2026-10-30 14:53:33
ᠠᠭᠤᠯᠠ ᠤᠰᠤ ᠪᠡᠷ ᠶ᠋ᠢᠡᠨ ᠵᠠᠯᠭᠠᠯᠳᠤᠭᠰᠠᠨ ᠪᠡᠭᠡᠵᠢᠡᠭ ᠦᠪᠦᠷ ᠮᠤᠡᠭᠭᠤᠯ ᠤ᠋ᠨ ᠬᠠᠢᠷ᠎ᠠ ᠰᠡᠳᠬᠢᠯᠭᠡ ᠬᠦᠨ ᠵᠤᠵᠠᠭᠠᠨ ᠶᠤᠮ ᠃ 1996 ᠤᠨ ᠳ᠋ᠦ ᠨᠠᠮ ᠤ᠋ᠨ ᠲᠦᠪ ᠬᠤᠷᠢᠶ᠎ᠠ ᠡᠴᠡ ᠬᠦᠭᠵᠢᠭᠰᠡᠨ ᠮᠤᠵᠢ ᠬᠤᠳᠠ ᠶ᠋ᠢ ᠪᠠᠷᠠᠭᠤᠨ ᠪᠡᠶ᠎ᠠ ᠶ᠋ᠢᠨ ᠶᠠᠳᠠᠭᠤ ᠬᠦᠴᠢᠷᠳᠡᠯᠳᠠᠢ ᠭᠠᠵᠠᠷ ᠤᠷᠤᠨ ᠢ᠋ ᠬᠠᠪᠰᠤᠷᠤᠨ ᠳᠡᠳᠬᠦᠬᠦᠯᠬᠦ ᠪᠡᠷ ᠳᠤᠬᠢᠷᠠᠭᠤᠯᠤᠭᠰᠠᠨ ᠡᠴᠡ ᠨᠠᠭᠠᠰᠢ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭ᠎ᠠ ᠨᠢᠭᠡᠨᠳᠡ 30 ᠵᠢᠯ ᠤ᠋ᠨ ᠲᠡᠦᠬᠡᠨ ᠶᠠᠪᠤᠴᠠ ᠶ᠋ᠢ ᠦᠡᠭᠭᠡᠷᠡᠭᠦᠯᠵᠠᠢ᠃ 30 ᠵᠢᠯ ᠤ᠋ᠨ ᠲᠤᠷᠰᠢ᠂ ᠪᠡᠭᠡᠵᠢᠡᠭ ᠬᠤᠳᠠ ᠪᠤᠯᠤᠨ ᠦᠪᠦᠷ ᠮᠤᠡᠭᠭᠤᠯ ᠤ᠋ᠨ ᠬᠢᠨ ᠰᠡᠳᠬᠢᠯ ᠨᠢᠭᠡᠳᠦᠨ ᠬᠦᠴᠦ ᠪᠠᠨ ᠬᠠᠮᠳᠤᠳᠬᠠᠵᠤ ᠂ ᠬᠠᠮᠤᠭ ᠤ᠋ᠨ ᠠᠩᠬᠠᠨ ᠤ᠋ ᠪᠡᠯᠡ ᠮᠥᠩᠭᠥ ᠶ᠋ᠢᠨ ᠲᠤᠰᠠᠯᠠᠮᠵᠢ ᠪᠠ ᠡᠳ᠋ ᠪᠣᠳᠠᠰ ᠤ᠋ᠨ ᠬᠠᠪᠰᠤᠷᠤᠯᠭ᠎ᠠ ᠦᠵᠡᠭᠦᠯᠬᠦ ᠡᠴᠡ ᠺᠠᠳ᠋ᠷ ᠤ᠋ᠨ ᠲᠤᠰᠠᠯᠠᠮᠵᠢ ᠦᠵᠡᠭᠦᠯᠦᠨ᠂ ᠴᠢᠳᠠᠪᠤᠷᠢᠲᠠᠨ ᠢ᠋ ᠬᠠᠮᠲᠤ ᠪᠡᠷ ᠬᠦᠮᠦᠵᠢᠬᠦᠯᠬᠦ ᠬᠦᠷᠲᠡᠯ᠎ᠡ᠂ ᠲᠠᠬᠢᠭᠠᠳ ᠤᠳᠤ ᠶ᠋ᠢᠨ ᠠᠵᠤ ᠦᠢᠯᠡᠰ ᠢ᠋ ᠬᠠᠮᠳᠤ ᠪᠡᠷ ᠬᠦᠭᠵᠢᠭᠦᠯᠤᠨ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠬᠠᠮᠵᠢᠯᠴᠠᠭ᠎ᠠ ᠦᠷᠨᠢᠭᠦᠯᠬᠦ ᠬᠦᠷᠳᠡᠯ᠎ᠠ᠂ ᠨᠢᠬᠡᠨᠳᠡ ᠪᠦᠬᠦ ᠲᠠᠯ᠎ᠠ ᠶ᠋ᠢᠨ᠂ ᠦᠷᠬᠡᠨ ᠬᠦᠷᠢᠶ᠎ᠡ ᠶ᠋ᠢᠨ᠂ ᠤᠯᠠᠨ ᠳᠡᠰ ᠳᠠᠪᠬᠤᠷᠭ᠎ᠠ ᠶ᠋ᠢᠨ ᠭᠦᠨᠵᠡᠭᠡᠢ ᠬᠠᠮᠵᠢᠯᠴᠠᠭ᠎ᠠ ᠦᠷᠨᠢᠭᠦᠯᠵᠤ᠂ ᠬᠢᠯᠠᠯᠵᠠᠭᠰᠠᠨ ᠦᠷ᠎ᠠ ᠪᠦᠲᠦᠭᠡᠯ ᠵᠢᠡᠷ ᠵᠢᠡᠨ ᠤᠯᠤᠰ ᠤ᠋ᠨ ᠤᠷᠤᠨ ᠪᠦᠰᠡ ᠶ᠋ᠢᠨ ᠵᠤᠬᠢᠴᠠᠩᠭᠤᠢ ᠬᠦᠭᠵᠢᠯᠳᠡ ᠶ᠋ᠢ ᠠᠬᠢᠭᠤᠯᠬᠤ ᠳ᠋ᠤ ᠠᠯᠢ ᠤᠯᠠᠨ ᠦᠯᠢᠭᠡᠷ ᠵᠢᠱ᠌ᠢᠶᠠ ᠬᠠᠩᠭᠠᠪᠠ᠃
ᠪᠡᠬᠡᠵᠢᠩ ᠦᠪᠤᠷ ᠮᠤᠩᠭᠤᠯ ᠤ᠋ᠨ ᠬᠠᠮᠳᠤ ᠪᠡᠷ ᠪᠠᠢᠭᠤᠯᠤᠭᠰᠠᠨ 10 ᠶᠡᠬᠡ ᠠᠵᠤ ᠦᠢᠯᠡᠰ ᠤ᠋ᠨ ᠬᠦᠷᠢᠶᠡᠯᠡᠡᠭ ᠲᠤᠭᠤᠷᠢᠭ
① ᠦᠴᠤᠸᠠᠨ ᠰᠢᠶᠠᠨ ᠤ᠋ ᠰᠢᠤᠢ ᠹᠸᠡᠭ ᠲᠦᠮᠦᠰᠦᠨ ᠤ᠋ ᠠᠵᠤ ᠦᠢᠯᠡᠰ ᠤ᠋ᠨ ᠬᠦᠷᠢᠶᠡᠯᠡᠡᠭ — ᠪᠦᠬᠦ ᠠᠵᠤ ᠦᠢᠯᠡᠰ ᠤ᠋ᠨ ᠬᠡᠯᠬᠢᠶᠡᠨ ᠤ᠋ ᠲᠦᠮᠦᠰᠦᠨ ᠤ᠋ ᠠᠵᠤ ᠦᠢᠯᠡᠰ ᠶ᠋ᠢᠡᠷ ᠬᠦᠳᠡᠭᠡ ᠲᠤᠰᠬᠤᠨ ᠢ᠋ ᠬᠦᠭᠵᠢᠭᠦᠯᠬᠦ ᠰᠢᠨ᠎ᠠ ᠲᠦᠷᠦᠯ ᠲᠡᠮᠲᠡᠭ ᠢ᠋ ᠴᠤᠭᠴᠠᠯᠠᠪᠠ᠃
② ᠣᠷᠴᠣᠨ ᠤ᠋ ᠥᠪᠡᠷᠲᠡᠭᠡᠨ ᠵᠠᠰᠠᠬᠤ ᠬᠣᠰᠢᠭᠤᠨ ᠤ᠋ ᠣᠲᠣ ᠦᠶ᠎ᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ — ᠣᠷᠣᠨ ᠨᠤᠲᠤᠭ ᠤ᠋ᠨ ᠠᠵᠤ ᠠᠬᠤᠶ ᠶ᠋ᠢᠨ ᠨᠡᠮᠡᠭᠳᠡᠯ ᠤ᠋ᠨ ᠰᠢᠨ᠎ᠡ ᠬᠥᠳᠡᠯᠭᠡᠭᠦᠷ ᠢ᠋ ᠪᠤᠢ ᠪᠤᠯᠭᠠᠪᠠ᠃
③ ᠲᠦᠴᠢᠦᠸᠠᠨ ᠰᠢᠶᠠᠨ ᠤ᠋ ᠱᠦ᠍ ᠭᠤᠸᠠᠩ ᠤᠳᠤ ᠦᠶ᠎ᠠ ᠶ᠋ᠢᠨ ᠲᠠᠷᠢᠶᠠᠯᠠᠩ ᠤ᠋ᠨ ᠡᠷᠬᠢᠯᠳᠡᠳᠦ ᠠᠵᠤ ᠠᠬᠤᠢ ᠶ᠋ᠢᠨ ᠬᠦᠷᠢᠶᠡᠯᠡᠩ ᠲᠤᠭᠤᠷᠢᠭ — ᠡᠷᠬᠢᠯᠳᠡᠳᠦ ᠲᠠᠷᠢᠶᠠᠯᠠᠩ ᠳ᠋ᠤ ᠰᠠᠭᠤᠷᠢᠯᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤ᠋ᠨ ᠠᠭᠤᠰᠤᠯᠴᠠᠨ ᠬᠥᠭᠵᠢᠬᠦ᠌ ᠰᠢᠨ᠎ᠡ ᠦᠯᠢᠭᠡᠷ ᠬᠡᠪ ᠢ᠋ ᠡᠭᠦᠳᠪᠡ᠃
④ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠤᠯᠤᠰ ᠤ᠋ᠨ ᠣᠲᠣ ᠦᠶ᠎ᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ — ᠪᠦᠬᠦ ᠠᠵᠤ ᠦᠢᠯᠡᠰ ᠤ᠋ᠨ ᠬᠡᠯᠬᠢᠶᠡᠨ ᠤ᠋ ᠮᠢᠬᠠᠨ ᠤ᠋ ᠦᠬᠡᠷ ᠤ᠋ᠨ ᠠᠵᠤ ᠦᠢᠯᠡᠰ ᠶ᠋ᠢᠡᠷ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ᠋ ᠠᠭᠤᠰᠤᠯᠴᠠᠭᠤᠯᠤᠨ ᠬᠦᠭᠵᠢᠭᠦᠯᠵᠤ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠬᠡᠪ ᠳᠠᠭᠤᠷᠢᠶᠠᠯ ᠢ᠋ ᠪᠤᠢ ᠪᠤᠯᠭᠠᠪᠠ᠃
⑤ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ ᠤ᠋ ᠬᠤᠸᠠᠲᠤᠭᠤᠯ ᠠᠵᠤ ᠦᠢᠯᠡᠰ ᠤ᠋ᠨ ᠬᠦᠷᠢᠶᠡᠯᠡᠩ — ᠦᠪᠡᠷᠮᠢᠴᠡ ᠣᠨᠴᠠᠯᠢᠭᠲᠤ᠌ ᠮᠠᠯ ᠠᠵᠤ ᠠᠬᠤᠶ ᠲᠠᠷᠢᠶᠠᠯᠠᠡᠭ ᠤ᠋ᠨ ᠠᠵᠤ ᠦᠢᠯᠡᠰ ᠢ᠋ ᠪᠦᠭᠡᠮᠨᠡᠷᠡᠭᠦᠯᠦᠨ ᠬᠦᠭᠵᠢᠭᠦᠯᠬᠦ ᠥᠨᠳᠥᠷᠯᠢᠭ ᠢ᠋ ᠴᠤᠭᠴᠠᠯᠠᠪᠠ᠃
⑥ ᠨᠢᠩᠴᠧᠩ ᠰᠢᠶᠠᠨ ᠤ᠋ ᠣᠲᠣ ᠦᠶ᠎ᠡ ᠶ᠋ᠢᠨ ᠲᠠᠷᠢᠶᠠᠯᠠᠩ ᠤ᠋ᠨ ᠵᠢᠱ᠌ᠢᠶ᠎ᠡ ᠦᠵᠡᠭᠦᠯᠬᠦ᠌ ᠬᠦᠷᠢᠶᠡᠯᠡᠩ — ᠪᠡᠭᠡᠵᠢᠩ ᠦᠪᠦᠷ ᠮᠤᠩᠭᠤᠯ ᠤ᠋ᠨ ᠬᠠᠮᠵᠢᠯᠴᠠᠭᠠᠨ ᠤ᠋ ᠣᠶᠤᠨᠴᠢ ᠲᠠᠷᠢᠶᠠᠯᠠᠩ ᠤ᠋ᠨ ᠰᠢᠨ᠎ᠡ ᠥᠨᠳᠥᠷᠯᠢᠭ ᠢ᠋ ᠴᠤᠭᠴᠠᠯᠠᠪᠠ᠃
⑦ ᠤᠯᠠᠭᠠᠨᠬᠠᠳᠠ ᠶ᠋ᠢᠨ ᠬᠣᠩ ᠹᠦ᠋ ᠣᠳᠣ ᠦᠶ᠎ᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ — ᠣᠶᠤᠨᠳᠤ ᠲᠥᠬᠥᠭᠡᠷᠦᠮᠵᠢ ᠪᠡᠷ ᠲᠥᠪᠡᠳ ᠬᠠᠰᠢ ᠪᠣᠶ᠋ᠢᠵᠢᠭᠤᠯᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤ᠋ᠨ ᠠᠭᠤᠰᠤᠯᠴᠠᠯ ᠤ᠋ᠨ ᠰᠢᠨ᠎ᠡ ᠬᠠᠭᠤᠳᠠᠰᠤ ᠵᠢ ᠪᠢᠴᠢᠭᠯᠡᠪᠠ᠃
⑧ᠰᠢᠯᠤᠭᠤᠨ ᠬᠥᠪᠡᠭᠡᠲᠦ᠍ ᠴᠠᠭᠠᠨ ᠬᠣᠰᠢᠭᠤᠨ ᠤ᠋ ᠪᠡᠭᠡᠵᠢᠩ ᠥᠪᠥᠷ ᠮᠣᠩᠭᠣᠯ ᠤ᠋ᠨ ᠲᠠᠷᠢᠶᠠᠯᠠᠩ ᠤ᠋ᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠠᠵᠤ ᠦᠢᠯᠡᠰ ᠤ᠋ᠨ ᠬᠦᠷᠢᠶᠡᠯᠡᠩ — ᠣᠨᠴᠠᠯᠢᠭᠲᠤ᠌ ᠮᠠᠯ ᠠᠵᠤ ᠠᠬᠤᠶ ᠲᠠᠷᠢᠶᠠᠯᠠᠡᠭ ᠤ᠋ᠨ ᠴᠢᠨᠠᠷ ᠰᠠᠶ᠋ᠢᠲᠠᠶ ᠬᠥᠭᠵᠢᠯᠲᠡ ᠶ᠋ᠢᠨ ᠭᠤᠤᠯ ᠬᠥᠳᠡᠯᠭᠡᠭᠦᠷ ᠢ᠋ ᠴᠤᠭᠴᠠᠯᠠᠪᠠ᠃
⑨ ᠲᠠᠶ᠋ᠢᠪᠤᠰᠧ ᠬᠣᠰᠢᠭᠤᠨ ᠤ᠋ ᠺᠠᠢ ᠳ᠋ᠠ ᠠᠵᠤ ᠦᠢᠯᠡᠰ ᠤ᠋ᠨ ᠬᠦᠷᠢᠶᠡᠯᠡᠩ — ᠲᠥᠮᠥᠰᠥ ᠶ᠋ᠢᠨ ᠪᠦᠬᠦ᠌ ᠠᠵᠤ ᠦᠢᠯᠡᠰ ᠤ᠋ᠨ ᠬᠡᠯᠬᠢᠶᠡᠨ ᠤ᠋ ᠬᠥᠭᠵᠢᠯᠲᠡ ᠶ᠋ᠢᠨ ᠭᠣᠣᠯ ᠠᠴᠢᠶᠠᠯᠠᠪᠤᠷᠢ ᠶ᠋ᠢ ᠪᠠᠢᠭᠤᠯᠪᠠ᠃
⑩ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ ᠤ᠋ ᠪᠡᠭᠡᠵᠢᠩ ᠥᠪᠥᠷ ᠮᠣᠩᠭᠣᠯ ᠤ᠋ᠨ ᠬᠠᠮᠲᠤᠷᠠᠯᠴᠠᠭᠠᠨ ᠤ᠋ ᠠᠵᠤ ᠦᠢᠯᠡᠰ ᠤ᠋ᠨ ᠬᠦᠷᠢᠶᠡᠯᠡᠩ — ᠠᠵᠤ ᠦᠢᠯᠡᠰ ᠤ᠋ᠨ ᠰᠢᠯᠵᠢᠯᠲᠡ ᠶ᠋ᠢ ᠬᠦᠯᠢᠶᠡᠨ ᠠᠪᠬᠤ ᠰᠢᠨ᠎ᠡ ᠪᠤᠷᠤ ᠵᠢᠷᠤᠭ ᠢ᠋ ᠲᠦᠰᠦᠪᠯᠡᠨ ᠵᠢᠷᠤᠭᠯᠠᠪᠠ᠃

ᠪᠡᠬᠡᠵᠢᠩ ᠦᠪᠤᠷ ᠮᠤᠩᠭᠤᠯ ᠤ᠋ᠨ ᠬᠠᠮᠳᠤᠷᠠᠨ ᠴᠤᠭᠴᠠᠯᠠᠭᠰᠠᠨᠬᠦᠳᠡᠯᠮᠦᠷᠢ ᠦᠢᠯᠡᠴᠢᠯᠡᠭᠡᠨ ᠤ᠋ 10 ᠶᠡᠬᠡ ᠲᠦᠷᠦᠯ ᠲᠡᠮᠲᠡᠭ
① ᠵᠢᠩ ᠳ᠋ᠦᠩ ᠭᠡᠷ ᠤ᠋ᠨ ᠶᠠᠪᠤᠳᠠᠯ ᠤ᠋ᠨ ᠦᠢᠯᠡᠴᠢᠯᠡᠭᠡ — ᠵᠠᠬᠢᠶᠠᠯᠠᠭ᠎ᠠ ᠶ᠋ᠢᠨ ᠬᠡᠯᠪᠡᠷᠢ ᠶ᠋ᠢᠨ ᠪᠤᠯᠪᠠᠰᠤᠷᠠᠯ ᠬᠦᠷᠲᠡᠭᠡᠵᠦ ᠂ ᠨᠠᠷᠢᠯᠢᠭ ᠦᠢᠯᠡᠴᠢᠯᠡᠭᠡ ᠬᠠᠩᠭᠠᠨ᠎ᠠ᠃
② ᠲᠦᠴᠢᠦᠸᠠᠨ ᠤ᠋ ᠭᠠᠩᠨᠠᠭᠤᠷᠴᠢᠨ — ᠮᠡᠷᠭᠡᠵᠢᠯ ᠶ᠋ᠢᠡᠷ ᠠᠵᠢᠯ ᠤᠯᠭᠤᠯᠲᠠ ᠵᠢ ᠠᠬᠢᠭᠤᠯᠵᠤ᠂ ᠤᠷ᠎ᠠ ᠮᠡᠷᠭᠡᠰᠢᠯ ᠶ᠋ᠢᠡᠷ ᠪᠠᠶᠠᠵᠢᠬᠤ ᠵᠠᠮ ᠢ᠋ ᠨᠡᠭᠡᠭᠡᠨ᠎ᠠ᠃
③ ᠠᠤᠬᠠᠨ ᠤ᠋ ᠴᠠᠬᠢᠯᠭᠠᠨ ᠤᠳᠠᠰᠤ ᠲᠠᠲᠠᠬᠤ ᠠᠵᠢᠯᠴᠢᠨ — ᠤᠷ᠎ᠠ ᠮᠡᠷᠭᠡᠵᠢᠯ ᠢ᠋ ᠭᠦᠨᠵᠡᠭᠡᠶ ᠰᠤᠳᠤᠯᠵᠤ ᠂ ᠴᠠᠬᠢᠯᠭᠠᠨ ᠤᠲᠠᠰᠤ ᠪᠡᠷ ᠬᠦᠭᠵᠢᠯ ᠮᠠᠨᠳᠤᠯ ᠤ᠋ᠨ ᠵᠠᠮ ᠢ᠋ ᠵᠢᠷᠤᠭᠯᠠᠨ᠎ᠠ᠃
④ ᠬᠦᠷᠢᠶ᠎ᠡ ᠶ᠋ᠢᠨ ᠰᠤᠪᠢᠯᠠᠬᠤ ᠠᠵᠢᠯᠳᠠᠨ — ᠨᠢᠩᠵᠢᠨ ᠰᠡᠳᠬᠢᠯ ᠤ᠋ᠨ ᠦᠢᠯᠡᠴᠢᠯᠡᠭᠡ ᠬᠠᠩᠭᠠᠵᠤ ᠂ ᠤᠷᠤᠯᠭ᠎ᠠ ᠪᠡᠨ ᠲᠤᠭᠲᠠᠭᠤᠨ ᠶ᠋ᠢᠡᠷ ᠨᠡᠮᠡᠭᠳᠡᠭᠦᠯᠦᠨ᠎ᠠ᠃
⑤ ᠪᠠᠭᠠᠷᠢᠨ ᠵᠡᠭᠦᠨ ᠬᠣᠰᠢᠭᠤᠨ ᠤ᠋ ᠱᠦᠭᠦᠷ ᠤᠶᠠᠭᠴᠢ — ᠪᠣᠭᠣᠵᠢᠯᠠᠨ ᠪᠠᠭᠯᠠᠵᠤ ᠰᠠᠢᠨ ᠱᠦᠭᠦᠷ ᠤᠶᠠᠵᠤ᠂ ᠴᠢᠨᠡᠭᠡᠯᠢᠭ ᠠᠮᠢᠳᠤᠷᠠᠯ ᠶ᠋ᠢᠡᠨ ᠴᠤᠭᠴᠠᠯᠠᠨ᠎ᠠ᠃
⑥ ᠬᠤᠸᠠᠳᠧ ᠶ᠋ᠢᠨ ᠤᠶᠤᠳᠠᠯᠴᠢᠨ — ᠤᠷᠠᠨ ᠭᠠᠷ ᠶ᠋ᠢᠡᠷ ᠰᠢᠨ᠎ᠠ ᠬᠤᠪᠴᠠᠰᠤ ᠤᠶᠤᠵᠤ ᠂ ᠵᠢᠵᠢᠭ ᠦᠢᠯᠡᠳᠪᠦᠷᠢ ᠶ᠋ᠢᠨ ᠲᠠᠰᠤᠭ ᠶ᠋ᠢᠡᠷ ᠠᠷᠠᠳ ᠤ᠋ᠨ ᠠᠮᠢᠳᠤᠷᠠᠯ ᠢ᠋ ᠳᠠᠶ᠋ᠢᠴᠢᠯᠠᠨᠠ᠃
⑦ ᠬᠢᠩᠭᠠᠨ ᠤ᠋ ᠭᠡᠷ ᠤ᠋ᠨ ᠶᠠᠪᠤᠳᠠᠯ ᠤ᠋ᠨ ᠦᠢᠯᠡᠴᠢᠯᠡᠭᠡ — ᠡᠷᠦᠬᠡ ᠡᠷᠦᠬᠡ ᠪᠡᠷ ᠦᠢᠯᠡᠴᠢᠯᠡᠭᠡ ᠬᠠᠩᠭᠠᠵᠤ᠂ ᠳᠣᠲᠣᠨᠣᠰᠣᠭ ᠦᠢᠯᠡᠴᠢᠯᠡᠭᠡ ᠪᠡᠷ ᠰᠡᠳᠬᠢᠯ ᠢ᠋ ᠳᠤᠯᠠᠭᠠᠯᠠᠨ᠎ᠠ᠃
⑧ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ᠋ ᠤᠷᠠᠨ ᠭᠠᠷ — ᠤᠲᠠᠰᠤ ᠵᠡᠭᠦᠦ ᠬᠦᠳᠡᠯᠭᠡᠨ ᠤᠷᠠᠨ ᠪᠦᠲᠦᠭᠡᠯ ᠬᠢᠵᠦ ᠂ ᠤᠷᠠᠨ ᠭᠠᠷ ᠶ᠋ᠢᠡᠷ ᠠᠮᠢᠳᠤᠷᠠᠯ ᠶ᠋ᠢᠡᠨ ᠦᠭᠡᠳᠡ ᠲᠠᠳᠠᠨ᠎ᠠ᠃
⑨ ᠨᠢᠡᠭᠴᠸᠡᠭ ᠤ᠋ᠨ ᠰᠠᠷ᠎ᠠ ᠠᠰᠠᠷᠠᠬᠤ ᠪᠦᠰᠡᠭᠦᠢ — ᠡᠬᠡ ᠨᠢᠯᠬᠠᠰ ᠢ᠋ ᠨᠢᠮᠪᠠᠢ ᠠᠰᠠᠷᠠᠵᠤ ᠂ ᠴᠢᠨᠡᠭᠡᠯᠢᠭ ᠠᠮᠢᠳᠤᠷᠠᠯ ᠶ᠋ᠢᠡᠨ ᠴᠤᠭᠴᠠᠯᠠᠨ᠎ᠠ᠃
⑩ ᠰᠢᠯᠤᠭᠤᠨ ᠬᠥᠪᠡᠭᠡᠲᠦ᠍ ᠴᠠᠭᠠᠨ ᠬᠣᠰᠢᠭᠤᠨ ᠤ᠋ ᠲᠠᠷᠪᠤᠰ ᠤ᠋ᠨ ᠲᠠᠷᠢᠶᠠᠴᠢᠨ — ᠲᠠᠷᠪᠤᠰ ᠤ᠋ᠨ ᠲᠠᠷᠢᠶ᠎ᠠ ᠪᠠᠨ ᠰᠠᠢᠳᠤᠷ ᠠᠷᠠᠴᠢᠯᠠᠵᠤ ᠂ ᠵᠢᠷᠭᠠᠯᠳᠦ ᠠᠮᠢᠳᠤᠷᠠᠯ ᠶ᠋ᠢᠡᠨ ᠴᠤᠭᠴᠠᠯᠠᠨ᠎ᠠ᠃

ᠦᠪᠦᠷ ᠮᠤᠡᠭᠭᠤᠯ ᠳ᠋ᠦ ᠨᠤᠳᠤᠭᠰᠢᠭᠰᠠᠨ ᠪᠡᠭᠡᠵᠢᠩ ᠤ᠋ᠨ 10 ᠶᠡᠬᠡ ᠠᠵᠤ ᠠᠬᠤᠢᠯᠠᠯ
① ᠪᠡᠭᠡᠵᠢᠩ ᠤ᠋ᠨ ᠡᠨᠧᠷᠭᠢ ᠶ᠋ᠢᠨ ᠪᠦᠯᠦᠭᠯᠡᠯ ᠤ᠋ᠨ ᠬᠢᠵᠠᠭᠠᠷᠲᠤ᠌ ᠺᠣᠮᠫᠠᠨᠢ — ᠥᠪᠥᠷ ᠮᠣᠩᠭᠣᠯ ᠳ᠋ᠤ ᠤᠷᠢᠳ ᠬᠤᠵᠢᠳ ᠨᠡᠢᠳᠡ 1200 ᠳ᠋ᠦᠡᠭᠰᠢᠭᠤᠷ ᠲᠦᠭᠦᠷᠢᠭ ᠤ᠋ᠨ ᠪᠡᠯᠡ ᠤᠷᠤᠭᠤᠯᠤᠨ᠂ ᠡᠨ᠋ᠸᠷᠬᠢ ᠶ᠋ᠢᠨ ᠬᠦᠷᠢᠶᠡᠨ ᠤ᠋ 70 ᠲᠦᠷᠦᠯ ᠵᠦᠢᠯ ᠢ᠋ ᠪᠠᠢᠷᠢᠰᠢᠭᠤᠯᠵᠤ᠂ ᠤᠯᠤᠰ ᠤ᠋ᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠤ᠋ ᠪᠥᠲᠥᠭᠡᠨ ᠪᠠᠶ᠋ᠢᠭᠤᠯᠤᠯᠲᠠ ᠳ᠋ᠤ ᠬᠦᠴᠦᠨ ᠨᠡᠮᠡᠷᠢᠯᠡᠪᠡ᠃
② ᠪᠡᠭᠡᠵᠢᠩ ᠤ᠋ᠨ ᠱᠸᠤ ᠨᠦᠩ ᠢᠳᠡᠭᠡᠨ ᠤ᠋ ᠵᠦᠢᠯ ᠤ᠋ᠨ ᠪᠦᠯᠦᠭᠯᠡᠯ ᠺᠤᠮᠫᠠᠨᠢ — ᠥᠪᠥᠷ ᠮᠣᠩᠭᠣᠯ ᠳ᠋ᠡᠬᠢ ᠠᠵᠤ ᠦᠢᠯᠡᠰ ᠤ᠋ᠨ ᠪᠡᠯᠡ ᠤᠷᠤᠭᠤᠯᠤᠯᠳᠠ ᠨᠢ 4.8 ᠳ᠋ᠦᠩᠰᠢᠭᠤᠷ ᠲᠥᠭᠥᠷᠢᠭ ᠢ᠋ ᠳᠠᠪᠠᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢ ᠲᠣᠭᠲᠠᠭᠤᠨ ᠶ᠋ᠢᠡᠷ ᠨᠡᠮᠡᠭᠳᠡᠭᠦᠯᠤᠨ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭ᠎ᠠ ᠶ᠋ᠢᠨ ᠲᠥᠷᠥ ᠶ᠋ᠢᠨ ᠪᠣᠳᠣᠯᠭ᠎ᠠ ᠶ᠋ᠢ ᠦᠨᠡᠨ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠪᠠ᠃
③ ᠪᠡᠭᠡᠵᠢᠩ ᠤ᠋ᠨ ᠵᠢᠩ ᠳ᠋ᠦᠩ ᠡᠷᠢᠨ ᠵᠠᠭᠤᠨ ᠤ᠋ ᠠᠷᠠᠯᠵᠢᠶᠠᠨ ᠤ᠋ ᠬᠢᠵᠠᠭᠠᠷᠲᠤ᠌ ᠺᠣᠮᠫᠠᠨᠢ — ᠥᠪᠥᠷ ᠮᠣᠩᠭᠣᠯ ᠤ᠋ᠨ ᠡᠯ᠎ᠡ ᠭᠠᠵᠠᠷᠯᠤᠭᠠ ᠥᠪᠡᠰᠦᠪᠡᠨ ᠡᠵᠡᠩᠨᠡᠵᠦ᠍ ᠰᠢᠭᠤᠳ ᠬᠤᠳᠠᠯᠳᠤᠨ ᠠᠪᠬᠤ᠂ ᠣᠷᠳᠣ ᠬᠤᠭᠤᠴᠠᠭᠠᠨ ᠤ᠋ ᠵᠠᠬᠢᠶᠠᠯᠠᠭ᠎ᠠ ᠳᠤᠬᠢᠷᠠᠯᠴᠠᠬᠤ ᠵᠡᠷᠭᠡ ᠵᠠᠭᠪᠤᠷ ᠤ᠋ᠨ ᠬᠠᠮᠲᠤᠷᠠᠯᠴᠠᠭ᠎ᠠ ᠦᠷᠨᠢᠭᠦᠯᠵᠤ ᠂ ᠵᠢᠯ ᠪᠦᠷᠢ ᠥᠪᠥᠷ ᠮᠣᠩᠭᠣᠯ ᠤ᠋ᠨ 100 ᠳ᠋ᠦᠩᠰᠢᠭᠤᠷ ᠭᠠᠷᠤᠢ ᠲᠥᠭᠥᠷᠢᠭ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠪᠤᠷᠤᠯᠠᠭᠤᠯᠵᠤ ᠪᠠᠢᠨ᠎ᠠ᠃
④ ᠵᠢᠩ ᠳ᠋ᠦᠩ ᠹᠠᠩ ᠡᠨᠧᠷᠭᠢ ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ — ᠰᠥᠨᠢᠳ ᠪᠠᠷᠠᠭᠤᠨ ᠬᠣᠰᠢᠭᠤᠨ ᠳ᠋ᠤ 9.12 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠨ᠂ 20 ᠲᠦᠮᠡᠨ ᠺᠢᠯᠦᠸᠠᠲ ᠤ᠋ᠨ ᠭᠡᠷᠡᠯᠴᠢ ᠴᠡᠨᠡᠭ ᠨᠦᠭᠡᠴᠡ ᠡᠨᠧᠷᠬᠢ ᠶ᠋ᠢᠨ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ᠌ ᠲᠥᠷᠥᠯ ᠵᠦᠢᠯ ᠢ᠋ ᠪᠦᠲᠦᠭᠡᠨ ᠪᠠᠶ᠋ᠢᠭᠤᠯᠵᠤ᠂ ᠲᠤᠬᠠᠢ ᠶ᠋ᠢᠨ ᠭᠠᠵᠠᠷ ᠤ᠋ᠨ ᠠᠵᠤ ᠠᠬᠤᠢ ᠨᠡᠶ᠋ᠢᠭᠡᠮ ᠤ᠋ᠨ ᠦᠷᠭᠦᠯᠵᠢᠯᠡᠬᠦ᠌ ᠬᠥᠭᠵᠢᠯᠲᠡᠳᠦ 《ᠪᠣᠬᠢᠷᠲᠤᠯ ᠦᠭᠡᠢ ᠬᠥᠳᠡᠯᠭᠡᠬᠦ᠌ ᠡᠨᠧᠷᠭᠢ》 ᠬᠠᠡᠭᠭᠠᠪᠠ᠃
⑤ ᠪᠡᠭᠡᠵᠢᠩ ᠤ᠋ᠨ ᠵᠢᠨᠹᠧᠩ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ — ᠥᠪᠥᠷ ᠮᠣᠩᠭᠣᠯ ᠳ᠋ᠤ ᠶᠡᠷᠦᠩᠬᠡᠢ ᠦᠢᠯᠡᠳᠬᠦᠨ ᠤ᠋ ᠦᠷᠳᠡᠭ ᠨᠢ 100 ᠳ᠋ᠦᠡᠭᠰᠢᠭᠤᠷ ᠲᠦᠭᠦᠷᠢᠭ ᠢ᠋ ᠳᠠᠪᠠᠭᠰᠠᠨ ᠲᠤᠮᠤ ᠬᠡᠯᠪᠡᠷᠢ ᠶ᠋ᠢᠨ ᠤᠭᠰᠠᠷᠠᠭ᠎ᠠ ᠲᠤᠨᠤᠭ ᠤ᠋ᠨ ᠬᠠᠡᠭᠭᠠᠯᠭ᠎ᠠ ᠶ᠋ᠢᠨ ᠬᠡᠯᠬᠢᠶ᠎ᠡ ᠵᠢ ᠪᠠᠢᠷᠢᠰᠢᠭᠤᠯᠵᠤ ᠂ ᠥᠪᠥᠷ ᠮᠣᠩᠭᠣᠯ ᠤ᠋ᠨ ᠤᠯᠤᠰ ᠤ᠋ᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠳ᠋ᠦ 《 ᠵᠢᠨᠹᠸᠡᠭ ᠤ᠋ᠨ ᠬᠦᠴᠦᠨ 》 ᠢ᠋ ᠨᠡᠮᠡᠷᠢᠯᠡᠪᠡ᠃
⑥ ᠪᠡᠭᠡᠵᠢᠩ ᠤ᠋ᠨ ᠺᠠᠢ ᠳ᠋ᠠ ᠾᠧᠩ ᠶᠧ ᠲᠠᠷᠢᠶᠠᠯᠠᠩ ᠤ᠋ᠨ ᠮᠡᠷᠭᠡᠵᠢᠯ ᠤ᠋ᠨ ᠨᠡᠭᠡᠭᠡᠯᠲᠡ ᠶ᠋ᠢᠨ ᠬᠢᠵᠠᠭᠠᠷᠲᠤ᠌ ᠺᠣᠮᠫᠠᠨᠢ — 《 ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠳ᠋ᠤ ᠬᠦᠴᠦᠨ ᠨᠡᠮᠡᠷᠢᠯᠡᠬᠦ᠌ ᠺᠠᠶ ᠳ᠋ᠠ ᠶ᠋ᠢᠨ ᠵᠠᠭᠪᠤᠷ 》 ᠢ᠋ ᠰᠦᠪᠡᠭᠴᠢᠯᠡᠨ ᠪᠠᠢᠭᠤᠯᠵᠤ᠂ ᠲᠦᠮᠦᠰᠦ ᠶ᠋ᠢᠨ ᠲᠠᠷᠢᠮᠠᠯ ᠤ᠋ᠨ ᠲᠠᠯᠠᠪᠠᠢ ᠵᠢ 66 ᠲᠦᠮᠡᠨ ᠮᠥ᠍ ᠳᠠᠶ᠋ᠢᠴᠢᠯᠠᠨ᠂ 3 ᠲᠦᠮᠡ ᠭᠠᠷᠤᠢ ᠮᠠᠯᠵᠢᠬᠤ ᠲᠠᠷᠢᠶᠠᠯᠠᠬᠤ ᠡᠷᠦᠬᠡ ᠶ᠋ᠢᠨ ᠣᠷᠣᠯᠭ᠎ᠠ ᠶ᠋ᠢ ᠲᠣᠭᠲᠠᠭᠤᠨ ᠶ᠋ᠢᠡᠷ ᠨᠡᠮᠡᠭᠳᠡᠭᠦᠯᠪᠡ᠃
⑦ ᠪᠡᠭᠡᠵᠢᠩ ᠤ᠋ᠨ ᠬᠣᠩ ᠹᠦ᠋ ᠲᠠᠷᠢᠶᠠᠯᠠᠩ ᠤ᠋ᠨ ᠬᠦᠭᠵᠢᠭᠦᠯᠦᠯᠲᠡ ᠶ᠋ᠢᠨ ᠪᠦᠯᠦᠭᠯᠡᠯ ᠺᠣᠮᠫᠠᠨᠢ — 26 ᠳ᠋ᠦᠩᠰᠢᠭᠤᠷ ᠲᠥᠭᠥᠷᠢᠭ ᠤ᠋ᠨ ᠪᠡᠯᠡ ᠣᠷᠣᠭᠤᠯᠤᠨ ᠤᠯᠠᠭᠠᠨᠴᠠᠪ ᠂ ᠤᠯᠠᠭᠠᠨᠬᠠᠳᠠ ᠪᠠ ᠬᠥᠬᠡᠬᠣᠲᠠ ᠳ᠋ᠤ ᠣᠲᠣ ᠦᠶ᠎ᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠢ᠋ ᠪᠠᠶ᠋ᠢᠭᠤᠯᠤᠨ ᠠᠵᠢᠯᠯᠠᠭᠤᠯᠵᠤ᠂ 2000 ᠭᠠᠷᠤᠶ ᠮᠠᠯᠴᠢᠨ ᠲᠠᠷᠢᠶᠠᠴᠢᠨ ᠢ᠋ ᠳᠠᠶ᠋ᠢᠴᠢᠯᠠᠨ ᠣᠷᠣᠯᠭ᠎ᠠ ᠶ᠋ᠢ ᠨᠢ ᠨᠡᠮᠡᠭᠳᠡᠭᠦᠯᠪᠡ᠃
⑧ ᠪᠡᠭᠡᠵᠢᠩ ᠤ᠋ᠨ ᠳ᠋ᠡ ᠪᠸᠢ ᠨᠦᠩ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠦᠯᠦᠭᠯᠡᠯ ᠺᠣᠮᠫᠠᠨᠢ — ᠤᠯᠠᠭᠠᠨᠬᠠᠳᠠ ᠬᠣᠲᠠ ᠶ᠋ᠢᠨ ᠠᠤᠬᠠᠨ ᠬᠤᠰᠢᠭᠤᠨ ᠳ᠋ᠦ ᠡᠷᠳᠡᠨᠢ ᠰᠢᠰᠢ ᠶ᠋ᠢᠨ ᠦᠷ᠎ᠡ ᠶ᠋ᠢᠨ ᠦᠢᠯᠡᠰ ᠢ᠋ ᠬᠦᠭᠵᠢᠭᠦᠯᠵᠦ᠂ 2000 ᠭᠠᠷᠤᠶ ᠲᠠᠷᠢᠶᠠᠯᠠᠬᠤ ᠡᠷᠦᠬᠡ ᠶ᠋ᠢ ᠳᠠᠶ᠋ᠢᠴᠢᠯᠠᠨ ᠣᠷᠣᠯᠭ᠎ᠠ ᠶ᠋ᠢ ᠨᠢ ᠨᠡᠮᠡᠭᠳᠡᠭᠦᠯᠬᠦ᠌ ᠶ᠋ᠢᠨ ᠬᠠᠮᠲᠤ᠌ ᠡᠷᠬᠢᠨ ᠲᠣᠭᠣᠷᠢᠨ ᠤ᠋ 26 ᠭᠠᠴᠠᠭ᠎ᠠ ᠲᠣᠰᠬᠣᠨ ᠤ᠋ ᠬᠠᠮᠲᠤ ᠶ᠋ᠢᠨ ᠠᠵᠤ ᠠᠬᠤᠶ ᠶ᠋ᠢ ᠪᠤᠵᠠᠭᠠᠶ᠋ᠢᠷᠠᠭᠤᠯᠬᠤᠳᠤ ᠬᠦᠴᠦᠨ ᠨᠡᠮᠡᠷᠢᠯᠡᠪᠡ᠃
⑨ ᠪᠡᠭᠡᠵᠢᠩ ᠤ᠋ᠨ ᠺᠧ ᠲᠡᠶ ᠰᠢᠩ ᠳ᠋ᠠ ᠳᠡᠭᠡᠳᠦ ᠰᠢᠨ᠎ᠡ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ — ᠥᠪᠥᠷ ᠮᠣᠩᠭᠣᠯ ᠤ᠋ᠨ ᠤᠰᠤᠨ ᠤ᠋ ᠴᠢᠨᠠᠷ ᠲᠤ᠌ ᠳᠤᠬᠢᠷᠠᠬᠤ ᠢᠵᠢ ᠪᠦᠷᠢᠨ ᠨᠠᠷᠢᠨ ᠴᠡᠪᠡᠷᠰᠢᠭᠦᠯᠬᠦ᠌ ᠤᠷ᠎ᠠ ᠮᠡᠷᠭᠡᠵᠢᠯ ᠢ᠋ ᠨᠡᠭᠡᠭᠡᠨ ᠬᠥᠭᠵᠢᠭᠦᠯᠵᠦ᠍᠂ 3 ᠲᠦᠮᠡ ᠭᠠᠷᠤᠶ ᠮᠠᠯᠵᠢᠬᠤ ᠲᠠᠷᠢᠶᠠᠯᠠᠬᠤ ᠡᠷᠦᠬᠡ ᠶ᠋ᠢᠨ ᠤᠤᠭᠤᠬᠤ ᠤᠰᠤᠨ ᠤ᠋ ᠠᠮᠤᠷ ᠲᠦᠪᠰᠢᠨ ᠳ᠋ᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠯ ᠬᠠᠡᠭᠭᠠᠪᠠ᠃
⑩ ᠪᠡᠭᠡᠵᠢᠩ ᠤ᠋ᠨ ᠰᠢ ᠰᠸᠨ ᠲᠥᠮᠥᠰᠥ ᠶ᠋ᠢᠨ ᠠᠵᠤ ᠦᠢᠯᠡᠰ ᠤ᠋ᠨ ᠪᠦᠯᠦᠭᠯᠡᠯ ᠺᠣᠮᠫᠠᠨᠢ — ᠤᠯᠤᠰ ᠤ᠋ᠨ ᠳᠣᠲᠣᠭᠠᠳᠤ ᠳ᠋ᠤ ᠬᠡᠪᠴᠢᠶ᠎ᠡ ᠪᠡᠷ ᠬᠠᠮᠤᠭ ᠤ᠋ᠨ ᠶᠡᠬᠡ ᠦᠷ᠎ᠠ ᠶ᠋ᠢᠨ ᠲᠦᠮᠦᠰᠦ ᠪᠣᠶ᠋ᠢᠵᠢᠭᠤᠯᠬᠤ ᠰᠠᠭᠤᠷᠢᠨ ᠢ᠋ ᠪᠠᠶ᠋ᠢᠭᠤᠯᠵᠤ᠂《ᠵᠠᠰᠠᠭ ᠤ᠋ᠨ ᠣᠷᠳᠣᠨ + ᠠᠵᠤ ᠠᠬᠤᠶ᠋ᠢᠯᠠᠯ + ᠲᠤᠰᠬᠠᠢ ᠬᠤᠷᠰᠢᠶ᠎ᠠ + ᠲᠠᠷᠢᠶᠠᠯᠠᠬᠤ ᠡᠷᠦᠬᠡ》 ᠶ᠋ᠢᠨ ᠬᠥᠭᠵᠢᠯᠲᠡ ᠶ᠋ᠢᠨ ᠵᠠᠭᠪᠤᠷ ᠢ᠋ ᠪᠦᠷᠢᠯᠳᠦᠭᠦᠯᠵᠦ᠍᠂ 400 ᠲᠠᠷᠢᠶᠠᠯᠠᠬᠤ ᠡᠷᠦᠬᠡ ᠶ᠋ᠢᠨ ᠵᠢᠯ ᠤ᠋ᠨ ᠤᠷᠤᠯᠭ᠎ᠠ ᠶ᠋ᠢ ᠳᠤᠮᠳᠠᠴᠢ ᠪᠡᠷ 2 — 3 ᠲᠦᠮᠡᠨ ᠲᠥᠭᠥᠷᠢᠭᠨᠡᠮᠡᠭᠳᠡᠭᠦᠯᠪᠡ᠃

ᠪᠡᠬᠡᠵᠢᠩ ᠦᠪᠤᠷ ᠮᠤᠩᠭᠤᠯ ᠤ᠋ᠨ ᠬᠠᠮᠳᠤᠷᠠᠨ ᠬᠦᠭᠵᠢᠬᠦᠯᠦᠭᠰᠡᠨ ᠡᠶ᠎ᠠ ᠨᠠᠢᠷᠠᠮᠳᠠᠭᠤ ᠦᠵᠡᠰᠭᠦᠯᠡᠡᠭᠲᠦ ᠰᠠᠢᠬᠠᠨ 10 ᠭᠠᠴᠠᠭ᠎ᠠ ᠲᠤᠰᠬᠤᠨ
① ᠬᠢᠩᠭᠠᠨ ᠠᠶ᠋ᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ᠍ ᠬᠣᠰᠢᠭᠤᠨ ᠤ᠋ ᠬᠣᠷᠴᠢᠨ ᠪᠠᠯᠭᠠᠰᠤ ᠶ᠋ᠢᠨ ᠫᠢᠩ ᠠᠨ ᠲᠣᠰᠬᠣᠨ — ᠲᠥᠪᠡᠳ ᠬᠠᠰᠢ ᠶ᠋ᠢᠨ ᠨᠢᠭᠡᠳᠦᠯ ᠤ᠋ᠨ ᠬᠥᠳᠡᠭᠡ ᠲᠣᠰᠬᠣᠨ ᠤ᠋ ᠶᠡᠷᠦᠩᠬᠡᠶ᠋ᠢᠯᠡᠭᠰᠡᠨ ᠴᠣᠭᠴᠠ ᠶ᠋ᠢ ᠪᠠᠢᠭᠤᠯᠵᠤ ᠂ ᠲᠤᠰᠬᠤᠨ ᠭᠤᠶᠤᠵᠢᠵᠤ ᠠᠷᠠᠳ ᠪᠠᠶᠠᠵᠢᠪᠠ᠃
② ᠬᠥᠯᠥᠨ ᠪᠣᠶ᠋ᠢᠷ ᠬᠣᠲᠠ ᠶ᠋ᠢᠨ ᠣᠷᠴᠣᠨ ᠤ᠋ ᠥᠪᠡᠷᠲᠡᠭᠡᠨ ᠵᠠᠰᠠᠬᠤ ᠬᠣᠰᠢᠭᠤᠨ ᠤ᠋ ᠳ᠋ᠠ ᠶᠠᠩ ᠱᠦ᠍ ᠪᠠᠯᠭᠠᠰᠤ ᠶ᠋ᠢᠨ ᠲᠤᠪᠤᠭᠤᠷ ᠠᠩᠴᠢᠨ ᠤ᠋ ᠲᠣᠰᠬᠣᠨ — ᠠᠩᠴᠢᠨ ᠤ᠋ ᠠᠶ᠋ᠢᠮᠠᠭ ᠤ᠋ᠨ ᠦᠵᠡᠮᠵᠢ ᠶ᠋ᠢᠨ ᠣᠷᠣᠨ ᠢ᠋ ᠪᠠᠶ᠋ᠢᠭᠤᠯᠵᠤ᠂ ᠦᠨᠳᠦᠰᠦᠲᠡᠨ ᠤ᠋ ᠵᠠᠩ ᠦᠢᠯᠡ ᠶ᠋ᠢᠨ ᠡᠬᠢ ᠪᠠᠶᠠᠯᠢᠭ ᠢ᠋ ᠬᠦᠭᠵᠢᠭᠡᠨ ᠡᠶ᠎ᠠ ᠨᠠᠢᠷᠠᠮᠳᠠᠭᠤ ᠦᠵᠡᠰᠬᠦᠯᠡᠩᠲᠦ᠍ ᠰᠠᠶ᠋ᠢᠬᠠᠨ ᠬᠥᠳᠡᠭᠡ ᠲᠣᠰᠬᠣᠨ ᠢ᠋ ᠪᠠᠢᠭᠤᠯᠪᠠ᠃
③ ᠤᠯᠠᠭᠠᠨᠬᠠᠳᠠ ᠬᠣᠲᠠ ᠶ᠋ᠢᠨ ᠬᠠᠷᠠᠴᠢᠨ ᠬᠣᠰᠢᠭᠤᠨ ᠤ᠋ ᠾᠧᠨᠠᠨ ᠵᠡᠭᠡᠯᠢ ᠭᠤᠳᠤᠮᠵᠢ ᠶ᠋ᠢᠨ ᠡᠮᠡᠭᠡᠯ ᠠᠭᠤᠯᠠ ᠲᠣᠰᠬᠣᠨ — ᠰᠣᠶᠣᠯ ᠵᠢᠭᠤᠯᠴᠢᠯᠠᠯ ᠪᠡᠶ᠎ᠡ ᠶ᠋ᠢᠨ ᠲᠠᠮᠢᠷ ᠮᠠᠯ ᠠᠵᠤ ᠠᠬᠤᠢ ᠲᠠᠷᠢᠶᠠᠯᠠᠩ ᠠᠷᠠᠯᠵᠢᠶ᠎ᠠ ᠬᠤᠳᠠᠯᠳᠤᠭ᠎ᠠ ᠵᠢ ᠠᠭᠤᠰᠤᠯᠴᠠᠭᠤᠯᠤᠨ ᠬᠦᠭᠵᠢᠭᠦᠯᠵᠦ᠂ ᠵᠢᠯ ᠤ᠋ᠨ 20 ᠲᠦᠮᠡ ᠭᠠᠷᠤᠢ ᠵᠢᠭᠤᠯᠴᠢᠯᠠᠭᠴᠢ ᠶ᠋ᠢ ᠬᠦᠯᠢᠶᠡᠨ ᠠᠪᠴᠤ ᠪᠤᠢ᠃
④ ᠤᠯᠠᠭᠠᠨᠴᠠᠪ ᠬᠣᠲᠠ ᠶ᠋ᠢᠨ ᠴᠠᠬᠠᠷ ᠪᠠᠷᠠᠭᠤᠨ ᠭᠠᠷᠤᠨ ᠬᠣᠶ᠋ᠢᠲᠤ᠌ ᠬᠣᠰᠢᠭᠤᠨ ᠤ᠋ ᠤᠯᠠᠭᠠᠨᠬᠠᠳᠠ ᠰᠤᠮᠤ ᠶ᠋ᠢᠨ ᠤᠷᠤᠭᠰᠢᠯᠠᠯᠲᠠ ᠲᠣᠰᠬᠣᠨ — ᠤᠯᠠᠭᠠᠨᠬᠠᠳᠠ ᠶ᠋ᠢᠨ ᠲᠠᠯ᠎ᠠ ᠨᠤᠲᠤᠭ ᠤ᠋ᠨ ᠭᠠᠯᠲᠤ᠌ ᠠᠭᠤᠯᠠ ᠶ᠋ᠢᠨ ᠡᠬᠢ ᠪᠠᠶᠠᠯᠢᠭ ᠲᠤ᠌ ᠲᠦᠰᠢᠭᠯᠡᠨ ᠬᠡᠷ ᠪᠠᠭᠤᠳᠠᠯ ᠵᠢᠴᠢ ᠢᠵᠢ ᠪᠥᠷᠢᠳᠦᠭᠦᠯᠦᠭᠰᠡᠨ ᠠᠵᠤ ᠦᠢᠯᠡᠰ ᠢ᠋ ᠬᠥᠭᠵᠢᠭᠦᠯᠵᠦ᠍ ᠂ ᠡᠵᠡᠩᠨᠡᠯᠲᠡ ᠶ᠋ᠢᠨ ᠣᠷᠣᠯᠭ᠎ᠠ ᠨᠢ 5000 ᠲᠦᠮᠡᠨ ᠲᠥᠭᠥᠷᠢᠭ ᠢ᠋ ᠳᠠᠪᠠᠪᠠ᠃
⑤ ᠬᠥᠬᠡᠬᠣᠲᠠ ᠶ᠋ᠢᠨ ᠦᠴᠦᠸᠠᠨ ᠰᠢᠶᠠᠨ ᠤ᠋ ᠬᠠᠷᠠᠭᠤᠯ ᠪᠠᠯᠭᠠᠰᠤ ᠶ᠋ᠢᠨ ᠳᠠᠷᠠᠰᠤᠲᠤ ᠶ᠋ᠢᠨ ᠠᠢᠯ ᠲᠣᠰᠬᠣᠨ — ᠮᠤᠲ᠋ᠤᠷ ᠲᠡᠷᠭᠡᠨ ᠤ᠋ ᠭᠣᠣᠯ ᠰᠡᠳᠦᠪᠲᠦ᠍ ᠠᠮᠠᠷᠠᠯᠳᠠ ᠶ᠋ᠢᠨ ᠵᠢᠭᠤᠯᠴᠢᠯᠠᠯ ᠤ᠋ᠨ ᠲᠦᠷᠦᠯ ᠵᠦᠢᠯ ᠢ᠋ ᠦᠨᠳᠦᠷ ᠪᠠᠷᠢᠮᠵᠢᠶ᠎ᠠ ᠪᠡᠷ ᠪᠠᠶ᠋ᠢᠭᠤᠯᠵᠤ᠂ ᠤᠯᠠᠮᠵᠢᠯᠠᠯᠲᠤ᠌ ᠬᠦᠳᠡᠭᠡ ᠲᠣᠰᠬᠣᠨ ᠢ᠋ ᠡᠶ᠎ᠠ ᠨᠠᠢᠷᠠᠮᠳᠠᠭᠤ ᠦᠵᠡᠰᠭᠦᠯᠡᠡᠭᠲᠦ ᠰᠠᠢᠬᠠᠨ ᠬᠦᠳᠡᠭᠡ ᠲᠤᠰᠬᠤᠨ ᠪᠤᠯᠭᠠᠨ ᠬᠤᠪᠢᠷᠠᠭᠤᠯᠪᠠ᠃
⑥ ᠬᠢᠩᠭᠠᠨ ᠠᠶ᠋ᠢᠮᠠᠭ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ ᠤ᠋ ᠪᠠᠶᠠᠨᠬᠤᠰᠢᠭᠤ ᠪᠠᠯᠭᠠᠰᠤ ᠶ᠋ᠢᠨ ᠰᠢᠷ᠎ᠠ ᠳᠤᠪᠤ ᠭᠠᠴᠠᠭ᠎ᠠ — ᠲᠤᠲᠤᠷᠭ᠎ᠠ ᠴᠠᠢᠯᠭᠠᠬᠤ ᠦᠢᠯᠡᠳᠪᠦᠷᠢ ᠪᠠᠶ᠋ᠢᠭᠤᠯᠵᠤ᠂《ᠰᠢᠷ᠎ᠡ ᠳᠤᠪᠤ 》 ᠲᠤᠲᠤᠷᠭ᠎ᠠ ᠶ᠋ᠢᠨ ᠤᠨᠴᠠᠯᠢᠭᠳᠤ ᠲᠦᠷᠦᠯ ᠲᠡᠮᠲᠡᠭ ᠢ᠋ ᠡᠭᠦᠳᠴᠦ᠍᠂ 128 ᠲᠠᠷᠢᠶᠠᠯᠠᠬᠤ ᠡᠷᠦᠬᠡ ᠶ᠋ᠢ ᠳᠠᠶ᠋ᠢᠴᠢᠯᠠᠨ ᠬᠦᠷᠢᠶ᠎ᠡ ᠬᠠᠰᠢᠶᠠᠨ ᠤ᠋ ᠲᠠᠷᠢᠮᠠᠯ ᠤ᠋ᠨ ᠦᠢᠯᠡᠰ ᠢ᠋ ᠬᠥᠭᠵᠢᠭᠦᠯᠵᠤ᠂ ᠡᠷᠦᠬᠡ ᠳᠤᠮᠳᠠᠴᠢ ᠶ᠋ᠢᠨ ᠣᠷᠣᠯᠭ᠎ᠠ ᠶ᠋ᠢ 3500 ᠲᠥᠭᠥᠷᠢᠭ ᠨᠡᠮᠡᠭᠳᠡᠭᠦᠯᠪᠡ᠃
⑦ ᠤᠯᠠᠭᠠᠨᠬᠠᠳᠠ ᠬᠣᠲᠠ ᠶ᠋ᠢᠨ ᠯᠢᠨᠰᠢ ᠰᠢᠶᠠᠨ ᠤ᠋ ᠱᠡᠭᠡᠷᠲᠦ ᠰᠢᠶᠠᠩ ᠤ᠋ᠨ ᠤᠯᠠᠭᠠᠨ ᠭᠤᠤ ᠲᠣᠰᠬᠣᠨ — ᠠᠵᠤ ᠦᠢᠯᠡᠰ᠂ ᠣᠷᠴᠢᠨ ᠲᠣᠭᠣᠷᠢᠨ ᠬᠢᠭᠡᠳ ᠵᠠᠰᠠᠯᠲᠠ ᠶ᠋ᠢ ᠬᠠᠮᠵᠢᠯᠴᠠᠭᠤᠯᠤᠨ ᠠᠬᠢᠭᠤᠯᠬᠤᠳᠤ ᠠᠩᠬᠠᠷᠤᠯ ᠶ᠋ᠢᠡᠨ ᠲᠥᠪᠯᠡᠷᠡᠭᠦᠯᠵᠦ᠍᠂ ᠤᠷᠤᠰᠢᠨ ᠰᠠᠭᠤᠷᠢᠰᠢᠬᠤ ᠳ᠋ᠦ ᠲᠤᠬᠢᠷᠠᠮᠵᠢᠲᠠᠢ ᠪᠦᠲᠦᠭᠡᠨ ᠪᠠᠢᠭᠤᠯᠤᠯᠲᠠ ᠬᠢᠬᠦ ᠬᠢᠭᠡᠳ ᠠᠵᠤ ᠦᠢᠯᠡᠰ ᠢ᠋ ᠬᠦᠭᠵᠢᠭᠦᠯᠦᠨ ᠮᠠᠨᠳᠤᠭᠤᠯᠬᠤ ᠶ᠋ᠢ ᠵᠡᠷᠭᠡ ᠪᠡᠷ ᠪᠡᠶᠡᠯᠡᠭᠦᠯᠪᠡ᠃
⑧ ᠤᠯᠠᠭᠠᠨᠴᠠᠪ ᠬᠣᠲᠠ ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ᠍ ᠬᠣᠰᠢᠭᠤᠨ ᠤ᠋ ᠲᠡᠭᠰᠢ ᠪᠤᠯᠠᠭ ᠪᠠᠯᠭᠠᠰᠤ ᠶ᠋ᠢᠨ ᠡᠮᠦᠨ᠎ᠡ ᠠᠢᠯ ᠲᠣᠰᠬᠣᠨ — ᠬᠥᠳᠡᠭᠡ ᠲᠣᠰᠬᠣᠨ ᠤ᠋ ᠵᠢᠭᠤᠯᠴᠢᠯᠠᠯ ᠰᠡᠯᠡᠭᠦᠴᠡᠯ ᠤ᠋ᠨ ᠠᠵᠤ ᠦᠢᠯᠡᠰ ᠤ᠋ᠨ ᠣᠯᠠᠨ ᠡᠰᠢᠵᠢᠭᠰᠡᠨ ᠬᠦᠭᠵᠢᠯᠲᠡ ᠵᠢ ᠠᠬᠢᠭᠤᠯᠵᠤ᠂ ᠰᠤᠳᠤᠯᠤᠨ ᠰᠤᠷᠤᠯᠴᠠᠵᠤ ᠪᠤᠯᠬᠤ ᠪᠦᠭᠡᠳ ᠵᠢᠭᠤᠯᠴᠢᠯᠠᠨ ᠲᠤᠭᠤᠷᠢᠵᠤ ᠪᠤᠯᠬᠤ ᠡᠮᠦᠨ᠎ᠡ ᠠᠢᠯ ᠲᠣᠰᠬᠣᠨ ᠤ᠋ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ ᠢ᠋ ᠪᠠᠢᠭᠤᠯᠪᠠ᠃
⑨ ᠲᠦᠩᠯᠢᠶᠣᠤ ᠬᠣᠲᠠ ᠶ᠋ᠢᠨ ᠨᠠᠢ᠍ᠮᠠᠨ ᠬᠣᠰᠢᠭᠤᠨ ᠤ᠋ ᠲᠠᠴᠢᠨᠲᠠᠯ᠎ᠠ ᠪᠠᠯᠭᠠᠰᠤ ᠶ᠋ᠢᠨ ᠬᠠᠰᠢᠶᠠᠲᠤ᠌ ᠲᠣᠰᠬᠣᠨ — ᠤᠶᠤᠨᠴᠢ ᠲᠠᠷᠢᠶᠠᠯᠠᠩ ᠤ᠋ᠨ ᠬᠢᠴᠢᠶᠠᠯ ᠤ᠋ᠨ ᠲᠠᠡᠭᠬᠢᠮ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠵᠢᠵᠢᠭ ᠬᠦᠷᠢᠶᠡᠯᠡᠩᠳᠦ ᠲᠦᠰᠢᠭᠯᠡᠨ ᠲᠠᠷᠢᠶᠠᠯᠠᠩ ᠤ᠋ᠨ ᠮᠡᠷᠭᠡᠵᠢᠯ ᠤ᠋ᠨ ᠴᠢᠳᠠᠪᠤᠷᠢᠲᠠᠨ ᠢ᠋ ᠬᠥᠮᠦᠵᠢᠭᠦᠯᠵᠦ᠍᠂ ᠤᠶᠤᠨᠴᠢ ᠲᠥᠬᠦᠭᠡᠷᠦᠮᠵᠢᠲᠦ᠍ ᠲᠠᠷᠢᠶᠠᠯᠠᠩ ᠶ᠋ᠢᠡᠷ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠬᠠᠭᠤᠯᠪᠤᠷᠢᠯᠠᠵᠤ ᠪᠣᠯᠬᠤᠶ᠋ᠢᠴᠠ ᠦᠯᠢᠭᠡᠷ ᠬᠡᠪ ᠢ᠋ ᠴᠤᠭᠴᠠᠯᠠᠪᠠ᠃
⑩ ᠰᠢᠯᠢ ᠶ᠋ᠢᠨ ᠭᠣᠣᠯ ᠠᠶ᠋ᠢᠮᠠᠭ ᠤ᠋ᠨ ᠲᠠᠶ᠋ᠢᠪᠤᠰᠧ ᠬᠣᠰᠢᠭᠤᠨ ᠤ᠋ ᠴᠢᠶᠠᠨ ᠵᠢᠨ ᠭ᠌ᠧᠦ ᠪᠠᠯᠭᠠᠰᠤ ᠶ᠋ᠢᠨ ᠳ᠋ᠠ ᠭᠧ ᠳ᠋ᠦᠩ ᠲᠣᠰᠬᠣᠨ — ᠦᠷ᠎ᠠ ᠶ᠋ᠢᠨ ᠲᠥᠮᠥᠰᠥ᠍ ᠲᠠᠷᠢᠬᠤ ᠣᠨᠴᠠᠯᠢᠭᠲᠤ᠌ ᠠᠵᠤ ᠦᠢᠯᠡᠰ ᠢ᠋ ᠶᠡᠬᠡ ᠪᠡᠷ ᠬᠦᠭᠵᠢᠭᠦᠯᠵᠦ᠂ ᠲᠣᠰᠬᠣᠨ ᠤ᠋ ᠬᠠᠮᠲᠤ ᠶ᠋ᠢᠨ ᠠᠵᠤ ᠠᠬᠤᠢ ᠶ᠋ᠢᠨ ᠣᠷᠣᠯᠭ᠎ᠠ ᠨᠢ 180 ᠲᠦᠮᠡᠨ ᠲᠥᠭᠥᠷᠢᠭ ᠢ᠋ ᠳᠠᠪᠠᠪᠠ᠃
ᠪᠡᠬᠡᠵᠢᠩ ᠦᠪᠤᠷ ᠮᠤᠩᠭᠤᠯ ᠤ᠋ᠨ 10 ᠶᠡᠬᠡ ᠪᠡᠯᠭᠡ ᠲᠡᠮᠳᠡᠭ ᠤ᠋ᠨ ᠴᠢᠨᠠᠷᠲᠠᠢ ᠠᠵᠤ ᠦᠢᠯᠡᠰ ᠤ᠋ᠨ ᠬᠠᠮᠳᠤᠷᠠᠯᠴᠠᠭ᠎ᠠ
① ᠥᠪᠥᠷ ᠮᠣᠩᠭᠣᠯ ᠤ᠋ᠨ ᠮᠠᠯ ᠤ᠋ᠨ ᠠᠰᠢᠭ ᠰᠢᠮᠡᠲᠠᠷᠢᠶᠠᠯᠠᠡᠭ ᠤ᠋ᠨ ᠪᠦᠲᠦᠭᠡᠭᠳᠡᠬᠦᠨ ᠢ᠋ ᠪᠤᠷᠤᠯᠠᠭᠤᠯᠬᠤ ᠠᠵᠤ ᠠᠬᠤᠶ᠋ᠢᠯᠠᠯ (ᠪᠡᠭᠡᠵᠢᠩ) ᠤ᠋ᠨ ᠬᠠᠮᠲᠤ ᠪᠡᠷ ᠡᠳ᠋ᠯᠡᠬᠦ ᠤᠷᠢᠳᠴᠢᠯᠠᠨ ᠨᠦᠬᠡᠴᠡᠯᠡᠬᠦ ᠬᠥᠮᠥᠷᠭᠡ — 《 ᠰᠠᠩ ᠬᠦᠮᠦᠷᠭᠡ᠂ ᠦᠵᠡᠭᠦᠯᠭᠡ ᠂ ᠪᠣᠷᠣᠯᠠᠭᠤᠯᠭ᠎ᠠ ᠂ ᠳᠤᠬᠢᠷᠠᠭᠤᠯᠤᠨ ᠬᠦᠷᠭᠡᠬᠦ 》 ᠵᠢ ᠨᠢᠭᠡ ᠴᠣᠭᠴᠠᠵᠢᠭᠤᠯᠤᠭᠰᠠᠨ ᠲᠠᠪᠴᠠᠩ ᠢ᠋ ᠪᠠᠶ᠋ᠢᠭᠤᠯᠵᠤ᠂ ᠨᠡᠢᠳᠡ ᠪᠣᠷᠣᠯᠠᠭᠤᠯᠭ᠎ᠠ ᠶ᠋ᠢᠨ ᠬᠡᠮᠵᠢᠶ᠎ᠡ ᠨᠢ 1.5 ᠳ᠋ᠦᠩᠰᠢᠭᠤᠷ ᠲᠥᠭᠥᠷᠢᠭ ᠢ᠋ ᠳᠠᠪᠠᠨ᠂ ᠪᠥᠬᠥ᠌ ᠤᠯᠤᠰ ᠤ᠋ᠨ ᠵᠡᠭᠦᠨ ᠪᠠᠷᠠᠭᠤᠨ ᠣᠷᠣᠨ ᠤ᠋ ᠬᠠᠮᠵᠢᠯᠴᠠᠭᠠᠨ ᠤ᠋ ᠠᠩᠬᠠᠳᠠᠭᠴᠢ ᠮᠤᠵᠢ ᠶ᠋ᠢᠨ ᠳᠡᠰ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠬᠦᠨ ᠤ᠋ ᠬᠠᠮᠲᠤᠪᠠᠷ ᠡᠳ᠋ᠯᠡᠬᠦ᠌ ᠤᠷᠢᠳᠴᠢᠯᠠᠨ ᠨᠦᠬᠡᠴᠡᠯᠡᠬᠦ ᠬᠥᠮᠥᠷᠭᠡ ᠪᠣᠯᠵᠠᠢ᠃
②《ᠦᠪᠦᠷ ᠮᠤᠩᠭᠤᠯ ᠤ᠋ᠨ ᠪᠣᠬᠢᠷᠲᠤᠯ ᠥᠬᠡᠶ ᠪᠦᠲᠦᠭᠡᠭᠳᠡᠬᠦᠨ ᠢ᠋ ᠭᠠᠳᠠᠭᠰᠢ ᠭᠠᠷᠭᠠᠬᠤ 》 ᠬᠡᠷᠡᠭᠯᠡᠭᠡ ᠪᠡᠷ ᠬᠠᠪᠰᠤᠷᠤᠨ ᠲᠡᠳᠭᠦᠬᠦ ᠨᠢᠭᠡᠲᠦᠯᠲᠡᠢ ᠬᠤᠳᠠᠯᠳᠤᠨ ᠠᠪᠬᠤ ᠤᠬᠠᠭᠤᠯᠭ᠎ᠠ ᠲᠠᠨᠢᠯᠴᠠᠭᠤᠯᠭ᠎ᠠ ᠶ᠋ᠢᠨ ᠰᠢᠷᠢᠰ ᠠᠵᠢᠯᠯᠠᠭ᠎ᠠ — ᠥᠪᠥᠷ ᠮᠣᠩᠭᠣᠯ ᠤ᠋ᠨ ᠪᠣᠬᠢᠷᠲᠤᠯ ᠥᠬᠡᠶ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠡᠭᠡᠵᠢᠩ ᠳ᠋ᠤ ᠤᠷᠤᠬᠤ᠂ ᠴᠢᠨᠠᠭᠰᠢᠯᠠᠨ ᠪᠥᠬᠥ᠌ ᠤᠯᠤᠰ ᠲᠤ᠌ ᠪᠣᠷᠣᠯᠠᠭᠤᠯᠤᠭᠳᠠᠬᠤ ᠶ᠋ᠢ ᠠᠬᠢᠭᠤᠯᠤᠨ᠂ ᠪᠡᠭᠡᠵᠢᠩ᠂ ᠬᠠᠩᠵᠧᠦ᠂ ᠴᠦᠩᠴᠢᠩ ᠵᠡᠷᠭᠡ ᠭᠠᠵᠠᠷ ᠲᠤ᠌ ᠲᠠᠪᠤᠨ ᠬᠤᠭᠤᠴᠠᠭᠠᠨ ᠤ᠋ ᠰᠢᠷᠢᠰ ᠠᠵᠢᠯᠯᠠᠭ᠎ᠠ ᠥᠷᠨᠢᠭᠦᠯᠵᠦ᠍᠂ ᠨᠡᠢᠲᠡ ᠪᠤᠷᠤᠯᠠᠭᠤᠯᠭ᠎ᠠ ᠶ᠋ᠢᠨ ᠬᠡᠮᠵᠢᠶ᠎ᠡ ᠨᠢ 1420 ᠳ᠋ᠦᠩᠰᠢᠭᠤᠷ ᠲᠥᠭᠥᠷᠢᠭ ᠲᠦ᠍ ᠬᠦᠷᠴᠦ᠂ ᠵᠠᠬ᠎ᠠ ᠳᠡᠯᠭᠡᠭᠦᠷ ᠢ᠋ ᠥᠷᠭᠡᠳᠬᠡᠬᠦ᠂ ᠲᠦᠷᠦᠯ ᠲᠡᠮᠲᠡᠭ ᠢ᠋ ᠱᠤᠭᠤᠬᠤ᠂ ᠮᠠᠯᠴᠢᠨ ᠲᠠᠷᠢᠶᠠᠴᠢᠨ ᠲᠠᠢ ᠬᠤᠯᠪᠤᠭᠠᠯᠠᠨ ᠮᠠᠯᠴᠢᠨ ᠲᠠᠷᠢᠶᠠᠴᠢᠨ ᠢ᠋ ᠳᠠᠢᠴᠢᠯᠠᠵᠤ ᠣᠷᠣᠯᠭ᠎ᠠ ᠶ᠋ᠢ ᠨᠢ ᠨᠡᠮᠡᠭᠳᠡᠭᠦᠯᠦᠨ ᠪᠠᠶᠠᠵᠢᠭᠤᠯᠬᠤ ᠵᠡᠷᠭᠡ ᠣᠯᠠᠨ ᠲᠠᠯ᠎ᠠ ᠶ᠋ᠢᠨ ᠦᠷ᠎ᠡ ᠪᠦᠲᠦᠮᠵᠢ ᠤᠯᠪᠠ᠃
③ ᠰᠢᠨ᠎ᠡ ᠡᠨᠧᠷᠭᠢ ᠶ᠋ᠢᠨ ᠲᠦᠷᠦᠯ ᠵᠦᠢᠯ — ᠪᠡᠭᠡᠵᠢᠩ ᠤ᠋ᠨ ᠡᠨᠧᠷᠬᠢ ᠶ᠋ᠢᠨ ᠪᠦᠯᠦᠭᠯᠡᠯ ᠵᠡᠷᠭᠡ ᠠᠵᠤ ᠠᠬᠤᠶ᠋ᠢᠯᠠᠯ ᠥᠪᠥᠷ ᠮᠣᠩᠭᠣᠯ ᠳ᠋ᠤ ᠰᠢᠨ᠎ᠡ ᠡᠨᠧᠷᠭᠢ ᠶ᠋ᠢᠨ ᠲᠥᠷᠥᠯ ᠵᠦᠢᠯ ᠢ᠋ ᠪᠠᠯᠠ ᠣᠷᠣᠭᠤᠯᠤᠨ ᠪᠥᠲᠥᠭᠡᠨ ᠪᠠᠶ᠋ᠢᠭᠤᠯᠵᠤ᠂ ᠨᠢᠭᠡᠨᠳᠡ ᠪᠠᠢᠭᠤᠯᠤᠭᠰᠠᠨ ᠲᠦᠷᠦᠯ ᠵᠤᠢᠯ ᠤ᠋ᠨ ᠬᠡᠪᠴᠢᠶ᠎ᠠ ᠨᠢ 1000 ᠲᠦᠮᠡᠨ ᠺᠢᠯᠦᠸᠠᠲ ᠢ᠋ ᠳᠠᠪᠠᠵᠤ ᠂ ᠪᠠᠶ᠋ᠢᠭᠤᠯᠵᠤ ᠪᠠᠶ᠋ᠢᠭ᠎ᠠ ᠪᠠ ᠪᠠᠶ᠋ᠢᠭᠤᠯᠬᠤ ᠪᠠᠷ ᠲᠦᠯᠦᠪᠯᠡᠵᠦ ᠪᠠᠶ᠋ᠢᠭ᠎ᠠ ᠲᠦᠷᠦᠯ ᠵᠤᠢᠯ ᠤ᠋ᠨ ᠬᠡᠪᠴᠢᠶ᠎ᠠ ᠨᠢ 500 ᠲᠦᠮᠡᠨ ᠺᠢᠯᠦᠸᠠᠲ ᠢ᠋ ᠳᠠᠪᠠᠨ᠂ ᠶᠡᠬᠡ ᠬᠡᠪᠴᠢᠶᠡᠨ ᠤ᠋ ᠪᠣᠬᠢᠷᠲᠤᠯ ᠥᠬᠡᠶ ᠴᠠᠬᠢᠯᠭᠠᠨ ᠢ᠋ ᠭᠠᠳᠠᠭᠰᠢ ᠬᠦᠷᠭᠡᠬᠦ᠌ ᠳ᠋ᠤ ᠪᠠᠲᠤ᠌ ᠰᠠᠭᠤᠷᠢ ᠲᠠᠯᠪᠢᠪᠠ᠃
④ ᠪᠤᠬᠢᠷᠳᠤᠯ ᠦᠭᠡᠢ ᠴᠠᠬᠢᠯᠭᠠᠨ ᠢ᠋ ᠪᠡᠭᠡᠵᠢᠡᠭ ᠳ᠋ᠦ ᠬᠦᠷᠭᠡᠪᠡ — ᠵᠢᠯ ᠪᠤᠯᠭᠠᠨ 100 ᠳ᠋ᠦᠩᠰᠢᠭᠤᠷ ᠺᠢᠯᠦᠸᠠᠲ ᠴᠠᠭ ᠢ᠋ ᠳᠠᠪᠠᠬᠤ ᠪᠤᠬᠢᠷᠳᠤᠯ ᠦᠭᠡᠢ ᠴᠠᠬᠢᠯᠭᠠᠨ ᠢ᠋ ᠪᠡᠭᠡᠵᠢᠡᠭ ᠳ᠋ᠦ ᠬᠦᠷᠭᠡᠵᠦ᠂ ᠥᠪᠥᠷ ᠮᠣᠩᠭᠣᠯ ᠨᠢᠭᠡᠨᠲᠡ ᠪᠡᠭᠡᠵᠢᠩ ᠤ᠋ᠨ ᠬᠠᠮᠤᠭ ᠤ᠋ᠨ ᠶᠡᠬᠡ ᠪᠤᠬᠢᠷᠳᠤᠯ ᠦᠭᠡᠢ ᠴᠠᠬᠢᠯᠭᠠᠨ ᠤ᠋ ᠬᠠᠩᠭᠠᠯᠭ᠎ᠠ ᠶ᠋ᠢᠨ ᠰᠠᠭᠤᠷᠢᠨ ᠪᠣᠯᠵᠠᠢ᠃
⑤ ᠪᠤᠬᠢᠷᠳᠤᠯ ᠦᠭᠡᠢ ᠪᠤᠳᠤᠯᠲᠠ ᠶ᠋ᠢᠨ ᠬᠦᠴᠦᠨ ᠤ᠋ ᠠᠵᠤ ᠦᠢᠯᠡᠰ ᠤ᠋ᠨ ᠪᠦᠯᠦᠭᠵᠢᠯ ᠢ᠋ ᠴᠤᠭᠴᠠᠯᠠᠬᠤ ᠳ᠋ᠤ ᠬᠦᠴᠦᠨ ᠨᠡᠮᠡᠷᠢᠯᠡᠪᠡ — ᠬᠣᠷᠢᠨᠭᠡᠷ᠂ ᠤᠯᠠᠭᠠᠨᠴᠠᠪ ᠤ᠋ᠨ ᠪᠤᠳᠤᠯᠲᠠ ᠶ᠋ᠢᠨ ᠬᠦᠴᠦᠨ ᠤ᠋ ᠬᠦᠷᠢᠶᠡᠯᠡᠩ ᠲᠤᠭᠤᠷᠢᠭ ᠢ᠋ ᠪᠠᠶ᠋ᠢᠷᠢᠰᠢᠭᠤᠯᠵᠤ᠂ 28 ᠳᠠᠭᠠᠭᠤᠯᠤᠭᠴᠢ ᠠᠵᠤ ᠠᠬᠤᠶ᠋ᠢᠯᠠᠯ ᠢ᠋ ᠪᠦᠭᠡᠮᠨᠡᠷᠡᠭᠦᠯᠦᠨ ᠂ 2.4 ᠲᠦᠮᠡᠨ P ᠶ᠋ᠢᠨ ᠪᠤᠳᠤᠯᠲᠠ ᠶ᠋ᠢᠨ ᠬᠦᠴᠦᠨ ᠢ᠋ ᠪᠦᠷᠢᠯᠳᠦᠭᠦᠯᠵᠦ᠂ ᠪᠥᠬᠥ᠌ ᠤᠯᠤᠰ ᠤ᠋ᠨ ᠪᠣᠬᠢᠷᠲᠤᠯ ᠥᠬᠡᠶ ᠪᠤᠳᠤᠯᠲᠠ ᠶ᠋ᠢᠨ ᠬᠦᠴᠦᠨ ᠤ᠋ ᠪᠠᠲᠤᠯᠠᠭ᠎ᠠ ᠶ᠋ᠢᠨ ᠰᠠᠭᠤᠷᠢᠨ ᠢ᠋ ᠪᠠᠢᠭᠤᠯᠪᠠ᠃
⑥ ᠬᠢᠩᠭᠠᠨ ᠠᠶ᠋ᠢᠮᠠᠭ ᠤ᠋ᠨ ᠲᠤᠲᠤᠷᠭ᠎ᠠ — ᠬᠢᠩᠭᠠᠨ ᠠᠶ᠋ᠢᠮᠠᠭ ᠤ᠋ᠨ ᠲᠤᠲᠤᠷᠭ᠎ᠠ ᠶ᠋ᠢ ᠨᠡᠶ᠋ᠢᠲᠡ 1.4 ᠲᠦᠮᠡᠨ ᠲᠣᠨ ᠪᠣᠷᠣᠯᠠᠭᠤᠯᠵᠤ᠂ 《ᠰᠠᠶ᠋ᠢᠨ ᠲᠤᠲᠤᠷᠭ᠎ᠠ ᠶ᠋ᠢ ᠨᠡᠷᠡᠲᠦ᠍ ᠲᠤᠲᠤᠷᠭ᠎ᠠ ᠪᠣᠯᠭᠠᠨ ᠬᠤᠪᠢᠷᠠᠭᠤᠯᠵᠤ᠂ ᠨᠡᠷᠡᠲᠦ᠍ ᠲᠤᠲᠤᠷᠭ᠎ᠠ ᠶ᠋ᠢ ᠦᠨᠳᠦᠷ ᠦᠨᠡᠪᠡᠷ ᠪᠤᠷᠤᠯᠠᠭᠤᠯᠬᠤ 》 ᠠᠵᠤ ᠦᠢᠯᠡᠰ ᠢ᠋ ᠳᠡᠰ ᠳᠡᠪᠰᠢᠭᠦᠯᠬᠦ ᠵᠠᠮ ᠢ᠋ ᠰᠦᠪᠡᠭᠴᠢᠯᠡᠨ ᠨᠡᠬᠡᠬᠡᠵᠠᠢ᠃
⑦ ᠨᠠᠷᠢᠮᠤ ᠶ᠋ᠢᠨ ᠠᠵᠤ ᠦᠢᠯᠡᠰ ᠤ᠋ᠨ ᠪᠦᠯᠦᠭᠵᠢᠯ ᠤ᠋ᠨ ᠪᠠᠢᠭᠤᠯᠤᠯᠲᠠ ᠳ᠋ᠦ ᠬᠦᠴᠦᠨ ᠨᠡᠮᠡᠷᠢᠯᠡᠪᠡ — ᠤᠯᠠᠭᠠᠨᠬᠠᠳᠠ ᠬᠣᠲᠠ ᠶ᠋ᠢᠨ ᠠᠤᠬᠠᠨ ᠬᠣᠰᠢᠭᠤᠨ ᠳ᠋ᠤ ᠨᠠᠷᠢᠮᠤ ᠶ᠋ᠢᠨ ᠪᠥᠬᠥ᠌ ᠠᠵᠤ ᠦᠢᠯᠡᠰ ᠤ᠋ᠨ ᠬᠡᠯᠬᠢᠶ᠎ᠡ ᠶ᠋ᠢᠨ ᠬᠥᠭᠵᠢᠯᠲᠡ ᠶ᠋ᠢᠨ ᠰᠢᠰᠲ᠋ᠧᠮ ᠢ᠋ ᠪᠠᠶ᠋ᠢᠭᠤᠯᠵᠤ᠂ ᠨᠠᠷᠢᠮᠤ ᠶ᠋ᠢᠨ ᠠᠵᠤ ᠦᠢᠯᠡᠰ ᠤ᠋ᠨ ᠪᠦᠯᠦᠭᠵᠢᠯ ᠢ᠋ ᠴᠤᠭᠴᠠᠯᠠᠨ᠂ 15 ᠲᠦᠮᠡᠨ ᠬᠥᠮᠦᠨ ᠢ᠋ ᠳᠠᠶ᠋ᠢᠴᠢᠯᠠᠨ ᠠᠵᠤ ᠦᠢᠯᠡᠰ ᠤ᠋ᠨ ᠬᠡᠯᠬᠢᠶ᠎ᠡ ᠶ᠋ᠢᠨ ᠬᠥᠭᠵᠢᠯᠲᠡ ᠳ᠋ᠤ ᠤᠷᠤᠯᠴᠠᠭᠤᠯᠪᠠ᠃
⑧ ᠬᠥᠯᠥᠨ ᠪᠣᠶ᠋ᠢᠷ ᠤ᠋ᠨ ᠰᠢᠷ᠎ᠠ ᠪᠤᠷᠴᠠᠭ — ᠬᠥᠯᠥᠨ ᠪᠣᠶ᠋ᠢᠷ ᠬᠣᠲᠠ ᠵᠢᠨ ᠰᠢᠷ᠎ᠡ ᠪᠤᠷᠴᠠᠭ ᠤ᠋ᠨ ᠪᠦᠬᠦ ᠠᠵᠤ ᠦᠢᠯᠡᠰ ᠤ᠋ᠨ ᠬᠡᠯᠬᠢᠶ᠎ᠡ ᠶ᠋ᠢᠨ ᠬᠦᠭᠵᠢᠯᠲᠡ ᠳ᠋ᠦ ᠨᠠᠷᠢᠨ ᠤᠨᠤᠴᠠᠲᠠᠢ ᠪᠡᠷ ᠡᠨ᠋ᠸᠷᠬᠢ ᠤᠯᠭᠤᠨ᠂ ᠰᠢᠷ᠎ᠡ ᠪᠤᠷᠴᠠᠭ ᠤ᠋ᠨ ᠤᠨᠠᠯᠳᠠ ᠨᠢ 100 ᠲᠦᠮᠡᠨ ᠳᠤᠨ ᠢ᠋ ᠳᠠᠪᠠᠵᠤ᠂ ᠨᠡᠢᠲᠡ 3.6 ᠲᠦᠮᠡᠨ ᠲᠠᠷᠢᠶᠠᠯᠠᠬᠤ ᠡᠷᠦᠬᠡ ᠶ᠋ᠢ ᠳᠠᠶ᠋ᠢᠴᠢᠯᠠᠨ᠂ ᠲᠤᠮᠳᠠᠴᠢ ᠪᠡᠷ ᠡᠷᠦᠬᠡ ᠪᠦᠷᠢ ᠶ᠋ᠢᠨ ᠵᠢᠯ ᠤ᠋ᠨ ᠤᠷᠤᠯᠭ᠎ᠠ ᠶ᠋ᠢ ᠲᠦᠮᠡᠨ ᠲᠥᠭᠥᠷᠢᠭ ᠨᠡᠮᠡᠭᠳᠡᠭᠦᠯᠪᠡ᠃
⑨ ᠲᠥᠮᠥᠰᠥᠨ ᠤ᠋ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠬᠤ ᠳ᠋ᠦ ᠬᠦᠴᠦᠨ ᠨᠡᠮᠡᠷᠢᠯᠡᠪᠡ — ᠰᠢ ᠰᠸᠨ᠂ ᠺᠠᠶ ᠳ᠋ᠠ ᠵᠡᠷᠭᠡ ᠲᠥᠮᠥᠰᠤᠨ ᠤ᠋ ᠠᠵᠤ ᠦᠢᠯᠡᠰ ᠤ᠋ᠨ ᠳᠠᠭᠠᠭᠤᠯᠤᠭᠴᠢ ᠠᠵᠤ ᠠᠬᠤᠢᠯᠠᠯ ᠢ᠋ ᠪᠣᠶ᠋ᠢᠵᠢᠭᠤᠯᠵᠤ ᠂ ᠲᠥᠮᠥᠰᠤᠨ ᠤ᠋ ᠠᠵᠤ ᠦᠢᠯᠡᠰ ᠢ᠋ ᠥᠪᠥᠷ ᠮᠣᠩᠭᠣᠯ ᠤ᠋ᠨ ᠮᠠᠯ ᠠᠵᠤ ᠠᠬᠤᠶᠲᠠᠷᠢᠶᠠᠯᠠᠡᠭ ᠤ᠋ᠨ 7 ᠭᠤᠤᠯᠳᠠᠯᠭ᠎ᠠ ᠲᠠᠶ ᠠᠵᠤ ᠦᠢᠯᠡᠰ ᠤ᠋ᠨ ᠬᠡᠯᠬᠢᠶ᠎ᠡ ᠪᠠ 100 ᠳ᠋ᠦᠩᠰᠢᠭᠤᠷ ᠤ᠋ᠨ ᠲᠠᠰ ᠤ᠋ᠨ 10 ᠶᠡᠬᠡ ᠠᠵᠤ ᠦᠢᠯᠡᠰ ᠤ᠋ᠨ ᠪᠦᠯᠦᠭᠵᠢᠯ ᠤ᠋ᠨ ᠨᠢᠭᠡ ᠪᠤᠯᠭᠠᠨ ᠬᠦᠭᠵᠢᠭᠦᠯᠪᠡ᠃
⑩ ᠬᠦᠢᠲᠡᠨ ᠰᠡᠷᠢᠭᠦᠨ ᠤᠷᠤᠨ ᠤ᠋ ᠢᠳᠡᠰᠢᠨ ᠨᠤᠭᠤᠭ᠎ᠠ ᠶ᠋ᠢᠨ ᠠᠵᠤ ᠦᠢᠯᠡᠰ ᠤ᠋ᠨ ᠪᠦᠯᠦᠭᠵᠢᠯ ᠢ᠋ ᠪᠠᠢᠭᠤᠯᠬᠤ ᠳ᠋ᠦ ᠬᠦᠴᠦᠨ ᠨᠡᠮᠡᠷᠢᠯᠡᠪᠡ — ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠰᠠᠭᠤᠷᠢ ᠶ᠋ᠢ ᠪᠡᠬᠢᠵᠢᠭᠦᠯᠬᠦ᠌ ᠢᠨᠵᠧᠨᠧᠷᠢᠩ ᠢ᠋ ᠭᠦᠨᠵᠡᠭᠡᠢ ᠠᠬᠢᠭᠤᠯᠵᠤ ᠂ 7 ᠠᠶ᠋ᠢᠮᠠᠭ ᠬᠣᠲᠠ ᠶ᠋ᠢᠨ 26 ᠬᠣᠰᠢᠭᠤ ᠰᠢᠶᠠᠨ ᠢ᠋ ᠬᠠᠮᠤᠷᠤᠭᠰᠠᠨ ᠦᠷᠭᠦᠯᠵᠢᠯᠡᠨ ᠵᠠᠯᠭᠠᠯᠳᠤᠭᠰᠠᠨ ᠬᠦᠢᠲᠡᠨ ᠰᠡᠷᠢᠭᠦᠨ ᠤᠷᠤᠨ ᠤ᠋ ᠢᠳᠡᠰᠢᠨ ᠨᠣᠭᠣᠭ᠎ᠠ ᠶ᠋ᠢᠨ ᠠᠵᠤ ᠦᠢᠯᠡᠰ ᠤ᠋ᠨ ᠪᠦᠯᠦᠭᠵᠢᠯ ᠤ᠋ᠨ ᠪᠦᠰᠡ ᠶ᠋ᠢ ᠪᠠᠶ᠋ᠢᠭᠤᠯᠵᠤ ᠂ 6.5 ᠲᠦᠮᠡᠨ ᠲᠠᠷᠢᠶᠠᠯᠠᠬᠤ ᠡᠷᠦᠬᠡ ᠶ᠋ᠢᠨ ᠬᠦᠮᠦᠨ ᠳᠤᠮᠳᠠᠴᠢ ᠶ᠋ᠢᠨ ᠵᠢᠯ ᠤ᠋ᠨ ᠤᠷᠤᠯᠭ᠎ᠠ ᠵᠢ 2000 ᠭᠠᠷᠤᠢ ᠲᠦᠭᠦᠷᠢᠭ ᠨᠡᠮᠡᠭᠳᠡᠭᠦᠯᠪᠡ᠃
ᠨᠡᠢᠭᠡᠮ ᠤ᠋ᠨ ᠦᠢᠯᠡᠰ ᠲᠤ᠌ ᠬᠦᠴᠦᠨ ᠨᠡᠮᠡᠷᠢᠯᠡᠭᠰᠡᠨ ᠪᠡᠬᠡᠵᠢᠩ ᠦᠪᠤᠷ ᠮᠤᠩᠭᠤᠯ ᠤ᠋ᠨ ᠬᠠᠮᠵᠢᠯᠴᠠᠭᠠᠨ ᠤ᠋ 10 ᠶᠡᠬᠡ ᠲᠦᠷᠦᠯ ᠵᠦᠢᠯ
① ᠰᠤᠷᠭᠠᠨ ᠬᠦᠮᠦᠵᠢᠯ ᠤ᠋ᠨ ᠬᠠᠮᠵᠢᠯᠴᠠᠭᠠᠨ ᠤ᠋ ᠤᠶᠤᠨᠴᠢ ᠲᠠᠪᠴᠠᠡᠭ — 《 ᠭᠤᠷᠪᠠᠨ ᠨᠢᠭᠡ · ᠭᠤᠷᠪᠠ ᠵᠢ ᠨᠢᠭᠡᠳᠭᠡᠬᠦ 》 ᠬᠠᠮᠵᠢᠯᠴᠠᠭᠠᠨ ᠤ᠋ ᠵᠠᠭᠪᠤᠷ ᠢ᠋ ᠪᠦᠷᠢᠯᠳᠦᠭᠦᠯᠦᠨ᠂ ᠪᠥᠬᠥ᠌ ᠣᠷᠣᠨ ᠤ᠋ 29 ᠲᠦᠮᠡ ᠭᠠᠷᠤᠶ ᠪᠠᠭᠰᠢ ᠰᠤᠷᠤᠭᠴᠢ ᠳ᠋ᠤ ᠠᠰᠢᠭ ᠬᠦᠷᠲᠡᠭᠡᠪᠡ᠃
② 《4 + 7 +12 + N 》 ᠡᠮᠴᠢᠯᠡᠭᠡᠨ ᠤ᠋ ᠬᠠᠮᠵᠢᠯᠴᠠᠭ᠎ᠠ ᠶ᠋ᠢᠨ ᠰᠢᠰᠲᠸᠮ — ᠪᠡᠭᠡᠵᠢᠡᠭ ᠦᠪᠦᠷ ᠮᠤᠡᠭᠭᠤᠯ ᠤ᠋ᠨ ᠡᠮᠴᠢᠯᠡᠭᠡᠨ ᠤ᠋ ᠬᠠᠮᠵᠢᠯᠴᠠᠭ᠎ᠠ ᠵᠢ ᠦᠷᠬᠦᠯᠵᠢᠯᠡᠨ ᠭᠦᠨᠵᠡᠭᠡᠢᠷᠡᠭᠦᠯᠵᠦ ᠶᠠᠰᠤ ᠴᠢᠨᠠᠷ ᠢ᠋ ᠨᠢ ᠳᠡᠭᠡᠭᠰᠢᠯᠡᠭᠦᠯᠦᠨ᠂ ᠤᠯᠠᠨ ᠲᠦᠮᠡᠨ ᠤ᠋ ᠭᠡᠷ ᠤ᠋ᠨ ᠶ᠋ᠢᠡᠨ ᠤᠢᠷ᠎ᠠ ᠬᠠᠪᠢ ᠪᠡᠷ ᠰᠢᠯᠢᠳᠡᠭ ᠡᠮᠴᠢᠯᠡᠭᠡᠨ ᠤ᠋ ᠦᠢᠯᠡᠴᠢᠯᠡᠭᠡ ᠬᠦᠷᠲᠡᠬᠦ ᠵᠢ ᠪᠡᠶᠡᠯᠡᠭᠦᠯᠪᠡ᠃
③ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠶ᠋ᠢ ᠡᠭᠦᠳᠬᠦ᠌ ᠬᠠᠮᠲᠤᠷᠠᠯᠴᠠᠭ᠎ᠠ — ᠪᠡᠭᠡᠵᠢᠩ ᠥᠪᠥᠷ ᠮᠣᠩᠭᠣᠯ ᠤ᠋ᠨ ᠰᠢᠨ᠎ᠡ ᠶ᠋ᠢ ᠡᠭᠦᠳᠬᠦ᠌ ᠭᠤᠤᠯ ᠴᠣᠭᠴᠠ ᠬᠠᠮᠲᠤᠷᠠᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠠᠮᠲᠤᠷᠠᠯᠴᠠᠭᠠᠨ ᠤ᠋ 757 ᠲᠥᠷᠥᠯ ᠵᠦᠢᠯ ᠢ᠋ ᠬᠡᠷᠡᠭᠵᠢᠭᠦᠯᠵᠤ ᠂ ᠮᠠᠯ ᠠᠵᠤ ᠠᠬᠤᠶ ᠲᠠᠷᠢᠶᠠᠯᠠᠡᠭ ᠵᠡᠷᠭᠡ ᠬᠦᠷᠢᠶᠡᠨ ᠳ᠋ᠤ ᠠᠩᠬᠠᠷᠤᠯ ᠵᠢᠡᠨ ᠲᠥᠪᠯᠡᠷᠡᠭᠦᠯᠦᠨ 160 ᠰᠢᠨ᠎ᠡ ᠶ᠋ᠢ ᠡᠭᠦᠳᠬᠦ᠌ ᠲᠠᠪᠴᠠᠩ ᠢ᠋ ᠪᠠᠶ᠋ᠢᠭᠤᠯᠵᠤ ᠂ ᠰᠢᠨ᠎ᠡ ᠵᠢ ᠡᠭᠦᠳᠬᠦ᠌ ᠡᠬᠢ ᠪᠠᠶᠠᠯᠢᠭ ᠢ᠋ ᠲᠥᠪᠯᠡᠷᠡᠭᠦᠯᠦᠨ ᠨᠡᠢᠳᠭᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠪᠡ᠃
④ ᠪᠡᠭᠡᠵᠢᠩ ᠬᠣᠲᠠ ᠶ᠋ᠢᠨ ᠲᠠᠷᠢᠶᠠᠯᠠᠩ ᠣᠶ ᠰᠢᠭᠤᠶ ᠶ᠋ᠢᠨ ᠰᠢᠨᠵᠢᠯᠡᠬᠦ᠌ ᠤᠬᠠᠭᠠᠨ ᠤ᠋ ᠬᠦᠷᠢᠶᠡᠯᠡᠩ ᠪᠤᠯᠤᠨ ᠥᠪᠥᠷ ᠮᠣᠩᠭᠣᠯ ᠤ᠋ᠨ ᠲᠠᠷᠢᠶᠠᠯᠠᠩ ᠮᠠᠯ ᠠᠵᠤ ᠠᠬᠤᠶ ᠶ᠋ᠢᠨ ᠰᠢᠨᠵᠢᠯᠡᠬᠦ᠌ ᠤᠬᠠᠭᠠᠨ ᠤ᠋ ᠬᠦᠷᠢᠶᠡᠯᠡᠩᠤᠨ ᠬᠠᠮᠳᠤᠷᠠᠯᠴᠠᠭ᠎ᠠ — ᠬᠤᠮᠠᠬᠢ ᠠᠮᠢᠳᠤ ᠪᠤᠳᠠᠰ ᠤ᠋ᠨ ᠪᠠᠺᠲᠧᠷᠢ ᠶ᠋ᠢᠨ ᠡᠮ ᠵᠢᠴᠢ ᠲᠦᠬᠦᠭᠡᠷᠦᠮᠵᠢᠲᠦ ᠢᠳᠡᠰᠢᠨ ᠨᠣᠭᠣᠭ᠎ᠠ ᠶ᠋ᠢᠨ ᠡᠰᠢ ᠰᠦᠷᠡᠯ ᠢ᠋ ᠲᠠᠷᠢᠶᠠᠨ ᠭᠠᠵᠠᠷ ᠲᠦ᠍ ᠪᠤᠴᠠᠭᠠᠬᠤ ᠮᠡᠷᠭᠡᠵᠢᠯ ᠢ᠋ ᠰᠤᠳᠤᠯᠤᠨ ᠨᠡᠭᠡᠭᠡᠵᠦ᠍᠂ 5 ᠲᠦᠮᠡ ᠭᠠᠷᠤᠶ ᠮᠥ᠍ ᠲᠠᠷᠢᠶᠠᠨ ᠭᠠᠵᠠᠷ ᠲᠦ᠍ ᠳᠡᠯᠭᠡᠷᠡᠭᠦᠯᠤᠨ᠂ ᠥᠪᠥᠷ ᠮᠣᠩᠭᠣᠯ ᠤ᠋ᠨ ᠢᠳᠡᠰᠢᠨ ᠨᠣᠭᠣᠭ᠎ᠠ ᠶ᠋ᠢᠨ ᠠᠵᠤ ᠦᠢᠯᠡᠰ ᠤ᠋ᠨ ᠪᠣᠬᠢᠷᠲᠤᠯ ᠥᠬᠡᠶ ᠬᠥᠭᠵᠢᠯᠲᠡ ᠳ᠋ᠤ ᠬᠦᠴᠦᠨ ᠨᠡᠮᠡᠷᠢᠯᠡᠪᠡ᠃
⑤ ᠴᠤᠤᠶᠠᠩ ᠲᠣᠭᠣᠷᠢᠭ ᠤ᠋ᠨ《ᠬᠣᠣᠰ ᠪᠠᠭᠰᠢ ᠶ᠋ᠢᠨ ᠬᠡᠪ ᠪᠤᠯᠪᠠᠰᠤᠷᠠᠯ ᠤ᠋ᠨ ᠬᠢᠴᠢᠶᠡᠯ ᠤ᠋ᠨ ᠲᠠᠩᠬᠢᠮ》 — ᠰᠦᠯᠵᠢᠶ᠎ᠡ ᠪᠡᠷ ᠰᠢᠯᠢᠳᠡᠭ ᠰᠤᠷᠭᠠᠨ ᠬᠦᠮᠦᠵᠢᠯ ᠤ᠋ᠨ ᠡᠬᠢ ᠪᠠᠶᠠᠯᠢᠭ ᠢ᠋ ᠬᠠᠮᠳᠤ ᠪᠡᠷ ᠡᠳ᠋ᠯᠡᠬᠦ ᠶ᠋ᠢ ᠪᠡᠶᠡᠯᠡᠭᠦᠯᠵᠤ᠂ ᠥᠪᠥᠷ ᠮᠣᠩᠭᠣᠯ ᠤ᠋ᠨ 4000 ᠭᠠᠷᠤᠢ ᠰᠤᠷᠤᠭᠴᠢ ᠳ᠋ᠤ ᠠᠰᠢᠭ ᠬᠦᠷᠲᠡᠭᠡᠪᠡ᠃
⑥ 《 ᠪᠡᠭᠡᠵᠢᠩ ᠥᠪᠥᠷ ᠮᠣᠩᠭᠣᠯ ᠨᠢᠭᠡ ᠭᠡᠷ ᠤ᠋ᠨ ᠬᠥᠮᠦᠨ ᠮᠡᠲᠦ᠍ ᠳᠣᠲᠣᠨᠣ 》 ᠰᠣᠶᠣᠯ ᠤ᠋ᠨ ᠰᠣᠯᠢᠯᠴᠠᠭᠠᠨ ᠤ᠋ ᠠᠵᠢᠯᠯᠠᠭ᠎ᠠ — ᠥᠪᠥᠷ ᠮᠣᠩᠭᠣᠯ ᠤ᠋ᠨ ᠦᠪᠡᠷᠮᠢᠴᠡ ᠣᠨᠴᠠᠯᠢᠭ ᠲᠠᠶ ᠦᠨᠳᠦᠰᠦᠲᠡᠨ ᠤ᠋ ᠤᠳᠬ᠎ᠠ ᠤᠷᠠᠯᠢᠭ ᠶ᠋ᠢᠡᠷ ᠠᠴᠢᠶᠠᠯᠠᠪᠤᠷᠢ ᠪᠣᠯᠭᠠᠨ᠂ ᠪᠡᠭᠡᠵᠢᠩ ᠥᠪᠥᠷ ᠮᠣᠩᠭᠣᠯ ᠬᠣᠶᠠᠷ ᠭᠠᠵᠠᠷ ᠤ᠋ᠨ ᠰᠤᠶᠤᠯ ᠤ᠋ᠨ ᠤᠢᠯᠠᠭᠠᠯᠴᠠᠭᠠ ᠨᠡᠪᠳᠡᠷᠡᠯᠴᠡᠭᠡ᠂ ᠬᠠᠶ᠋ᠢᠷ᠎ᠠ ᠰᠡᠳᠬᠢᠯᠭᠡ ᠶ᠋ᠢᠨ ᠤᠢᠯᠠᠭᠠᠯᠴᠠᠭᠠ ᠨᠡᠪᠲᠡᠷᠡᠯᠴᠡᠭᠡ᠂ ᠬᠠᠮᠵᠢᠯᠴᠠᠭᠠᠨ ᠤ᠋ ᠤᠢᠯᠠᠭᠠᠯᠴᠠᠭᠠ ᠨᠡᠪᠲᠡᠷᠡᠯᠴᠡᠭᠡ ᠶ᠋ᠢᠨ ᠲᠠᠪᠴᠠᠩ ᠢ᠋ ᠪᠠᠶ᠋ᠢᠭᠤᠯᠵᠤ᠂ ᠬᠣᠶᠠᠷ ᠭᠠᠵᠠᠷ ᠤ᠋ᠨ ᠰᠣᠶᠣᠯ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠭᠦᠨᠵᠡᠭᠡᠢᠷᠡᠭᠦᠯᠪᠡ᠃
⑦ ᠪᠠᠭᠰᠢ᠂ ᠡᠮᠴᠢ ᠨᠠᠷ ᠪᠡᠭᠡᠵᠢᠩ ᠳ᠋ᠤ ᠬᠦᠷᠴᠦ᠍ ᠠᠵᠢᠯ ᠤ᠋ᠨ ᠪᠠᠶ᠋ᠢᠷᠢ ᠶ᠋ᠢᠨ ᠪᠣᠯᠪᠠᠰᠤᠷᠠᠯ ᠬᠦᠷᠳᠡᠪᠡ — ᠪᠡᠬᠡᠵᠢᠩ ᠬᠤᠳᠠ ᠤᠷᠢᠳ ᠬᠤᠵᠢᠳ ᠥᠪᠥᠷ ᠮᠣᠩᠭᠣᠯ ᠤ᠋ᠨ ᠲᠤᠮᠢᠯᠠᠭᠰᠠᠨ 1.7 ᠲᠦᠮᠡ ᠭᠠᠷᠤᠶ ᠰᠤᠷᠭᠠᠭᠤᠯᠢ ᠶ᠋ᠢᠨ ᠵᠠᠬᠢᠷᠤᠯ ᠪᠠ ᠪᠠᠭᠰᠢ᠂ 1.2 ᠲᠦᠮᠡ ᠭᠠᠷᠤᠶ ᠡᠮᠴᠢᠯᠡᠭᠡᠨ ᠤ᠋ ᠴᠢᠳᠠᠪᠤᠷᠢᠲᠠᠨ ᠢ᠋ ᠬᠦᠯᠢᠶᠡᠨ ᠠᠪᠴᠦ᠂《 ᠪᠣᠯᠪᠠᠰᠤᠷᠠᠯ ᠳ᠋ᠦ ᠤᠷᠤᠯᠴᠠᠬᠤ + ᠠᠵᠢᠯ ᠤ᠋ᠨ ᠪᠠᠶ᠋ᠢᠷᠢ ᠳᠠᠭᠠᠬᠤ + ᠦᠢᠯᠡᠳᠦᠯᠭᠡ ᠳ᠋ᠦ ᠤᠷᠤᠯᠴᠠᠬᠤ 》 ᠬᠡᠯᠪᠡᠷᠢ ᠶ᠋ᠢᠨ ᠪᠤᠯᠪᠠᠰᠤᠷᠠᠯ ᠬᠦᠷᠲᠡᠭᠡᠨ᠂ ᠤᠷᠤᠨ ᠨᠤᠲᠤᠭ ᠲᠦ᠍ ᠶᠡᠬᠡ ᠬᠡᠮᠵᠢᠶᠡᠨ ᠤ᠋ ᠲᠤᠰᠬᠠᠶ ᠮᠡᠷᠭᠡᠵᠢᠯ ᠤ᠋ᠨ ᠭᠤᠤᠯᠯᠠᠭᠴᠢ ᠴᠢᠳᠠᠪᠤᠷᠢᠲᠠᠨ ᠢ᠋ ᠬᠥᠮᠦᠵᠢᠭᠦᠯᠵᠦ᠍ ᠦᠭᠪᠡ᠃
⑧ ᠪᠡᠭᠡᠵᠢᠩ ᠬᠢᠭᠡᠳ ᠦᠪᠦᠷ ᠮᠤᠡᠭᠭᠤᠯ ᠤ᠋ᠨ ᠰᠤᠷᠭᠠᠭᠤᠯᠢ᠂ ᠡᠮᠨᠡᠯᠭᠡ ᠶ᠋ᠢᠨ ᠬᠤᠷᠢᠶ᠎ᠠ ᠬᠠᠪᠰᠤᠷᠤᠯᠴᠠᠭ᠎ᠠ ᠪᠠᠢᠭᠤᠯᠪᠠ — ᠪᠡᠭᠡᠵᠢᠩ ᠬᠣᠲᠠ ᠶ᠋ᠢᠨ 451 ᠰᠤᠷᠭᠠᠭᠤᠯᠢ᠂ 302 ᠡᠮᠨᠡᠯᠭᠡ ᠶ᠋ᠢᠨ ᠬᠣᠷᠢᠶ᠎ᠠ ᠨᠢ ᠥᠪᠥᠷ ᠮᠣᠩᠭᠣᠯ ᠤ᠋ᠨ 568 ᠰᠤᠷᠭᠠᠭᠤᠯᠢ᠂ 337 ᠡᠮᠨᠡᠯᠭᠡ ᠶ᠋ᠢᠨ ᠬᠣᠷᠢᠶ᠎ᠠ ᠲᠠᠶ ᠬᠠᠪᠰᠤᠷᠤᠯᠴᠠᠭ᠎ᠠ ᠶ᠋ᠢᠨ ᠬᠠᠷᠢᠴᠠᠭ᠎ᠠ ᠪᠠᠶ᠋ᠢᠭᠤᠯᠵᠤ᠂ ᠦᠪᠤᠷ ᠮᠤᠩᠭᠤᠯ ᠤ᠋ᠨ ᠣᠯᠠᠨ ᠭᠠᠵᠠᠷ ᠤ᠋ᠨ ᠬᠦᠮᠦᠰ ᠤ᠋ᠨ ᠭᠡᠷ ᠤ᠋ᠨ ᠶ᠋ᠢᠡᠨ ᠤᠢᠷ᠎ᠠ ᠬᠠᠪᠢ ᠳ᠋ᠤ ᠰᠢᠯᠢᠳᠡᠭ ᠰᠤᠷᠭᠠᠨ ᠬᠦᠮᠦᠵᠢᠯ ᠪᠠ ᠡᠮᠴᠢᠯᠡᠭᠡᠨ ᠤ᠋ ᠡᠬᠢ ᠪᠠᠶᠠᠯᠢᠭ ᠬᠦᠷᠳᠡᠬᠦ ᠵᠢ ᠪᠡᠶᠡᠯᠡᠭᠦᠯᠪᠡ᠃
⑨ ᠪᠡᠭᠡᠵᠢᠩ ᠥᠪᠥᠷ ᠮᠣᠩᠭᠣᠯ ᠤ᠋ᠨ ᠺᠠᠳ᠋ᠷ ᠴᠢᠳᠠᠪᠤᠷᠢᠲᠠᠨ ᠤ᠋ ᠪᠠᠢᠡᠭᠭᠤᠵᠢᠭᠰᠠᠨ ᠰᠤᠯᠢᠯᠴᠠᠭ᠎ᠠ — ᠪᠡᠭᠡᠵᠢᠩ ᠬᠤᠳᠠ ᠶ᠋ᠢᠨ ᠨᠠᠮ ᠵᠠᠰᠠᠭ ᠤ᠋ᠨ 639 ᠺᠠᠳ᠋ᠷ ᠥᠪᠥᠷ ᠮᠣᠩᠭᠣᠯᠳᠤ ᠢᠷᠡᠵᠦ ᠲᠦᠷ ᠴᠠᠭ ᠤ᠋ᠨ ᠲᠤᠰᠢᠶᠠᠯ ᠡᠭᠦᠷᠭᠡᠯᠡᠨ ᠦᠨᠳᠦᠰᠦᠨ ᠱᠠᠳᠤᠨ ᠳ᠋ᠦ ᠠᠵᠢᠯᠯᠠᠵᠤ᠂ ᠥᠪᠥᠷ ᠮᠣᠩᠭᠣᠯ 782 ᠨᠠᠮ ᠤ᠋ᠨ ᠭᠡᠰᠢᠭᠦᠨ ᠺᠠᠳ᠋ᠷ ᠶ᠋ᠢᠡᠨ ᠪᠡᠭᠡᠵᠢᠩᠳᠦ ᠲᠣᠮᠢᠯᠠᠨ ᠳᠠᠪᠲᠠᠨ ᠪᠣᠯᠪᠠᠰᠤᠷᠠᠭᠤᠯᠵᠤ᠂ ᠴᠢᠳᠠᠪᠤᠷᠢ ᠵᠢ ᠨᠢ ᠳᠡᠭᠡᠭᠰᠢᠯᠡᠭᠦᠯᠤᠨ᠂ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠰᠢᠨ᠎ᠠ ᠬᠦᠴᠦᠨ ᠢ᠋ ᠨᠦᠭᠡᠴᠡᠯᠡᠪᠡ᠃
⑩ 《ᠳᠥᠷᠪᠡᠨ ᠵᠢᠱ᠌ᠢᠶᠡᠴᠢ 》 ᠪᠡᠷ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ᠌ ᠴᠤᠭᠴᠠᠯᠠᠪᠠ — ᠬᠣᠶᠠᠷ ᠭᠠᠵᠠᠷ ᠤ᠋ᠨ ᠬᠢᠨ ᠥᠨᠳᠥᠷ ᠲᠦᠪᠰᠢᠨ ᠶ᠋ᠢᠡᠷ ᠠᠬᠢᠭᠤᠯᠬᠤ᠂ ᠬᠠᠷᠢᠯᠴᠠᠨ ᠡᠨᠧᠷᠭᠢ ᠣᠯᠭᠣᠬᠤ᠂ ᠳᠤᠲᠠᠭᠤᠳᠠᠯ ᠵᠢᠨᠨ ᠨᠥᠬᠥᠪᠥᠷᠢᠯᠡᠬᠦ᠂ ᠢᠳᠡᠭᠡᠯ ᠰᠡᠳᠬᠢᠯ ᠶ᠋ᠢᠡᠷ ᠠᠭᠤᠰᠤᠯᠴᠠᠬᠤ ᠶ᠋ᠢ ᠪᠠᠷᠢᠮᠳᠠᠯᠠᠨ᠂ ᠶᠡᠬᠡ ᠬᠠᠮᠲᠤᠷᠠᠯᠴᠠᠭ᠎ᠠ ᠪᠠᠷ ᠶᠡᠬᠡ ᠬᠥᠭᠵᠢᠯᠲᠡ ᠶ᠋ᠢ ᠠᠬᠢᠭᠤᠯᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ᠌ ᠶ᠋ᠢ ᠠᠬᠢᠭᠤᠯᠬᠤ᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭᠳᠡᠭᠦᠯᠬᠦ᠂ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠶ᠋ᠢ ᠠᠬᠢᠭᠤᠯᠬᠤ ᠵᠡᠷᠭᠡ ᠲᠠᠯ᠎ᠠ ᠪᠠᠷ ᠵᠢᠱ᠌ᠢᠶᠡᠴᠢ ᠪᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃