᠨ ᠬᠠᠰᠢᠶᠠᠲᠤ᠌ ᠲᠣᠰᠬᠣᠨ ᠤ᠋ ᠰᠢᠬᠢᠷ ᠯᠤᠤᠪᠠᠩ ᠤ᠋ᠨ ᠵᠢᠱ᠌ᠢᠶ᠎ᠡ ᠦᠵᠡᠭᠦᠯᠬᠦ᠌ ᠲᠠᠷᠢᠶᠠᠨ ᠳ᠋ᠦ ᠰᠢᠬᠢᠷ ᠯᠤᠤᠪᠠᠩ ᠤ᠋ᠨ ᠲᠠᠷᠢᠶᠠᠨ ᠤ᠋ ᠤᠨᠠᠯᠲᠠ ᠵᠢ ᠬᠡᠮᠵᠢᠬᠦ ᠠᠵᠢᠯ ᠢ᠋ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠪᠣᠳᠠᠲᠠᠶ ᠬᠡᠮᠵᠢᠯᠲᠡ ᠶ᠋ᠢᠨ ᠲᠣᠭ᠎ᠠ ᠪᠠᠷᠢᠮᠲᠠ ᠪᠠᠷ ᠪᠥᠬᠥ᠌ ᠵᠢᠯ ᠤ᠋ᠨ ᠮᠡᠷᠭᠡᠵᠢᠯ ᠤ᠋ᠨ ᠦᠢᠯᠡᠴᠢᠯᠡᠭᠡᠨ ᠤ᠋ ᠦᠷ᠎ᠡ ᠪᠦᠲᠦᠮᠵᠢ ᠪᠠᠨ ᠰᠢᠯᠭᠠᠨ ᠪᠠᠶ᠋ᠢᠴᠠᠭᠠᠵᠤ᠂ ᠰᠢᠬᠢᠷ ᠤ᠋ᠨ ᠮᠠᠲ᠋ᠧᠷᠢᠶᠠᠯ ᠤ᠋ᠨ ᠠᠵᠤ ᠦᠢᠯᠡᠰ ᠤ᠋ᠨ 《ᠰᠢᠨᠵᠢᠯᠡᠬᠦ᠌ ᠤᠬᠠᠭᠠᠨ ᠤ᠋ ᠰᠤᠳᠤᠯᠭᠠᠨ — ᠠᠵᠤ ᠠᠬᠤᠶ᠋ᠢᠯᠠᠯ — ᠲᠠᠷᠢᠶᠠᠯᠠᠬᠤ ᠡᠷᠦᠬᠡ》 ᠶ᠋ᠢᠨ ᠦᠢᠯᠡᠴᠢᠯᠡᠭᠡᠨ ᠤ᠋ ᠬᠡᠯᠬᠢᠶ᠎ᠡ ᠵᠢ ᠨᠡᠪᠲᠡᠷᠡᠭᠦᠯᠪᠡ᠃

ᠡᠨᠡ ᠵᠢᠯ ᠤᠯᠤᠰ ᠤ᠋ᠨ ᠰᠢᠬᠢᠷ ᠤ᠋ᠨ ᠮᠠᠲ᠋ᠧᠷᠢᠶᠠᠯ ᠤ᠋ᠨ ᠠᠵᠤ ᠦᠢᠯᠡᠰ ᠤ᠋ᠨ ᠮᠡᠷᠭᠡᠵᠢᠯ ᠤ᠋ᠨ ᠰᠢᠰᠲ᠋ᠧᠮ ᠤ᠋ᠨ ᠬᠥᠬᠡᠬᠣᠲᠠ ᠶ᠋ᠢᠨ ᠶᠡᠷᠦᠩᠬᠡᠶ᠋ᠢᠯᠡᠭᠰᠡᠨ ᠲᠤᠷᠰᠢᠯᠲᠠ ᠶ᠋ᠢᠨ ᠥᠷᠲᠡᠭᠡ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠰᠢᠬᠢᠷ ᠯᠤᠤᠪᠠᠩ ᠤ᠋ᠨ ᠠᠵᠤ ᠦᠢᠯᠡᠰ ᠤ᠋ᠨ ᠮᠡᠷᠭᠡᠵᠢᠯ ᠤ᠋ᠨ ᠰᠢᠰᠲ᠋ᠧᠮ ᠤ᠋ᠨ ᠥᠨᠳᠥᠷ ᠪᠦᠲᠦᠮᠵᠢᠲᠡᠶ ᠳᠠᠷᠢᠵᠤ ᠪᠣᠶ᠋ᠢᠵᠢᠭᠤᠯᠬᠤ  ᠠᠵᠢᠯ ᠤ᠋ᠨ ᠪᠠᠶ᠋ᠢᠷᠢ ᠶ᠋ᠢᠨ ᠮᠡᠷᠭᠡᠵᠢᠯᠲᠡᠳ ᠡᠴᠡ ᠴᠢ ᠱᠢ ᠰᠦ᠋ ᠶ᠋ᠢᠨ ᠦᠢᠯᠡᠰ ᠤ᠋ᠨ ᠴᠡᠯᠡᠭᠡᠷ  ᠲᠠᠯ᠎ᠠ   ᠰᠢᠬᠢᠷ ᠤ᠋ᠨ ᠦᠢᠯᠡᠳᠪᠦᠷᠢ ᠶ᠋ᠢᠨ ᠵᠢᠱ᠌ᠢᠶ᠎ᠡ ᠦᠵᠡᠭᠦᠯᠬᠦ᠌ ᠡᠷᠦᠬᠡ ᠳ᠋ᠤ ᠪᠥᠬᠥ᠌ ᠶᠠᠪᠤᠴᠠ ᠶ᠋ᠢᠨ ᠮᠡᠷᠭᠡᠵᠢᠯ ᠤ᠋ᠨ ᠲᠤᠯᠭᠠᠭᠤᠷᠢᠯᠠᠯ ᠪᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠢᠯᠡᠴᠢᠯᠡᠭᠡ ᠬᠠᠡᠭᠭᠠᠪᠠ᠃ ᠰᠢᠬᠢᠷ  ᠯᠤᠤᠪᠠᠩ ᠲᠠᠷᠢᠬᠤ ᠡᠴᠡ ᠡᠮᠦᠨ᠎ᠡ᠂ ᠪᠦᠬᠦ ᠵᠢᠯ ᠤ᠋ᠨ ᠲᠠᠷᠢᠬᠤ ᠲᠦᠰᠦᠯ ᠢ᠋ ᠲᠤᠭᠲᠠᠭᠠᠨ ᠦᠭᠴᠦ᠂ ᠪᠦᠬᠦ᠌ ᠶᠠᠪᠤᠴᠠ ᠶ᠋ᠢᠨ ᠮᠠᠰᠢᠨᠴᠢᠯᠠᠯᠲᠠ ᠶ᠋ᠢᠨ ᠮᠡᠷᠭᠡᠵᠢᠯ ᠤ᠋ᠨ  ᠵᠠᠭᠪᠤᠷ ᠢ᠋  ᠬᠡᠷᠡᠭᠵᠢᠭᠦᠯᠬᠦ ᠵᠢ ᠰᠠᠨᠠᠭᠠᠴᠢᠯᠠᠨ᠂ ᠤᠷᠭᠤᠯᠲᠠ ᠶ᠋ᠢᠨ ᠶᠠᠪᠤᠴᠠ ᠳ᠋ᠦ ᠤᠰᠤ ᠪᠣᠷᠳᠣᠭᠤᠷ ᠤ᠋ᠨ ᠰᠢᠨᠵᠢᠯᠡᠬᠦ᠌ ᠤᠬᠠᠭᠠᠨᠴᠢ ᠬᠠᠮᠢᠶᠠᠷᠤᠯᠲᠠ᠂ ᠡᠪᠡᠳᠴᠢᠨ ᠬᠣᠷᠣᠬᠠᠶ ᠶ᠋ᠢᠨ ᠬᠥᠨᠥᠭᠡᠯ ᠢ᠋ ᠪᠣᠬᠢᠷᠲᠤᠯ ᠦᠭᠡᠶ ᠪᠡᠷ ᠰᠡᠷᠭᠡᠶ᠋ᠢᠯᠡᠨ ᠬᠢᠵᠠᠭᠠᠷᠯᠠᠬᠤ᠂ ᠭᠠᠮᠰᠢᠭ ᠢ᠋ ᠰᠡᠷᠭᠡᠶ᠋ᠢᠯᠡᠵᠤ ᠭᠠᠮᠰᠢᠭ ᠢ᠋ ᠪᠠᠭᠠᠰᠬᠠᠬᠤ ᠵᠡᠷᠭᠡ ᠮᠡᠷᠭᠡᠵᠢᠯ ᠤ᠋ᠨ ᠦᠢᠯᠡᠴᠢᠯᠡᠭᠡ ᠬᠠᠡᠭᠭᠠᠵᠤ ᠂ ᠵᠢᠱ᠌ᠢᠶ᠎ᠡ ᠦᠵᠡᠭᠦᠯᠬᠦ᠌ ᠡᠷᠦᠬᠡ ᠶ᠋ᠢᠨ ᠦᠢᠯᠡᠳᠪᠦᠷᠢᠯᠡᠯ ᠤ᠋ᠨ ᠬᠦᠴᠢᠷ ᠠᠰᠠᠭᠤᠳᠠᠯ ᠢ᠋ ᠴᠠᠭ ᠲᠤᠬᠠᠶ ᠳ᠋ᠤᠨᠢ ᠰᠢᠢᠳᠪᠦᠷᠢᠯᠡᠨ᠂ ᠲᠠᠷᠢᠶᠠᠯᠠᠬᠤ ᠡᠷᠦᠬᠡ ᠵᠢ ᠬᠠᠪᠰᠤᠷᠤᠨ ᠲᠠᠷᠢᠮᠠᠯ ᠤ᠋ᠨ ᠲᠦᠭᠰᠢᠭᠦᠷᠢ ᠵᠢ ᠪᠠᠭᠤᠷᠠᠭᠤᠯᠵᠤ᠂ ᠰᠢᠬᠢᠷ ᠯᠤᠤᠪᠠᠩ ᠤ᠋ᠨ ᠲᠣᠭᠲᠠᠭᠤᠨ ᠤᠨᠠᠯᠲᠠ ᠵᠢ ᠪᠠᠲᠤᠯᠠᠨ ᠶᠠᠰᠤ ᠴᠢᠨᠠᠷ ᠢ᠋  ᠳᠡᠭᠡᠭᠰᠢᠯᠡᠭᠦᠯᠪᠡ᠃

ᠲᠣᠰ ᠤᠳᠠᠭ᠎ᠠ ᠵᠢᠨ ᠤᠨᠠᠯᠲᠠ ᠵᠢ ᠬᠡᠮᠵᠢᠬᠦ᠌᠎ᠠᠵᠢᠯ ᠢ᠋ ᠰᠢᠬᠢᠷ ᠯᠤᠤᠪᠠᠩ ᠤ᠋ᠨ ᠲᠠᠷᠢᠶᠠᠨ ᠤ᠋ ᠤᠨᠠᠯᠲᠠ ᠵᠢ ᠬᠡᠮᠵᠢᠬᠦ᠌ ᠳᠦᠷᠢᠮᠵᠢᠯ ᠢ᠋ ᠴᠢᠩᠭ᠎ᠠ ᠵᠢᠷᠤᠮᠯᠠᠨ ᠶᠠᠪᠤᠭᠳᠠᠭᠤᠯᠵᠤ᠂ ᠮᠡᠷᠭᠡᠵᠢᠯ ᠤ᠋ᠨ ᠠᠵᠢᠯᠲᠠᠳ ᠣᠯᠠᠨ ᠬᠡᠰᠡᠭ ᠲᠠᠷᠢᠶᠠᠨ ᠡᠴᠡ ᠦᠯᠢᠬᠡᠷ ᠠᠪᠬᠤ ᠠᠷᠭ᠎ᠠ ᠵᠢ ᠬᠡᠷᠡᠭᠯᠡᠨ᠂ ᠲᠤᠬᠠᠶ ᠶ᠋ᠢᠨ ᠭᠠᠵᠠᠷ ᠲᠤᠨᠢ ᠰᠢᠬᠢᠷ  ᠯᠤᠤᠪᠠᠩ ᠤ᠋ᠨ  ᠦᠨᠳᠦᠰᠦ ᠵᠢ ᠮᠠᠯᠲᠠᠵᠤ᠂  ᠦᠨᠳᠦᠰᠦ ᠶ᠋ᠢᠨ ᠬᠦᠨᠳᠦ  ᠪᠠ  ᠰᠢᠬᠢᠷ ᠤ᠋ᠨ ᠠᠭᠤᠯᠤᠭᠳᠠᠴᠠ ᠵᠢ ᠬᠡᠮᠵᠢᠭᠰᠡᠨ ᠪᠠᠢᠨ᠎ᠠ᠃ ᠲᠤᠬᠠᠶ ᠶ᠋ᠢᠨ ᠲᠠᠯᠠᠪᠠᠶ ᠶ᠋ᠢᠨ ᠪᠣᠳᠠᠲᠤ ᠬᠡᠮᠵᠢᠯᠲᠡ ᠳ᠋ᠤ᠂ ᠵᠢᠱ᠌ᠢᠶ᠎ᠡ ᠦᠵᠡᠭᠦᠯᠬᠦ᠌ ᠲᠠᠷᠢᠶᠠᠨ ᠤ᠋  ᠤᠯᠤᠰ ᠲᠠᠭᠠᠨ ᠪᠤᠢᠵᠢᠭᠤᠯᠤᠭᠰᠠᠨ ᠡᠭᠦᠯᠳᠡᠷ NT39106 ᠵᠢᠨ ᠮᠦ᠍ ᠨᠢᠭᠡᠴᠢ ᠶ᠋ᠢᠨ ᠳᠤᠮᠳᠠᠴᠢ ᠤᠨᠠᠯᠲᠠ ᠨᠢ 6 ᠳᠤᠨ ᠢ᠋ ᠳᠠᠪᠠᠨ᠂ ᠭᠠᠳᠠᠭᠠᠳᠤ ᠡᠴᠡ ᠤᠷᠤᠭᠤᠯᠤᠭᠰᠠᠨ ᠡᠭᠦᠯᠳᠡᠷ ᠲᠡᠶ ᠣᠶ᠋ᠢᠷᠠᠯᠴᠠᠭ᠎ᠠ ᠪᠠᠶ᠋ᠢᠵᠤ᠂ ᠦᠨᠳᠦᠰᠦ ᠶ᠋ᠢᠨ ᠰᠢᠬᠢᠷ ᠤ᠋ᠨ ᠠᠭᠤᠯᠤᠭᠳᠠᠴᠠ ᠶ᠋ᠢᠨ ᠬᠡᠮᠵᠢᠶ᠎ᠡ ᠨᠢ ᠭᠠᠳᠠᠭᠠᠳᠤ ᠡᠴᠡ ᠤᠷᠤᠭᠤᠯᠤᠭᠰᠠᠨ ᠡᠭᠦᠯᠳᠡᠷ ᠡᠴᠡ 1% — 2% ᠶ᠋ᠢᠡᠷ ᠳᠠᠪᠠᠵᠤ᠂ ᠭᠠᠷᠤᠯᠲᠠ ᠪᠣᠯᠤᠨ ᠶᠠᠰᠤ ᠴᠢᠨᠠᠷ  ᠨᠢ  ᠴᠥᠮ ᠵᠢᠱ᠌ᠢᠭᠰᠡᠨ ᠬᠠᠷᠠᠯᠲᠠ ᠳ᠋ᠤ ᠬᠦᠷᠴᠠᠢ᠃

ᠤᠯᠤᠰ ᠤ᠋ᠨ ᠰᠢᠬᠢᠷ ᠤ᠋ᠨ ᠮᠠᠲ᠋ᠧᠷᠢᠶᠠᠯ ᠤ᠋ᠨ ᠠᠵᠤ ᠦᠢᠯᠡᠰ ᠤ᠋ᠨ ᠮᠡᠷᠭᠡᠵᠢᠯ ᠤ᠋ᠨ ᠰᠢᠰᠲ᠋ᠧᠮ ᠤ᠋ᠨ ᠬᠥᠬᠡᠬᠣᠲᠠ ᠶ᠋ᠢᠨ ᠶᠡᠷᠦᠩᠬᠡᠶ᠋ᠢᠯᠡᠭᠰᠡᠨ ᠲᠤᠷᠰᠢᠯᠲᠠ ᠶ᠋ᠢᠨ ᠥᠷᠲᠡᠭᠡ ᠨᠢ ᠣᠶ᠋ᠢᠷ᠎ᠠ ᠶ᠋ᠢᠨ ᠵᠢᠯ ᠳ᠋ᠦ ᠤᠯᠤᠰ ᠤ᠋ᠨ ᠰᠢᠬᠢᠷ ᠤ᠋ᠨ ᠮᠠᠲ᠋ᠧᠷᠢᠶᠠᠯ ᠤ᠋ᠨ ᠠᠵᠤ ᠦᠢᠯᠡᠰ ᠤ᠋ᠨ ᠮᠡᠷᠭᠡᠵᠢᠯ ᠤ᠋ᠨ ᠰᠢᠰᠲ᠋ᠧᠮ ᠳ᠋ᠤ ᠲᠦᠰᠢᠭᠯᠡᠨ ᠬᠥᠬᠡᠬᠣᠲᠠ᠂ ᠪᠤᠭᠤᠲᠤ᠌᠂ ᠤᠯᠠᠭᠠᠨᠴᠠᠪ  ᠪᠣᠯᠤᠨ ᠪᠠᠶᠠᠨᠨᠠᠭᠤᠷ  ᠬᠣᠲᠠ ᠶ᠋ᠢᠨ 5 ᠬᠣᠰᠢᠭᠤ  ᠰᠢᠶᠠᠨ ᠳ᠋ᠤ ᠤᠯᠤᠰ ᠲᠠᠭᠠᠨ ᠪᠤᠢᠵᠢᠭᠤᠯᠤᠭᠰᠠᠨ ᠰᠢᠬᠢᠷ ᠯᠤᠤᠪᠠᠩ ᠤ᠋ᠨ ᠰᠢᠨ᠎ᠡ ᠡᠭᠦᠯᠳᠡᠷ ᠢ᠋ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠶ᠋ᠢᠨ ᠬᠠᠮᠲᠤ ᠴᠠᠭᠠᠰᠤᠨ ᠲᠦᠩᠰᠡ ᠪᠡᠷ ᠴᠢᠬᠢ ᠪᠣᠶ᠋ᠢᠵᠢᠭᠤᠯᠬᠤ᠂ ᠰᠢᠬᠢᠷ ᠯᠤᠤᠪᠠᠩ ᠢ᠋ ᠰᠢᠭᠤᠳ ᠳᠠᠷᠢᠬᠤ ᠪᠥᠬᠥ᠌ ᠶᠠᠪᠤᠴᠠ ᠶ᠋ᠢᠨ ᠮᠠᠰᠢᠨᠴᠢᠯᠠᠯᠲᠠ ᠶ᠋ᠢᠨ 2 ᠢᠵᠢ  ᠵᠠᠭᠪᠤᠷ ᠢ᠋  ᠦᠷᠭᠦᠯᠵᠢᠯᠡᠨ ᠥᠷᠨᠢᠭᠦᠯᠵᠦ᠍᠂ ᠭᠤᠤᠯ   ᠵᠢᠱ᠌ᠢᠶ᠎ᠡ ᠦᠵᠡᠭᠦᠯᠬᠦ᠌ ᠲᠠᠯᠠᠪᠠᠶ ᠨᠢ 5000 ᠮᠥ᠍ ᠵᠢ ᠲᠠᠪᠠᠨ᠂ ᠨᠡᠢᠲᠡ 20 ᠲᠦᠮᠡᠨ ᠮᠥ᠍᠎ᠰᠢᠬᠢᠷ ᠯᠤᠤᠪᠠᠡᠭ ᠤ᠋ᠨ ᠲᠠᠷᠢᠶ᠎ᠠ ᠵᠢ  ᠨᠥᠯᠥᠭᠡᠯᠡᠨ ᠳᠠᠶ᠋ᠢᠴᠢᠯᠠᠪᠠ᠃ ᠴᠡᠯᠡᠭᠡᠷ ᠲᠠᠯ᠎ᠠ ᠰᠢᠬᠢᠷ ᠤ᠋ᠨ ᠦᠢᠯᠡᠳᠪᠦᠷᠢ ᠵᠡᠷᠭᠡ ᠳᠠᠭᠠᠭᠤᠯᠤᠭᠴᠢ ᠠᠵᠤ ᠠᠬᠤᠶ᠋ᠢᠯᠠᠯ ᠯᠤᠭ᠎ᠠ ᠬᠠᠮᠲᠤᠷᠠᠭᠰᠠᠨ ᠦᠢᠯᠡᠴᠢᠯᠡᠭᠡ ᠦᠷᠨᠢᠭᠦᠯᠬᠦ᠎ᠪᠡᠷ ᠳᠠᠮᠵᠢᠨ ᠰᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠦᠷ᠎ᠡ ᠪᠦᠲᠦᠭᠡᠯ ᠢ᠋ ᠲᠠᠷᠢᠶᠠᠨ ᠭᠠᠵᠠᠷ ᠤ᠋ᠨ ᠦᠢᠯᠡᠳᠪᠦᠷᠢᠯᠡᠯ ᠤ᠋ᠨ ᠬᠦᠴᠦᠨ ᠪᠣᠯᠭᠠᠨ ᠬᠤᠪᠢᠷᠠᠭᠤᠯᠵᠤ᠂ ᠵᠢᠱ᠌ᠢᠶ᠎ᠡ ᠦᠵᠡᠭᠦᠯᠬᠦ᠌ ᠡᠷᠦᠬᠡ ᠶ᠋ᠢᠨ ᠰᠢᠬᠢᠷ ᠯᠤᠤᠪᠠᠩ ᠲᠠᠷᠢᠬᠤ ᠲᠦᠪᠰᠢᠨ ᠪᠠ ᠠᠶᠤᠯ ᠲᠦᠭᠰᠢᠭᠦᠷᠢ ᠵᠢ ᠡᠰᠡᠷᠭᠦᠴᠡᠬᠦ᠌ ᠴᠢᠳᠠᠪᠤᠷᠢ ᠵᠢ ᠪᠦᠲᠦᠮᠵᠢᠲᠡᠶ  ᠳᠡᠭᠡᠭᠰᠢᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面