ᠲᠡᠷᠢᠭᠦᠨ ᠨᠢᠭᠤᠷ>ᠰᠢᠨ᠎ᠡ ᠬᠦᠳᠡᠭᠡ>ᠰᠤᠷᠠᠭ

2026-11-04 11:11:04

ᠵᠣᠬᠢᠶᠠᠭ᠍ᠴᠢ᠄ ᠭᠤᠤ ᠬᠤᠡᠭ ᠯᠢᠶᠠᠨ ᠣᠩᠱᠢᠭ᠍ᠰᠠᠨ ᠣᠳᠠᠭ᠎ᠠ᠄ 3

1— 9 ᠰᠠᠷ᠎ᠠ᠎ᠳᠤ ᠦᠪᠤᠷ ᠮᠤᠡᠭᠭᠤᠯ᠎ᠤᠨ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ ᠰᠢᠨ᠎ᠡ᠎ᠪᠡᠷ 1734 ᠨᠡᠮᠡᠭᠳᠡᠵᠦ᠍᠂ ᠠᠳᠠᠯᠢ ᠬᠤᠭᠤᠴᠠᠭᠠᠨ᠎ᠤ᠎ᠬᠢ᠎ᠡᠴᠡ 7.8%᠎ᠪᠠᠷ ᠨᠡᠮᠡᠭᠳᠡᠵᠦ᠍᠂ 9 ᠰᠠᠷ᠎ᠠ᠎ᠶᠢᠨ ᠡᠴᠦᠰ ᠪᠣᠯᠲᠠᠯ᠎ᠠ ᠬᠠᠷᠢᠶ᠎ᠠ ᠣᠷᠣᠨ᠎ᠤ ᠭᠠᠳᠠᠭᠠᠳᠤ ᠠᠷᠠᠯᠵᠢᠶᠠᠨ᠎ᠤ ᠭᠤᠤᠯ ᠴᠣᠭᠴᠠ 1.6 ᠲᠦᠮᠡ᠎ᠳᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 14.6%᠎ᠪᠠᠷ ᠨᠡᠮᠡᠭᠳᠡᠪᠡ᠃

ᠦᠪᠦᠷ ᠮᠤᠩᠭᠤᠯ ᠪᠣᠭᠣᠮᠲᠠ ᠬᠢᠭᠡᠳ ᠠᠵᠤ ᠠᠬᠤᠢᠯᠠᠯ᠎ᠤᠨ ᠨᠡᠪᠳᠡᠷᠡᠯᠴᠡᠭᠡ᠎ᠵᠢᠨ ᠪᠠᠢᠡᠭᠭᠤᠵᠢᠬᠰᠠᠨ ᠲᠣᠭᠲᠠᠴᠠ᠎ᠶᠢ ᠪᠠᠶ᠋ᠢᠭᠤᠯᠵᠤ᠂ ᠲᠦᠷᠦᠭᠦᠦ ᠭᠤᠷᠪᠠᠨ ᠤᠯᠠᠷᠢᠯ᠎ᠳᠤ ᠪᠣᠭᠣᠮᠲᠠ᠎ᠬᠢᠭᠡᠳ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠢ ᠨᠡᠶ᠋ᠢᠲᠡ 79 ᠤᠳᠠᠭ᠎ᠠ ᠵᠣᠬᠢᠶᠠᠨ ᠪᠠᠶ᠋ᠢᠭᠤᠯᠵᠤ᠂ ᠭᠠᠳᠠᠭᠠᠳᠤ᠎ᠠᠴᠠ ᠣᠷᠣᠭᠤᠯᠤᠭᠰᠠᠨ ᠶᠡᠬᠡ ᠬᠡᠮᠵᠢᠶᠡᠨ᠎ᠦ ᠠᠭᠤᠷᠬᠠᠶ᠎ᠶᠢᠨ ᠭᠠᠷᠤᠯᠲᠠ᠎ᠶᠢᠨ ᠡᠨᠧᠷᠭᠢ᠂ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ᠂ ᠣᠨᠴᠠᠯᠢᠭᠲᠤ᠌ ᠲᠠᠷᠢᠶᠠᠯᠠᠩ᠎ᠤᠨ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ ᠵᠡᠷᠭᠡ 741 ᠭᠤᠤᠯᠯᠠᠭᠴᠢ ᠠᠵᠤ ᠠᠬᠤᠢᠯᠠᠯ᠎ᠢ ᠬᠠᠮᠤᠷᠪᠠ᠃ ᠳᠠᠭᠠᠭᠠᠴᠢᠯᠠᠨ ᠬᠠᠷᠢᠭᠤᠴᠠᠵᠤ ᠪᠠᠢᠭ᠎ᠠ ᠠᠵᠤ ᠠᠬᠤᠢᠯᠠᠯ᠎ᠢᠶᠠᠷ ᠭᠤᠤᠯᠳᠠᠯᠭ᠎ᠠ ᠪᠣᠯᠭᠠᠨ 《ᠪᠣᠭᠣᠮᠲᠠ᠎ᠶᠢᠨ ᠳᠠᠷᠤᠭ᠎ᠠ᠎ᠡᠴᠡ ᠲᠥᠷᠥ᠎ᠶᠢᠨ ᠪᠣᠳᠣᠯᠭ᠎ᠠ᠎ᠶᠢ ᠲᠠᠢᠯᠪᠤᠷᠢᠯᠠᠬᠤ》 ᠠᠵᠢᠯ᠎ᠢ ᠨᠢᠭᠡᠳᠦᠯᠲᠡᠶ ᠲᠥᠯᠥᠪᠯᠡᠨ ᠥᠷᠨᠢᠭᠦᠯᠵᠦ᠍᠂ ᠬᠣᠶᠠᠷ ᠱᠠᠲᠤᠨ᠎ᠤ ᠤᠳᠤᠷᠢᠳᠤᠯᠭ᠎ᠠ 208 ᠠᠵᠤ ᠠᠬᠤᠢᠯᠠᠯ᠎ᠳᠤ ᠭᠦᠨᠵᠡᠭᠡᠶ᠋ᠢᠷᠡᠨ ᠲᠥᠷᠥ᠎ᠶᠢᠨ ᠪᠣᠳᠣᠯᠭ᠎ᠠ ᠵᠢ ᠲᠠᠢᠯᠪᠤᠷᠢᠯᠠᠪᠠ᠃ ᠭᠤᠤᠯᠳᠠᠯᠭ᠎ᠠ᠎ᠲᠠᠶ ᠠᠵᠤ ᠠᠬᠤᠢᠯᠠᠯ᠎ᠤᠨ《ᠨᠢᠭᠡ ᠦᠷᠳᠡᠭᠡᠴᠢᠯᠡᠭᠰᠡᠨ ᠮᠠᠶᠢᠭ᠎ᠤᠨ ᠦᠢᠯᠡᠴᠢᠯᠡᠭᠡ》᠎ᠶ᠋ᠢ ᠠᠬᠢᠭᠤᠯᠵᠤ᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠂ ᠠᠰᠠᠭᠤᠳᠠᠯ᠎ᠢ ᠨᠡᠶ᠋ᠢᠲᠡ 162 ᠰᠢᠶ᠋ᠳᠪᠦᠷᠢᠯᠡᠵᠦ᠍᠂ ᠦᠷᠭᠦᠯᠵᠢᠯᠡᠨ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠶ᠋ᠳᠪᠦᠷᠢᠯᠡᠵᠦ᠍᠂ ᠵᠠᠬ᠎ᠠ ᠳᠡᠯᠭᠡᠭᠦᠷ᠎ᠦᠨ ᠭᠤᠤᠯ ᠴᠣᠭᠴᠠ᠎ᠶᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭᠵᠢᠭᠡᠪᠡ᠃

ᠳᠦᠷᠢᠮ᠎ᠤᠨ ᠰᠢᠨ᠎ᠡ᠎ᠶᠢ ᠡᠭᠦᠳᠬᠦ᠌ ᠪᠠ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠬᠦᠴᠤᠨ ᠤᠯᠭᠤᠬᠤ ᠵᠢ ᠪᠠᠷᠢᠮᠳᠠᠯᠠᠵᠦ᠂ ᠣᠶᠤᠨᠴᠢ ᠪᠣᠭᠣᠮᠲᠠ᠎ᠶᠢᠨ ᠪᠦᠲᠦᠭᠡᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠠᠬᠢᠭᠤᠯᠤᠨ᠂ ᠪᠣᠭᠣᠮᠲᠠ ᠪᠠ ᠣᠷᠣᠨ ᠨᠤᠲᠤᠭ᠎ᠤᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ 《ᠪᠣᠭᠣᠮᠲᠠ ᠪᠠ ᠠᠵᠤ ᠠᠬᠤᠢᠯᠠᠯ᠎ᠤᠨ ᠨᠡᠪᠲᠡᠷᠡᠯᠴᠡᠭᠡ》 ᠎ᠶ᠋ᠢᠨ ᠲᠥᠷᠥ᠎ᠶᠢᠨ ᠪᠣᠳᠣᠯᠭ᠎ᠠ᠎ᠪᠠᠷ ᠠᠵᠤ ᠠᠬᠤᠢᠯᠠᠯ᠎ᠢ ᠲᠤᠰᠠᠯᠠᠬᠤ ᠲᠠᠪᠴᠠᠩ ᠢ᠋ ᠪᠠᠶ᠋ᠢᠭᠤᠯᠵᠤ᠂ 1261 ᠵᠤᠷᠪᠤᠰ ᠲᠥᠷᠥ᠎ᠶᠢᠨ ᠪᠣᠳᠣᠯᠭ᠎ᠠ᠎ᠶᠢ ᠬᠥᠮᠥᠷᠭᠡ᠎ᠳᠦ ᠣᠷᠣᠭᠤᠯᠵᠤ᠂ ᠪᠣᠭᠣᠮᠲᠠ᠎ᠶᠢᠨ ᠤᠷᠤᠨ᠎ᠤ᠋ ᠭᠠᠳᠠᠭᠠᠳᠤ᠎ᠤᠷᠤᠭᠤᠯᠤᠯᠳᠠ ᠭᠠᠷᠭᠠᠯᠳᠠ ᠵᠢᠨ 129 ᠭᠤᠤᠯᠳᠠᠯᠭ᠎ᠠ᠎ᠲᠠᠶ ᠠᠵᠤ ᠠᠬᠤᠢᠯᠠᠯ᠎ᠳᠤ ᠣᠨᠣᠴᠠᠲᠠᠶ᠎ᠪᠠᠷ ᠮᠡᠳᠡᠭᠡ ᠵᠠᠩᠭᠢ ᠵᠢ ᠬᠦᠷᠭᠡᠨ᠂ ᠲᠥᠷᠥ᠎ᠶᠢᠨ ᠪᠣᠳᠣᠯᠭ᠎ᠠ᠎ᠶᠢ ᠰᠢᠭᠤᠳ ᠬᠦᠷᠭᠡᠵᠦ᠍ ᠲᠦᠷᠭᠡᠨ ᠭᠥᠷᠳᠡᠬᠦ᠌᠎ᠶᠢ ᠪᠡᠶᠡᠯᠡᠭᠦᠯᠪᠡ᠃ 《ᠳᠤᠮᠳᠠᠳᠤ ᠤᠯᠤᠰ᠎ᠤᠨ ᠪᠣᠭᠣᠮᠲᠠ᠎ᠶᠢᠨ ᠢᠲᠡᠭᠡᠮᠵᠢ᠎ᠶᠢᠨ ᠬᠠᠮᠢᠶᠠᠷᠤᠯᠲᠠ᠎ᠶᠢᠨ ᠦᠢᠯᠡᠴᠢᠯᠡᠭᠡᠨ᠎ᠦ ᠲᠠᠪᠴᠠᠩ》᠎ᠳ᠋ᠤ ᠲᠦᠰᠢᠭᠯᠡᠨ᠂ ᠠᠵᠤ ᠠᠬᠤᠢᠯᠠᠯ᠎ᠰᠢᠭᠤᠳ ᠰᠦᠯᠵᠢᠶᠡᠨ ᠡᠴᠡ ᠦᠢᠯᠡᠴᠢᠯᠡᠭᠡ ᠬᠦᠷᠳᠡᠵᠤ ᠪᠤᠯᠤᠨ᠎ᠠ᠃

ᠮᠥᠩᠭᠥᠨ ᠬᠦᠢᠯᠭᠡᠭᠡᠨ᠎ᠦ ᠪᠠᠶ᠋ᠢᠭᠤᠯᠤᠮᠵᠢ᠎ᠲᠠᠶ ᠢᠳᠡᠪᠬᠢᠲᠡᠶ ᠬᠠᠮᠵᠢᠯᠴᠠᠨ ᠵᠠᠰᠠᠭ ᠪᠠᠩᠬᠢ ᠠᠵᠤ ᠠᠬᠤᠢᠯᠠᠯ᠎ᠢ ᠵᠣᠯᠭᠠᠭᠤᠯᠬᠤ ᠲᠠᠪᠴᠠᠩ᠎ᠢ ᠪᠠᠶ᠋ᠢᠭᠤᠯᠵᠤ᠂ ᠡᠨᠡ ᠵᠢᠯ᠎ᠦᠨ 8 ᠰᠠᠷ᠎ᠠ᠎ᠳᠤ ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ᠂ ᠳᠤᠮᠳᠠᠳᠤ ᠤᠯᠤᠰ᠎ᠤᠨ ᠪᠠᠩᠬᠢ᠎ᠶᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ ᠬᠠᠮᠲᠤᠷᠠᠨ ᠳᠡᠭᠡᠳᠦ ᠵᠡᠷᠭᠡ᠎ᠶᠢᠨ ᠭᠡᠷᠡᠴᠢᠯᠡᠭᠡ᠎ᠶᠢᠨ ᠠᠵᠤ ᠠᠬᠤᠢᠯᠠᠯ᠎ᠢ ᠬᠠᠮᠲᠤᠷᠠᠨ ᠤᠷᠮᠠᠰᠢᠭᠤᠯᠬᠤ ᠠᠷᠭ᠎ᠠ ᠬᠡᠮᠵᠢᠶ᠎ᠡ᠎ᠶᠢ ᠨᠡᠶ᠋ᠢᠲᠡᠯᠡᠪᠡ᠃ ᠲᠦᠷᠦᠭᠦᠦ ᠭᠤᠷᠪᠠᠨ ᠤᠯᠠᠷᠢᠯ᠎ᠳᠤ᠂ 31AEO ᠠᠵᠤ ᠠᠬᠤᠢᠯᠠᠯ᠎ᠳᠤ ᠮᠥᠩᠭᠥᠨ ᠬᠦᠢᠯᠭᠡᠭᠡᠨ᠎ᠦ ᠦᠢᠯᠡᠴᠢᠯᠡᠭᠡ ᠬᠠᠩᠭᠠᠵᠤ᠂ ᠬᠢᠯᠢ ᠠᠯᠤᠰᠯᠠᠨ ᠲᠡᠰᠦᠯᠦᠨ ᠪᠤᠳᠤᠬᠤ ᠲᠤᠬᠠᠶ᠋ᠢᠯᠠᠭᠰᠠᠨ ᠠᠵᠢᠯ᠎ᠢ 16.79 ᠳ᠋ᠦᠩᠰᠢᠭᠤᠷ ᠳ᠋ᠣᠯᠯᠠᠷ ᠪᠡᠶᠡᠯᠡᠭᠦᠯᠵᠦ᠍᠂ ᠠᠵᠤ ᠠᠬᠤᠢᠯᠠᠯ᠎ᠤᠨ ᠲᠡᠰᠦᠯᠦᠨ ᠪᠤᠳᠤᠬᠤ ᠥᠪᠡᠷ᠎ᠦᠨ ᠥᠷᠲᠡᠭ᠎ᠢ ᠦᠨᠡᠨ ᠬᠦ᠌ ᠪᠠᠭᠤᠷᠠᠭᠤᠯᠤᠨ᠂ ᠪᠠᠯᠠ ᠮᠥᠩᠭᠥ᠎ᠶᠢᠨ ᠡᠷᠭᠢᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠪᠡ᠃ ᠲᠦᠷᠦᠭᠦᠦ ᠭᠤᠷᠪᠠᠨ ᠤᠯᠠᠷᠢᠯ᠎ᠳᠤ 8 ᠳᠡᠭᠡᠳᠦ ᠲᠠᠰ᠎ᠤᠨ ᠭᠡᠷᠡᠴᠢᠯᠡᠯ᠎ᠦᠨ ᠠᠵᠤ ᠠᠬᠤᠢᠯᠠᠯ ᠰᠢᠨ᠎ᠡ᠎ᠪᠡᠷ ᠨᠡᠮᠡᠭᠳᠡᠵᠦ᠍᠂ ᠬᠠᠷᠢᠶ᠎ᠠ ᠣᠷᠣᠨ᠎ᠤ 34 ᠳᠡᠭᠡᠳᠦ ᠲᠠᠰ᠎ᠤᠨ ᠭᠡᠷᠡᠴᠢᠯᠡᠯ᠎ᠦᠨ ᠠᠵᠤ ᠠᠬᠤᠢᠯᠠᠯ᠎ᠤᠨ ᠠᠷᠠᠯᠵᠢᠶᠠᠨ᠎ᠤ ᠦᠷᠳᠡᠭ 479 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠭᠠᠳᠠᠭᠠᠳᠤ᠎ᠤᠷᠤᠭᠤᠯᠤᠯᠳᠠ ᠭᠠᠷᠭᠠᠯᠳᠠ ᠵᠢᠨ ᠪᠣᠳᠠᠲᠤ᠌ ᠦᠷ᠎ᠠ ᠪᠦᠳᠤᠮᠵᠢᠳᠤ ᠠᠵᠤ ᠠᠬᠤᠢᠯᠠᠯ᠎ᠤᠨ ᠲᠣᠭ᠎ᠠ ᠬᠡᠮᠵᠢᠶᠡᠨ᠎ᠦ 1.5% ᠵᠢ ᠡᠵᠡᠯᠡᠵᠦ᠍᠂ ᠬᠠᠷᠢᠶ᠎ᠠ ᠣᠷᠣᠨ᠎ᠤ ᠠᠵᠤ ᠠᠬᠤᠢᠯᠠᠯ᠎ᠤᠨ ᠠᠷᠠᠯᠵᠢᠶᠠᠨ᠎ᠤ ᠶᠡᠷᠤᠡᠭᠭᠡᠢ ᠦᠷᠳᠡᠭ᠎ᠤ᠋ᠨ 45% ᠵᠢ ᠡᠵᠡᠯᠡᠵᠤ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠴᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面