ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-03 10:09:39

ᠵᠣᠬᠢᠶᠠᠭ᠍ᠴᠢ᠄ ᠼᠠᠢ ᠬᠤᠡᠭ ᠣᠩᠱᠢᠭ᠍ᠰᠠᠨ ᠣᠳᠠᠭ᠎ᠠ᠄ 3

ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ 2026 ᠤᠨ ᠤ᠋ ᠪᠦᠬᠦ ᠤᠯᠤᠰ ᠤ᠋ᠨ ᠲᠡᠵᠢᠭᠡᠯ ᠡᠪᠡᠰᠦ ᠪᠤᠷᠳᠤᠭ᠎ᠠ᠎ᠵᠢᠨ ᠦᠢᠯᠡᠳᠪᠦᠷᠢᠯᠡᠯ ᠬᠦᠳᠡᠯᠮᠦᠷᠢ ᠶ᠋ᠢᠨ ᠤᠷᠤᠯᠳᠤᠭᠠᠨ ᠲᠦᠷᠦᠭᠦᠬᠡᠨ ᠨᠢᠡᠭᠰᠢᠶᠠ ᠶ᠋ᠢᠨ ᠢᠷᠭᠠᠢ ᠬᠤᠲᠠ ᠳ᠋ᠦ ᠶᠠᠪᠤᠭᠳᠠᠪᠠ᠃ ᠤᠷᠤᠯᠳᠤᠭᠠᠨ ᠳ᠋ᠦ ᠮᠠᠨ ᠤ᠋ ᠤᠷᠤᠨ ᠤ᠋ ᠲᠦᠯᠦᠭᠡᠯᠡᠭᠴᠢᠳ ᠤ᠋ᠨ ᠪᠦᠯᠬᠦᠮ ᠠᠰᠠᠭᠤᠯᠲᠠ ᠬᠠᠷᠢᠭᠤᠯᠬᠤ᠂ ᠪᠤᠳᠠᠳᠤ ᠪᠠᠢᠳᠠᠯ ᠢ᠋ ᠵᠠᠭᠪᠤᠷᠴᠢᠯᠠᠬᠤ᠂ ᠲᠡᠵᠢᠭᠡᠯ ᠡᠪᠡᠰᠤ ᠪᠤᠷᠳᠤᠭ᠎ᠠ ᠶ᠋ᠢᠨ ᠪᠦᠲᠦᠭᠡᠭᠳᠡᠭᠦᠨ ᠢ᠋ ᠬᠢᠨᠠᠨ ᠰᠢᠯᠭᠠᠬᠤ ᠵᠡᠷᠭᠡ ᠭᠤᠭᠴᠤᠭ᠎ᠠ ᠶ᠋ᠢᠨ ᠬᠤᠷᠴᠠ ᠰᠢᠷᠦᠭᠦᠨ ᠦᠷᠢᠰᠦᠯᠳᠦᠭᠡᠨ ᠶ᠋ᠢᠡᠷ ᠳᠠᠮᠵᠢᠨ ᠪᠦᠯᠬᠦᠮ ᠨᠡᠢᠲᠡ ᠶ᠋ᠢᠨ ᠨᠢᠭᠡᠳᠦᠭᠡᠷ ᠳᠡᠰ  ᠤ᠋ᠨ ᠱᠠᠡᠭᠨᠠᠯ 1᠂  ᠬᠤᠶᠠᠳᠤᠭᠠᠷ ᠳᠡᠰ ᠤ᠋ᠨ ᠱᠠᠡᠭᠨᠠᠯ 2 ᠵᠢᠴᠢ ᠬᠤᠪᠢ ᠬᠦᠮᠦᠨ ᠤ᠋ 4 ᠬᠤᠶᠠᠳᠤᠭᠠᠷ ᠳᠡᠰ ᠤ᠋ᠨ ᠱᠠᠡᠭᠨᠠᠯ ᠢ᠋ ᠭᠠᠷᠳᠠᠵᠤ᠂ ᠦᠪᠦᠷ ᠮᠤᠡᠭᠭᠤᠯ ᠤ᠋ᠨ ᠲᠡᠵᠢᠭᠡᠯ ᠡᠪᠡᠰᠦᠨ  ᠤ᠋ ᠠᠵᠢᠯ ᠲᠦᠷᠦᠯ ᠤ᠋ᠨ ᠠᠵᠢᠯᠳᠠᠨ ᠠᠵᠢᠯᠴᠢᠳ ᠤ᠋ᠨ ᠴᠠᠭᠠᠷᠠᠭᠰᠠᠨ ᠤᠷ᠎ᠠ ᠴᠢᠳᠠᠪᠤᠷᠢ ᠪᠤᠯᠤᠨ ᠰᠠᠢᠨ ᠰᠠᠢᠬᠠᠨ ᠳᠦᠷᠰᠦ ᠪᠠᠢᠳᠠᠯ ᠢ᠋ ᠭᠦᠢᠴᠡᠳ ᠢᠯᠡᠷᠡᠭᠦᠯᠪᠡ᠃

ᠮᠠᠨ ᠤ᠋ ᠤᠷᠤᠨ ᠥᠪᠥᠷ ᠮᠣᠩᠭᠣᠯ ᠤ᠋ᠨ ᠢ ᠾᠧ ᠯᠢᠦᠶ ᠶ᠋ᠢᠨ ᠲᠠᠷᠢᠶᠠᠯᠠᠩ ᠤ᠋ᠨ ᠬᠥᠭᠵᠢᠯᠲᠡ ᠶ᠋ᠢᠨ ᠬᠢᠵᠠᠭᠠᠷᠲᠤ᠌ ᠺᠣᠮᠫᠠᠨᠢ ᠵᠡᠷᠭᠡ 5 ᠠᠵᠤ ᠠᠬᠤᠶ᠋ᠢᠯᠠᠯ ᠤ᠋ᠨ 10 ᠨᠡᠷ᠎ᠠ ᠮᠡᠷᠭᠡᠵᠢᠯ ᠤ᠋ᠨ ᠭᠤᠤᠯᠯᠠᠭᠴᠢ ᠬᠦᠴᠦᠨ ᠵᠢᠴᠢ ᠬᠥᠬᠡᠬᠣᠲᠠ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ᠂ ᠤᠯᠠᠭᠠᠨᠬᠠᠳᠠ ᠬᠣᠲᠠ ᠶ᠋ᠢᠨ ᠠᠷᠤ ᠬᠣᠷᠴᠢᠨ ᠬᠣᠰᠢᠭᠤᠨ ᠤ᠋ ᠲᠠᠷᠢᠶᠠᠯᠠᠩ ᠮᠠᠯ ᠠᠵᠤ ᠠᠬᠤᠶ ᠶ᠋ᠢᠨ ᠮᠡᠷᠭᠡᠵᠢᠯ ᠢ᠋ ᠳᠡᠯᠭᠡᠷᠡᠭᠦᠯᠬᠦ᠌ ᠲᠥᠪ ᠤ᠋ᠨ 2 ᠨᠡᠷ᠎ᠡ ᠮᠡᠷᠭᠡᠵᠢᠯ ᠤ᠋ᠨ ᠠᠵᠢᠯᠲᠠᠨ ᠢ᠋ ᠵᠤᠬᠢᠶᠠᠨ ᠪᠠᠢᠭᠤᠯᠤᠨ ᠲᠤᠰ ᠤᠳᠠᠭ᠎ᠠ ᠵᠢᠨ ᠤᠷᠤᠯᠳᠤᠭᠠᠨ ᠤ᠋ ᠲᠠᠷᠢᠮᠠᠯ ᠤ᠋ᠨ ᠳᠤᠭᠤᠶ᠋ᠢᠯᠠᠩ᠂ᠪᠣᠯᠪᠠᠰᠤᠷᠠᠭᠤᠯᠬᠤ ᠳᠤᠭᠤᠶ᠋ᠢᠯᠠᠩ ᠬᠢᠭᠡᠳ ᠳᠡᠯᠭᠡᠷᠡᠭᠦᠯᠬᠦ᠌ ᠳᠤᠭᠤᠶ᠋ᠢᠯᠠᠩ ᠤ᠋ᠨ ᠤᠷᠤᠯᠳᠤᠭᠠᠨ ᠳ᠋ᠤ ᠣᠷᠣᠯᠴᠠᠭᠤᠯᠪᠠ᠃ ᠤᠷᠤᠯᠳᠤᠭᠠᠨ ᠳ᠋ᠦ ᠮᠠᠨ ᠤ᠋ ᠤᠷᠤᠨ ᠤ᠋ ᠲᠦᠯᠦᠭᠡᠯᠡᠭᠴᠢᠳ ᠯᠠᠪᠳᠠᠭᠤᠨ ᠲᠣᠭᠲᠠᠭᠤᠨ ᠶ᠋ᠢᠡᠷ ᠤᠷᠤᠯᠳᠤᠵᠤ᠂ ᠪᠠᠲᠤ ᠪᠡᠬᠢ ᠤᠨᠤᠯ ᠤ᠋ᠨ ᠰᠠᠭᠤᠷᠢ ᠪᠠ ᠪᠣᠯᠪᠠᠰᠤᠷᠠᠩᠭᠤᠶ ᠠᠵᠢᠯ ᠤ᠋ᠨ ᠤᠷ᠎ᠠ ᠴᠢᠳᠠᠪᠤᠷᠢ ᠪᠠᠨ ᠭᠦᠢᠴᠡᠳ ᠢᠯᠡᠷᠡᠭᠦᠯᠦᠭᠰᠡᠨ ᠪᠦᠬᠡᠳ ᠪᠠᠰᠠ ᠡᠯ᠎ᠡ ᠮᠤᠵᠢ ᠣᠷᠣᠨ ᠤ᠋ ᠠᠵᠢᠯ ᠨᠢᠭᠡᠲᠡᠳ ᠲᠡᠶ ᠰᠠᠨᠠᠯ ᠵᠢᠡᠨ ᠭᠦᠨᠵᠡᠭᠡᠶ ᠰᠣᠯᠢᠯᠴᠠᠵᠤ᠂ ᠲᠡᠷᠢᠭᠦᠨ ᠤ᠋ ᠲᠤᠷᠰᠢᠯᠭ᠎ᠠ ᠵᠢ ᠰᠤᠷᠤᠯᠴᠠᠨ᠂ ᠵᠥᠷᠢᠶ᠎ᠡ ᠪᠡᠨ ᠣᠨᠣᠪᠴᠢᠲᠠᠶ ᠡᠷᠢᠵᠦ᠍᠂ ᠤᠷᠤᠯᠳᠤᠭᠠᠨ ᠶ᠋ᠢᠡᠷ ᠰᠤᠷᠤᠯᠴᠠᠯᠭ᠎ᠠ ᠪᠠᠨ ᠠᠬᠢᠭᠤᠯᠵᠤ᠂ ᠤᠷᠤᠯᠳᠤᠭᠠᠨ ᠶ᠋ᠢᠡᠷ ᠴᠢᠳᠠᠪᠤᠷᠢ ᠪᠠᠨ ᠳᠡᠭᠡᠭᠰᠢᠯᠡᠭᠦᠯᠵᠠᠢ᠃

ᠦᠪᠤᠷ ᠮᠤᠩᠭᠤᠯ ᠪᠤᠯ ᠮᠠᠯ ᠠᠵᠤ ᠠᠬᠤᠢ ᠶ᠋ᠢᠨ ᠳᠤᠮᠤ ᠤᠷᠤᠨ ᠪᠠᠢᠵᠤ᠂ ᠲᠡᠷᠢᠮᠠᠯ ᠡᠪᠡᠰᠦ ᠪᠤᠯᠤᠨ ᠪᠡᠢᠭᠠᠯᠢ ᠵᠢᠨ ᠡᠪᠡᠰᠦᠨ ᠤ᠋ ᠬᠡᠮᠵᠢᠶ᠎ᠡ ᠪᠡᠷ ᠴᠥᠮ ᠪᠥᠬᠥ᠌ ᠤᠯᠤᠰ ᠤ᠋ᠨ ᠡᠮᠦᠨ᠎ᠡ ᠡᠩᠨᠡᠭᠡᠨ᠎ᠳᠦ ᠣᠷᠣᠵᠤ ᠪᠠᠶ᠋ᠢᠨ᠎ᠠ᠃ ᠲᠣᠰ ᠤᠷᠤᠯᠳᠤᠭᠠᠨ ᠳ᠋ᠤ ᠣᠯᠤᠭᠰᠠᠨ ᠪᠠᠶᠠᠷᠯᠠᠭᠤᠰᠢᠲᠠᠶ ᠦᠷ᠎ᠡ ᠪᠦᠲᠦᠮᠵᠢ ᠪᠣᠯ ᠣᠶ᠋ᠢᠷ᠎ᠠ ᠶ᠋ᠢᠨ ᠵᠢᠯ ᠤ᠋ᠨ ᠲᠤᠷᠰᠢᠬᠢ ᠮᠠᠨ ᠤ᠋ ᠤᠷᠤᠨ  ᠤ᠋ ᠡᠪᠡᠰᠦ ᠪᠣᠷᠳᠣᠭᠠᠨ  ᠤ᠋ ᠠᠵᠢᠯ ᠲᠥᠷᠥᠯ  ᠤ᠋ᠨ ᠲᠤᠰᠬᠠᠶ ᠮᠡᠷᠭᠡᠵᠢᠯ ᠤ᠋ᠨ ᠲᠦᠪᠰᠢᠨ ᠬᠢᠭᠡᠳ ᠬᠡᠷᠡᠭᠯᠡᠭᠡᠨ  ᠤ᠋ ᠴᠢᠳᠠᠪᠤᠷᠢ ᠶ᠋ᠢᠨ ᠲᠥᠪᠯᠡᠷᠡᠩᠭᠦᠶ ᠢᠯᠡᠷᠡᠯ ᠪᠠᠶ᠋ᠢᠵᠤ᠂ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠩ ᠤ᠋ᠨ ᠪᠦᠲᠦᠭᠡᠭᠳᠡᠬᠦᠨ  ᠤ᠋ ᠦᠢᠯᠡᠳᠪᠦᠷᠢᠯᠡᠯ ᠤ᠋ᠨ ᠰᠠᠭᠤᠷᠢᠨ ᠢ᠋ ᠪᠥᠲᠥᠭᠡᠨ ᠪᠠᠶ᠋ᠢᠭᠤᠯᠬᠤ᠂ ᠰᠦ᠋ ᠶ᠋ᠢᠨ ᠦᠢᠯᠡᠰ ᠪᠠ ᠮᠢᠬᠠᠨ ᠤ᠋ ᠦᠬᠡᠷ ᠮᠢᠬᠠᠨ ᠤ᠋ ᠬᠣᠨᠢᠨ ᠤ᠋ ᠠᠵᠤ ᠦᠢᠯᠡᠰ ᠤ᠋ᠨ ᠡᠪᠡᠰᠦ ᠪᠣᠷᠳᠣᠭᠠᠨ ᠤ᠋ ᠬᠠᠩᠭᠠᠯᠭ᠎ᠠ ᠵᠢ ᠪᠠᠲᠤᠯᠠᠬᠤ ᠳ᠋ᠤ ᠰᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面